ᠮᠠᠨ ᠤ ᠣᠷᠣᠨ ᠤ 301 ᠡᠮᠴᠢ ᠬᠦᠬᠢᠭᠦᠯᠦᠯ ᠬᠦᠷᠲᠡᠪᠡ
ᠨᠡᠶᠢᠲᠡᠯᠡᠭᠰᠡᠨ ᠴᠠᠭ᠄
2020/8/24
     8 ᠰᠠᠷ᠎ᠠ ᠶᠢᠨ 19᠎ ᠤ ᠡᠳᠦᠷ ᠪᠣᠯ ᠳᠤᠮᠳᠠᠳᠤ ᠤᠯᠤᠰ ᠤᠨ ᠭᠤᠷᠪᠠᠳᠠᠬᠢ ᠡᠮᠴᠢ ᠶᠢᠨ ᠪᠠᠶᠠᠷ ᠤᠨ ᠡᠳᠦᠷ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠡᠮᠴᠢ ᠶᠢᠨ ᠨᠡᠶᠢᠭᠡᠮᠯᠢᠭ ᠠᠴᠠ ᠥᠪᠥᠷ ᠮᠣᠩᠭᠤᠯ ᠤᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠳᠤ ᠪᠡᠯᠭᠡᠯᠡᠬᠦ ᠶᠡᠭᠡ ᠬᠤᠷᠠᠯ ᠬᠢᠬᠦ ᠶᠢᠨ ᠬᠠᠮᠲᠤ ᠰᠢᠯᠢᠳᠡᠭ ᠡᠮᠨᠡᠯᠭᠡ ᠶᠢᠨ ᠠᠵᠢᠯᠲᠠᠨ ᠢ ᠰᠠᠶᠢᠰᠢᠶᠠᠨ ᠬᠥᠬᠢᠭᠦᠯᠪᠡ᠃      ᠲᠣᠰ ᠤᠳᠠᠭᠠᠨ ᠤ ᠪᠡᠯᠭᠡᠯᠡᠬᠦ ᠶᠡᠭᠡ ᠬᠤᠷᠠᠯ ᠳᠡᠭᠡᠷ᠎ᠡ᠂ ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠠᠴᠠ ᠢᠷᠡᠭᠰᠡᠨ ᠢᠦᠶ ᠠᠶ ᠯᠢ ᠵᠡᠷᠭᠡ 98 ᠡᠮᠴᠢ ᠳᠥᠷᠪᠡᠳᠦᠭᠡᠷ ᠬᠤᠭᠤᠴᠠᠭᠠᠨ ᠤ ︽ᠥᠪᠥᠷ ᠮᠣᠩᠭᠤᠯ ᠤᠨ ᠰᠢᠯᠢᠳᠡᠭ ᠡᠮᠴᠢ︾᠂ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠤ ᠳ᠋ᠢᠩ ᠵᠢᠶᠠ ᠰᠢᠨ ᠵᠡᠷᠭᠡ 203 ᠡᠮᠴᠢ ︽ᠥᠪᠥᠷ ᠮᠣᠩᠭᠤᠯ ᠤᠨ ᠬᠠᠮᠤᠭ ᠤᠨ ᠭᠤᠶᠣ ᠠᠶᠤᠯ ᠢ ᠰᠦᠷᠦᠨ ᠤᠷᠤᠭᠰᠢᠯᠠᠭᠰᠠᠨ ᠡᠮᠴᠢ︾᠎ ᠶᠢᠨ ᠢᠷᠠᠭᠤ ᠠᠯᠳᠠᠷ ᠢ ᠭᠥᠷᠳᠡᠪᠡ᠃      ᠦᠢᠷ᠎ᠡ ᠶᠢᠨ ᠵᠢᠯ ᠤᠨ ᠲᠤᠷᠰᠢ᠂ ᠪᠦᠬᠦ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠰᠢᠨ᠎ᠡ ᠴᠠᠭ ᠦᠶ᠎ᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠡᠮᠴᠢ ᠶᠢᠨ ᠡᠩᠨᠡᠭᠡ ᠪᠠ ᠠᠵᠢᠯ ᠡᠷᠬᠢᠯᠡᠬᠦ ᠬᠡᠪ ᠪᠣᠯᠪᠠᠰᠤᠷᠠᠯ ᠲᠠᠰᠤᠷᠠᠯᠲᠠ ᠦᠭᠡᠢ ᠪᠤᠵᠠᠭᠠᠶᠢᠷᠠᠨ ᠳᠡᠭᠡᠭᠰᠢᠯᠡᠵᠦ᠂ ᠡᠮᠴᠢᠯᠡᠭᠡᠨ ᠤ ᠦᠢᠯᠡᠴᠢᠯᠡᠭᠡ ᠪᠠ ᠪᠦᠬᠦ ᠠᠷᠠᠳ ᠤᠨ ᠡᠮᠴᠢᠯᠡᠭᠡᠨ ᠤ ᠪᠠᠲᠤᠯᠠᠭ᠎ᠠ ᠶᠢᠨ ᠲᠦᠪᠰᠢᠨ ᠦᠷᠭᠦᠯᠵᠢᠯᠡᠨ ᠳᠡᠭᠡᠭᠰᠢᠯᠡᠪᠡ᠃ ᠪᠦᠬᠦ ᠣᠷᠣᠨ ᠤ ᠥᠷᠭᠡᠨ ᠣᠯᠠᠨ ᠡᠮ ᠡᠮᠨᠡᠯᠭᠡ ᠶᠢᠨ ᠠᠵᠢᠯᠲᠠᠠ ᠡᠭᠡᠯ ᠵᠢᠷ ᠤᠨ ᠠᠵᠢᠯ ᠤᠨ ᠪᠠᠶᠢᠷᠢ ᠳᠠᠭᠠᠨ ᠠᠷᠠᠳ ᠲᠦᠮᠡᠨ ᠤ ᠡᠷᠡᠭᠦᠯ ᠮᠡᠨᠳᠦ ᠠᠵᠠ ᠵᠢᠷᠭᠠᠯ ᠤᠨ ᠲᠦᠯᠦᠭᠡ ᠴᠢᠷᠮᠠᠶᠢᠨ ᠠᠵᠢᠯᠯᠠᠵᠦ ᠬᠦᠨᠳᠤ ᠴᠢᠬᠤᠯᠠ ᠬᠤᠪᠢ ᠨᠡᠮᠡᠷᠢ ᠦᠵᠡᠭᠦᠯᠪᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠪᠦᠬᠦ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠡᠮᠨᠡᠯᠭᠡ ᠶᠢᠨ ᠠᠵᠢᠯᠲᠠᠳ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠠᠷᠠᠳ ᠲᠦᠮᠡᠨ ᠤ ᠡᠷᠡᠭᠦᠯ ᠮᠡᠨᠳᠦ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠡᠭᠦᠷᠭᠡᠯᠡᠯ ᠢᠶᠠᠷ ᠠᠶᠤᠯ ᠢ ᠰᠦᠷᠦᠨ ᠤᠷᠤᠭᠰᠢᠯᠠᠵᠦ᠂ ᠥᠪᠡᠷᠲᠡᠭᠡᠨ ᠵᠠᠰᠠᠬᠤ ᠣᠷᠣᠨ ᠪᠣᠯᠤᠨ ᠬᠤᠪᠸᠢ ᠬᠤᠶᠠᠷ ᠳᠠᠶᠢᠨ ᠤ ᠲᠠᠯᠠᠪᠤᠷ ᠲᠤ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠳᠠᠶᠢᠨ᠂ ᠶᠡᠷᠦᠩᠬᠡᠶ ᠳᠠᠶᠢᠯᠠᠯᠳᠤᠭᠠᠨ᠂ ᠬᠤᠷᠢᠬᠯᠠᠯᠳᠠ ᠶᠢᠨ ᠳᠠᠶᠢᠯᠠᠯᠳᠤᠭᠠᠨ ᠳᠤ ᠣᠷᠣᠯᠴᠠᠵᠤ᠂ ᠣᠶᠤᠨ ᠰᠠᠨᠠᠭ᠎ᠠ ᠪᠠ ᠬᠦᠴᠦ ᠬᠥᠯᠥᠰᠥ ᠪᠠᠷ ᠢᠶᠠᠨ ᠠᠷᠠᠳ ᠲᠦᠮᠡᠨ ᠤ ᠡᠷᠡᠭᠦᠯ ᠮᠡᠨᠳᠦ ᠶᠢ ᠬᠠᠮᠠᠭᠠᠯᠠᠬᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠴᠤᠭᠴᠠᠯᠠᠵᠦ᠂ ᠬᠢᠵᠢᠭ ᠲᠠᠢ ᠲᠡᠮᠡᠴᠡᠭᠰᠡᠨ ᠰᠦᠷ ᠵᠢᠪᠬᠤᠯᠠᠩᠲᠤ ᠬᠠᠭᠤᠳᠠᠰᠤ ᠶᠢ ᠪᠢᠴᠢᠭᠯᠡᠨ᠂ ᠬᠤᠪᠧᠶ ᠶᠢᠨ ᠬᠠᠮᠠᠭᠠᠯᠠᠯᠲᠠ ᠶᠢᠨ ᠳᠠᠶᠢᠨ᠂ ᠦᠬᠠᠨ ᠤ ᠬᠠᠮᠠᠭᠠᠯᠠᠯᠲᠠ ᠶᠢᠨ ᠳᠠᠶᠢᠨ ᠤ ᠢᠯᠠᠯᠲᠠ ᠶᠢ ᠳᠡᠮᠡᠴᠡᠨ ᠣᠯᠬᠤ ᠳᠤ ᠥᠪᠥᠷ ᠮᠣᠩᠭᠤᠯ ᠤᠨ ᠬᠦᠴᠦᠨ ᠴᠢᠳᠠᠯ ᠢᠶᠠᠨ ᠡᠷᠭᠦᠵᠦ᠂ ᠪᠦᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠬᠯᠠᠯᠳᠠ ᠶᠢᠨ ᠳᠠᠶᠢᠯᠠᠯᠳᠤᠭᠠᠨ ᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠴᠢᠬᠤᠯᠠ ᠶᠡᠭᠡ ᠦᠷ᠎ᠡ ᠪᠦᠲᠦᠭᠡᠯ ᠣᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠡᠶ᠃  
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号