ᠥᠪᠥᠷ ᠮᠣᠩᠭᠤᠯ ᠤᠨ ᠶᠠᠳᠠᠭᠤ ᠬᠦᠴᠢᠷᠳᠡᠯᠲᠡᠶ ᠲᠥᠷᠥᠯᠬᠢ ᠵᠢᠷᠦᠬᠡᠨ ᠡᠪᠡᠳᠴᠢᠨ ᠲᠠᠢ ᠬᠡᠤᠬᠡᠳ ᠰᠦᠢᠳᠬᠡᠯ ᠬᠤᠷᠢᠶᠠᠬᠤ ᠥᠬᠡᠶ ᠪᠠᠷ ᠠᠪᠤᠷᠠᠨ ᠲᠤᠰᠠᠯᠠᠬᠤ ᠶᠢ ᠭᠤᠶᠤᠴᠢᠯᠠᠵᠤ ᠪᠣᠯᠤᠨ᠎ᠠ
ᠨᠡᠶᠢᠲᠡᠯᠡᠭᠰᠡᠨ ᠴᠠᠭ᠄
2020/8/28
     8 ᠳ᠋ᠤᠭᠠᠷ ᠰᠠᠷ᠎ᠠ ᠶᠢᠨ 27᠎ ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠨᠢᠭᠦᠯᠡᠰᠦᠩᠭᠦᠶ ᠶᠢᠨ ᠶᠡᠷᠦᠩᠬᠡᠶ ᠡᠪᠯᠡᠯ ᠤᠨ ᠠᠯᠪᠠᠨ ᠭᠡᠷ ᠠᠴᠠ ᠣᠶᠢᠯᠠᠭᠠᠭᠰᠠᠨ ᠢᠶᠠᠷ᠂ ᠪᠦᠬᠦ ᠣᠷᠣᠨ ᠤ ᠶᠠᠳᠠᠭᠤ ᠬᠦᠴᠢᠷᠳᠡᠯᠲᠡᠢ ᠭᠡᠷ ᠪᠦᠯᠢ ᠶᠢᠨ ᠲᠥᠷᠥᠯᠬᠢ ᠵᠢᠷᠦᠬᠡᠨ ᠡᠪᠡᠳᠴᠢᠨ ᠲᠠᠢ ᠬᠡᠦᠬᠡᠳ ᠢ ᠠᠪᠤᠷᠠᠨ ᠲᠤᠰᠠᠯᠠᠵᠤ ᠠᠪᠤᠷᠠᠨ ᠵᠠᠰᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ 2020 ᠣᠨ ᠳᠤ ᠥᠪᠡᠷᠲᠡᠭᠡᠨ ᠵᠠᠰᠠᠬᠤ ᠣᠷᠣᠨ ᠤ ᠨᠢᠭᠦᠯᠡᠰᠦᠩᠭᠦᠶ ᠶᠢᠨ ᠶᠡᠷᠦᠩᠬᠡᠶ ᠡᠪᠯᠡᠯ ᠤᠨ ᠠᠯᠪᠠᠨ ᠬᠡᠷ ᠠᠴᠠ ᠪᠥᠬᠦ ᠣᠷᠣᠨ ᠤ ᠬᠡᠪᠴᠢᠶᠡᠨ ᠳᠤ ︽ᠥᠪᠥᠷ ᠮᠣᠩᠭᠤᠯ ᠤᠨ ᠶᠠᠳᠠᠭᠤ ᠬᠦᠴᠢᠷᠳᠡᠯᠲᠡᠶ ᠲᠥᠷᠥᠯᠬᠢ ᠵᠢᠷᠦᠬᠡᠨ ᠡᠪᠡᠳᠴᠢᠨ ᠲᠠᠢ ᠬᠡᠤᠬᠡᠳ ᠢ ᠠᠪᠤᠷᠠᠨ ᠲᠤᠰᠠᠯᠠᠬᠤ ᠲᠥᠷᠥᠯ ᠵᠦᠢᠯ︾᠎ ᠢ ᠥᠷᠨᠢᠭᠦᠯᠪᠡ᠃      ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠤᠨ ᠠᠪᠤᠷᠠᠨ ᠲᠤᠰᠠᠯᠠᠭᠰᠠᠳ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠦᠬᠡ ᠠᠮᠠ ᠲᠠᠢ 0 — 14 ᠪᠦᠬᠦᠯᠢ ᠨᠠᠰᠤᠨ ᠤ ᠶᠠᠳᠠᠭᠤ ᠬᠦᠴᠢᠷᠳᠡᠯᠲᠡᠶ ᠬᠡᠷ ᠪᠦᠯᠢ ᠶᠢᠨ ᠲᠥᠷᠥᠯᠬᠢ ᠵᠢᠷᠦᠬᠡᠨ ᠡᠪᠡᠳᠴᠢᠨ ᠲᠠᠢ ᠬᠡᠤᠬᠡᠳ ᠪᠣᠯᠤᠨ᠎ᠠ᠃ ᠲᠤᠰᠠᠯᠠᠬᠤ ᠨᠥᠬᠦᠴᠡᠯ ᠳᠤ ᠨᠡᠶᠢᠴᠡᠭᠰᠡᠨ ᠬᠡᠦᠬᠡᠳ ᠢ ᠬᠢᠨᠠᠨ ᠬᠠᠮᠠᠭᠠᠯᠠᠭᠴᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠭᠦᠯᠡᠰᠦᠩᠭᠦᠶ ᠶᠢᠨ ᠶᠡᠷᠦᠩᠬᠡᠶ ᠡᠪᠯᠡᠯ ᠤᠨ ᠠᠯᠪᠠᠨ ᠭᠡᠷ ᠲᠤ ᠭᠤᠶᠤᠴᠢᠯᠠᠯ ᠭᠠᠷᠭᠠᠵᠤ᠂ ᠬᠢᠨᠠᠨ ᠵᠥᠪᠰᠢᠶᠡᠷᠡᠭᠦᠯᠦᠭᠡᠳ ᠬᠢᠷᠢ ᠲᠡᠩᠴᠡᠭᠰᠡᠨ ᠤ ᠳᠠᠷᠠᠭ᠎ᠠ᠂ ᠰᠢᠭᠰᠢᠨ ᠪᠠᠶᠢᠴᠠᠭᠠᠬᠤ ᠪᠠ ᠵᠠᠯᠭᠠᠮᠵᠢ ᠲᠤᠰᠠᠯᠠᠮᠵᠢ ᠬᠦᠷᠲᠡᠵᠦ ᠪᠣᠯᠬᠤ ᠪᠦᠭᠡᠳ ᠨᠥᠬᠦᠴᠡᠯ ᠳᠤ ᠨᠡᠶᠢᠴᠡᠭᠰᠡᠨ ᠬᠡᠤᠬᠡᠳ ᠲᠤ ᠰᠦᠢᠳᠬᠡᠯ ᠬᠤᠷᠢᠶᠠᠬᠤ ᠦᠭᠡᠢ ᠪᠠᠷ ᠮᠡᠰᠡ ᠵᠠᠰᠠᠯ ᠬᠢᠵᠦ ᠥᠭᠭᠦᠨ᠎ᠡ᠃       ᠥᠨᠥ ᠪᠣᠯᠬᠤ ᠳᠤ᠂ ᠲᠤᠰ ᠲᠥᠷᠥᠯ ᠵᠦᠢᠯ ᠨᠢ 12 ᠬᠡᠤᠬᠡᠳ ᠲᠤ ᠡᠷᠡᠭᠦᠯᠵᠢᠬᠦ ᠮᠡᠰᠡ ᠵᠠᠰᠠᠯ ᠬᠢᠵᠦ᠂ ᠮᠡᠰᠡ ᠵᠠᠰᠠᠯ ᠤᠨ ᠡᠮᠴᠢᠯᠡᠭᠡ᠂ ᠡᠮᠨᠡᠯᠭᠡ ᠳᠤ ᠰᠠᠭᠤᠭᠰᠠᠨ ᠪᠦᠬᠦ ᠰᠦᠢᠳᠬᠡᠯ ᠢ ᠬᠡᠯᠲᠦᠷᠢᠭᠦᠯᠦᠭᠰᠡᠨ ᠮᠥᠷᠲᠡᠭᠡᠨ ᠡᠪᠡᠳᠴᠢᠯᠡᠭᠰᠡᠨ ᠬᠡᠦᠬᠡᠳ ᠲᠤ  ᠪᠠᠰᠠ 2000 ᠲᠥᠭᠦᠷᠢᠭ ᠤᠨ ᠵᠠᠮ ᠬᠠᠷᠢᠯᠴᠠᠭ᠎ᠠ᠂ ᠬᠤᠭᠤᠯᠠ ᠬᠤᠨᠤᠭ ᠤᠨ ᠨᠥᠬᠦᠪᠥᠷᠢ ᠣᠯᠭᠤᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号