ᠲᠦᠷᠪᠡᠳᠦᠭᠡᠷ ᠤᠳᠠᠭᠠᠨ ᠤ ᠪᠦᠬᠦ ᠤᠯᠤᠰ ᠤᠨ ᠵᠡᠮᠳᠡᠭ ᠪᠤᠯᠬᠤ ᠶᠢ ᠰᠡᠷᠭᠡᠶᠢᠯᠡᠬᠦ ᠡᠳᠦᠷ ᠤᠨ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠵᠢᠴᠢ 8 · 28᠎ ᠤ ᠭᠡᠷᠡᠯ ᠭᠡᠭᠡᠳᠤ ᠢᠷᠡᠭᠡᠳᠦᠢ ᠶᠢᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠡᠬᠢᠯᠡᠯᠳᠠ ᠶᠢᠨ ᠶᠤᠰᠤᠯᠠᠯ ᠶᠠᠪᠤᠭᠳᠠᠵᠠᠢ ᠡᠸᠦ ᠶᠠᠩ ᠰᠢᠶᠤᠤ ᠬᠤᠢ ᠤᠷᠤᠯᠴᠠᠵᠠᠢ
ᠨᠡᠶᠢᠲᠡᠯᠡᠭᠰᠡᠨ ᠴᠠᠭ᠄
2020/8/27
     8 ᠰᠠᠷ᠎ᠠ ᠶᠢᠨ 25᠎ ᠤ ᠡᠳᠦᠷ ᠪᠤᠯ ᠲᠦᠷᠪᠡᠳᠦᠭᠡᠷ ᠤᠳᠠᠭᠠᠨ ᠤ ᠪᠦᠬᠦ ᠤᠯᠤᠰ ᠤᠨ ᠵᠡᠮᠳᠡᠭ ᠪᠤᠯᠬᠤ ᠶᠢ ᠰᠡᠷᠭᠡᠶᠢᠯᠡᠬᠦ ᠡᠳᠦᠷ ᠪᠤᠯᠤᠨ᠎ᠠ᠂ ᠲᠤᠰ ᠡᠳᠦᠷ ᠤᠨ ᠦᠳᠡ ᠶᠢᠨ ᠡᠮᠦᠨ᠎ᠠ᠂ ᠦᠪᠡᠷᠲᠡᠭᠡᠨ ᠵᠠᠰᠠᠬᠤ ᠤᠷᠤᠨ ᠤ ᠵᠡᠮᠳᠡᠭᠴᠤᠳ ᠤᠨ ᠬᠤᠯᠪᠤᠭ᠎ᠠ᠂ ᠦᠪᠡᠷᠲᠡᠭᠡᠨ ᠵᠠᠰᠠᠬᠤ ᠤᠷᠤᠨ ᠤ ᠵᠡᠮᠳᠡᠭᠴᠤᠳ ᠤᠨ ᠠᠰᠠᠷᠠᠮᠵᠢ ᠶᠢᠨ ᠰᠠᠭᠤᠷᠢ ᠮᠦᠩᠬᠦᠨ ᠤ ᠨᠡᠶᠢᠭᠡᠮᠯᠢᠭ ᠠᠴᠠ ᠭᠤᠤᠯᠯᠠᠨ ᠡᠷᠬᠢᠯᠡᠭᠰᠡᠨ ᠲᠦᠷᠪᠡᠳᠦᠭᠡᠷ ᠤᠳᠠᠭᠠᠨ ᠤ ᠪᠦᠬᠦ ᠤᠯᠤᠰ ᠤᠨ ᠵᠡᠮᠳᠡᠭ ᠪᠤᠯᠬᠤ ᠶᠢ ᠰᠡᠷᠭᠡᠶᠢᠯᠡᠬᠦ ᠡᠳᠦᠷ ᠤᠨ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠵᠢᠴᠢ 8 · 28᠎ ᠤ ᠭᠡᠷᠡᠯ ᠭᠡᠭᠡᠳᠤ ᠢᠷᠡᠭᠡᠳᠦᠢ ᠶᠢᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠡᠬᠢᠯᠡᠯᠳᠠ ᠶᠢᠨ ᠶᠤᠰᠤᠯᠠᠯ ᠬᠦᠬᠡᠬᠤᠳᠠ ᠳᠤ ᠶᠠᠪᠤᠭᠳᠠᠪᠠ᠃      ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠡᠸᠦ ᠶᠠᠩ ᠰᠢᠶᠤᠤ ᠬᠤᠢ ᠠᠵᠢᠯᠯᠠᠭ᠎ᠠ ᠳᠤ ᠤᠷᠤᠯᠴᠠᠵᠠᠢ᠃      ᠲᠤᠰ ᠤᠳᠠᠭᠠᠨ ᠤ ᠪᠦᠬᠦ ᠤᠯᠤᠰ ᠤᠨ ᠵᠡᠮᠳᠡᠭ ᠪᠤᠯᠬᠤ ᠶᠢ ᠰᠡᠷᠭᠡᠶᠢᠯᠡᠬᠦ ᠡᠳᠦᠷ ᠤᠨ ᠠᠵᠢᠯᠯᠠᠭ᠎ᠠ ᠨᠢ ︽ᠵᠡᠮᠳᠡᠭ ᠪᠤᠯᠬᠤ ᠶᠢ ᠰᠡᠷᠭᠡᠶᠢᠯᠡᠬᠦ ᠳᠤ ᠭᠡᠦᠭᠡᠳ ᠪᠠᠭᠠᠴᠤᠳ ᠠᠴᠠ ᠭᠠᠷᠳᠠᠶ᠎ᠠ︾᠎ ᠪᠠᠷ ᠭᠤᠤᠯ ᠰᠡᠳᠤᠪ ᠪᠤᠯᠭᠠᠵᠤ᠂ 8 · 28᠎ ᠤ ᠭᠡᠷᠡᠯ ᠭᠡᠭᠡᠳᠤ ᠢᠷᠡᠭᠡᠳᠦᠢ ᠶᠢᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠨᠢ ᠬᠦᠴᠢᠷᠳᠡᠯᠳᠠᠢ ᠭᠡᠷ ᠪᠦᠯᠢ ᠶᠢᠨ 12 ᠨᠠᠰᠤᠨ ᠠᠴᠠ ᠲᠤᠷᠤᠬᠰᠢᠬᠢ ᠬᠠᠷᠠᠭ᠎ᠠ ᠮᠠᠭᠤᠳᠠᠢ ᠭᠡᠦᠭᠡᠳ ᠪᠠᠭᠠᠴᠤᠳ ᠢ ᠬᠠᠪᠰᠤᠷᠤᠨ ᠡᠷᠡᠬᠦᠯᠵᠢᠬᠦᠯᠬᠦ ᠪᠠᠷ ᠵᠤᠷᠢᠯᠭ᠎ᠠ ᠪᠠᠨ ᠪᠤᠯᠭᠠᠵᠠᠢ᠃ ᠹᠧᠷᠦ᠋ᠢᠳ᠋ · ᠾᠸᠦ᠋ᠯ ᠰᠠᠭᠤᠷᠢ ᠮᠦᠩᠬᠦᠨ ᠤ ᠨᠡᠶᠢᠭᠡᠮᠯᠢᠭ ︵ᠠᠦ᠋ᠰᠲᠷᠠᠯᠢᠶ᠎ᠠ︶᠎ ᠤᠨ ᠺᠦᠨᠮᠢᠩ ᠤᠨ ᠲᠦᠯᠦᠭᠡᠯᠡᠭᠴᠢ ᠶᠢᠨ ᠭᠠᠵᠠᠷ᠂ ᠳᠤᠮᠳᠠᠳᠤ ᠤᠯᠤᠰ ᠤᠨ ᠵᠡᠮᠳᠡᠭᠴᠤᠳ ᠤᠨ ᠠᠰᠠᠷᠠᠮᠵᠢ ᠶᠢᠨ ᠰᠠᠭᠤᠷᠢ ᠮᠦᠩᠬᠦᠨ ᠤ ᠨᠡᠶᠢᠭᠡᠮᠯᠢᠭ᠂ ᠥᠪᠦᠷ ᠮᠤᠩᠭᠤᠯ ᠤᠨ ᠯᠤᠤ ᠨᠢᠦ ᠨᠢᠬᠦᠯᠡᠰᠦᠩᠬᠦᠢ ᠶᠢᠨ ᠰᠠᠭᠤᠷᠢ ᠮᠦᠩᠬᠦᠨ ᠤ ᠨᠡᠶᠢᠭᠡᠮᠯᠢᠭ᠂ ᠥᠪᠦᠷ ᠮᠤᠩᠭᠤᠯ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠬᠦᠭᠵᠢᠯᠳᠠ ᠶᠢᠨ ᠰᠠᠭᠤᠷᠢ ᠮᠦᠩᠬᠦᠨ ᠤ ᠨᠡᠶᠢᠭᠡᠮᠯᠢᠭ᠂ ᠥᠪᠦᠷ ᠮᠤᠩᠭᠤᠯ ᠤᠨ ᠳ᠋ᠧ ᠮᠧᠩ ᠡᠷᠡᠬᠦᠯᠵᠢᠬᠦᠯᠬᠦ ᠲᠤᠰᠠᠯᠠᠬᠤ ᠪᠠᠭᠠᠵᠢ ᠮᠡᠷᠭᠡᠵᠢᠯ ᠤᠨ ᠬᠢᠵᠠᠭᠠᠷᠳᠦ ᠺᠤᠮᠫᠠᠨᠢ ᠵᠡᠷᠭᠡ ᠬᠠᠯᠠᠭᠤᠨ ᠰᠡᠳᠬᠢᠯᠳᠦ ᠨᠢᠭᠡᠴᠢ ᠠᠴᠠ ᠲᠤᠰ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢ 500 ᠲᠦᠮᠡ ᠭᠠᠷᠤᠢ ᠲᠦᠬᠦᠷᠢᠭ ᠢᠶᠠᠷ ᠢᠪᠡᠭᠡᠨ ᠲᠤᠰᠠᠯᠠᠵᠠᠢ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠦᠪᠡᠷᠲᠡᠭᠡᠨ ᠵᠠᠰᠠᠬᠤ ᠤᠷᠤᠨ ᠤ ᠵᠡᠮᠳᠡᠭᠴᠤᠳ ᠤᠨ ᠬᠤᠯᠪᠤᠭ᠎ᠠ ᠶᠢᠨ ᠠᠵᠢᠯ ᠤᠨ ᠬᠤᠷᠢᠶ᠎ᠠ ᠶᠢᠨ ᠡᠯ᠎ᠠ ᠪᠦᠷᠢᠯᠳᠦᠬᠦᠨ ᠨᠢᠭᠡᠴᠢ ᠠᠴᠠ ᠡᠯᠪᠡᠭ ᠠᠭᠤᠯᠭ᠎ᠠ ᠲᠠᠢ ᠤᠬᠠᠭᠤᠯᠭ᠎ᠠ ᠶᠢᠨ ᠳᠡᠯᠭᠡᠨ ᠦᠵᠡᠬᠦᠯᠬᠦ ᠲᠠᠪᠴᠠᠩ ᠲᠤᠬᠢᠷᠠᠭᠤᠯᠵᠦ᠂ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠠᠨ ᠳᠠᠬᠢ ᠵᠡᠮᠳᠡᠭ ᠪᠤᠯᠬᠤ ᠶᠢ ᠰᠡᠷᠭᠡᠶᠢᠯᠡᠬᠦ ᠬᠠᠮᠢᠶ᠎ᠠ ᠪᠦᠬᠦᠢ ᠮᠡᠳᠡᠯᠭᠡ ᠶᠢ ᠤᠬᠠᠭᠤᠯᠪᠠ︔ ᠦᠪᠡᠷᠲᠡᠭᠡᠨ ᠵᠠᠰᠠᠬᠤ ᠤᠷᠤᠨ ᠤ ᠵᠡᠮᠳᠡᠭᠴᠤᠳ ᠤᠨ ᠡᠷᠡᠬᠦᠯᠵᠢᠯ ᠤᠨ ᠦᠢᠯᠡᠴᠢᠯᠡᠭᠡᠨ ᠤ ᠲᠦᠪ ᠵᠡᠷᠭᠡ ᠡᠮᠴᠢᠯᠡᠭᠡᠨ ᠎ ᠤ ᠪᠠᠶᠢᠭᠤᠯᠤᠮᠵᠢ ᠶᠢᠨ ᠡᠮᠴᠢ ᠰᠤᠪᠢᠯᠠᠬᠴᠢ ᠠᠯᠪᠡᠨ ᠵᠢᠷᠤᠮ ᠤᠨ ᠤᠨᠤᠰᠢᠯᠠᠨ ᠡᠮᠨᠡᠬᠦ ᠠᠵᠢᠯᠯᠠᠭ᠎ᠠ ᠦᠷᠨᠢᠬᠦᠯᠪᠠ︔ ᠦᠪᠡᠷᠲᠡᠭᠡᠨ ᠵᠠᠰᠠᠬᠤ ᠤᠷᠤᠨ ᠤ ᠵᠡᠮᠳᠡᠭᠴᠤᠳ ᠤᠨ ᠲᠤᠰᠠᠯᠠᠬᠤ ᠪᠠᠭᠠᠵᠢ ᠭᠡᠷᠡᠭᠰᠡᠯ ᠤᠨ ᠡᠬᠢ ᠪᠠᠶᠠᠯᠢᠭ ᠤᠨ ᠲᠦᠪ ᠠᠴᠠ ᠵᠡᠮᠳᠡᠭᠴᠤᠳ ᠲᠤ ᠭᠡᠰᠡᠭ ᠲᠤᠰᠠᠯᠠᠬᠤ ᠪᠠᠭᠠᠵᠢ ᠭᠡᠷᠡᠭᠰᠡᠯ ᠬᠦᠷᠭᠡᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号