ᠪᠦᠬᠦ ᠣᠷᠣᠨ ᠤ ᠡᠮᠡᠭᠲᠡᠶ ᠠᠵᠤ ᠠᠬᠤᠶᠢᠯᠠᠯᠲᠠᠨ ᠢ ᠥᠷᠭᠡᠨ ᠢᠶᠠᠷ ᠳᠠᠶᠢᠴᠢᠯᠠᠨ ︽ᠵᠢᠷᠭᠤᠭ᠎ᠠ ᠶᠢ | ᠲᠣᠭᠲᠠᠪᠤᠷᠢᠵᠢᠭᠤᠯᠬᠤ︾ ᠠᠵᠢᠯ ᠳᠤ ᠬᠦᠴᠦᠨ ᠨᠡᠮᠡᠷᠢᠯᠡᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ | ᠨᠠᠶᠢᠳᠠᠪᠤᠷᠢᠵᠢᠭᠤᠯᠬᠤ ᠶᠢᠨ ᠲᠥᠯᠥᠭᠡ᠂ 8 ᠳ᠋ᠤᠭᠠᠷ ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ | ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠣᠶᠣᠯ ᠪᠠ ᠵᠢᠭᠤᠯᠴᠢᠯᠠᠯ ᠤᠨ | ᠲᠢᠩᠬᠢᠮ ᠬᠥᠬᠡᠬᠤᠲᠠ ᠳᠤ ︽ᠪᠦᠰᠡᠭᠦᠢ︾ ᠠᠳᠠᠯ ᠦᠢᠯᠡᠰ ᠴᠣᠭᠴᠠᠯᠠᠬᠤ ᠶᠢ ᠳᠡᠮᠵᠢᠬᠦ ᠠᠵᠤ ᠦᠢᠯᠡᠰ ᠤᠨ | ᠬᠤᠯᠪᠣᠭᠠᠨ ᠤ ᠡᠬᠢ ᠪᠠᠶᠠᠯᠢᠭ ᠢ ᠵᠣᠯᠭᠠᠭᠤᠯᠬᠤ ᠬᠤᠷᠠᠯ ᠵᠢᠴᠢ ︽ᠪᠦᠰᠡᠭᠦᠢ︾ ᠨᠠᠮᠤᠷ ᠡᠪᠦᠯ ᠤᠨ ᠰᠢᠨ᠎ᠡ | ᠪᠦᠲᠦᠭᠡᠭᠳᠡᠬᠦᠨ ᠢ ᠨᠡᠶᠢᠲᠡᠯᠡᠬᠦ ᠬᠤᠷᠠᠯ ᠡᠷᠭᠢᠯᠡᠪᠡ᠃ | ᠣᠶᠢᠯᠠᠭᠠᠭᠰᠠᠨ ᠢᠶᠠᠷ᠂ 2018 ᠣᠨ ᠳᠤ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ | ᠬᠤᠯᠪᠣᠭᠠᠲᠤ ᠬᠤᠷᠠᠯ ︽ᠪᠦᠰᠡᠭᠦᠶᠢᠴᠦᠳ ᠤᠨ ᠠᠵᠢᠯ ᠣᠯᠭᠤᠯᠲᠠ ᠶᠢᠨ ᠠᠵᠢᠯᠯᠠᠭᠠᠨ ᠤ ᠲᠥᠯᠥᠪᠯᠡᠭᠡ︾ ᠶᠢ ᠡᠬᠢᠯᠡᠨ | ᠬᠡᠷᠡᠭᠵᠢᠭᠦᠯᠦᠭᠰᠡᠨ ᠠᠴᠠ ᠨᠠᠭᠠᠰᠢ᠂ ᠪᠥᠬᠦ ᠣᠷᠣᠨ ᠤ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ | ᠤᠷᠠᠨ ᠠᠷᠭ᠎ᠠ ᠪᠠᠷ ᠪᠠᠶᠠᠵᠢᠬᠤ ᠰᠠᠭᠤᠷᠢᠨ ᠭᠠᠵᠠᠷ 208 ᠶᠢ ᠡᠭᠦᠳᠦᠨ ᠪᠠᠶᠢᠭᠤᠯᠵᠤ᠂ 1.6 ᠲᠦᠮᠡ ᠰᠢᠬᠠᠮ | ᠡᠮᠡᠭᠲᠡᠶᠢᠴᠦᠳ ᠲᠤ ᠠᠵᠢᠯ ᠣᠯᠭᠤᠵᠠᠢ᠂ ᠡᠭᠦᠨ ᠳᠤ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ 3500 | ᠡᠮᠡᠭᠲᠡᠶᠢᠴᠦᠳ ᠪᠠᠭᠲᠠᠵᠤ᠂ ᠡᠯ᠎ᠡ ᠲᠥᠷᠥᠯ ᠤᠨ ᠡᠮᠡᠭᠲᠡᠶᠢᠴᠦᠳ ᠤᠨ ᠭᠠᠷ ᠤᠷᠠᠯᠠᠯ ᠤᠨ ᠪᠣᠯᠪᠠᠰᠤᠷᠠᠭᠤᠯᠤᠯ ᠤᠨ | ᠠᠩᠭᠢ ᠶᠢ 995 ᠬᠤᠭᠤᠴᠠᠭ᠎ᠠ ᠡᠷᠬᠢᠯᠡᠨ᠂ 4.5 ᠲᠦᠮᠡᠨ ᠡᠮᠡᠭᠲᠡᠶᠢᠴᠦᠳ ᠲᠤ ᠪᠣᠯᠪᠠᠰᠤᠷᠠᠭᠤᠯᠤᠯ ᠬᠦᠷᠲᠡᠭᠡᠪᠡ᠃ | 2020 ᠣᠨ ᠳᠤ᠂ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠥᠪᠡᠷᠲᠡᠭᠡᠨ ᠵᠠᠰᠠᠬᠤ | ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ︽ᠪᠦᠰᠡᠭᠦᠢ︾ ᠠᠳᠠᠯ ᠦᠢᠯᠡᠰ ᠴᠣᠭᠴᠠᠯᠠᠬᠤ ᠶᠢ | ᠳᠡᠮᠵᠢᠬᠦ ᠠᠵᠤ ᠦᠢᠯᠡᠰ ᠤᠨ ᠬᠤᠯᠪᠣᠭ᠎ᠠ ᠪᠠᠶᠢᠭᠤᠯᠬᠤ ᠶᠢ ᠳᠤᠷᠠᠳᠤᠨ᠂ ᠵᠢᠵᠢᠭ ᠪᠢᠴᠢᠯ ᠠᠵᠤ ᠠᠬᠤᠶᠢᠯᠠᠯ ᠳᠤ | ᠲᠠᠪᠴᠠᠩ ᠬᠠᠩᠭᠠᠵᠤ᠂ ᠰᠤᠳᠤᠯᠤᠨ ᠨᠡᠭᠡᠭᠡᠵᠦ ᠵᠢᠷᠤᠭᠯᠠᠨ ᠲᠥᠯᠥᠪᠯᠡᠬᠦ᠂ ᠡᠳ᠋ᠰᠢᠭᠦᠯᠦᠨ ᠪᠣᠯᠪᠠᠰᠤᠷᠠᠭᠤᠯᠵᠤ | ᠦᠢᠯᠡᠳᠬᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠪᠣᠷᠣᠯᠠᠭᠤᠯᠬᠤ᠂ ᠮᠥᠩᠭᠦᠨ ᠭᠦᠢᠯᠭᠡᠭᠡᠨ᠂ ᠪᠡᠯᠡ | ᠣᠷᠣᠭᠤᠯᠤᠯᠲᠠ ᠪᠠ ᠨᠡᠷᠡᠲᠦ ᠲᠡᠮᠳᠡᠭ ᠤᠨ ᠤᠬᠠᠭᠤᠯᠭ᠎ᠠ ᠶᠢ ᠨᠢᠭᠡ ᠴᠣᠭᠴᠠᠵᠢᠭᠤᠯᠤᠭᠰᠠᠨ ᠪᠦᠬᠦ ᠠᠵᠤ ᠦᠢᠯᠡᠰ ᠤᠨ | ᠬᠡᠯᠬᠢᠶᠡᠨ ᠤ ᠨᠡᠶᠢᠯᠡᠯ ᠢ ᠪᠦᠷᠢᠯᠳᠦᠭᠦᠯᠬᠦ ᠶᠢ ᠠᠬᠢᠭᠤᠯᠵᠤ᠂ ᠠᠵᠤ ᠦᠢᠯᠡᠰ ᠤᠨ ᠥᠨᠳᠥᠷ ᠪᠦᠲᠦᠮᠵᠢᠲᠡᠶ | ᠬᠥᠭᠵᠢᠯᠲᠡ ᠶᠢ ᠲᠦᠯᠬᠢᠨ ᠠᠬᠢᠭᠤᠯᠵᠤ᠂ ᠨᠡᠩ ᠤᠯᠠᠨ ᠠᠵᠢᠯ ᠤᠨ ᠪᠠᠶᠢᠷᠢ ᠶᠢ ᠡᠭᠦᠳᠦᠨ ᠠᠵᠢᠯ ᠣᠯᠭᠤᠯᠲᠠ ᠶᠢ | ᠪᠠᠲᠤᠯᠠᠪᠠ᠃ | ᠬᠤᠷᠠᠯ ᠳᠡᠭᠡᠷ᠎ᠡ᠂ ᠥᠪᠥᠷ ᠮᠣᠩᠭᠤᠯ ᠤᠨ ᠮᠧᠩ ᠶᠤᠸᠠᠨ ᠰᠣᠶᠣᠯ ᠤᠨ ᠬᠥᠭᠵᠢᠯᠲᠡ ᠶᠢᠨ ᠬᠢᠵᠠᠭᠠᠷᠲᠤ | ᠺᠣᠮᠫᠠᠨᠢ᠂ ᠽᠠᠨ ᠯᠠᠨ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠮᠣᠩᠭᠤᠯ | ᠡᠯᠧᠮᠧᠨ᠋ᠲ ᠤᠨ ᠰᠣᠶᠣᠯ ᠤᠨ ᠠᠵᠤ ᠦᠢᠯᠡᠰ ᠤᠨ ᠬᠢᠵᠠᠭᠠᠷᠲᠤ ᠺᠣᠮᠫᠠᠨᠢ ᠲᠣᠰ ᠲᠣᠰ ᠰᠢᠨ᠎ᠡ ᠪᠦᠲᠦᠭᠡᠭᠳᠡᠬᠦᠨ | ᠨᠡᠶᠢᠲᠡᠯᠡᠬᠦ ᠪᠠ ᠬᠠᠮᠲᠤᠷᠠᠨ ᠠᠵᠢᠯᠯᠠᠬᠤ ᠲᠥᠷᠥᠯ ᠵᠦᠢᠯ ᠤᠨ ᠲᠠᠨᠢᠯᠴᠠᠭᠤᠯᠭ᠎ᠠ ᠬᠢᠵᠦ᠂ ᠦᠨᠳᠦᠰᠦᠲᠡᠨ ᠤ | ᠬᠤᠪᠴᠠᠰᠤ ᠵᠠᠰᠠᠯ ᠤᠨ ᠤᠯᠠᠮᠵᠢᠯᠠᠯ ᠪᠠ ᠰᠢᠨ᠎ᠡ ᠶᠢ ᠡᠭᠦᠳᠬᠦ ᠬᠥᠭᠵᠢᠯᠲᠡ ᠶᠢᠨ ᠬᠠᠮᠤᠭ ᠤᠨ ᠰᠢᠨ᠎ᠡ ᠦᠷ᠎ᠡ | ᠪᠦᠲᠦᠭᠡᠯ ᠢ ᠳᠡᠯᠭᠡᠨ ᠦᠵᠡᠭᠦᠯᠵᠡᠶ᠃ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ | ᠮᠣᠩᠭᠤᠯ ᠳᠠᠬᠢ ᠬᠤᠪᠢᠶᠠᠷᠢ ᠪᠠᠩᠬᠢ ᠨᠢ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ | ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ︽ᠪᠦᠰᠡᠭᠦᠢ︾ ᠠᠳᠠᠯ ᠦᠢᠯᠡᠰ | ᠴᠣᠭᠴᠠᠯᠠᠬᠤ ᠶᠢ ᠳᠡᠮᠵᠢᠬᠦ ᠠᠵᠤ ᠦᠢᠯᠡᠰ ᠤᠨ ᠬᠤᠯᠪᠣᠭ᠎ᠠ ᠳᠤ ᠵᠢᠩᠬᠢᠨᠢ ᠪᠠᠷ ᠣᠷᠣᠯᠴᠠᠵᠤ᠂ ︽ ᠶᠢᠨ ᡁᠢ ᠠᠷᠠᠳ ᠲᠤ | ᠠᠰᠢᠭ ᠬᠦᠷᠲᠡᠭᠡᠬᠦ︾ ᠡᠮᠡᠭᠲᠡᠶᠢᠴᠦᠳ ᠤᠨ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠨᠡᠶᠢᠲᠡ ᠶᠢᠨ ᠠᠰᠠᠷᠠᠮᠵᠢ ᠶᠢᠨ | ᠪᠣᠯᠪᠠᠰᠤᠷᠠᠭᠤᠯᠤᠯ᠂ ︽ᠡᠮᠡᠭᠲᠡᠶᠢᠴᠦᠳ ᠤᠨ ᠠᠳᠠᠯ ᠦᠢᠯᠡᠰ ᠴᠣᠭᠴᠠᠯᠠᠬᠤ ᠵᠢᠭᠡᠯᠡᠯᠭᠡ︾ ᠶᠢᠨ ᠲᠤᠰᠬᠠᠶ | ᠬᠠᠷᠢᠶᠠᠯᠠᠭᠳᠠᠬᠤ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ᠂ ᠲᠠᠯ᠎ᠠ ᠨᠤᠲᠤᠭ ᠤᠨ ᠡᠮᠡᠭᠲᠡᠶᠢᠴᠦᠳ ᠤᠨ ᠠᠳᠠᠯ | ᠦᠢᠯᠡᠰ ᠴᠣᠭᠴᠠᠯᠠᠬᠤ ᠰᠢᠨ᠎ᠡ ᠶᠢ ᠡᠭᠦᠳᠬᠦ ᠮᠥᠩᠭᠦᠨ ᠭᠦᠢᠯᠭᠡᠭᠡᠨ ᠤ ᠲᠡᠳᠬᠦᠨ ᠳᠡᠮᠵᠢᠬᠦ ᠠᠵᠢᠯᠯᠠᠭ᠎ᠠ ᠵᠡᠷᠭᠡ ᠪᠠᠷ | ᠳᠠᠮᠵᠢᠭᠤᠯᠤᠨ᠂ ᠮᠠᠨ ᠤ ᠣᠷᠣᠨ ᠤ ᠳᠤᠮᠳᠠ ᠵᠢᠵᠢᠭ ᠪᠢᠴᠢᠯ ᠠᠵᠤ ᠠᠬᠤᠶᠢᠯᠠᠯ ᠢᠯᠠᠩᠭᠤᠶ᠎ᠠ ᠡᠮᠡᠭᠲᠡᠶᠢᠴᠦᠳ ᠤᠨ | ᠡᠭᠦᠳᠦᠨ ᠪᠠᠶᠢᠭᠤᠯᠤᠭᠰᠠᠨ ᠪᠤᠶᠤ ᠡᠮᠡᠭᠲᠡᠶᠢᠴᠦᠳ ᠤᠨ ᠠᠵᠢᠯ ᠡᠷᠬᠢᠯᠡᠭᠰᠡᠨ ᠨᠡᠯᠢᠶᠡᠳ ᠣᠯᠠᠨ ᠬᠦᠷᠢᠶ᠎ᠡ ᠴᠠᠷᠠᠭᠠᠨ ᠤ | ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠣᠨ᠎ᠠ᠃ | ᠲᠣᠬᠠᠢ ᠶᠢᠨ ᠲᠠᠯᠠᠪᠤᠷ ᠲᠤ᠂ ᠥᠪᠡᠷᠲᠡᠭᠡᠨ ᠵᠠᠰᠠᠬᠤ ᠣᠷᠣᠨ ᠤ ᠡᠮᠡᠭᠲᠡᠶ ᠠᠵᠤ ᠠᠬᠤᠶᠢᠯᠠᠯᠲᠠᠨ ᠤ | ᠨᠡᠶᠢᠭᠡᠮᠯᠢᠭ ᠵᠢᠴᠢ ᠬᠡᠰᠡᠭ ᠠᠵᠤ ᠠᠬᠤᠶᠢᠯᠠᠯ ᠤᠳ ︽ᠪᠦᠰᠡᠭᠦᠢ︾ ᠠᠳᠠᠯ ᠦᠢᠯᠡᠰ ᠴᠣᠭᠴᠠᠯᠠᠬᠤ ᠶᠢ ᠳᠡᠮᠵᠢᠬᠦ ᠠᠵᠤ | ᠦᠢᠯᠡᠰ ᠤᠨ ᠬᠤᠯᠪᠣᠭ᠎ᠠ ᠳᠤ ᠣᠷᠣᠯᠴᠠᠵᠤ᠂ ︽ᠪᠦᠰᠡᠭᠦᠶᠢᠴᠦᠳ ᠤᠨ ᠠᠵᠢᠯ ᠣᠯᠭᠤᠯᠲᠠ ᠶᠢᠨ ᠠᠵᠢᠯᠯᠠᠭᠠᠨ ᠤ | ᠲᠥᠯᠥᠪᠯᠡᠭᠡ︾ ᠳᠤ ᠰᠢᠨ᠎ᠡ ᠬᠦᠴᠦᠨ ᠨᠡᠮᠡᠷᠢᠯᠡᠪᠡ᠃ | ︽ᠲᠣᠰ ᠤᠳᠠᠭᠠᠨ ᠤ ᠡᠬᠢ ᠪᠠᠶᠠᠯᠢᠭ ᠢ ᠵᠣᠯᠭᠠᠭᠤᠯᠬᠤ ᠬᠤᠷᠠᠯ ᠨᠢ ᠮᠠᠨ ᠤ ᠣᠷᠣᠨ ᠤ ᠬᠡᠰᠡᠭ | ᠦᠨᠳᠦᠰᠦᠲᠡᠨ ᠤ ᠬᠤᠪᠴᠠᠰᠤ ᠵᠠᠰᠠᠯ ᠤᠨ ᠠᠵᠤ ᠠᠬᠤᠶᠢᠯᠠᠯ ᠳᠤ ᠵᠠᠮ ᠮᠥᠷ ᠬᠠᠷᠢᠯᠴᠠᠨ ᠨᠡᠪᠲᠡᠷᠡᠯᠴᠡᠬᠦ᠂ ᠡᠬᠢ | ᠪᠠᠶᠠᠯᠢᠭ ᠢ ᠬᠠᠮᠲᠤᠪᠠᠷ ᠡᠳ᠋ᠯᠡᠬᠦ ᠰᠢᠯᠢᠳᠡᠭ ᠲᠠᠪᠴᠠᠩ ᠪᠠᠶᠢᠭᠤᠯᠵᠤ᠂ ᠬᠢᠵᠢᠭ ᠤᠨ ᠪᠠᠶᠢᠳᠠᠯ ᠠᠴᠠ ᠪᠣᠯᠣᠭᠰᠠᠨ ᠠᠰᠢᠭ | ᠥᠬᠡᠶ ᠨᠥᠯᠥᠭᠡ ᠶᠢ ᠨᠠᠩ ᠰᠠᠶᠢᠲᠤᠷ ᠢᠯᠠᠨ ᠳᠠᠪᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠬᠥᠭᠵᠢᠯᠲᠡ ᠳᠤ ᠦᠢᠯᠡᠴᠢᠯᠡᠬᠦ᠂ ᠡᠮᠡᠭᠲᠡᠶᠢᠴᠦᠳ ᠲᠤ ᠦᠢᠯᠡᠴᠢᠯᠡᠬᠦ ᠦᠨᠳᠦᠰᠦᠲᠡᠨ ᠤ ᠬᠤᠪᠴᠠᠰᠤ ᠵᠠᠰᠠᠯ ᠤᠨ | ᠬᠦᠷᠢᠶ᠎ᠡ ᠴᠠᠷᠠᠭᠠᠨ ᠳᠤ ᠨᠠᠩ ᠰᠠᠶᠢᠲᠤᠷ ᠠᠵᠢᠯ ᠣᠯᠵᠤ ᠠᠳᠠᠯ ᠦᠢᠯᠡᠰ ᠴᠣᠭᠴᠠᠯᠠᠬᠤ ᠳᠤ ᠢᠳᠡᠪᠬᠢ ᠦᠢᠯᠡᠳᠦᠯ | ᠦᠵᠡᠭᠦᠯᠪᠡ︾ ᠭᠡᠵᠦ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠠᠮᠢᠶ᠎ᠠ | ᠪᠥᠬᠦᠶ ᠬᠠᠷᠢᠭᠤᠴᠠᠯᠭᠠᠲᠠᠨ ᠬᠡᠯᠡᠵᠡᠶ᠃ | |