ᠳᠤᠮᠳᠠᠳᠤ ᠤᠯᠤᠰ ᠤᠨ ᠥᠪᠦᠷ ᠮᠤᠩᠭᠤᠯ ᠤᠨ ᠤᠢ ᠰᠢᠭᠤᠢ ᠶᠢᠨ ᠠᠵᠤ ᠦᠢᠯᠡᠳᠪᠤᠷᠢ ᠶᠢᠨ ᠪᠦᠯᠦᠭᠯᠡᠯ ᠤᠨ ᠬᠢᠵᠠᠭᠠᠷᠳᠦ ᠺᠤᠮᠫᠠᠨᠢ ᠫᠠᠶᠢᠰᠠ ᠡᠯᠬᠦᠵᠦ ᠡᠵᠡᠩᠨᠡᠯᠳᠠ ᠪᠠᠨ ᠡᠬᠢᠯᠡᠬᠦᠯᠪᠡ  ᠪᠦ᠋ ᠰᠢᠶᠤᠤ ᠯᠢᠨ ᠤᠢ ᠰᠢᠭᠤᠢ ᠶᠢᠨ ᠪᠦᠯᠦᠭᠯᠡᠯ ᠤᠨ ᠫᠠᠶᠢᠰᠠ ᠶᠢ ᠰᠡᠬᠦᠵᠡᠢ
ᠨᠡᠶᠢᠲᠡᠯᠡᠭᠰᠡᠨ ᠴᠠᠭ᠄
2020/8/3
     8 ᠰᠠᠷ᠎ᠠ ᠶᠢᠨ 1᠎ ᠤ ᠡᠳᠦᠷ᠂ ᠳᠤᠮᠳᠠᠳᠤ ᠤᠯᠤᠰ ᠤᠨ ᠥᠪᠦᠷ ᠮᠤᠩᠭᠤᠯ ᠤᠨ ᠤᠢ ᠰᠢᠭᠤᠢ ᠶᠢᠨ ᠠᠵᠤ ᠦᠢᠯᠡᠳᠪᠤᠷᠢ ᠶᠢᠨ ᠪᠦᠯᠦᠭᠯᠡᠯ ᠤᠨ ᠬᠢᠵᠠᠭᠠᠷᠳᠦ ᠺᠤᠮᠫᠠᠨᠢ ᠫᠠᠶᠢᠰᠠ ᠡᠯᠬᠦᠵᠦ ᠡᠵᠡᠩᠨᠡᠯᠳᠠ ᠪᠠᠨ ᠡᠬᠢᠯᠡᠬᠦᠯᠪᠠ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠳᠤᠮᠳᠠᠳᠤ ᠤᠯᠤᠰ ᠤᠨ ᠥᠪᠦᠷ ᠮᠤᠩᠭᠤᠯ ᠤᠨ ᠤᠢ ᠰᠢᠭᠤᠢ ᠶᠢᠨ ᠠᠵᠤ ᠦᠢᠯᠡᠳᠪᠤᠷᠢ ᠶᠢᠨ ᠪᠦᠯᠦᠭᠯᠡᠯ ᠤᠨ ᠬᠢᠵᠠᠭᠠᠷᠳᠦ ᠺᠤᠮᠫᠠᠨᠢ ᠶᠢᠨ ᠫᠠᠶᠢᠰᠠ ᠶᠢ ᠰᠡᠬᠦᠪᠡ᠃      ᠥᠪᠦᠷ ᠮᠤᠩᠭᠤᠯ ᠤᠨ ᠶᠡᠭᠡ ᠬᠢᠩᠭᠠᠨ ᠳᠠᠪᠠᠭ᠎ᠠ ᠪᠤᠯ ᠮᠠᠨ ᠤ ᠤᠯᠤᠰ ᠤᠨ ᠲᠠᠯᠠᠪᠠᠢ ᠪᠠᠷ ᠬᠠᠮᠤᠭ ᠤᠨ ᠶᠡᠭᠡ᠂ ᠲᠦᠪᠯᠡᠷᠡᠨ ᠵᠠᠯᠭᠠᠯᠳᠤᠭᠰᠠᠨ᠂ ᠬᠠᠳᠠᠭᠠᠯᠠᠭᠳᠠᠭᠰᠠᠨ ᠪᠠᠶᠢᠳᠠᠯ ᠢᠶᠠᠷ ᠬᠠᠮᠤᠭ ᠤᠨ ᠰᠠᠶᠢᠨ ᠭᠤᠤᠯᠳᠠᠯᠭ᠎ᠠ ᠲᠠᠢ ᠤᠯᠤᠰ ᠎ ᠤᠨ ᠦᠮᠴᠢᠯᠡᠯ ᠤᠨ ᠰᠢᠭᠤᠢᠢᠳᠦ ᠤᠷᠤᠨ ᠮᠦᠨ᠂ ᠬᠦᠯᠦᠨ ᠪᠤᠶᠢᠷ ᠬᠤᠳᠠ᠂ ᠬᠢᠩᠭᠠᠨ ᠠᠶᠢᠮᠠᠬ ᠤᠨ 9 ᠬᠤᠰᠢᠭᠤ ᠬᠤᠳᠠ ᠶᠢ ᠰᠤᠨᠳᠠᠯᠠᠵᠦ ᠪᠠᠶᠢᠳᠠᠭ᠃ 1952 ᠣᠨ ᠠᠴᠠ ᠨᠠᠭᠠᠰᠢ᠂ ᠶᠡᠭᠡ ᠬᠢᠩᠭᠠᠨ ᠲᠠᠪᠠᠭᠠᠨ ᠤ ᠰᠢᠭᠤᠢᠢᠳᠤ ᠤᠷᠤᠨ ᠤ ᠭᠡᠳᠦᠨ ᠦᠶ᠎ᠠ ᠶᠢᠨ ᠤᠢ ᠰᠢᠭᠤᠢ ᠶᠢᠨ ᠠᠵᠢᠯᠴᠢᠳ ᠰᠢᠷᠭᠠᠭᠤ ᠬᠠᠳᠠᠭᠤᠵᠢᠯᠳᠠᠢ ᠲᠡᠮᠡᠴᠡᠨ ᠭᠤᠶᠠᠴᠢ ᠦᠭᠡᠢ ᠪᠠᠷ ᠬᠤᠪᠢ ᠨᠡᠮᠡᠷᠢ ᠦᠵᠡᠬᠦᠯᠵᠤ᠂ ᠬᠦᠭᠡᠮᠳᠦᠭ ᠨᠤᠭᠤᠭᠠᠨ ᠠᠭᠤᠯᠠ ᠶᠢ ᠬᠠᠮᠠᠭᠠᠯᠠᠨ ᠦᠷᠬᠦᠯᠵᠢᠯᠡᠬᠦ ᠬᠦᠭᠵᠢᠯᠳᠠ ᠶᠢ ᠪᠡᠶᠡᠯᠡᠬᠦᠯᠬᠦ ᠪᠠᠷ ᠴᠦᠬᠦᠷᠡᠰᠢ ᠦᠭᠡᠢ ᠴᠢᠷᠮᠠᠶᠢᠬᠰᠠᠨ ᠢᠶᠠᠷ ᠤᠯᠤᠰ ᠤᠷᠤᠨ ᠳᠤ ᠨᠡᠶᠢᠳᠡ 200 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠤᠨ ᠰᠠᠶᠢᠨ ᠮᠤᠳᠤᠨ ᠮᠠᠲ᠋ᠧᠷᠢᠶᠠᠯ ᠬᠠᠩᠭᠠᠵᠤ᠂ 2000 ᠲᠦᠮᠡᠨ ᠮᠦ ᠮᠤᠳᠤ ᠲᠠᠷᠢᠵᠦ ᠤᠢᠢᠵᠢᠭᠤᠯᠤᠨ᠂ ᠰᠢᠭᠤᠢᠢᠳᠦ ᠤᠷᠤᠨ ᠤ ᠤᠢ ᠮᠤᠲᠤ ᠲᠠᠢ ᠭᠠᠵᠠᠷ ᠤᠨ ᠲᠠᠯᠠᠪᠠᠢ᠂ ᠤᠷᠭᠤᠭ᠎ᠠ ᠮᠤᠳᠤᠨ ᠤ ᠶᠡᠷᠦᠩᠭᠡᠢ ᠭᠡᠮᠵᠢᠶ᠎ᠠ᠂ ᠤᠢ ᠰᠢᠭᠤᠢ ᠶᠢᠨ ᠪᠦᠷᠬᠦᠴᠡ ᠶᠢᠨ ᠨᠤᠷᠮ᠎ᠠ ᠲᠤᠰ ᠲᠤᠰ 636.5 ᠲᠦᠮᠡᠨ ᠾᠧᠺᠲ᠋ᠠᠷ᠂ 6.6 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ᠂ 60.1% ᠪᠠᠶᠢᠬᠰᠠᠨ ᠠᠴᠠ ᠪᠠᠨ ᠤᠳᠤ 837.2 ᠲᠦᠮᠡᠨ ᠾᠧᠺᠲ᠋ᠠᠷ᠂ 10.3 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ᠂ 78.39% ᠪᠤᠯᠵᠦ ᠳᠡᠭᠡᠭᠰᠢᠯᠡᠪᠠ᠃ ᠤᠢ ᠰᠢᠭᠤᠢ ᠶᠢᠨ ᠠᠵᠤ ᠦᠢᠯᠡᠳᠪᠤᠷᠢ ᠶᠢᠨ ᠪᠦᠯᠦᠭᠯᠡᠯ ᠤᠨ ᠫᠠᠶᠢᠰᠡ ᠡᠯᠬᠦᠵᠦ ᠡᠵᠡᠩᠨᠡᠯᠳᠠ ᠪᠠᠨ ᠡᠬᠢᠯᠡᠬᠦᠯᠦᠭᠰᠡᠨ ᠶᠠᠪᠤᠳᠠᠯ ᠪᠤᠯ ᠨᠠᠮ ᠤᠨ ᠲᠦᠪ ᠬᠤᠷᠢᠶᠠᠨ ᠤ ᠤᠯᠤᠰ ᠤᠨ ᠦᠮᠴᠢᠯᠡᠯ ᠤᠨ ᠰᠢᠭᠤᠢᠢᠳᠦ ᠤᠷᠤᠨ ᠤ ᠤᠢ ᠰᠢᠭᠤᠢ ᠶᠢᠨ ᠡᠬᠢ ᠪᠠᠶᠠᠯᠢᠭ ᠤᠨ ᠬᠠᠮᠢᠶᠠᠷᠤᠯᠳᠠ ᠶᠢᠨ ᠪᠠᠶᠢᠭᠤᠯᠤᠮᠵᠢ ᠳᠤ ᠬᠢᠭᠰᠡᠨ ᠦᠵᠦ ᠲᠦᠯᠦᠪᠯᠡᠭᠡ ᠪᠤᠯᠤᠨ᠎ᠠ᠂ ᠤᠯᠤᠰ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ᠪᠠᠶᠢᠭᠤᠯᠤᠯᠳᠠ ᠶᠢᠨ ᠴᠢᠬᠤᠯᠠ ᠶᠡᠭᠡ ᠦᠢᠯᠡᠳᠦᠯᠭᠡ ᠶᠢᠨ ᠰᠦᠪᠡᠭᠴᠢᠯᠡᠯᠳᠠ ᠪᠤᠯᠤᠨ᠎ᠠ᠂ ᠦᠪᠡᠷᠲᠡᠭᠡᠨ ᠵᠠᠰᠠᠬᠤ ᠤᠷᠤᠨ ᠠᠴᠠ ᠤᠯᠤᠰ ᠤᠨ ᠦᠮᠴᠢᠯᠡᠯ ᠤᠨ ᠰᠢᠭᠤᠢᠢᠳᠦ ᠤᠷᠤᠨ ᠤ ᠦᠭᠡᠷᠡᠴᠢᠯᠡᠯᠳᠠ ᠬᠦᠭᠵᠢᠯᠳᠠ ᠶᠢ ᠠᠬᠢᠭᠤᠯᠤᠭᠰᠠᠨ ᠴᠢᠬᠤᠯᠠ ᠶᠡᠭᠡ ᠠᠷᠭ᠎ᠠ ᠭᠡᠮᠵᠢᠶ᠎ᠠ ᠪᠤᠯᠤᠨ᠎ᠠ᠂ ᠡᠨᠡ ᠨᠢ ᠰᠢᠭᠤᠢᠢᠳᠤ ᠤᠷᠤᠨ ᠰᠢᠨ᠎ᠠ ᠴᠠᠭ ᠦᠶ᠎ᠠ ᠰᠢᠨ᠎ᠠ ᠱᠠᠳᠤᠨ ᠳᠤ ᠤᠷᠤᠬᠰᠠᠨ ᠢ ᠬᠠᠷᠠᠭᠤᠯᠵᠦ ᠪᠠᠶᠢᠨ᠎ᠠ᠃      ᠫᠠᠶᠢᠰᠠ ᠰᠡᠬᠦᠬᠦ ᠶᠤᠰᠤᠯᠠᠯ ᠠᠴᠠ ᠡᠮᠦᠨ᠎ᠠ᠂ ᠪᠦ᠋ ᠰᠢᠶᠤᠤ ᠯᠢᠨ ᠥᠪᠦᠷ ᠮᠤᠩᠭᠤᠯ ᠤᠨ ᠶᠡᠭᠡ ᠬᠢᠩᠭᠠᠨ ᠲᠠᠪᠠᠭ᠎ᠠ ᠶᠢᠨ ᠤᠢ ᠰᠢᠭᠤᠢ ᠶᠢᠨ ᠪᠠᠶᠢᠴᠠᠭᠠᠯᠳᠠ ᠲᠦᠯᠦᠪᠵᠢᠬᠦᠯᠤᠯᠳᠠ ᠶᠢᠨ ᠬᠦᠷᠢᠶᠡᠯᠡᠩ ᠢᠶᠠᠷ ᠰᠢᠨᠵᠢᠯᠡᠨ ᠪᠠᠶᠢᠴᠠᠭᠠᠵᠦ᠂ ᠤᠢ ᠰᠢᠭᠤᠢ ᠶᠢᠨ ᠡᠬᠢ ᠪᠠᠶᠠᠯᠢᠭ ᠢ ᠬᠢᠨᠡᠨ ᠭᠡᠮᠵᠢᠬᠦ᠂ ᠭᠡᠭᠡᠷ᠎ᠠ ᠶᠢᠨ ᠠᠮᠢᠳᠠᠨ ᠤᠷᠭᠤᠮᠠᠯ ᠤᠨ ᠡᠬᠢ ᠪᠠᠶᠠᠯᠢᠬ ᠢ ᠪᠠᠶᠢᠴᠠᠭᠠᠬᠤ᠂ ᠡᠯᠡᠰᠦᠨ ᠵᠠᠬᠪᠤᠷ ᠪᠠ ᠳᠠᠭᠠᠭᠤᠯᠢ ᠤᠳᠤᠨ ᠤ ᠠᠯᠤᠰ ᠠᠴᠠ ᠰᠡᠬᠦᠳᠡᠷᠯᠡᠭᠰᠡᠨ ᠲᠦᠷᠰᠦ ᠵᠢᠷᠤᠭ ᠢ ᠦᠢᠯᠡᠳᠬᠦ ᠵᠡᠷᠭᠡ ᠪᠠᠶᠢᠳᠠᠯ ᠢ ᠤᠢᠢᠯᠠᠭᠠᠵᠠᠢ᠃ ᠲᠡᠷᠡ ᠪᠠᠰᠠ ᠥᠪᠦᠷ ᠮᠤᠩᠭᠤᠯ ᠤᠨ ᠶᠡᠭᠡ ᠬᠢᠩᠭᠠᠨ ᠲᠠᠪᠠᠭ᠎ᠠ ᠶᠢᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠠᠮᠵᠢᠯᠳᠠ ᠪᠦᠳᠦᠮᠵᠢ ᠶᠢᠨ ᠭᠡᠷᠡᠯ ᠵᠢᠷᠤᠭ ᠤᠨ ᠦᠵᠡᠬᠦᠯᠭᠡ ᠶᠢ ᠲᠤᠭᠤᠷᠢᠨ ᠦᠵᠡᠵᠦ᠂ ᠶᠡᠭᠡ ᠬᠢᠩᠭᠠᠨ ᠲᠠᠪᠠᠭ᠎ᠠ ᠶᠢᠨ ᠨᠡᠭᠡᠭᠡᠨ ᠬᠦᠭᠵᠢᠬᠦᠯᠦᠯᠳᠠ ᠪᠦᠳᠦᠭᠡᠨ ᠪᠠᠶᠢᠭᠤᠯᠤᠯᠳᠠ᠂ ᠦᠭᠡᠷᠡᠴᠢᠯᠡᠯᠳᠠ ᠬᠦᠭᠵᠢᠯᠳᠠ᠂ ᠠᠮᠢ ᠠᠬᠤᠢ ᠶᠢᠨ ᠠᠮᠵᠢᠯᠳᠠ ᠪᠦᠳᠦᠮᠵᠢ᠂ ᠠᠮᠢ ᠠᠬᠤᠢ ᠶᠢᠨ ᠬᠠᠮᠠᠭᠠᠯᠠᠯᠳᠠ ᠶᠢᠨ ᠪᠠᠶᠢᠳᠠᠯ ᠢ ᠨᠠᠷᠢᠨ ᠤᠢᠢᠯᠠᠭᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号