ᠦᠪᠤᠷ ᠮᠤᠩᠭᠤᠯ ᠤᠨ ᠮᠤᠷᠢᠨ ᠤᠷᠤᠯᠳᠤᠭᠠᠨ · ᠲᠤᠯᠤᠳᠤᠭᠠᠷ ᠬᠤᠭᠤᠴᠠᠭᠠᠨ ᠤ ᠦᠪᠤᠷ ᠮᠤᠩᠭᠤᠯ ᠤᠨ ᠤᠯᠠᠨ ᠤᠯᠤᠰ ᠤᠨ ᠮᠤᠷᠢᠨ ᠮᠡᠷᠬᠡᠵᠢᠯ ᠤᠨ ᠨᠠᠶᠢᠷ ︵ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠦᠷᠳᠡᠭᠡ︶ ᠡᠬᠢᠯᠡᠯ᠎ᠡ
ᠨᠡᠶᠢᠲᠡᠯᠡᠭᠰᠡᠨ ᠴᠠᠭ᠄
2020/8/24
     8 ᠰᠠᠷ᠎ᠠ ᠶᠢᠨ 22᠎ ᠤᠨ ᠡᠳᠦᠷ᠂ 2020 ᠦᠪᠤᠷ ᠮᠤᠩᠭᠤᠯ ᠤᠨ ᠮᠤᠷᠢᠨ ᠤᠷᠤᠯᠳᠤᠭᠠᠨ · ᠲᠤᠯᠤᠳᠤᠭᠠᠷ ᠬᠤᠭᠤᠴᠠᠭᠠᠨ ᠤ ᠦᠪᠤᠷ ᠮᠤᠩᠭᠤᠯ ᠤᠨ ᠤᠯᠠᠨ ᠤᠯᠤᠰ ᠤᠨ ᠮᠤᠷᠢᠨ ᠮᠡᠷᠬᠡᠵᠢᠯ ᠤᠨ ᠨᠠᠶᠢᠷ ︵ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠦᠷᠳᠡᠭᠡ︶ ᠵᠢᠴᠢ ᠲᠠᠪᠤᠳᠤᠭᠠᠷ ᠬᠤᠭᠤᠴᠠᠭᠠᠨ ᠤ ᠦᠪᠤᠷ ᠮᠤᠩᠭᠤᠯ ᠤᠨ ᠲᠠᠯ᠎ᠠ ᠨᠤᠳᠤᠭ ᠤᠨ ᠰᠡᠯᠡᠬᠦᠴᠡᠯ ᠤᠨ ᠪᠡᠶ᠎ᠠ ᠶᠢᠨ ᠲᠠᠮᠢᠷ ᠤᠨ ᠶᠡᠭᠡ ᠬᠤᠷᠠᠯ ᠤᠨ ᠡᠬᠢᠯᠡᠯᠳᠡ ᠶᠢᠨ ᠶᠤᠰᠤᠯᠠᠯ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠳᠤ ᠬᠦᠰᠢᠭᠡ ᠪᠠᠨ ᠰᠡᠬᠦᠪᠠ᠃      ᠡᠬᠢᠯᠡᠯᠳᠡ ᠶᠢᠨ ᠶᠤᠰᠤᠯᠠᠯ ᠲᠡᠬᠡᠷ᠎ᠠ᠂ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠲᠦᠰᠢᠶᠡᠳᠤ ᠮᠤᠷᠢᠨ ᠤᠷᠤᠯᠳᠤᠭᠠᠨ ᠤ ᠲᠠᠯᠠᠪᠠᠢ ᠳᠤ ᠤᠷᠠᠨ ᠰᠠᠶᠢᠬᠠᠨ ᠤ ᠲᠤᠭᠯᠠᠯᠳᠠ ᠶᠠᠪᠤᠭᠳᠠᠵᠤ᠂ ᠲᠠᠭᠤᠤ ᠪᠦᠵᠢᠭ ︽ᠲᠦᠰᠢᠶᠡᠳᠤ ᠶᠢᠨ ᠮᠠᠬᠳᠠᠭᠠᠯ︾᠂ ᠬᠦᠬᠡᠮᠡᠢ ︽ᠨᠡᠬᠦᠳᠡᠯ ᠮᠡᠯᠵᠢᠯ︾ ᠵᠡᠷᠬᠡ ᠲᠤᠭᠯᠠᠯᠳᠠ ᠨᠢ ᠬᠦᠷᠦᠯᠴᠠᠵᠤ ᠢᠷᠡᠭᠰᠡᠨ ᠦᠵᠡᠭᠴᠢᠳ ᠤᠨ ᠤᠷᠮ᠎ᠠ ᠶᠢ ᠬᠦᠭᠵᠢᠭᠡᠵᠤ᠂ ᠠᠯᠠᠭ᠎ᠠ ᠲᠠᠰᠢᠯᠳᠠ ᠶᠢᠨ ᠲᠠᠭᠤᠨ ᠠᠯᠤᠰ ᠲᠤ ᠴᠤᠤᠷᠢᠶᠠᠳᠤᠨ᠂ ᠡᠬᠢᠯᠡᠯᠳᠠ ᠶᠢᠨ ᠶᠤᠰᠤᠯᠠᠯ ᠢ ᠤᠷᠬᠢᠯ ᠳᠤ ᠬᠦᠷᠭᠡᠯ᠎ᠠ᠃      ᠤᠢᠢᠯᠠᠭᠠᠭᠰᠠᠨ ᠢᠶᠠᠷ᠂ ᠲᠤᠰ ᠤᠳᠠᠭᠠᠨ ᠤ ᠠᠵᠢᠯᠯᠠᠭ᠎ᠠ ᠨᠢ 3 ᠡᠳᠤᠷ ᠶᠠᠪᠤᠭᠳᠠᠨ᠂ ᠮᠤᠷᠢᠨ ᠤᠷᠤᠯᠳᠤᠭᠠᠨ᠂ ᠬᠠᠨᠭ᠍ᠭᠠᠯ ᠨᠠᠭᠤᠷ ᠲᠤ ᠵᠢᠭᠠᠰᠤ ᠬᠦᠬᠢᠳᠡᠬᠦ᠂ ᠪᠠᠳᠤᠴᠠᠭᠠᠨ ᠤᠢᠢᠳᠤ ᠲᠠᠯ᠎ᠠ ᠨᠤᠳᠤᠭ ᠢ ᠶᠠᠪᠠᠭᠠᠨ ᠢᠶᠠᠷ ᠲᠤᠭᠤᠯᠬᠤ ᠤᠷᠤᠯᠳᠤᠭᠠᠨ᠂ ᠲᠦᠰᠢᠶᠡᠳᠤ ᠬᠠᠪᠤᠬᠤ ᠤᠷᠤᠯᠳᠤᠭᠠᠨ ᠵᠡᠷᠬᠡ ᠶᠢ ᠲᠤᠬᠢᠷᠠᠭᠤᠯᠤᠭᠰᠠᠨ ᠪᠠᠶᠢᠨ᠎ᠠ᠃ ᠶᠡᠭᠡ ᠬᠤᠷᠠᠯ ᠤᠨ ᠬᠤᠭᠤᠴᠠᠭᠠᠨ ᠳᠤ ᠭᠤᠴᠤ ᠰᠠᠶᠢᠬᠠᠨ ᠤᠷᠤᠯᠳᠤᠭᠠᠨ ᠢ ᠰᠤᠨᠢᠷᠬᠠᠬᠤ ᠠᠴᠠ ᠭᠠᠳᠠᠨ᠎ᠠ᠂ ᠪᠠᠰᠠ ᠤᠪᠤᠭᠠᠨ ᠲᠠᠬᠢᠯᠭ᠎ᠠ᠂ ᠦᠪᠤᠷ ᠮᠤᠩᠭᠤᠯ ᠳᠤ ᠪᠢ ᠬᠠᠶᠢᠷᠠᠳᠠᠢ · ᠲᠠᠯ᠎ᠠ ᠨᠤᠳᠤᠭ ᠤᠨ ᠲᠠᠭᠤᠤ ᠬᠦᠭᠵᠢᠮ ᠠᠮᠳᠠᠳᠤ ᠢᠳᠡᠬᠡᠨ ᠤ ᠨᠠᠶᠢᠷ ᠤᠨ 2020 ᠤᠨ ᠤ ᠬᠢᠨᠭ᠍ᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠲᠠᠯ᠎ᠠ ᠨᠤᠳᠤᠭ ᠤᠨ ᠲᠠᠭᠤᠤ ᠬᠦᠭᠵᠢᠮ ᠠᠮᠳᠠᠳᠤ ᠢᠳᠡᠬᠡᠨ ᠤ ᠨᠠᠶᠢᠷ ᠵᠡᠷᠭᠡ ᠠᠵᠢᠯᠯᠠᠭ᠎ᠠ ᠳᠤ ᠤᠷᠤᠯᠴᠠᠵᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号