| ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭ᠎ᠠ ᠶᠢ ᠥᠨᠳᠥᠷ ᠪᠦᠲᠦᠮᠵᠢᠲᠡᠶ ᠠᠬᠢᠭᠤᠯᠵᠤ᠂ ᠪᠥᠬᠦ | ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠦᠨᠡᠨ ᠬᠦ | ᠳᠡᠭᠡᠭᠰᠢᠯᠡᠭᠦᠯᠬᠦ ᠶᠢᠨ ᠲᠥᠯᠥᠭᠡ᠂ ︽ᠡᠷᠡᠭᠦᠯ ᠡᠩᠬᠡ ᠥᠪᠥᠷ ᠮᠣᠩᠭᠤᠯ ᠡᠷᠡᠭᠦᠯ ᠡᠩᠬᠡ ᠰᠢᠨ᠎ᠡ ᠠᠮᠢᠳᠤᠷᠠᠯ ᠢ | ᠬᠠᠮᠲᠤ ᠪᠠᠷ ᠡᠳ᠋ᠯᠡᠬᠦ︾ ᠪᠠᠷ ᠭᠤᠤᠯ ᠰᠡᠳᠦᠪ ᠪᠣᠯᠭᠠᠭᠰᠠᠨ ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭ᠎ᠠ | ︵2020 — 2030 ᠣᠨ︶ ᠶᠢᠨ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ 8 ᠳ᠋ᠤᠭᠠᠷ ᠰᠠᠷ᠎ᠠ ᠶᠢᠨ 2 ᠤᠨ ᠡᠳᠦᠷ ᠬᠥᠬᠡᠬᠤᠲᠠ ᠳᠤ ᠶᠠᠪᠤᠭᠳᠠᠪᠠ᠃ | ᠡᠬᠢᠯᠡᠯᠲᠡ ᠶᠢᠨ ᠶᠣᠰᠣᠯᠠᠯ ᠤᠨ ᠲᠤᠬᠠᠶ ᠶᠢᠨ ᠲᠠᠯᠠᠪᠠᠢ ᠳᠤ᠂ ᠵᠢᠷᠦᠬᠡ ᠲᠠᠷᠢᠬᠢ ᠴᠢᠰᠤᠨ ᠰᠤᠳᠠᠯ ᠤᠨ | ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠠᠵᠢᠯᠯᠠᠭ᠎ᠠ᠂ ᠥᠮᠡᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯᠯᠠᠭ᠎ᠠ᠂ | ᠤᠳᠠᠭᠠᠨ ᠴᠢᠨᠠᠷᠲᠠᠶ ᠠᠮᠢᠰᠬᠤᠯ ᠤᠨ ᠰᠢᠰᠲ᠋ᠧᠮ ᠤᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯᠯᠠᠭ᠎ᠠ᠂ ᠰᠢᠬᠢᠷ | ᠰᠢᠵᠢᠩ ᠡᠪᠡᠳᠴᠢᠨ ᠢ ᠰᠡᠷᠭᠡᠶᠢᠯᠡᠨ ᠵᠠᠰᠠᠬᠤ ᠠᠵᠢᠯᠯᠠᠭ᠎ᠠ᠂ ᠬᠠᠯᠳᠠᠪᠤᠷᠢᠲᠤ ᠡᠪᠡᠳᠴᠢᠨ ᠪᠠ ᠣᠷᠣᠨ ᠨᠤᠲᠤᠭ ᠤᠨ | ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯᠯᠠᠭ᠎ᠠ ᠵᠡᠷᠭᠡ 5 ᠵᠦᠢᠯ ᠤᠨ ᠠᠵᠢᠯᠯᠠᠭᠠᠨ ᠤ ᠲᠥᠰᠦᠯ ᠢ ᠨᠠᠷᠢᠨ | ᠲᠠᠨᠢᠯᠴᠠᠭᠤᠯᠤᠭᠰᠠᠨ ᠤ ᠬᠠᠮᠲᠤ 5 ᠵᠦᠢᠯ ᠤᠨ ᠠᠵᠢᠯᠯᠠᠭ᠎ᠠ ᠶᠢᠨ ᠰᠠᠨᠠᠭᠠᠴᠢᠯᠠᠭ᠎ᠠ ᠶᠢᠨ ᠪᠢᠴᠢᠭ ᠢ ᠤᠩᠰᠢᠨ | ᠨᠡᠶᠢᠲᠡᠯᠡᠪᠡ᠃ | ᠲᠠᠨᠢᠯᠴᠠᠭᠤᠯᠤᠭᠰᠠᠨ ᠢᠶᠠᠷ᠂ 2022 ᠣᠨ ᠪᠠ 2030 ᠣᠨ ᠪᠣᠯᠬᠤ ᠳᠤ᠂ ᠵᠢᠷᠦᠬᠡ ᠲᠠᠷᠢᠬᠢ ᠴᠢᠰᠤᠨ | ᠰᠤᠳᠠᠯ ᠤᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠬᠠᠷᠠᠯᠲᠠ ᠪᠣᠯ ᠵᠢᠷᠦᠬᠡ ᠲᠠᠷᠢᠬᠢ ᠴᠢᠰᠤᠨ | ᠰᠤᠳᠠᠯ ᠤᠨ ᠡᠪᠡᠳᠴᠢᠨ ᠤ ᠦᠬᠦᠯ ᠤᠨ ᠨᠣᠷᠮ᠎ᠠ ᠶᠢ ᠲᠣᠰ ᠲᠣᠰ 209.7 / 10 ᠲᠦᠮᠡ ᠠᠴᠠ ᠳᠣᠷᠣᠭᠰᠢ ᠪᠠ | 190.7 / 10 ᠲᠦᠮᠡ ᠠᠴᠠ ᠳᠣᠷᠣᠭᠰᠢ ᠪᠣᠯᠭᠠᠨ ᠪᠠᠭᠤᠷᠠᠭᠤᠯᠤᠨ᠎ᠠ︔ ᠥᠮᠡᠨ ᠡᠪᠡᠳᠴᠢᠨ ᠢ ᠰᠡᠷᠭᠡᠶᠢᠯᠡᠨ | ᠵᠠᠰᠠᠬᠤ ᠠᠵᠢᠯᠯᠠᠭ᠎ᠠ ᠶᠢᠨ ᠬᠠᠷᠠᠯᠲᠠ ᠪᠣᠯ ᠶᠡᠷᠦᠩᠬᠡᠶ ᠳᠤ ᠪᠠᠨ ᠥᠮᠡᠨ ᠡᠪᠡᠳᠴᠢᠨ ᠤ 5 ᠵᠢᠯ ᠣᠷᠣᠰᠢᠨ ᠲᠣᠭᠲᠠᠨᠢᠬᠤ | ᠨᠣᠷᠮ᠎ᠠ ᠶᠢ ᠲᠣᠰ ᠲᠣᠰ 43.3% ᠪᠠ 46.6 ᠠᠴᠠ ᠳᠣᠤᠷ᠎ᠠ ᠪᠠᠶᠢᠯᠭᠠᠬᠤ ᠥᠬᠡᠶ︔ ᠤᠵᠢᠭ ᠴᠢᠨᠠᠷᠲᠠᠶ | ᠠᠮᠢᠰᠬᠤᠯ ᠤᠨ ᠰᠢᠰᠲ᠋ᠧᠮ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠬᠠᠷᠠᠯᠲᠠ ᠪᠣᠯ 70 | ᠨᠠᠰᠤᠨ ᠠᠴᠠ ᠳᠣᠷᠣᠭᠰᠢᠬᠢ ᠬᠥᠮᠦᠰ ᠤᠨ ᠤᠵᠢᠭ ᠴᠢᠨᠠᠷᠲᠠᠶ ᠠᠮᠢᠰᠬᠤᠯ ᠤᠨ ᠰᠢᠰᠲ᠋ᠧᠮ ᠤᠨ ᠡᠪᠡᠳᠴᠢᠨ ᠤ | ᠦᠬᠦᠯ ᠤᠨ ᠨᠣᠷᠮ᠎ᠠ ᠶᠢ ᠲᠣᠰ ᠲᠣᠰ 9 / 10 ᠲᠦᠮᠡ ᠠᠴᠠ ᠳᠣᠷᠣᠭᠰᠢ ᠪᠠ 8.1 / ᠲᠦᠮᠡ ᠠᠴᠠ ᠳᠣᠷᠣᠭᠰᠢ | ᠪᠣᠯᠭᠠᠨ ᠪᠠᠭᠤᠷᠠᠭᠤᠯᠤᠨ᠎ᠠ︔ ᠰᠢᠬᠢᠷ ᠰᠢᠵᠢᠩ ᠡᠪᠡᠳᠴᠢᠨ ᠢ ᠰᠡᠷᠭᠡᠶᠢᠯᠡᠨ ᠵᠠᠰᠠᠬᠤ ᠠᠵᠢᠯᠯᠠᠭᠠᠨ ᠤ ᠬᠠᠷᠠᠯᠲᠠ ᠪᠣᠯ | ᠰᠢᠬᠢᠷ ᠰᠢᠵᠢᠩ ᠡᠪᠡᠳᠴᠢᠲᠡᠨ ᠢ ᠵᠢᠷᠤᠮᠵᠢᠭᠤᠯᠤᠨ ᠬᠠᠮᠢᠶᠠᠷᠬᠤ ᠨᠤᠷᠮ᠎ᠠ ᠶᠢ ᠲᠤᠰ ᠲᠤᠰ 60% ᠠᠴᠠ | 70% ᠠᠴᠠ ᠳᠡᠭᠡᠭᠰᠢ ᠬᠦᠷᠦᠭᠦᠯᠦᠨ᠎ᠡ︔ ᠬᠠᠯᠳᠠᠪᠤᠷᠢᠲᠤ ᠡᠪᠡᠳᠴᠢᠨ ᠪᠠ ᠣᠷᠣᠨ ᠨᠤᠲᠤᠭ ᠤᠨ ᠡᠪᠡᠳᠴᠢᠨ ᠢ | ᠰᠡᠷᠭᠡᠶᠢᠯᠡᠨ ᠡᠵᠡᠮᠳᠡᠬᠦ ᠠᠵᠢᠯᠯᠠᠭ᠎ᠠ ᠶᠢᠨ ᠬᠠᠷᠠᠯᠲᠠ ᠪᠣᠯ ᠰᠢᠶᠠᠩ ︵ᠪᠠᠯᠭᠠᠰᠤ᠂ ᠵᠡᠭᠡᠯᠢ ᠭᠤᠳᠤᠮᠵᠢ︶ ᠢᠶᠠᠷ ᠨᠢᠭᠡᠴᠢ | ᠪᠣᠯᠭᠠᠵᠤ᠂ ᠰᠤᠷᠭᠠᠭᠤᠯᠢ ᠶᠢᠨ ᠨᠠᠰᠤᠨ ᠤ ᠬᠡᠤᠬᠡᠳ ᠤᠨ ᠡᠭᠡᠯᠢᠯᠡᠭᠡ ᠶᠢᠨ ᠲᠥᠯᠥᠪᠵᠢᠭᠦᠯᠭᠡ ᠶᠢᠨ ᠸᠠᠺᠼᠢᠨ ᠤ | ᠲᠠᠷᠢᠯᠭ᠎ᠠ ᠬᠢᠬᠦ ᠨᠣᠷᠮ᠎ᠠ ᠶᠢ 90% ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ | ᠲᠤᠬᠠᠶ ᠶᠢᠨ ᠲᠠᠯᠠᠪᠠᠢ ᠳᠤ ᠪᠠᠰᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ | ᠬᠠᠮᠠᠭᠠᠯᠠᠯ ᠬᠢᠭᠡᠳ ᠬᠥᠮᠦᠰ ᠤᠨ ᠡᠷᠡᠭᠦᠯ ᠮᠡᠨᠳᠦ ᠶᠢᠨ ᠪᠠᠶᠢᠳᠠᠯ ᠤᠨ ᠮᠡᠳᠡᠭᠦᠯᠦᠯᠲᠡ 2020︾ ᠶᠢ ᠨᠡᠶᠢᠲᠡᠯᠡᠵᠡᠢ᠂ | ᠲᠤᠰ ᠮᠡᠳᠡᠭᠦᠯᠦᠯᠲᠡ ᠪᠣᠯ ᠮᠠᠨ ᠤ ᠣᠷᠣᠨ ᠤ ᠬᠤᠶᠠᠳᠠᠬᠢ ᠤᠳᠠᠭ᠎ᠠ ᠨᠡᠶᠢᠲᠡᠯᠡᠵᠦ ᠪᠠᠶᠢᠭ᠎ᠠ ᠨᠡᠶᠢᠭᠡᠮ ᠳᠤ | ᠬᠠᠨᠳᠤᠭᠤᠯᠤᠨ ᠥᠪᠡᠷᠲᠡᠭᠡᠨ ᠵᠠᠰᠠᠬᠤ ᠣᠷᠣᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠪᠠᠶᠢᠳᠠᠯ ᠪᠣᠯᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠬᠠᠮᠢᠶ᠎ᠠ ᠪᠦᠬᠦᠢ ᠲᠤᠭ᠎ᠠ ᠪᠠᠷᠢᠮᠲᠠ ᠪᠣᠯᠤᠨ᠎ᠠ᠂ | ᠠᠭᠤᠯᠭ᠎ᠠ ᠨᠢ ᠮᠠᠨ ᠤ ᠣᠷᠣᠨ ᠤ ᠬᠥᠮᠦᠰ ᠤᠨ ᠦᠬᠦᠯ ᠤᠨ ᠰᠢᠯᠲᠠᠭᠠᠨ᠂ ᠭᠡᠮᠲᠦᠯ᠂ ᠤᠵᠢᠭ ᠴᠢᠨᠠᠷᠲᠠᠶ ᠡᠪᠡᠳᠴᠢᠨ | ᠵᠢᠴᠢ ᠠᠮᠢᠳᠤᠷᠠᠯ ᠤᠨ ᠠᠷᠭ᠎ᠠ ᠮᠠᠶ᠋ᠢᠭ᠂ ᠬᠠᠯᠳᠠᠪᠤᠷᠢᠲᠤ ᠡᠪᠡᠳᠴᠢᠨ᠂ ᠣᠷᠣᠨ ᠨᠤᠲᠤᠭ ᠤᠨ ᠡᠪᠡᠳᠴᠢᠨ ᠵᠡᠷᠭᠡ 5 | ᠶᠡᠭᠡ ᠲᠥᠷᠥᠯ ᠤᠨ ᠠᠭᠤᠯᠭ᠎ᠠ ᠲᠠᠢ ᠬᠤᠯᠪᠣᠭᠳᠠᠵᠤ᠂ ᠰᠠᠭᠤᠭᠠᠯᠢ ᠠᠷᠠᠳ ᠤᠨ ᠬᠠᠮᠤᠭ ᠠᠴᠠ ᠠᠩᠬᠠᠷᠴᠤ ᠪᠠᠶᠢᠭ᠎ᠠ | ᠡᠪᠡᠳᠴᠢᠨ ᠡᠮᠭᠡᠭ ᠪᠠ ᠡᠷᠡᠭᠦᠯ ᠮᠡᠨᠳᠦ ᠶᠢᠨ ᠬᠠᠯᠠᠮᠰᠢᠯ ᠠᠰᠠᠭᠤᠳᠠᠯ ᠢ ᠲᠣᠳᠣᠷᠬᠠᠶᠢᠯᠠᠨ ᠥᠭᠦᠯᠡᠵᠦ᠂ ᠥᠪᠥᠷ | ᠮᠣᠩᠭᠤᠯ ᠤᠨ ᠭᠤᠤᠯ ᠪᠣᠯᠬᠤ ᠬᠠᠯᠳᠠᠪᠤᠷᠢᠲᠤ ᠡᠪᠡᠳᠴᠢᠨ ᠪᠣᠯᠤᠨ ᠤᠵᠢᠭ ᠴᠢᠨᠠᠷᠲᠠᠶ ᠡᠪᠡᠳᠴᠢᠨ ᠤ ᠡᠪᠡᠳᠴᠢᠨ | ᠡᠭᠦᠰᠬᠦ᠂ ᠦᠬᠦᠬᠦ ᠵᠢᠴᠢ ᠠᠶᠤᠯ ᠲᠦᠭᠰᠢᠭᠦᠷᠢ ᠶᠢᠨ ᠬᠦᠴᠦᠨ ᠵᠦᠢᠯ ᠤᠨ ᠬᠢᠷᠢ ᠬᠡᠮᠵᠢᠶ᠎ᠡ ᠵᠡᠷᠭᠡ ᠣᠳᠣᠬᠢ | ᠪᠠᠶᠢᠳᠠᠯ ᠢ ᠭᠤᠣᠯᠳᠠᠯᠭ᠎ᠠ ᠲᠠᠢ ᠲᠠᠨᠢᠯᠴᠠᠭᠤᠯᠵᠠᠶ᠃ | ᠲᠤᠰ ᠤᠳᠠᠭᠠᠨ ᠤ ᠡᠬᠢᠯᠡᠯᠲᠡ ᠶᠢᠨ ᠶᠣᠰᠣᠯᠠᠯ ᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠶᠡᠷᠦᠩᠬᠡᠶᠢᠯᠡᠭᠰᠡᠨ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠲᠥᠪ ᠳᠠᠭᠠᠭᠠᠴᠢᠯᠠᠨ ᠡᠷᠬᠢᠯᠡᠪᠡ᠃ | |