ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ᠂ ᠮᠠᠨ ᠤ ᠣᠷᠣᠨ ᠬᠥᠳᠡᠭᠡ ᠲᠣᠰᠬᠤᠨ ᠤ | ᠵᠠᠰᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠶᠠᠪᠤᠳᠠᠯ ᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢᠨ ᠴᠢᠬᠤᠯᠠ ᠠᠭᠤᠯᠭ᠎ᠠ ᠪᠣᠯᠭᠠᠵᠤ᠂ | ᠨᠠᠮ ᠠᠴᠠ ᠬᠥᠳᠡᠭᠡ ᠲᠣᠰᠬᠤᠨ ᠤ ᠵᠠᠰᠠᠯᠲᠠ ᠶᠢ ᠤᠳᠤᠷᠢᠳᠬᠤ ᠪᠠᠶᠢᠭᠤᠯᠤᠮᠵᠢ ᠲᠣᠭᠲᠠᠴᠠ ᠶᠢ ᠲᠥᠷᠭᠡᠳᠬᠡᠨ | ᠪᠦᠷᠢᠨᠰᠢᠭᠦᠯᠵᠦ᠂ ︽ᠭᠤᠷᠪᠠ ᠶᠢ ᠵᠠᠰᠠᠬᠤ︾ ᠪᠠᠷ ᠭᠤᠤᠯ ᠪᠣᠯᠭᠠᠨ ᠬᠥᠳᠡᠭᠡ ᠲᠣᠰᠬᠤᠨ ᠤ ᠵᠠᠰᠠᠯᠲᠠ ᠶᠢᠨ | ᠰᠢᠰᠲ᠋ᠧᠮᠵᠢ ᠶᠢ ᠪᠠᠶᠢᠭᠤᠯᠪᠠ᠃ | ᠥᠪᠡᠷᠲᠡᠭᠡᠨ ᠵᠠᠰᠠᠬᠤ ᠪᠠᠷ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠮᠠᠯᠴᠢᠨ ᠲᠠᠷᠢᠶᠠᠴᠢᠳ ᠤᠨ ᠬᠥᠳᠡᠭᠡ | ᠲᠤᠰᠬᠤᠨ ᠤ ᠵᠠᠰᠠᠯᠲᠠ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠪᠡ᠃ ᠮᠠᠯᠴᠢᠨ ᠲᠠᠷᠢᠶᠠᠴᠢᠨ ᠤ ᠬᠦᠰᠡᠯ | ᠰᠠᠨᠠᠭ᠎ᠠ ᠶᠢ ᠭᠦᠢᠴᠡᠳ ᠬᠦᠨᠳᠦᠳᠬᠡᠵᠦ᠂ ᠭᠠᠴᠠᠭ᠎ᠠ ᠲᠣᠰᠬᠤᠨ ᠤ ᠬᠡᠷᠡᠭ ᠶᠠᠪᠤᠳᠠᠯ ᠢ ᠢᠯᠡ | ᠪᠣᠯᠭᠠᠬᠤ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠨ᠂ ᠮᠠᠯᠴᠢᠨ ᠲᠠᠷᠢᠶᠠᠴᠢᠳ ᠤᠨ ᠬᠡᠷᠡᠭ ᠶᠠᠪᠤᠳᠠᠯ ᠢ ᠵᠥᠪᠯᠡᠬᠦ | ᠬᠡᠯᠪᠡᠷᠢ ᠶᠢ ᠪᠠᠶᠠᠯᠢᠭᠵᠢᠭᠤᠯᠬᠤ ᠪᠠ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠶᠠᠪᠤᠳᠠᠯ ᠢ | ᠳᠦᠷᠢᠮᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠭᠠᠴᠠᠭ᠎ᠠ ᠲᠣᠰᠬᠤᠨ ᠤ ᠠᠷᠠᠳ ᠤᠨ | ᠥᠪᠡᠷᠲᠡᠭᠡᠨ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ ᠥᠷᠭᠡᠨ ᠣᠯᠠᠨ ᠲᠠᠷᠢᠶᠠᠴᠢᠨ ᠮᠠᠯᠴᠢᠳ ᠢ ᠬᠥᠲᠥᠯᠥᠨ | ᠵᠢᠯᠣᠭᠤᠳᠴᠤ ᠪᠠᠶᠢᠭᠠᠳ ᠪᠡᠶ᠎ᠡ ᠪᠠᠨ ᠳᠠᠭᠠᠭᠠᠵᠤ ︽ᠤᠴᠢᠷ ᠶᠠᠪᠤᠳᠠᠯ ᠢᠶᠠᠨ ᠬᠡᠯᠡᠬᠦ᠂ ᠤᠴᠢᠷ ᠶᠠᠪᠤᠳᠠᠯ ᠢᠶᠠᠨ ᠵᠥᠪᠯᠡᠬᠦ᠂ | ᠤᠴᠢᠷ ᠶᠠᠪᠤᠳᠠᠯ ᠢᠶᠠᠨ ᠡᠷᠬᠢᠯᠡᠬᠦ︾ ᠪᠣᠯᠭᠠᠪᠠ᠃ ᠪᠦᠬᠦ ᠣᠷᠣᠨ ᠤ ᠡᠯ᠎ᠡ ᠭᠠᠵᠠᠷ ᠤᠳ ︽ᠳᠥᠷᠪᠡ ᠶᠢ ᠵᠥᠪᠯᠡᠵᠦ | ᠬᠤᠶᠠᠷ ᠢ ᠢᠯᠡ ᠪᠣᠯᠭᠠᠬᠤ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠭᠤᠷᠪᠠᠨ ᠶᠠᠪᠤᠳᠠᠯ︾ ᠢ ᠢᠯᠡ | ᠪᠣᠯᠭᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ 91% ᠶᠢᠨ ᠭᠠᠴᠠᠭ᠎ᠠ ᠲᠣᠰᠬᠤᠨ ᠨᠢ ᠭᠠᠴᠠᠭ᠎ᠠ ᠲᠤᠰᠬᠤᠨ ᠤ | ᠶᠠᠪᠤᠳᠠᠯ ᠢ ᠢᠯᠡ ᠪᠣᠯᠭᠠᠬᠤ ᠶᠢ ᠪᠠᠶᠢᠩᠭᠤᠵᠢᠭᠤᠯᠵᠤ᠂ 1.1 ᠲᠦᠮᠡᠨ ᠭᠠᠴᠠᠭ᠎ᠠ ᠲᠣᠰᠬᠤᠨ ᠪᠦᠬᠦᠨ ᠢᠶᠠᠷ ᠢᠶᠠᠨ | ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠺᠣᠮᠢᠰ ᠢ ᠬᠠᠤᠯᠢ ᠶᠣᠰᠣᠭᠠᠷ ᠰᠣᠩᠭᠤᠨ ᠭᠠᠷᠭᠠᠪᠠ᠃ ᠲᠣᠰᠬᠤᠨ ᠤ | ᠱᠠᠲᠤᠨ ᠤ ᠣᠯᠠᠨ ᠨᠡᠶᠢᠲᠡ ᠶᠢᠨ ᠬᠡᠷᠡᠭ ᠶᠠᠪᠤᠳᠠᠯ ᠳᠤ ᠲᠣᠰᠬᠤᠨ ᠤ ᠠᠷᠠᠳ ᠤᠨ ᠣᠷᠣᠯᠴᠠᠬᠤ ᠲᠠᠪᠴᠠᠩ ᠢ | ᠥᠷᠭᠡᠳᠬᠡᠵᠦ᠂ ᠬᠡᠷᠡᠭ ᠶᠠᠪᠤᠳᠠᠯ ᠢ ᠵᠥᠪᠯᠡᠬᠦ ᠬᠡᠯᠪᠡᠷᠢ ᠪᠠ ᠠᠵᠢᠯᠯᠠᠭᠠᠨ ᠤ ᠠᠴᠢᠶᠠᠯᠠᠪᠤᠷᠢ ᠶᠢ ᠰᠢᠨᠡᠴᠢᠯᠡᠨ᠂ | 60% ᠠᠴᠠ ᠳᠡᠭᠡᠭᠰᠢᠬᠢ ᠬᠤᠰᠢᠭᠤ ᠰᠢᠶᠠᠨ ︵ᠬᠤᠲᠠ᠂ ᠲᠣᠭᠤᠷᠢᠭ︶ ᠵᠥᠪᠯᠡᠬᠦ ᠭᠠᠷᠴᠠᠭ ᠲᠣᠭᠲᠠᠭᠠᠵᠤ᠂ | ᠵᠥᠪᠯᠡᠬᠦ ᠦᠢᠯᠡᠳᠦᠯᠭᠡ ᠶᠢ ᠨᠡᠶᠢᠳᠡᠮ ᠥᠷᠨᠢᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠲᠣᠭᠤᠷᠢᠭ ᠤᠨ | ᠲᠤᠷᠰᠢᠯᠲᠠ ᠶᠢᠨ ᠴᠡᠭ ᠢ 4466 ᠪᠠᠶᠢᠭᠤᠯᠵᠤ᠂ ᠮᠠᠯᠴᠢᠨ ᠲᠠᠷᠢᠶᠠᠴᠢᠳ ᠤᠨ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠬᠡᠷᠡᠭᠴᠡᠭᠡ ᠶᠢ ᠬᠠᠩᠭᠠᠪᠠ᠃ | ᠬᠠᠤᠯᠢ ᠪᠠᠷ ᠵᠠᠰᠠᠬᠤ ᠪᠠᠷ ᠪᠠᠲᠤᠯᠠᠭ᠎ᠠ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠡᠶ᠎ᠡ ᠵᠣᠬᠢᠴᠠᠯ | ᠪᠠ ᠲᠣᠭᠲᠠᠭᠤᠨ ᠪᠠᠶᠢᠳᠠᠯ ᠢ ᠬᠦᠴᠦᠯᠡᠨ ᠬᠠᠮᠠᠭᠠᠯᠠᠪᠠ᠃ ᠬᠠᠤᠯᠢ ᠪᠠᠷ ᠵᠠᠰᠠᠬᠤ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠪᠠᠷ ᠳᠠᠮᠵᠢᠭᠤᠯᠤᠨ᠂ ᠠᠮᠤᠷ ᠠᠮᠤᠭᠤᠯᠠᠩ ᠬᠥᠳᠡᠭᠡ ᠲᠣᠰᠬᠤᠨ ᠤ ᠪᠠᠶᠢᠭᠤᠯᠤᠯᠲᠠ ᠶᠢ | ᠴᠢᠩᠭᠠᠳᠬᠠᠭᠰᠠᠨ ᠪᠠ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠲᠣᠭᠲᠠᠴᠠ ᠶᠢ ᠪᠦᠷᠢᠨᠰᠢᠭᠦᠯᠵᠦ᠂ ᠬᠠᠤᠯᠢ ᠪᠠᠷ | ᠵᠠᠰᠠᠬᠤ ᠶᠢ ᠬᠥᠳᠡᠭᠡ ᠲᠣᠰᠬᠤᠨ ᠢ ᠪᠦᠲᠦᠮᠵᠢᠲᠡᠶ ᠵᠠᠰᠠᠬᠤ ᠶᠢᠨ ᠴᠢᠬᠤᠯᠠ ᠪᠠᠲᠤᠯᠠᠭ᠎ᠠ ᠪᠣᠯᠭᠠᠵᠤ᠂ ᠲᠠᠷᠢᠶᠠᠯᠠᠩ ᠮᠠᠯ | ᠠᠵᠤ ᠠᠬᠤᠶ ᠳᠤ ᠬᠤᠯᠪᠣᠭᠳᠠᠬᠤ ᠡᠯ᠎ᠡ ᠵᠦᠢᠯ ᠤᠨ ᠠᠵᠢᠯ ᠢ ᠬᠠᠤᠯᠢ ᠪᠠᠷ ᠵᠠᠰᠠᠬᠤ ᠵᠠᠮ ᠳᠤ ᠣᠷᠤᠭᠤᠯᠤᠨ᠂ | ᠮᠠᠯᠵᠢᠬᠤ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮᠵᠢ ᠶᠢ | ᠪᠠᠶᠢᠭᠤᠯᠤᠨ ᠲᠡᠭᠦᠯᠳᠡᠷᠵᠢᠭᠦᠯᠵᠦ᠂ ᠺᠠᠳ᠋ᠷ ᠣᠯᠠᠨ ᠲᠦᠮᠡᠨ ᠤ ᠬᠠᠤᠯᠢ ᠶᠢ ᠵᠢᠷᠤᠮᠯᠠᠬᠤ᠂ ᠬᠠᠤᠯᠢ ᠶᠢ ᠰᠤᠷᠤᠯᠴᠠᠬᠤ᠂ | ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠶᠢ ᠬᠥᠲᠥᠯᠥᠨ ᠵᠢᠯᠣᠭᠤᠳᠪᠠ᠃ ᠪᠦᠬᠦ ᠣᠷᠣᠨ ᠤ 70 ᠭᠠᠴᠠᠭ᠎ᠠ | ᠲᠣᠰᠬᠤᠨ ︽ᠪᠦᠬᠦ ᠤᠯᠤᠰ ᠤᠨ ᠠᠷᠠᠳᠴᠢᠯᠠᠯ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ ᠲᠣᠰᠬᠤᠨ︾ ᠢᠶᠠᠷ | ᠦᠨᠡᠯᠡᠭᠳᠡᠵᠦ᠂ 102 ᠭᠠᠴᠠᠭ᠎ᠠ ᠲᠣᠰᠬᠤᠨ ︽ᠥᠪᠡᠷᠲᠡᠭᠡᠨ ᠵᠠᠰᠠᠬᠤ ᠣᠷᠣᠨ ᠤ ᠠᠷᠠᠳᠴᠢᠯᠠᠯ ᠬᠠᠤᠯᠢ ᠪᠠᠷ ᠵᠠᠰᠠᠬᠤ | ᠵᠢᠱᠢᠶ᠎ᠡ ᠦᠵᠡᠭᠦᠯᠬᠦ ᠲᠣᠰᠬᠤᠨ︾ ᠢᠶᠠᠷ ᠦᠨᠡᠯᠡᠭᠳᠡᠵᠦ᠂ ᠭᠠᠴᠠᠭ᠎ᠠ ᠲᠣᠰᠬᠤᠨ ︵ᠰᠠᠭᠤᠭᠠᠯᠢ ᠠᠷᠠᠳ︶ ᠤ ᠬᠠᠤᠯᠢ | ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠲᠠᠰᠤᠭ ᠢ ᠨᠡᠶᠢᠲᠡ 1.19 ᠲᠦᠮᠡ ᠪᠠᠶᠢᠭᠤᠯᠵᠤ᠂ 1.3 ᠲᠦᠮᠡ | ᠭᠠᠷᠤᠶ ᠭᠠᠴᠠᠭ᠎ᠠ ᠲᠣᠰᠬᠤᠨ ︵ᠰᠠᠭᠤᠭᠠᠯᠢ ᠠᠷᠠᠳ︶ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ | ᠪᠠᠶᠢᠭᠤᠯᠵᠤ᠂ ᠬᠥᠳᠡᠭᠡ ᠲᠣᠰᠬᠤᠨ ᠤ ᠬᠠᠤᠯᠢ ᠪᠠᠷ ᠵᠠᠰᠠᠬᠤ ᠰᠣᠶᠣᠯ ᠤᠨ ᠲᠠᠯᠠᠪᠠᠢ᠂ ᠬᠠᠤᠯᠢ ᠪᠠᠷ ᠵᠠᠰᠠᠬᠤ | ᠰᠣᠶᠣᠯ ᠤᠨ ᠴᠡᠴᠡᠷᠯᠢᠭ᠂ ᠬᠠᠤᠯᠢ ᠪᠠᠷ ᠵᠠᠰᠠᠬᠤ ᠰᠣᠶᠣᠯ ᠤᠨ ᠬᠤᠩᠭᠢᠯ ᠵᠡᠷᠭᠡ ᠬᠠᠤᠯᠢ ᠪᠠᠷ ᠵᠠᠰᠠᠬᠤ ᠤᠬᠠᠭᠤᠯᠭ᠎ᠠ | ᠬᠦᠮᠦᠵᠢᠯ ᠤᠨ ᠰᠠᠭᠤᠷᠢᠨ ᠭᠠᠵᠠᠷ ᠢ 587 ᠪᠠᠶᠢᠭᠤᠯᠵᠤ᠂ ᠬᠥᠳᠡᠭᠡ ᠲᠣᠰᠬᠤᠨ ᠤ ᠬᠠᠤᠯᠢ ᠪᠠᠷ ᠵᠠᠰᠠᠬᠤ | ᠤᠬᠠᠭᠤᠯᠭ᠎ᠠ ᠶᠢᠨ ᠪᠤᠯᠤᠩ ᠢ 1.2 ᠲᠦᠮᠡ ᠭᠠᠷᠤᠶ ᠪᠠᠶᠢᠭᠤᠯᠤᠨ᠂ ᠲᠠᠷᠢᠶᠠᠴᠢᠨ ᠮᠠᠯᠴᠢᠳ ᠲᠤ ᠥᠷᠭᠡᠨ ᠳᠡᠯᠭᠡᠷ | ᠬᠠᠤᠯᠢ ᠰᠤᠷᠬᠤ ᠲᠠᠪᠴᠠᠩ ᠪᠠᠶᠢᠭᠤᠯᠵᠤ ᠥᠭᠴᠡᠶ᠃ ᠭᠠᠴᠠᠭ᠎ᠠ ᠲᠣᠰᠬᠤᠨ ᠤ ᠴᠠᠭᠳᠠᠭᠠᠨ ᠤ ᠶᠠᠪᠤᠳᠠᠯ ᠤᠨ ᠭᠡᠷ᠂ | ᠨᠤᠲᠤᠭ ᠪᠡᠯᠴᠢᠭᠡᠷ ᠤᠨ ︽110︾ ᠣᠯᠠᠨ ᠢᠶᠠᠷ ᠢᠶᠠᠨ ᠰᠡᠷᠭᠡᠶᠢᠯᠡᠨ ᠣᠯᠠᠨ ᠢᠶᠠᠷ ᠢᠶᠠᠨ ᠵᠠᠰᠠᠬᠤ ᠠᠵᠢᠯ ᠢ ᠰᠠᠶᠢᠲᠤᠷ | ᠠᠳᠬᠤᠵᠤ᠂ ︽ᠨᠢᠭᠡ ᠲᠣᠰᠬᠤᠨ ᠨᠢᠭᠡ ᠴᠠᠭᠳᠠᠭ᠎ᠠ︾ ᠶᠢᠨ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ | ᠦᠨᠳᠦᠰᠦᠨ ᠱᠠᠲᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠪᠴᠠᠩ ᠢᠶᠠᠷ ᠲᠦᠰᠢᠭ | ᠪᠣᠯᠭᠠᠭᠰᠠᠨ ᠶᠡᠷᠦᠩᠬᠡᠶᠢᠯᠡᠨ ᠵᠠᠰᠠᠬᠤ ᠠᠵᠢᠯ ᠤᠨ ᠵᠢᠭᠰᠠᠭᠠᠯ ᠤᠨ ᠭᠠᠵᠠᠷ ᠢ ᠪᠠᠬᠢᠵᠢᠭᠦᠯᠪᠡ᠃ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠠᠤᠯᠢ | ᠪᠤᠰᠤ ᠱᠠᠰᠢᠨ ᠰᠤᠷᠲᠠᠬᠤᠨ ᠤ ᠭᠠᠵᠢᠭᠤ ᠨᠣᠮᠯᠠᠯ ᠤᠨ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠪᠡ᠃ | ᠬᠥᠳᠡᠭᠡ ᠲᠣᠰᠬᠤᠨ ᠤ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠮᠡᠳᠡᠭᠡ ᠵᠠᠩᠬᠢᠴᠢᠯᠠᠯᠲᠠ ᠶᠢᠨ ᠬᠢᠷᠢ | ᠲᠥᠪᠰᠢᠨ ᠢ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠣᠷᠣᠨ ᠪᠦᠰᠡ ᠪᠣᠯᠤᠨ ᠴᠢᠬᠤᠯᠠ ᠭᠠᠵᠠᠷ ᠤᠨ ᠬᠠᠷᠠᠭᠠᠨ | ᠳᠠᠪᠲᠠᠮᠵᠢ ᠪᠠᠷ ᠬᠢᠨᠠᠨ ᠡᠵᠡᠮᠳᠡᠬᠦ ᠠᠵᠢᠯ ᠢ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ᠠᠶᠢᠮᠠᠭ ᠬᠤᠲᠠ᠂ ᠬᠤᠰᠢᠭᠤ | ᠰᠢᠶᠠᠨ ︵ᠬᠤᠲᠠ᠂ ᠲᠣᠭᠤᠷᠢᠭ︶ ᠤ ︽ᠢᠯᠡᠴᠡ ᠢᠨᠵᠧᠨᠧᠷᠢᠩ︾᠂ ᠬᠠᠷᠠᠭᠠᠨ ᠳᠠᠪᠲᠠᠮᠵᠢ ᠶᠢᠨ ᠲᠣᠣᠷ | ᠰᠦᠯᠵᠢᠶ᠎ᠡ ᠶᠢ ᠪᠦᠷᠢᠨ ᠪᠦᠷᠬᠦᠭᠦᠯᠪᠡ᠃ | ᠶᠣᠰᠣ ᠰᠤᠷᠲᠠᠬᠤᠨ ᠢᠶᠠᠷ ᠲᠥᠪ ᠰᠤᠷᠲᠠᠯ ᠢ ᠪᠠᠳᠠᠷᠠᠭᠤᠯᠵᠤ᠂ ᠬᠥᠳᠡᠭᠡ ᠲᠣᠰᠬᠤᠨ ᠤ ᠬᠥᠭᠵᠢᠯᠲᠡ ᠶᠢᠨ | ᠵᠥᠭᠡᠯᠡᠨ ᠪᠣᠳᠠᠲᠤ ᠬᠦᠴᠦᠨ ᠢ ᠴᠢᠩᠭᠠᠷᠠᠭᠤᠯᠪᠡ᠃ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ | ᠭᠦᠨᠵᠡᠭᠡᠶ ᠦᠢᠯᠡᠳᠦᠯᠭᠡᠵᠢᠭᠦᠯᠬᠦ᠂ ᠨᠤᠲᠤᠭ ᠤᠷᠤᠨ ᠤ ᠪᠣᠯᠪᠠᠰᠤᠨ ᠰᠤᠷᠲᠠᠯ ᠢ ᠶᠡᠬᠡᠪᠡᠷ ᠪᠤᠶᠢᠵᠢᠭᠤᠯᠬᠤ᠂ ᠬᠡᠪ | ᠵᠠᠩᠰᠢᠯ ᠢ ᠥᠭᠡᠷᠡᠴᠢᠯᠡᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠬᠦ ᠪᠠ ᠮᠠᠯᠵᠢᠬᠤ ᠲᠠᠷᠢᠶᠠᠯᠠᠬᠤ ᠣᠷᠣᠨ ᠤ | ᠰᠣᠶᠣᠯ ᠤᠨ ᠵᠢᠯᠣᠭᠤᠳᠤᠮᠵᠢ ᠶᠢ ᠴᠢᠩᠭᠠᠳᠬᠠᠬᠤ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠶᠣᠰᠣ ᠰᠤᠷᠲᠠᠬᠤᠨ ᠤ | ᠬᠦᠴᠦᠨ ᠢ ᠠᠭᠤᠳᠠᠯᠵᠤ᠂ ᠲᠣᠰᠬᠤᠨ ᠤ ᠲᠦᠷᠢᠮ ᠠᠷᠠᠳ ᠤᠨ ᠭᠡᠷ᠎ᠡ᠂ ᠲᠣᠰᠬᠤᠨ ᠤ ᠠᠷᠠᠳ ᠤᠨ ᠶᠣᠰᠣ | ᠰᠤᠷᠲᠠᠬᠤᠨ ᠤ ᠨᠡᠶᠢᠲᠡ ᠶᠢᠨ ᠭᠡᠷ᠎ᠡ ᠵᠡᠷᠭᠡ ᠥᠪᠡᠷ ᠢ ᠪᠠᠨ ᠱᠠᠭᠠᠷᠳᠠᠬᠤ ᠵᠢᠷᠤᠮᠵᠢᠯ ᠤᠨ ᠦᠢᠯᠡᠳᠦᠯ ᠢ ᠪᠠᠳᠠᠷᠠᠭᠤᠯᠵᠤ᠂ | ᠬᠥᠳᠡᠭᠡ ᠲᠣᠰᠬᠤᠨ ᠤ ᠬᠥᠭᠵᠢᠯᠲᠡ ᠶᠢᠨ ᠵᠥᠭᠡᠯᠡᠨ ᠪᠣᠳᠠᠲᠤ ᠬᠦᠴᠦᠨ ᠢ ᠴᠢᠩᠭᠠᠷᠠᠭᠤᠯᠪᠡ᠃ ᠪᠦᠬᠦ ᠣᠷᠣᠨ ᠳᠤ | ᠨᠡᠶᠢᠲᠡ 1112 ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠢ ᠪᠠᠶᠢᠭᠤᠯᠵᠤ᠂ ᠤᠯᠤᠰ ᠤᠨ ᠲᠡᠰ ᠤᠨ 12᠂ | ᠥᠪᠡᠷᠲᠡᠭᠡᠨ ᠵᠠᠰᠠᠬᠤ ᠣᠷᠣᠨ ᠤ ᠲᠡᠰ ᠤᠨ 28 ᠲᠤᠷᠰᠢᠯᠲᠠ ᠶᠢᠨ ᠬᠤᠰᠢᠭᠤ ᠰᠢᠶᠠᠨ ᠢ ᠰᠠᠶᠢᠲᠤᠷ ᠠᠳᠬᠤᠵᠤ᠂ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ 4.19 ᠲᠦᠮᠡᠨ ᠤᠳᠠᠭ᠎ᠠ ᠲᠠᠯᠠᠪᠠᠢ ᠥᠷᠨᠢᠭᠦᠯᠦᠨ᠂ ᠨᠡᠶᠢᠲᠡ | ᠣᠷᠤᠯᠴᠠᠭᠰᠠᠨ ᠰᠠᠶᠢᠨ ᠳᠤᠷᠠᠴᠤᠳ ᠨᠢ 60.3 ᠲᠦᠮᠡᠨ ᠬᠦᠮᠦᠨ ᠤᠳᠠᠭ᠎ᠠ ᠳᠤ ᠬᠦᠷᠴᠦ᠂ 8986 ᠠᠰᠠᠭᠤᠳᠠᠯ ᠢ | ᠰᠢᠢᠳᠪᠦᠷᠢᠯᠡᠵᠦ᠂ ᠠᠰᠢᠭ ᠬᠦᠷᠲᠡᠭᠰᠡᠨ ᠬᠦᠮᠦᠨ ᠨᠢ 342 ᠲᠦᠮᠡᠨ ᠬᠦᠮᠦᠨ ᠤᠳᠠᠭ᠎ᠠ ᠳᠤ ᠬᠦᠷᠪᠡ᠃ ᠪᠦᠬᠦ | ᠣᠷᠣᠨ ᠤ ᠲᠣᠰᠬᠤᠨ ᠤ ᠳᠦᠷᠢᠮ ᠠᠷᠠᠳ ᠤᠨ ᠭᠡᠷ᠎ᠡ ᠶᠢᠨ ᠪᠦᠷᠬᠦᠴᠡ ᠶᠢᠨ ᠨᠣᠷᠮ᠎ᠠ᠂ ᠵᠠᠰᠠᠪᠤᠷᠢ ᠣᠷᠣᠭᠤᠯᠤᠭᠰᠠᠨ | ᠨᠣᠷᠮ᠎ᠠ ᠨᠢ ᠳᠤᠮᠳᠠᠴᠢ ᠪᠠᠷ 100% ᠳᠤ ᠬᠦᠷᠴᠦ᠂ ᠲᠣᠰᠬᠤᠨ ᠤ ᠠᠷᠠᠳ ᠤᠨ ᠵᠥᠪᠯᠡᠯᠭᠡᠨ ᠤ ᠬᠤᠷᠠᠯ᠂ ᠶᠣᠰᠣ | ᠰᠤᠷᠲᠠᠬᠤᠨ ᠤ ᠵᠥᠪᠯᠡᠯᠭᠡᠨ ᠤ ᠬᠤᠷᠠᠯ᠂ ᠬᠤᠷᠢᠮ ᠨᠠᠶᠢᠷ ᠪᠣᠶᠠᠨ ᠤ ᠬᠡᠷᠡᠭ ᠡᠷᠬᠢᠯᠡᠭᠴᠢᠳ ᠤᠨ ᠬᠤᠷᠠᠯ᠂ ᠵᠣᠭᠤᠰ | ᠨᠠᠭᠠᠳᠬᠤ ᠶᠢ ᠴᠠᠭᠠᠵᠠᠯᠠᠬᠤ ᠪᠠ ᠬᠤᠤᠷᠲᠤ ᠡᠳ᠋ ᠢ ᠴᠠᠭᠠᠵᠠᠯᠠᠬᠤ ᠬᠤᠷᠠᠯ ᠵᠡᠷᠭᠡ ︽ᠳᠥᠷᠪᠡᠨ ᠬᠤᠷᠠᠯ︾ ᠤᠨ | ᠵᠣᠬᠢᠶᠠᠨ ᠪᠠᠶᠢᠭᠤᠯᠤᠯᠲᠠ ᠶᠢ ᠶᠡᠷᠦᠩᠬᠡᠶᠢᠯᠡᠭᠰᠡᠨ ᠵᠣᠬᠢᠶᠠᠨ ᠪᠠᠶᠢᠭᠤᠯᠤᠭᠰᠠᠨ ᠨᠣᠷᠮ᠎ᠠ 61.7% ᠳᠤ ᠬᠦᠷᠴᠦ᠂ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠣᠯᠪᠠᠰᠤᠨ ᠭᠠᠴᠠᠭ᠎ᠠ ᠲᠣᠰᠬᠤᠨ ᠪᠣᠯᠤᠨ ᠰᠤᠮᠤ ᠰᠢᠶᠠᠩ | ᠪᠠᠯᠭᠠᠰᠤ ᠶᠢᠨ ᠡᠵᠡᠯᠡᠬᠦ ᠬᠠᠷᠢᠴᠠᠯ 58.14% ᠳᠤ ᠬᠥᠷᠪᠡ᠃ ︽ᠲᠣᠭᠠᠵᠢᠯᠠᠭᠰᠠᠨ ᠰᠣᠶᠣᠯ ᠢ ᠮᠣᠩᠭᠤᠯ ᠭᠡᠷ ᠲᠤ | ᠲᠦᠭᠡᠮᠡᠯᠵᠢᠭᠦᠯᠬᠦ︾ ᠢᠨᠵᠧᠨᠧᠷᠢᠩ ᠢ ᠬᠡᠷᠡᠭᠵᠢᠭᠦᠯᠵᠦ᠂ ᠬᠢᠯᠢ ᠬᠢᠵᠠᠭᠠᠷ ᠤᠨ ᠬᠥᠳᠡᠭᠡ ᠲᠣᠰᠬᠤᠨ ᠳᠤ | ᠲᠣᠭᠠᠵᠢᠯᠠᠭᠰᠠᠨ ᠲᠣᠰᠣ ᠨᠡᠮᠡᠬᠦ ᠥᠷᠲᠡᠭᠡ ᠶᠢ 1934 ᠪᠠᠶᠢᠭᠤᠯᠵᠤ᠂ ᠦᠢᠯᠡᠴᠢᠯᠡᠭᠡᠨ ᠤ ᠲᠠᠯᠠᠪᠠᠶ ᠨᠢ 60 ᠭᠠᠷᠤᠶ | ᠲᠦᠮᠡᠨ ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠮᠠᠯᠴᠢᠨ ᠲᠠᠷᠢᠶᠠᠴᠢᠳ ᠲᠤ ᠨᠡᠶᠢᠲᠡ 300 ᠭᠠᠷᠤᠶ | ᠲᠦᠮᠡᠨ ᠬᠥᠮᠦᠨ ᠤᠳᠠᠭ᠎ᠠ ᠦᠢᠯᠡᠴᠢᠯᠡᠪᠡ᠃ |