ᠱᠢ ᠲᠠᠢ ᠹᠧᠩ ᠬᠤᠸᠠ ᠳ᠋ᠠ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠸᠠᠩ ᠵᠢᠶᠠᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2020/8/24
     8 ᠰᠠᠷ᠎ᠠ ᠶᠢᠨ 22᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠥᠬᠡᠬᠤᠲᠠ ᠳᠤ ᠬᠤᠸᠠ ᠳ᠋ᠠ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠸᠠᠩ ᠵᠢᠶᠠᠨ ᠲᠠᠢ ᠠᠭᠤᠯᠵᠠᠪᠠ᠃      ᠱᠢ ᠲᠠᠢ ᠹᠧᠩ ᠸᠠᠩ ᠵᠢᠶᠠᠨ ᠨᠠᠷ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ᠂ ᠤᠢᠢᠷ᠎ᠠ ᠶᠢᠨ ᠵᠢᠯ ᠳᠤ ᠥᠪᠥᠷ ᠮᠣᠩᠭᠤᠯ ᠪᠣᠯᠤᠨ ᠬᠤᠸᠠ ᠳ᠋ᠠ ᠪᠦᠯᠦᠭᠯᠡᠯ ᠤᠯᠠᠨ ᠵᠦᠢᠯ ᠤᠨ ᠬᠠᠮᠲᠤᠷᠠᠯᠴᠠᠭ᠎ᠠ ᠥᠷᠨᠢᠭᠦᠯᠵᠦ᠂ ᠢᠳᠡᠪᠬᠢᠲᠡᠢ ᠦᠷ᠎ᠡ ᠪᠦᠲᠦᠮᠵᠢ ᠣᠯᠵᠠᠢ᠃ ᠬᠤᠶᠠᠷ ᠲᠠᠯ᠎ᠠ ᠪᠠᠷ ᠢᠶᠠᠨ ᠲᠣᠮᠣ ᠡᠷᠡᠭᠦᠯ ᠮᠡᠨᠳᠦ ᠶᠢᠨ ᠠᠵᠤ ᠦᠢᠯᠡᠰ ᠤᠨ ᠬᠦᠷᠢᠶᠡᠨ ᠳᠠᠬᠢ ᠪᠣᠳᠠᠲᠠᠶ ᠶᠢ ᠡᠷᠬᠢᠮᠯᠡᠭᠰᠡᠨ ᠬᠠᠮᠳᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠭᠦᠨᠵᠡᠭᠡᠶ ᠵᠣᠯᠭᠠᠯᠴᠠᠭ᠎ᠠ ᠪᠠᠨ ᠴᠢᠩᠭᠠᠳᠬᠠᠵᠤ᠂ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠪᠣᠯᠤᠨ ᠲᠥᠷᠥᠯ ᠵᠦᠢᠯ ᠤᠨ ᠪᠦᠳᠦᠬᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠷᠡᠭᠯᠡᠭᠡ ᠪᠠ ᠦᠷ᠎ᠡ ᠪᠦᠲᠦᠭᠡᠯ ᠤᠨ ᠤᠨᠳᠤᠤᠰᠢᠭᠤᠯᠤᠯᠳᠠ ᠶᠢ ᠠᠬᠢᠭᠤᠯᠵᠤ᠂ ᠠᠮᠢ ᠨᠠᠰᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠠᠷᠠᠳ ᠤᠨ ᠠᠮᠢᠳᠤᠷᠠᠯ ᠳᠤ ᠨᠡᠩ ᠰᠠᠶᠢᠨ ᠠᠰᠢᠭ ᠬᠦᠷᠲᠡᠭᠡᠬᠦ ᠶᠢ ᠬᠦᠰᠡᠵᠥ ᠪᠤᠢ ᠬᠡᠪᠡ᠃      ᠬᠤᠸᠠ ᠳ᠋ᠠ ᠪᠦᠯᠦᠭᠯᠡᠯ ᠪᠣᠯ ᠪᠦᠬᠦ ᠳᠡᠯᠡᠬᠡᠶ ᠶᠢᠨ ᠲᠡᠷᠢᠭᠦᠨ ᠤ ᠠᠮᠢ ᠨᠠᠰᠤᠨ ᠤ ᠰᠢᠨᠵᠢᠯᠡᠬᠦ ᠤᠬᠠᠭᠠᠨ ᠤ ᠬᠤᠰᠢᠭᠤᠷᠠᠯ ᠪᠠᠶᠢᠭᠤᠯᠤᠮᠵᠢ ᠪᠤᠯᠤᠨ᠎ᠠ᠂ ᠳᠡᠯᠡᠬᠡᠶ ᠶᠢᠨ ᠲᠡᠷᠢᠭᠦᠨ ᠵᠡᠷᠭᠡ ᠶᠢᠨ ᠭᠧᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠪᠠ ᠬᠡᠷᠡᠭᠯᠡᠭᠡᠨ ᠤ ᠰᠤᠳᠤᠯᠭᠠᠨ ᠤ ᠰᠢᠰᠲ᠋ᠧᠮ ᠲᠠᠢ ᠪᠠᠶᠢᠵᠤ᠂ ᠤᠯᠠᠨ ᠵᠢᠯ ᠤᠨ ᠲᠤᠷᠰᠢ ︽ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ︾᠎ ᠢ ᠨᠢᠭᠡ ᠴᠤᠭᠴᠠᠵᠢᠭᠤᠯᠤᠨ ᠬᠥᠭᠵᠢᠭᠦᠯᠬᠦ ᠵᠠᠭᠪᠤᠷ ᠢᠶᠠᠷ ᠭᠧᠨ ᠤ ᠪᠦᠯᠦᠭ ᠤᠨ ᠰᠤᠳᠤᠯᠤᠯ ᠤᠨ ᠰᠢᠨᠡᠴᠢᠯᠡᠯᠳᠡ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠭᠰᠠᠭᠠᠷ ᠢᠷᠡᠪᠡ᠃ ᠸᠠᠩ ᠵᠢᠶᠠᠨ᠂ ᠬᠤᠸᠠ ᠳ᠋ᠠ ᠪᠦᠯᠦᠭᠯᠡᠯ ᠥᠪᠡᠷ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠥ᠂ ᠨᠢᠯᠬ᠎ᠠ ᠬᠡᠤᠬᠡᠳ ᠤᠨ ᠵᠡᠷᠡᠮᠳᠡᠭ ᠲᠦᠷᠦᠭᠦ ᠶᠢ ᠰᠡᠷᠭᠡᠶᠢᠯᠡᠨ ᠡᠵᠡᠮᠳᠡᠬᠦ᠂ ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ᠂ ᠭᠧᠨ ᠢ ᠪᠠᠶᠢᠴᠠᠭᠠᠬᠤ ᠵᠡᠷᠭᠡ ᠡᠮᠴᠢᠯᠡᠭᠡᠨ ᠤ ᠦᠢᠯᠡᠴᠢᠯᠡᠭᠡᠨ ᠤ ᠲᠣᠭᠤᠷᠢᠨ ᠳᠤ ᠥᠪᠥᠷ ᠮᠣᠩᠭᠤᠯ ᠯᠤᠭ᠎ᠠ ᠭᠦᠨᠵᠡᠭᠡᠶ ᠬᠠᠮᠲᠤᠷᠠᠯᠴᠠᠭ᠎ᠠ ᠥᠷᠨᠢᠭᠦᠯᠵᠦ᠂ ᠬᠤᠯᠪᠣᠭᠳᠠᠯ ᠪᠥᠬᠦᠶ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠪᠠ ᠲᠥᠷᠥᠯ ᠵᠦᠢᠯ ᠢ ᠥᠪᠥᠷ ᠮᠣᠩᠭᠤᠯ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ ᠬᠡᠵᠥ ᠢᠯᠡᠳᠬᠡᠪᠡ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠠᠩ ᠱᠣᠤ ᠴᠦᠨ᠂ ᠡᠸᠤ ᠶᠠᠩ ᠰᠢᠶᠤᠤ ᠬᠤᠶ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠦᠬᠦᠳ ᠠᠭᠤᠯᠵᠠᠯᠲᠠ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号