1. ᠨᠢᠭᠡᠳᠦᠯᠲᠡᠢ ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠪᠣᠯ ᠨᠠᠮ ᠪᠠ ᠵᠠᠰᠠᠭ ᠤᠨ ᠣᠷᠳᠣᠨ ᠤ | ᠴᠢᠬᠤᠯᠠ ᠶᠡᠭᠡ ᠲᠦᠷᠦ ᠶᠢᠨ ᠪᠣᠳᠣᠯᠭ᠎ᠠ ᠮᠦᠨ | ᠶᠡᠷᠣᠩᠬᠡᠢ ᠱᠦᠵᠢ ᠰᠢ ᠶᠢᠨ ᠫᠢᠩ ᠠᠴᠠ ᠰᠣᠷᠭᠠᠨ ᠬᠦᠮᠦᠵᠢᠯ ᠪᠣᠯ ᠣᠯᠣᠰ ᠤᠨ ᠶᠡᠭᠡ ᠪᠣᠳᠣᠯᠭ᠎ᠠ᠂ ᠨᠠᠮ ᠤᠨ | ᠶᠡᠭᠡ ᠪᠣᠳᠣᠯᠭ᠎ᠠ ᠮᠦᠨ᠃ ᠵᠢᠭᠠᠬᠤ ᠮᠠᠲ᠋ᠧᠷᠢᠶᠠᠯ ᠤᠨ ᠪᠠᠶᠢᠭᠤᠯᠣᠯᠲᠠ ᠪᠣᠯ ᠲᠦᠷᠦ ᠶᠢᠨ ᠠᠵᠢᠯ ᠡᠷᠬᠡ ᠮᠦᠨ ᠭᠡᠵᠦ | ᠵᠢᠭᠠᠵᠤ ᠭᠠᠷᠭᠠᠪᠠ᠃ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠣᠳᠠᠯ ᠤᠨ ᠬᠤᠷᠢᠶ᠎ᠠ ᠠᠴᠠ ᠵᠢᠭᠠᠬᠤ | ᠮᠠᠲ᠋ᠧᠷᠢᠶᠠᠯ ᠤᠨ ᠠᠵᠢᠯ ᠢ ᠲᠦᠢᠯ ᠢᠶᠠᠷ ᠴᠢᠬᠤᠯᠠᠴᠢᠯᠠᠨ ᠦᠵᠡᠵᠦ᠂ ᠵᠢᠭᠠᠬᠤ ᠮᠠᠲ᠋ᠧᠷᠢᠶᠠᠯ ᠤᠨ ᠪᠠᠶᠢᠭᠤᠯᠣᠯᠲᠠ ᠶᠢ | ᠣᠯᠣᠰ ᠤᠨ ᠰᠠᠭᠤᠷᠢᠯᠠᠬᠤ ᠴᠢᠨᠠᠷᠲᠠᠢ᠂ ᠪᠠᠶᠢᠯᠳᠦᠬᠤ ᠪᠣᠳᠣᠯᠭ᠎ᠠ ᠶᠢᠨ ᠴᠢᠨᠠᠷᠲᠠᠢ ᠢᠨᠵᠧᠨᠧᠷᠢᠩ ᠪᠤᠯᠭᠠᠵᠤ᠂ 2017 | ᠣᠨ ᠤ 7 ᠳ᠋ᠤᠭᠠᠷ ᠰᠠᠷ᠎ᠠ ᠳᠤ ᠣᠯᠣᠰ ᠤᠨ ᠵᠢᠭᠠᠬᠤ ᠮᠠᠲ᠋ᠧᠷᠢᠶᠠᠯ ᠤᠨ ᠵᠦᠪᠯᠡᠯ ᠢ ᠪᠠᠶᠢᠭᠤᠯᠣᠭᠠᠳ᠂ ᠶᠡᠭᠡ | ᠰᠤᠷᠭᠠᠭᠤᠯᠢ ᠲᠣᠮᠳᠠᠳᠣ ᠪᠠᠭ᠎ᠠ ᠰᠣᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠪᠠᠶᠢᠭᠤᠯᠣᠯᠲᠠ ᠶᠢᠨ ᠬᠠᠮᠢᠶᠠᠷᠦᠯᠲᠠ ᠪᠠ | ᠲᠦᠷᠦ ᠶᠢᠨ ᠠᠵᠢᠯ ᠡᠷᠬᠡ ᠶᠢᠨ ᠬᠡᠷᠡᠭᠯᠡᠯᠲᠡ ᠶᠢ ᠣᠯᠠᠮ ᠨᠢᠭᠡ ᠠᠯᠬᠤᠮ ᠴᠢᠩᠭᠠᠳᠬᠠᠵᠤ᠂ ᠪᠠᠶᠢᠯᠳᠣᠬᠤ | ᠪᠣᠳᠣᠯᠭ᠎ᠠ ᠶᠢᠨ ᠠᠷᠭ᠎ᠠ ᠰᠦᠪᠡᠭᠴᠢᠯᠡᠯᠲᠡ ᠪᠠ ᠨᠢᠭᠡᠳᠦᠯᠲᠡᠢ ᠵᠢᠯᠦᠭᠤᠳᠣᠯᠭ᠎ᠠ ᠶᠢ ᠴᠢᠩᠭᠠᠳᠬᠠᠨ᠂ ᠣᠯᠣᠰ ᠤᠨ | ᠪᠠᠶᠢᠯᠳᠣᠬᠤ ᠪᠣᠳᠣᠯᠭ᠎ᠠ ᠳᠤ ᠦᠢᠯᠡᠴᠢᠯᠡᠭᠦᠯᠪᠡ᠃ ᠨᠠᠮ ᠤᠨ ᠲᠦᠪ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ | ᠣᠯᠣᠰ ᠤᠨ ᠵᠢᠭᠠᠬᠤ ᠮᠠᠲ᠋ᠧᠷᠢᠶᠠᠯ ᠤᠨ ᠵᠦᠪᠯᠡᠯ ᠠᠴᠠ ᠲᠣᠰᠬᠠᠢ ᠬᠦᠴᠦᠨ ᠢ ᠵᠣᠬᠢᠶᠡᠨ ᠪᠠᠶᠢᠭᠤᠯᠣᠨ ᠳᠣᠮᠳᠠᠳᠦ ᠪᠠᠭ᠎ᠠ | ᠰᠣᠷᠭᠠᠭᠤᠯᠢ ᠶᠢᠨ ᠬᠡᠯᠡ ᠪᠢᠴᠢᠭ᠂ ᠣᠯᠣᠰ ᠲᠦᠷᠦ ︵ᠶᠣᠰᠣ ᠮᠣᠷᠠᠯ ᠬᠢᠭᠡᠳ ᠬᠠᠣᠯᠢ ᠪᠠᠷ ᠵᠠᠰᠠᠬᠤ︶᠂ ᠲᠡᠣᠬᠡ | ᠵᠡᠷᠭᠡ ᠭᠤᠷᠪᠠᠨ ᠲᠦᠷᠦᠯ ᠤᠨ ᠬᠢᠴᠢᠶᠡᠯ ᠢ ᠣᠯᠣᠰ ᠤᠨ ᠨᠢᠭᠡᠳᠦᠯᠲᠡᠢ ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ | ᠪᠤᠯᠭᠠᠨ ᠨᠠᠶᠢᠷᠠᠭᠤᠯᠤᠭᠠᠳ᠂ 2017 ᠣᠨ ᠤ 9 ᠳ᠋ᠤᠭᠡᠷ ᠰᠠᠷ᠎ᠠ ᠠᠴᠠ ᠪᠦᠬᠦ ᠣᠯᠣᠰ ᠤᠨ ᠪᠣᠢ ᠪᠦᠬᠦᠢ ᠳᠣᠮᠳᠠᠳᠦ | ᠪᠠᠭ᠎ᠠ ᠰᠣᠷᠭᠠᠭᠤᠯᠢ ᠳᠤ ᠨᠢᠭᠡᠳᠦᠯᠲᠡᠢ ᠬᠡᠷᠡᠭᠯᠡᠭᠦᠯᠵᠡᠢ᠃ ᠮᠠᠨ ᠤ ᠣᠷᠣᠨ ᠤ ᠬᠢᠳᠠᠳ ᠬᠡᠯᠡ ᠪᠠᠷ ᠬᠢᠴᠢᠶᠡᠯᠯᠡᠵᠦ | ᠪᠠᠶᠢᠭ᠎ᠠ ᠳᠣᠮᠳᠠᠳᠦ ᠪᠠᠭ᠎ᠠ ᠰᠣᠷᠭᠠᠭᠤᠯᠢ ᠨᠤᠭᠤᠳ ᠮᠦᠨ ᠬᠦ ᠵᠡᠷᠭᠡ ᠳᠤᠨᠢ ᠬᠡᠷᠡᠭᠯᠡᠭᠰᠡᠨ ᠶᠣᠮ᠃ ᠨᠢᠭᠡᠳᠦᠯᠲᠡᠢ | ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠪᠣᠯ ᠣᠯᠣᠰ ᠤᠨ ᠲᠡᠰ ᠤᠨ᠂ ᠦᠨᠳᠦᠷ ᠬᠢᠷᠢ ᠬᠡᠮᠵᠢᠶ᠎ᠡ ᠪᠦᠬᠦᠢ ᠡᠷᠬᠡ | ᠰᠦᠷᠲᠦ ᠴᠢᠨᠠᠷᠲᠠᠢ ᠵᠢᠭᠠᠬᠤ ᠮᠠᠲ᠋ᠧᠷᠢᠶᠠᠯ ᠪᠣᠯᠬᠤ ᠶᠣᠮ᠃ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ | ᠰᠢᠨᠵᠢᠶᠠᠩ 2017 ᠣᠨ ᠠᠴᠠ ᠡᠬᠢᠯᠡᠨ᠂ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠱᠠᠳᠣᠨ ᠤ | ᠡᠬᠢᠯᠡᠯᠲᠡ ᠶᠢᠨ ᠣᠨ ᠨᠤᠭᠤᠳ ᠠᠴᠠ ᠡᠬᠢᠯᠡᠨ ᠭᠤᠷᠪᠠᠨ ᠲᠦᠷᠦᠯ ᠤᠨ ᠬᠢᠴᠢᠶᠡᠯ ᠤᠨ ᠨᠢᠭᠡᠳᠦᠯᠲᠡᠢ ᠨᠠᠶᠢᠷᠠᠭᠤᠯᠣᠭᠰᠠᠨ | ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠬᠠᠮᠲᠦ᠂ ᠣᠯᠣᠰ ᠤᠨ ᠨᠠᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ | ᠵᠢᠭᠠᠨ ᠰᠣᠷᠭᠠᠯᠲᠠ ᠶᠢ ᠶᠠᠪᠣᠭᠳᠠᠭᠤᠯᠪᠠ᠃ ᠲᠦᠪᠡᠳ 2018 ᠣᠨ ᠠᠴᠠ ᠡᠬᠢᠯᠡᠨ ᠠᠯᠪᠠᠨ ᠵᠢᠷᠦᠮ ᠤᠨ ᠰᠣᠷᠭᠠᠨ | ᠬᠦᠮᠦᠵᠢᠯ ᠤᠨ ᠱᠠᠳᠣᠨ ᠤ ᠡᠬᠢᠯᠡᠯᠲᠡ ᠶᠢᠨ ᠣᠨ ᠨᠤᠭᠤᠳ ᠠᠴᠠ ᠡᠬᠢᠯᠡᠨ ᠭᠤᠷᠪᠠᠨ ᠲᠦᠷᠦᠯ ᠤᠨ ᠬᠢᠴᠢᠶᠡᠯ ᠤᠨ | ᠨᠢᠭᠡᠳᠦᠯᠳᠡᠢ ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠬᠠᠮᠲᠦ᠂ ᠣᠯᠣᠰ ᠤᠨ ᠨᠠᠶᠢᠳᠠᠮ ᠬᠡᠷᠡᠭᠯᠡᠬᠦ | ᠦᠭᠡ ᠬᠡᠯᠡ ᠦᠰᠦᠭ ᠪᠢᠴᠢᠭ ᠤᠨ ᠵᠢᠭᠠᠨ ᠰᠣᠷᠭᠠᠯᠲᠠ ᠶᠢ ᠶᠠᠪᠣᠭᠳᠠᠭᠤᠯᠵᠠᠢ᠃ | ᠲᠦᠪ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠣᠯᠲᠠ ᠶᠣᠰᠣᠭᠠᠷ᠂ ᠦᠪᠦᠷ ᠮᠣᠩᠭᠤᠯ᠂ ᠭᠠᠨᠰᠦ᠂ ᠭᠢᠷᠢᠨ᠂ | ᠯᠢᠶᠣᠣᠨᠢᠩ᠂ ᠬᠦᠬᠡᠨᠠᠭᠤᠷ᠂ ᠰᠧᠴᠣᠸᠠᠨ ᠵᠡᠷᠭᠡ 6 ᠮᠣᠵᠢ ᠣᠷᠣᠨ ᠤ ᠦᠨᠳᠦᠰᠦᠲᠡᠨ ᠤ ᠬᠡᠯᠡ ᠪᠠᠷ ᠢᠶᠠᠨ | ᠬᠢᠴᠢᠶᠡᠯᠯᠡᠵᠤ ᠪᠠᠶᠢᠭ᠎ᠠ ᠰᠣᠷᠭᠠᠭᠤᠯᠢ ᠨᠤᠭᠤᠳ ᠨᠢ ᠡᠨᠡ ᠵᠢᠯ ᠤᠨ ᠨᠠᠮᠣᠷ ᠤᠨ ᠣᠯᠠᠷᠢᠯ ᠠᠴᠠ ᠡᠬᠢᠯᠡᠨ ᠭᠤᠷᠪᠠᠨ | ᠲᠦᠷᠦᠯ ᠤᠨ ᠨᠢᠭᠡᠳᠦᠯᠲᠡᠢ ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠦᠯᠬᠦ ᠪᠠᠷ ᠪᠣᠯᠪᠠ᠃ ᠦᠪᠦᠷ ᠮᠣᠩᠭᠤᠯ | ᠵᠢᠱᠢᠶᠡᠴᠢ ᠦᠪᠡᠷᠲᠡᠭᠡᠨ ᠵᠠᠰᠠᠬᠤ ᠣᠷᠣᠨ ᠪᠣᠯᠬᠤᠷ ᠣᠯᠣᠰ ᠤᠨ ᠵᠢᠭᠠᠬᠤ ᠮᠠᠲ᠋ᠧᠷᠢᠶᠠᠯ ᠢ ᠨᠠᠶᠢᠷᠠᠭᠤᠯᠬᠤ ᠵᠦᠪᠯᠡᠯ ᠤᠨ | ᠠᠵᠢᠯ ᠤᠨ ᠲᠣᠬᠢᠷᠠᠭᠤᠯᠣᠯᠲᠠ ᠶᠢ ᠦᠨᠳᠦᠰᠦᠯᠡᠵᠦ᠂ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ | ᠭᠤᠣᠯᠴᠢ ᠪᠦᠭᠡᠳ ᠴᠢᠨᠠᠷᠵᠢᠭᠤᠨ ᠢᠶᠠᠷ ᠦᠨᠳᠦᠰᠦᠲᠡᠨ ᠤ ᠰᠣᠷᠭᠠᠨ ᠬᠦᠮᠦᠵᠢᠯ ᠢ ᠡᠷᠬᠢᠯᠡᠬᠦ ᠳᠡᠭᠡᠳᠦ ᠬᠡᠮᠵᠢᠶᠡᠨ ᠤ | ᠬᠠᠷᠢᠭᠤᠴᠠᠯᠭᠠᠳᠦ ᠵᠣᠷᠢᠭ ᠰᠠᠨᠠᠭ᠎ᠠ ᠪᠠᠷ ᠣᠳᠣᠬᠠᠨ ᠤ ᠣᠯᠣᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠤᠨ ᠰᠣᠷᠭᠠᠨ ᠬᠦᠮᠦᠵᠢᠯ ᠤᠨ ᠬᠢᠷᠢ ᠬᠡᠮᠵᠢᠶ᠎ᠡ ᠪᠣᠯᠣᠨ ᠦᠨᠳᠦᠰᠦᠲᠡᠨ ᠤ ᠬᠡᠯᠡ ᠪᠠᠷ ᠢᠶᠠᠨ ᠬᠢᠴᠢᠶᠡᠯᠯᠡᠵᠤ | ᠪᠠᠶᠢᠭ᠎ᠠ ᠰᠣᠷᠭᠠᠭᠤᠯᠢ ᠨᠤᠭᠤᠳ ᠤᠨ ᠪᠤᠳᠠᠳᠠᠢ ᠪᠠᠶᠢᠳᠠᠯ ᠢ ᠭᠦᠢᠴᠡᠳ ᠪᠤᠳᠤᠯᠬᠢᠯᠠᠵᠤ᠂ ᠮᠠᠨ ᠤ ᠤᠷᠤᠨ ᠳᠤ ᠭᠤᠷᠪᠠᠨ | ᠲᠦᠷᠦᠯ ᠤᠨ ᠬᠢᠴᠢᠶᠡᠯ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠡᠯ ᠢ ᠭᠤᠷᠪᠠᠨ ᠵᠢᠯ ᠬᠤᠪᠢᠶᠠᠨ | ᠯᠠᠪᠳᠠᠭᠤᠨ ᠢᠶᠠᠷ ᠠᠬᠢᠭᠤᠯᠬᠤ ᠠᠵᠢᠯ ᠤᠨ ᠰᠠᠨᠠᠭᠤᠯᠭ᠎ᠠ ᠲᠤᠷᠠᠳᠴᠤ᠂ ᠤᠯᠤᠰ ᠤᠨ ᠰᠤᠷᠭᠠᠨ ᠬᠦᠮᠦᠵᠢᠯ ᠤᠨ | ᠶᠠᠮᠤᠨ ᠢᠶᠠᠷ ᠵᠦᠪᠰᠢᠶᠡᠷᠡᠭᠦᠯᠵᠤ᠂ 2020 ᠤᠨ ᠤ ᠨᠠᠮᠤᠷ ᠤᠨ ᠤᠯᠠᠷᠢᠯ ᠠᠴᠠ ᠡᠬᠢᠯᠡᠨ ᠪᠠᠭ᠎ᠠ ᠰᠤᠷᠭᠠᠭᠤᠯᠢ ᠶᠢᠨ | ᠨᠢᠭᠡᠳᠦᠭᠡᠷ ᠤᠨ ᠬᠢᠭᠡᠳ ᠠᠩᠬ᠎ᠠ ᠵᠡᠷᠭᠡ ᠶᠢᠨ ᠲᠤᠮᠲᠠᠳᠤ ᠰᠤᠷᠭᠠᠭᠤᠯᠢ ᠶᠢᠨ ᠨᠢᠭᠡᠳᠦᠭᠡᠷ ᠤᠨ ᠳᠤ ᠨᠢᠭᠡᠳᠦᠯᠲᠡᠢ | ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠡᠯ ᠢ ᠬᠡᠷᠡᠭᠯᠡᠨ᠎ᠡ᠃ 2021 ᠤᠨ ᠳᠤ ᠪᠠᠭ᠎ᠠ | ᠰᠤᠷᠭᠠᠭᠤᠯᠢ ᠶᠢᠨ ᠨᠢᠭᠡᠳᠦᠭᠡᠷ ᠤᠨ ᠬᠢᠭᠡᠳ ᠠᠩᠬ᠎ᠠ ᠵᠡᠷᠭᠡ ᠶᠢᠨ ᠲᠤᠮᠲᠠᠳᠤ ᠰᠤᠷᠭᠠᠭᠤᠯᠢ ᠶᠢᠨ ᠨᠢᠭᠡᠳᠦᠭᠡᠷ ᠤᠨ ᠳᠤ | ᠨᠢᠭᠡᠲᠦᠯᠳᠡᠢ ᠨᠠᠶᠢᠷᠠᠭᠤᠯᠤᠭᠰᠠᠨ ︽ᠶᠤᠰᠤ ᠮᠤᠷᠠᠯ ᠬᠢᠭᠡᠳ ᠬᠠᠤᠯᠢ ᠪᠠᠷ ᠵᠠᠰᠠᠬᠤ︾ ︵ᠤᠯᠤᠰ ᠲᠦᠷᠦ︶ ᠶᠢᠨ | ᠵᠢᠭᠠᠬᠤ ᠮᠠᠲ᠋ᠧᠷᠢᠶᠠᠯ ᠢ ᠬᠡᠷᠡᠭᠯᠡᠨ᠎ᠡ᠃ 2022 ᠤᠨ ᠳᠤ ᠠᠩᠬ᠎ᠠ ᠵᠡᠷᠭᠡ ᠶᠢᠨ ᠲᠤᠮᠲᠠᠳᠤ ᠰᠤᠷᠭᠠᠭᠤᠯᠢ ᠶᠢᠨ | ᠨᠢᠭᠡᠳᠦᠭᠡᠷ ᠤᠨ ᠳᠤ ᠨᠢᠭᠡᠳᠦᠯᠳᠡᠢ ᠨᠠᠶᠢᠷᠠᠭᠤᠯᠤᠭᠰᠠᠨ ︽ᠲᠡᠥᠭᠡ︾ ᠶᠢᠨ ᠵᠢᠭᠠᠬᠤ ᠮᠠᠲ᠋ᠧᠷᠢᠶᠠᠯ ᠢ ᠬᠡᠷᠡᠭᠯᠡᠵᠤ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠬᠦ ᠶᠢᠨ ᠤᠯᠠᠮ ᠠᠴᠠ ᠠᠯᠪᠠᠨ | ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ ᠭᠤᠷᠪᠠᠨ ᠲᠦᠷᠦᠯ ᠤᠨ ᠬᠢᠴᠢᠶᠡᠯ ᠤᠨ ᠨᠢᠭᠡᠳᠦᠯᠳᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠨᠡᠶᠢᠳᠡᠮ ᠳᠤᠨᠢ ᠪᠦᠷᠭᠦᠭᠦᠯᠭᠦ ᠶᠢ ᠪᠡᠶᠡᠯᠡᠭᠦᠯᠦᠨ᠎ᠡ᠃ ᠡᠨᠡᠬᠦ ᠰᠢᠢᠳᠪᠦᠷᠢᠲᠦ | ᠪᠤᠳᠤᠯᠭ᠎ᠠ ᠳᠤ ᠦᠪᠡᠷᠳᠡᠭᠡᠨ ᠵᠠᠰᠠᠬᠤ ᠤᠷᠤᠨ ᠤ ᠠᠵᠢᠯ ᠤᠨ ᠪᠤᠳᠠᠳᠤ ᠪᠠᠶᠢᠳᠠᠯ ᠢ ᠪᠤᠳᠤᠯᠬᠢᠯᠠᠭᠰᠠᠨ ᠤ ᠬᠠᠮᠳᠤ᠂ ᠨᠠᠮ | ᠪᠠ ᠤᠯᠤᠰ ᠠᠴᠠ ᠮᠠᠨ ᠤ ᠤᠷᠤᠨ ᠢ ᠰᠡᠳᠬᠢᠯ ᠲᠠᠯᠪᠢᠨ ᠬᠠᠯᠠᠮᠵᠢᠯᠠᠵᠤ ᠪᠠᠶᠢᠬᠤ ᠶᠢ ᠬᠦᠢᠴᠡᠳ ᠢᠯᠡᠷᠡᠭᠦᠯᠦᠭᠰᠡᠨ | ᠪᠠᠶᠢᠨ᠎ᠠ᠃ ᠡᠭᠦᠨ ᠢ ᠦᠨᠳᠤᠰᠦᠯᠡᠨ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠦᠪᠰᠢᠶᠡᠷᠡᠯ ᠢᠶᠠᠷ | ᠰᠤᠷᠭᠠᠨ ᠬᠦᠮᠦᠵᠢᠯ ᠤᠨ ᠲᠢᠩᠬᠢᠮ ᠠᠴᠠ ︽ᠪᠦᠬᠦ ᠤᠷᠤᠨ ᠤ ᠦᠨᠳᠦᠰᠦᠳᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ | ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠬᠢᠭᠡᠳ ᠠᠩᠬ᠎ᠠ ᠵᠡᠷᠭᠡ ᠶᠢᠨ ᠲᠤᠮᠲᠠᠳᠤ | ᠰᠣᠷᠭᠠᠭᠤᠯᠢ ᠶᠢᠨ ᠨᠢᠭᠡᠳᠦᠭᠡᠷ ᠤᠨ ᠳᠤ ᠤᠯᠤᠰ ᠤᠨ ᠨᠢᠭᠡᠳᠦᠯᠳᠡᠢ ᠨᠠᠶᠢᠷᠠᠭᠤᠯᠤᠭᠰᠠᠨ ︿ᠬᠡᠯᠡ ᠪᠢᠴᠢᠭ﹀ ᠤᠨ | ᠵᠢᠭᠠᠬᠤ ᠮᠠᠲ᠋ᠧᠷᠢᠶᠠᠯ ᠢ ᠬᠡᠷᠡᠭᠯᠡᠬᠦ ᠶᠢᠨ ᠬᠡᠷᠡᠭᠵᠢᠭᠦᠯᠬᠦ ᠲᠦᠰᠦᠯ︾ ᠢ ᠲᠤᠭᠲᠠᠭᠠᠵᠤ ᠲᠠᠷᠦᠮᠠᠯᠯᠠᠨ ᠲᠠᠷᠬᠠᠭᠠᠪᠠ᠃ ᠡᠨᠡ | ᠪᠣᠯ ᠣᠯᠣᠰ ᠪᠠ ᠦᠪᠡᠷᠲᠡᠭᠡᠨ ᠵᠠᠰᠠᠬᠤ ᠣᠷᠣᠨ ᠠᠴᠠ ᠰᠣᠷᠭᠠᠨ ᠬᠦᠮᠦᠵᠢᠯ ᠤᠨ ᠠᠵᠢᠯ ᠳᠤ ᠬᠢᠭᠰᠡᠨ ᠴᠢᠬᠤᠯᠠ | ᠲᠣᠬᠢᠷᠠᠭᠤᠯᠣᠯᠲᠠ ᠪᠣᠯᠬᠤ ᠶᠣᠮ᠃ ᠵᠢᠭᠠᠬᠤ ᠮᠠᠲ᠋ᠧᠷᠢᠶᠠᠯ ᠪᠣᠯ ᠨᠠᠮ ᠪᠠ ᠲᠦᠷᠦ ᠶᠢᠨ ᠵᠤᠷᠢᠯᠲᠠ ᠶᠢ ᠢᠯᠡᠷᠡᠭᠦᠯᠦᠨ᠂ | ᠠᠷᠠᠳ ᠲᠦᠮᠡᠨ ᠤ ᠴᠢᠬᠤᠯᠠ ᠶᠡᠭᠡ ᠠᠩᠬᠠᠷᠣᠯ ᠢ ᠳᠣᠰᠬᠠᠵᠣ᠂ ᠳᠣᠮᠳᠠᠳᠣ ᠶᠢᠨ ᠰᠢᠯᠢᠳᠡᠭ ᠰᠣᠶᠣᠯ ᠪᠠ ᠬᠦᠮᠦᠨ | ᠲᠦᠷᠦᠯᠬᠢᠲᠡᠨ ᠤ ᠪᠣᠯᠪᠠᠰᠣᠨ ᠤ ᠲᠠᠪᠰᠢᠯᠲᠠ ᠶᠢᠨ ᠦᠷ᠎ᠡ ᠪᠦᠳᠦᠮᠵᠢ ᠶᠢ ᠣᠯᠠᠮᠵᠢᠯᠡᠨ ᠵᠠᠯᠭᠠᠮᠵᠢᠯᠠᠭᠤᠯᠵᠦ᠂ ᠶᠠᠮᠠᠷ | ᠬᠦᠮᠦᠨ ᠬᠦᠮᠦᠵᠢᠭᠦᠯᠬᠦ᠂ ᠶᠠᠭᠠᠬᠢᠵᠤ ᠬᠦᠮᠦᠨ ᠬᠦᠮᠦᠵᠢᠭᠦᠯᠬᠦ᠂ ᠬᠡᠨ ᠤ ᠲᠦᠯᠦᠭᠡ ᠬᠦᠮᠦᠨ ᠬᠦᠮᠦᠵᠢᠬᠦᠯᠬᠦ ᠭᠡᠳᠡᠭ | ᠡᠨᠡᠬᠦ ᠦᠨᠳᠦᠰᠦᠨ ᠠᠰᠠᠭᠤᠳᠠᠯ ᠤᠨ ᠴᠢᠬᠤᠯᠠ ᠠᠴᠢᠶᠠᠯᠠᠪᠦᠷᠢ ᠪᠠᠶᠢᠵᠦ᠂ ᠨᠠᠮ ᠤᠨ ᠰᠣᠷᠭᠠᠨ ᠬᠦᠮᠦᠵᠢᠯ ᠤᠨ | ᠴᠢᠭᠯᠡᠯᠲᠡ ᠶᠢ ᠨᠠᠶᠢᠳᠠᠪᠣᠷᠢᠵᠢᠭᠤᠯᠬᠤ ᠪᠠ ᠰᠣᠷᠭᠠᠨ ᠬᠦᠮᠦᠵᠢᠯ ᠤᠨ ᠬᠠᠷᠠᠯᠲᠠ ᠶᠢ ᠪᠡᠶᠡᠯᠡᠭᠦᠯᠬᠦ ᠲᠠᠢ ᠰᠢᠭᠤᠳ | ᠬᠤᠯᠪᠣᠭᠳᠠᠬᠤ ᠶᠣᠮ᠃ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠳᠣᠮᠳᠠᠳᠣ ᠪᠠᠭ᠎ᠠ ᠰᠣᠷᠭᠠᠭᠤᠯᠢ ᠳᠤ | ᠨᠢᠭᠡᠳᠦᠯᠲᠡᠢ ᠨᠠᠶᠢᠷᠠᠭᠤᠯᠤᠬᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠭᠦᠯᠬᠦ ᠪᠣᠯ ᠨᠠᠮ ᠤᠨ ᠲᠦᠪ | ᠬᠤᠷᠢᠶ᠎ᠠ ᠠᠴᠠ ᠭᠠᠷᠭᠠᠭᠰᠠᠨ ᠦᠨᠳᠦᠰᠦᠲᠡᠨ ᠤ ᠭᠠᠵᠠᠷ ᠣᠷᠣᠨ ᠳᠤ ᠣᠯᠣᠰ ᠤᠨ ᠨᠡᠶᠢᠳᠡᠮ ᠬᠡᠷᠡᠭᠯᠡᠬᠦ ᠦᠭᠡ ᠬᠡᠯᠡ | ᠦᠰᠦᠭ ᠪᠢᠴᠢᠭ ᠤᠨ ᠰᠣᠷᠭᠠᠨ ᠬᠦᠮᠦᠵᠢᠯ ᠢ ᠴᠢᠩᠭᠠᠳᠬᠠᠬᠤ ᠲᠠᠯ᠎ᠠ ᠪᠠᠷ ᠬᠢ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠣᠯᠲᠠ ᠮᠦᠨ᠂ ᠣᠯᠣᠰ ᠤᠨ ᠵᠢᠭᠠᠬᠤ ᠮᠠᠲ᠋ᠧᠷᠢᠶᠠᠯ ᠢ ᠬᠡᠷᠡᠭᠯᠡᠵᠦ ᠬᠠᠮᠢᠶᠠᠷᠬᠤ ᠳᠤ | ᠠᠪᠤᠭᠰᠠᠨ ᠴᠢᠬᠤᠯᠠ ᠶᠡᠭᠡ ᠦᠭᠡᠷᠡᠴᠢᠯᠡᠯᠲᠡ ᠶᠢᠨ ᠠᠷᠭ᠎ᠠ ᠪᠠᠷᠢᠯ ᠮᠦᠨ᠂ ᠦᠨᠳᠦᠰᠦᠲᠡᠨ ᠤ | ᠰᠣᠷᠭᠠᠭᠤᠯᠢ ᠨᠤᠭᠤᠳ ᠲᠤ ᠣᠯᠣᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠬᠢᠷᠢ | ᠲᠦᠪᠰᠢᠨ ᠢ ᠲᠠᠰᠣᠷᠠᠯᠲᠠ ᠦᠭᠡᠢ ᠲᠡᠭᠡᠭᠰᠢᠯᠡᠭᠦᠯᠵᠦ᠂ ᠦᠨᠳᠦᠰᠦᠲᠡᠨ ᠤ ᠰᠣᠷᠭᠠᠨ ᠬᠦᠮᠦᠵᠢᠯ ᠢ ᠦᠨᠳᠦᠷ ᠴᠢᠨᠠᠷ | ᠴᠢᠨᠰᠠᠭ᠎ᠠ ᠲᠠᠢ ᠬᠦᠭᠵᠢᠭᠦ ᠶᠢ ᠠᠬᠢᠭᠤᠯᠬᠤ ᠲᠦᠷᠢᠮ ᠤᠨ ᠲᠣᠬᠢᠷᠠᠭᠤᠯᠣᠯᠲᠠ ᠮᠦᠷᠲᠡᠭᠡᠨ ᠦᠨᠳᠦᠰᠦᠲᠡᠨ ᠤ ᠭᠠᠵᠠᠷ | ᠣᠷᠣᠨ ᠤ ᠦᠷᠭᠡᠨ ᠣᠯᠠᠨ ᠲᠦᠮᠡᠨ ᠪᠠ ᠰᠣᠷᠣᠭᠴᠢᠳ ᠤᠨ ᠪᠤᠳᠠᠳᠤ ᠱᠠᠭᠠᠷᠳᠠᠯᠭ᠎ᠠ ᠮᠦᠨ᠃ ᠣᠯᠣᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠣᠷᠭᠠᠨ ᠬᠦᠮᠦᠵᠢᠯ ᠪᠠ ᠵᠢᠭᠠᠬᠤ ᠮᠠᠲ᠋ᠧᠷᠢᠶᠠᠯ ᠤᠨ ᠪᠠᠶᠢᠭᠤᠯᠣᠯᠲᠠ ᠶᠢ | ᠬᠦᠴᠦᠲᠡᠢ ᠠᠬᠢᠭᠤᠯᠬᠤ ᠨᠢ ᠦᠨᠳᠦᠰᠦᠲᠡᠨ ᠤ ᠭᠠᠵᠠᠷ ᠣᠷᠣᠨ ᠤ ᠣᠯᠠᠨ ᠲᠦᠮᠡᠨ ᠳᠤ ᠨᠠᠩ ᠭᠤᠣᠯᠴᠢ᠂ ᠨᠡᠩ | ᠴᠢᠨᠠᠷᠵᠢᠭᠤᠨ ᠰᠣᠷᠭᠠᠨ ᠬᠦᠮᠦᠵᠢᠯ ᠬᠦᠷᠲᠡᠭᠡᠬᠦ ᠳᠤ ᠠᠰᠢᠭᠲᠠᠢ ᠪᠦᠭᠡᠳ ᠴᠢᠬᠤᠯᠠ ᠶᠡᠭᠡ ᠪᠠᠶᠢᠯᠳᠣᠬᠤ ᠪᠣᠳᠣᠯᠭ᠎ᠠ ᠶᠢᠨ | ᠠᠴᠢ ᠬᠤᠯᠪᠣᠭᠳᠠᠯ ᠪᠠ ᠠᠯᠣᠰ ᠬᠡᠳᠦ ᠶᠢᠨ ᠲᠡᠣᠬᠡᠳᠦ ᠠᠴᠢ ᠬᠤᠯᠪᠣᠭᠳᠠᠯ ᠲᠠᠢ ᠶᠣᠮ᠃ | 2. ᠮᠠᠨ ᠤ ᠤᠷᠤᠨ ᠳᠠᠬᠢ ᠤᠳᠤᠬᠠᠨ ᠤ ᠬᠤᠤᠰ ᠬᠡᠯᠡᠨ ᠤ ᠵᠢᠭᠠᠨ ᠰᠤᠷᠭᠠᠯᠲᠠ ᠶᠢᠨ ᠰᠢᠰᠲ᠋ᠧᠮ ᠢ | ᠦᠭᠡᠷᠡᠴᠢᠯᠡᠭᠦ ᠦᠦ︖ ᠮᠤᠩᠭᠤᠯ ᠬᠡᠯᠡ ᠪᠢᠴᠢᠭ ᠤᠨ ᠬᠢᠴᠢᠶᠡᠯ ᠢ ᠬᠠᠰᠤᠬᠤ ᠦᠦ︖ | 2020 ᠣᠨ ᠤ ᠨᠠᠮᠣᠷ ᠤᠨ ᠣᠯᠠᠷᠢᠯ ᠤᠨ ᠰᠣᠷᠣᠯᠭ᠎ᠠ ᠶᠢᠨ ᠬᠤᠭᠤᠴᠠᠭ᠎ᠠ ᠠᠴᠠ ᠡᠬᠢᠯᠡᠨ᠂ ᠪᠦᠬᠦ ᠣᠷᠣᠨ ᠤ | ᠦᠨᠳᠦᠰᠦᠲᠡᠨ ᠤ ᠬᠡᠯᠡ ᠪᠠᠷ ᠬᠢᠴᠢᠶᠡᠯᠯᠡᠳᠡᠭ ᠰᠣᠷᠭᠠᠭᠤᠯᠢ ᠨᠤᠭᠤᠳ ᠤᠨ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ | ᠪᠠ ᠠᠩᠬ᠎ᠠ ᠵᠡᠷᠭᠡ ᠶᠢᠨ ᠳᠣᠮᠳᠠᠳᠦ ᠰᠣᠷᠭᠠᠭᠤᠯᠢ ᠶᠢᠨ ᠨᠢᠭᠡᠳᠦᠭᠡᠷ ᠣᠨ ᠠᠴᠠ ᠡᠬᠢᠯᠡᠨ ᠣᠯᠣᠰ ᠤᠨ ᠨᠢᠭᠡᠳᠦᠯᠲᠡᠢ | ᠨᠠᠶᠢᠷᠠᠭᠤᠯᠤᠬᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢᠨ ᠬᠠᠮᠲᠦ᠂ ᠣᠯᠣᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠭᠦᠯᠦᠨᠡ᠃ ᠦᠩᠭᠡᠷᠡᠭᠰᠡᠨ ᠵᠢᠯ ᠤᠳ ᠲᠠᠢ ᠠᠳᠠᠯᠢᠳᠬᠠᠪᠠᠯ᠂ | ᠤᠤᠯ ᠤᠨ ᠪᠠᠭ᠎ᠠ ᠰᠣᠷᠭᠠᠭᠤᠯᠢ ᠶᠢᠨ ᠬᠤᠶᠠᠳᠣᠭᠠᠷ ᠣᠨ ᠠᠴᠠ ᠡᠬᠢᠯᠠᠨ ᠵᠢᠭᠠᠵᠤ ᠪᠠᠶᠢᠭᠰᠠᠨ ︽ᠬᠢᠳᠠᠳ ᠬᠡᠯᠡᠨ︾ ᠤ | ᠬᠢᠴᠢᠶᠡᠯ ᠢ ᠪᠠᠭ᠎ᠠ ᠰᠣᠷᠭᠠᠭᠤᠯᠢ ᠶᠢᠨ ᠨᠢᠭᠡᠳᠦᠭᠡᠷ ᠣᠨ ᠠᠴᠠ ᠡᠬᠢᠯᠡᠨ ᠣᠯᠣᠰ ᠤᠨ ᠨᠢᠭᠡᠳᠦᠯᠲᠠᠢ ᠨᠠᠶᠢᠷᠠᠭᠤᠯᠣᠭᠰᠠᠨ | ︽ᠬᠡᠯᠡ ᠪᠢᠴᠢᠭ︾ ᠤᠨ ᠬᠢᠴᠢᠶᠡᠯ ᠪᠣᠯᠭᠠᠨ ᠦᠭᠡᠷᠡᠴᠢᠯᠡᠵᠦ᠂ ᠠᠩᠬ᠎ᠠ ᠵᠡᠷᠭᠡ ᠶᠢᠨ ᠳᠣᠮᠳᠠᠳᠦ ᠰᠣᠷᠭᠠᠭᠤᠯᠢ ᠶᠢᠨ | ᠨᠢᠭᠡᠳᠦᠭᠡᠷ ᠣᠨ ᠤ ᠣᠣᠯ ᠤᠨ ︽ᠬᠢᠳᠡᠳ ᠬᠡᠯᠡᠨ︾ ᠤ ᠬᠢᠴᠢᠶᠡᠯ ᠢ ᠣᠯᠣᠰ ᠤᠨ ᠨᠢᠭᠡᠳᠦᠯᠲᠠᠢ ᠨᠠᠶᠢᠷᠠᠭᠤᠯᠣᠭᠰᠠᠨ | ︽ᠬᠡᠯᠡ ᠪᠢᠴᠢᠭ︾ ᠤᠨ ᠬᠢᠴᠢᠶᠡᠯ ᠢᠶᠠᠷ ᠦᠭᠡᠷᠡᠴᠢᠯᠡᠨ᠎ᠡ᠃ ᠪᠣᠰᠣᠳ ᠬᠢᠴᠢᠶᠡᠯ ᠲᠦᠷᠦᠯ ᠪᠠ ᠪᠣᠰᠣᠳ | ᠣᠨ ᠨᠤᠭᠤᠳ ᠤᠨ ᠬᠢᠴᠢᠶᠡᠯ ᠤᠨ ᠲᠣᠬᠢᠷᠠᠭᠤᠯᠣᠯᠲᠠ ᠶᠢ ᠬᠤᠪᠢᠷᠠᠭᠠᠬᠤ ᠦᠭᠡᠢ᠂ ᠬᠡᠷᠡᠭᠯᠡᠵᠦ ᠪᠠᠶᠢᠭ᠎ᠠ ᠵᠢᠭᠠᠬᠤ | ᠮᠠᠲ᠋ᠧᠷᠢᠶᠠᠯ ᠢ ᠬᠤᠪᠢᠷᠠᠭᠤᠯᠬᠤ ᠦᠭᠡᠢ᠂ ᠬᠢᠴᠢᠶᠡᠯᠯᠡᠵᠦ ᠵᠢᠭᠠᠬᠤ ᠦᠭᠡ ᠬᠡᠯᠡ ᠦᠰᠦᠭ ᠪᠢᠴᠢᠭ ᠢ ᠬᠤᠪᠢᠷᠠᠭᠠᠬᠤ | ᠦᠭᠡᠢ᠂ ᠮᠣᠩᠭᠤᠯ ᠬᠡᠯᠡ ᠪᠢᠴᠢᠭ᠂ ᠰᠣᠯᠣᠩᠭᠤᠰ ᠬᠡᠯᠡ ᠪᠢᠴᠢᠭ ᠤᠨ ᠬᠢᠴᠢᠶᠡᠯ ᠤᠨ ᠴᠠᠭ ᠢ ᠬᠤᠪᠢᠷᠠᠭᠤᠯᠬᠤ ᠦᠭᠡᠢ᠃ | ᠭᠤᠷᠪᠠᠨ ᠲᠦᠷᠦᠯ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠡᠯ ᠢ ᠪᠦᠭᠦ ᠲᠠᠯ᠎ᠠ ᠪᠠᠷ | ᠲᠡᠯᠭᠡᠷᠡᠭᠦᠯᠦᠭᠰᠡᠨ ᠤ ᠲᠠᠷᠠᠭ᠎ᠠ᠂ ᠦᠨᠳᠦᠰᠦᠳᠡᠨ ᠤ ᠬᠡᠯᠡ ᠪᠠᠷ ᠬᠢᠴᠢᠶᠡᠯᠯᠡᠳᠡᠭ ᠲᠤᠮᠲᠠᠳᠤ ᠪᠠᠭ᠎ᠠ ᠰᠤᠷᠭᠠᠭᠤᠯᠢ ᠶᠢᠨ | ᠪᠤᠰᠤᠳ ᠬᠢᠴᠢᠶᠡᠯ ᠲᠦᠷᠦᠯ ᠤᠨ ᠬᠢᠴᠢᠶᠡᠯ ᠤᠨ ᠲᠤᠬᠢᠷᠠᠭᠤᠯᠤᠯᠲᠠ ᠶᠢ ᠬᠤᠪᠢᠷᠠᠭᠠᠬᠤ ᠦᠭᠡᠢ᠂ ᠬᠡᠷᠡᠭᠯᠡᠵᠤ ᠪᠠᠶᠢᠭ᠎ᠠ | ᠵᠢᠭᠠᠬᠤ ᠮᠠᠲ᠋ᠧᠷᠢᠶᠠᠯ ᠢ ᠬᠤᠪᠢᠷᠠᠭᠠᠬᠤ ᠦᠭᠡᠢ᠂ ᠬᠢᠴᠢᠶᠡᠯᠯᠡᠭᠡ ᠶᠢᠨ ᠦᠭᠡ ᠬᠡᠯᠡ ᠦᠰᠦᠭ ᠪᠢᠴᠢᠭ ᠢ ᠬᠤᠪᠢᠷᠠᠭᠤᠯᠬᠤ | ᠦᠭᠡᠢ᠂ ᠮᠤᠩᠭᠤᠯ ᠬᠡᠯᠡ ᠪᠢᠴᠢᠭ᠂ ᠰᠤᠯᠤᠩᠭᠤᠰ ᠬᠡᠯᠡ ᠪᠢᠴᠢᠭ ᠤᠨ ᠬᠢᠴᠢᠶᠡᠯ ᠤᠨ ᠴᠠᠭ ᠢ ᠬᠤᠪᠢᠷᠠᠭᠤᠯᠬᠤ ᠦᠭᠡᠢ | ᠶᠣᠮ᠃ ᠡᠶᠢᠮᠦ ᠠᠴᠠ ᠤᠳᠤᠬᠠᠨ ᠤ ᠬᠤᠤᠰ ᠬᠡᠯᠡᠨ ᠤ ᠰᠤᠷᠭᠠᠨ ᠬᠦᠮᠦᠵᠢᠯ ᠤᠨ ᠰᠢᠰᠲ᠋ᠧᠮ ᠢ ᠬᠤᠪᠢᠷᠠᠭᠤᠯᠤᠭᠰᠠᠨ | ᠪᠢᠰᠢ ᠶᠤᠮ᠃ | 3. ᠨᠢᠭᠡᠳᠦᠯᠲᠠᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠨᠢ | ᠰᠣᠷᠣᠭᠴᠢᠳ ᠲᠤ ᠰᠠᠶᠢᠨ ᠲᠠᠢ ᠤᠤ︖ | ᠶᠡᠷᠦᠩᠬᠡᠢ ᠱᠦᠵᠢ ᠰᠢ ᠶᠢᠨ ᠫᠢᠩ ᠠᠴᠠ ᠬᠡᠯᠡᠨ ᠤ ᠨᠡᠪᠲᠡᠷᠡᠯᠴᠡᠭᠡ ᠪᠣᠯ ᠬᠦᠮᠦᠨ ᠬᠦᠮᠦᠨ ᠤ ᠬᠤᠭᠤᠷᠣᠨᠳᠦᠬᠢ | ᠬᠠᠷᠢᠯᠴᠠᠭᠠᠨ ᠤ ᠴᠢᠬᠤᠯᠠ ᠭᠤᠭᠴᠤᠭ᠎ᠠ ᠪᠣᠯᠬᠤ ᠶᠣᠮ᠂ ᠦᠭᠡ ᠬᠡᠯᠡ ᠨᠡᠪᠲᠡᠷᠡᠯᠴᠡᠬᠦ ᠦᠭᠡᠢ ᠳᠤ ᠬᠦᠷᠪᠡᠯ ᠬᠠᠷᠢᠯᠴᠠᠨ | ᠮᠡᠳᠡᠯᠴᠡᠬᠦ ᠳᠤ ᠪᠡᠷᠬᠡᠲᠡᠢ᠂ ᠨᠡᠪᠲᠡᠷᠡᠯᠴᠡᠵᠦ ᠮᠡᠳᠡᠯᠴᠡᠬᠦ ᠦᠭᠡᠢ ᠳᠤ ᠬᠦᠷᠪᠡᠯ ᠣᠶᠢᠯᠠᠭᠠᠯᠴᠠᠭ᠎ᠠ ᠪᠠᠨ ᠣᠯᠬᠤ ᠳᠤ | ᠲᠦᠪᠡᠭᠲᠡᠢ ᠪᠣᠯᠬᠤ ᠲᠣᠯᠠ ᠮᠡᠳᠡᠷᠡᠮᠵᠢ ᠶᠢ ᠪᠣᠢ ᠪᠣᠯᠭᠠᠬᠤ ᠳᠤ ᠪᠡᠷᠬᠡᠲᠡᠬᠦ ᠶᠣᠮ ᠭᠡᠵᠦ ᠴᠢᠬᠤᠯᠠᠴᠢᠯᠠᠪᠠ᠃ ᠴᠦᠬᠡᠨ | ᠲᠣᠭᠠᠳᠦ ᠦᠨᠳᠦᠰᠦᠲᠡᠨ ᠤ ᠰᠣᠷᠣᠭᠴᠢᠳ ᠨᠢ ᠣᠯᠣᠰ ᠤᠨ ᠨᠡᠶᠢᠳᠡᠮ ᠬᠡᠷᠡᠭᠯᠡᠬᠦ ᠦᠭᠡ ᠬᠡᠯᠡ ᠶᠢ ᠰᠠᠶᠢᠳᠦᠷ | ᠰᠣᠷᠬᠤ ᠨᠢ ᠠᠵᠢᠯ ᠣᠯᠬᠤ᠂ ᠣᠳᠣ ᠦᠶ᠎ᠡ ᠶᠢᠨ ᠰᠢᠨᠵᠢᠯᠡᠬᠦ ᠣᠬᠠᠭᠠᠨ ᠰᠣᠶᠣᠯ ᠤᠨ ᠮᠡᠳᠡᠯᠭᠡ ᠶᠢ ᠬᠦᠯᠢᠶᠡᠨ ᠠᠪᠬᠤ᠂ | ᠨᠡᠶᠢᠭᠡᠮ ᠨᠡᠶᠢᠲᠡ ᠲᠠᠢ ᠠᠭᠤᠰᠣᠯᠴᠠᠬᠤ ᠳᠤ ᠴᠦᠮ ᠠᠰᠢᠭᠲᠠᠢ ᠪᠠᠶᠢᠳᠠᠭ ᠶᠣᠮ᠃ ᠣᠯᠣᠰ ᠤᠨ ᠨᠢᠭᠡᠳᠦᠯᠲᠡᠢ | ᠨᠠᠶᠢᠷᠠᠭᠤᠯᠣᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠨᠢ ᠬᠡᠯᠡ ᠪᠢᠴᠢᠭ ᠤᠨ ᠬᠢᠴᠢᠶᠡᠯ ᠤᠨ | ᠦᠭᠡᠷᠡᠴᠢᠯᠡᠯᠲᠡ ᠶᠢᠨ ᠰᠢᠯᠢᠳᠡᠭ ᠦᠷ᠎ᠡ ᠪᠦᠳᠦᠭᠡᠯ ᠢ ᠳ᠋ᠦᠩᠨᠡᠭᠰᠡᠨ ᠤ ᠬᠠᠮᠲᠦ ᠰᠢᠩᠭᠡᠭᠡᠨ ᠠᠪᠴᠦ᠂ ᠬᠢᠴᠢᠶᠡᠯ ᠤᠨ | ᠦᠭᠡᠷᠡᠴᠢᠯᠡᠯᠲᠡ ᠶᠢᠨ ᠲᠠᠪᠰᠢᠩᠭᠤᠢ ᠤᠢᠢᠯᠠᠭᠠᠭᠳᠠᠬᠤᠨ ᠪᠠ ᠪᠦᠳᠦᠮᠵᠢᠲᠡᠢ ᠲᠣᠷᠰᠢᠯᠭ᠎ᠠ ᠶᠢ ᠰᠢᠭᠰᠢᠨ ᠲᠣᠩᠭᠠᠭᠠᠵᠦ᠂ | ᠰᠣᠷᠣᠭᠴᠢᠳ ᠤᠨ ᠰᠢᠨ᠎ᠡ ᠡᠭᠦᠳᠦᠯᠲᠡ ᠶᠢᠨ ᠵᠣᠷᠢᠭ ᠰᠠᠨᠠᠭ᠎ᠠ ᠪᠣᠯᠣᠨ ᠦᠢᠯᠡᠳᠦᠯᠭᠡ ᠶᠢᠨ ᠴᠢᠳᠠᠪᠦᠷᠢ ᠶᠢ | ᠬᠦᠮᠦᠵᠢᠭᠦᠯᠬᠦ ᠶᠢ ᠠᠩᠬᠠᠷᠤᠨ ᠴᠢᠬᠤᠯᠠᠴᠢᠯᠠᠵᠤ᠂ ᠪᠡᠶ᠎ᠡ ᠪᠠᠨ ᠳᠠᠭᠠᠭᠠᠬᠤ᠂ ᠬᠠᠪᠰᠣᠷᠣᠯᠴᠠᠬᠤ᠂ ᠬᠠᠶᠢᠨ | ᠰᠦᠪᠡᠭᠴᠢᠯᠡᠵᠦ ᠰᠣᠷᠣᠯᠴᠠᠬᠤ ᠠᠷᠭ᠎ᠠ ᠬᠡᠯᠪᠡᠷᠢ ᠶᠢ ᠰᠠᠨᠠᠭᠠᠴᠢᠯᠠᠨ ᠰᠡᠳᠦᠵᠦ᠂ ᠦᠭᠡ ᠬᠡᠯᠡ ᠦᠰᠦᠭ ᠪᠢᠴᠢᠭ ᠤᠨ | ᠬᠡᠷᠡᠭᠯᠡᠯᠲᠡ ᠶᠢ ᠴᠢᠨᠠᠭᠰᠢᠲᠠ ᠴᠢᠩᠭᠠᠳᠬᠠᠨ᠂ ᠬᠡᠯᠡ ᠪᠢᠴᠢᠭ ᠪᠠ ᠠᠮᠢᠳᠦᠷᠠᠯ ᠤᠨ ᠣᠶᠠᠯᠳᠤᠭ᠎ᠠ ᠶᠢ ᠴᠢᠩᠭᠠᠳᠬᠠᠵᠤ᠂ | ᠰᠣᠷᠣᠭᠴᠢᠳ ᠤᠨ ᠬᠡᠯᠡ ᠪᠢᠴᠢᠭ ᠤᠨ ᠬᠡᠪ ᠪᠣᠯᠪᠠᠰᠣᠷᠠᠯ ᠢ ᠲᠡᠭᠡᠭᠰᠢᠯᠡᠭᠦᠯᠬᠦ ᠪᠠᠷ ᠵᠤᠷᠢᠭᠰᠠᠨ ᠶᠤᠮ᠃ ᠣᠯᠣᠰ ᠤᠨ | ᠨᠢᠭᠡᠳᠦᠯᠲᠡᠢ ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠨᠢ ᠦᠨᠳᠦᠰᠦᠲᠡᠨ ᠤ ᠬᠡᠯᠡ ᠪᠠᠷ ᠬᠢᠴᠢᠶᠡᠯᠯᠡᠳᠡᠭ | ᠰᠣᠷᠣᠭᠴᠢᠳ ᠬᠢᠭᠡᠳ ᠪᠣᠰᠣᠳ ᠦᠨᠳᠦᠰᠦᠲᠡᠨ ᠨᠦᠭᠦᠳ ᠤᠨ ᠰᠣᠷᠣᠭᠴᠢᠳ ᠤᠨ ᠰᠣᠯᠢᠯᠴᠠᠭ᠎ᠠ᠂ ᠬᠠᠷᠢᠯᠴᠠᠭ᠎ᠠ᠂ | ᠠᠭᠤᠰᠣᠯᠴᠠᠭ᠎ᠠ ᠶᠢ ᠠᠬᠢᠭᠤᠯᠬᠤ ᠪᠠ ᠬᠤᠶᠢᠰᠢᠲᠡ ᠶᠢᠨ ᠬᠤᠪᠢ ᠪᠡᠶ᠎ᠡ ᠶᠢᠨ ᠬᠢᠨᠢ ᠦᠰᠦᠯᠲᠡ ᠪᠤᠶᠢᠵᠢᠯᠲᠠ ᠪᠤᠯᠤᠨ | ᠰᠣᠷᠭᠠᠭᠤᠯᠢ ᠳᠤ ᠲᠠᠪᠰᠢᠵᠦ ᠠᠵᠢᠯ ᠣᠯᠬᠤ ᠠᠷᠭ᠎ᠠ ᠵᠠᠮ ᠢ ᠨᠢ ᠦᠷᠭᠡᠳᠭᠡᠬᠦ ᠳᠤ ᠠᠰᠢᠭᠲᠠᠢ ᠪᠠᠶᠢᠳᠠᠭ ᠶᠣᠮ᠃ | 4. ᠣᠯᠣᠰ ᠤᠨ ᠨᠢᠭᠡᠳᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠨᠢ | ᠰᠣᠷᠣᠭᠴᠢᠳ ᠤᠨ ᠬᠢᠴᠢᠶᠡᠯ ᠤᠨ ᠲᠠᠷᠦᠭᠠᠰᠦ ᠶᠢ ᠬᠦᠨᠳᠦᠷᠠᠭᠦᠯᠦᠭᠰᠡᠨ ᠤᠤ︖ | ᠣᠯᠣᠰ ᠤᠨ ᠨᠢᠭᠡᠳᠦᠯᠲᠡᠢ ᠱᠠᠭᠠᠷᠳᠠᠯᠭ᠎ᠠ ᠪᠠᠷ᠂ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠱᠠᠳᠣᠨ ᠳᠤ | ᠣᠯᠣᠰ ᠤᠨ ᠬᠢᠴᠢᠶᠡᠯ᠂ ᠣᠷᠣᠨ ᠨᠣᠳᠤᠭ ᠤᠨ ᠬᠢᠴᠢᠶᠡᠯ ᠪᠠ ᠰᠣᠷᠭᠠᠭᠤᠯᠢ ᠶᠢᠨ ᠬᠢᠴᠢᠶᠡᠯ ᠭᠡᠬᠦ ᠭᠤᠷᠪᠠᠨ ᠱᠠᠲᠣᠨ ᠤ | ᠬᠠᠮᠢᠶᠠᠷᠦᠯᠲᠠ ᠶᠢ ᠬᠡᠷᠡᠭᠵᠢᠭᠦᠯᠦᠨ᠎ᠡ᠃ ᠣᠯᠣᠰ ᠤᠨ ︽ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠬᠢᠴᠢᠶᠡᠯ ᠤᠨ | ᠲᠣᠬᠢᠷᠠᠭᠤᠯᠣᠯᠲᠠ ᠶᠢᠨ ᠲᠦᠰᠦᠪ︾ ᠲᠤ᠂ ᠠᠯᠪᠠᠨ ᠵᠢᠷᠦᠮ ᠤᠨ ᠰᠣᠷᠭᠠᠨ ᠬᠦᠮᠦᠵᠢᠯ ᠳᠤ ᠶᠢᠰᠦᠨ ᠵᠢᠯ ᠤᠨ | ᠴᠣᠭᠴᠠᠵᠢᠭᠤᠯᠣᠯᠲᠠ ᠶᠢ ᠬᠡᠷᠡᠭᠵᠢᠭᠦᠯᠵᠦ᠂ ᠬᠢᠴᠢᠶᠡᠯ ᠢ ᠲᠡᠩᠴᠡᠭᠦᠷᠢᠲᠡᠢ ᠲᠣᠬᠢᠷᠠᠭᠤᠯᠣᠨ᠂ ᠬᠠᠷᠢᠴᠠᠯ ᠲᠠᠢ ᠪᠠᠷ | ᠬᠢᠴᠢᠶᠡᠯ ᠤᠨ ᠴᠠᠭ ᠢ ᠲᠣᠬᠢᠷᠠᠭᠤᠯᠣᠨ᠎ᠠ ᠭᠡᠵᠦ ᠲᠤᠳᠤᠷᠬᠠᠢ ᠲᠤᠭᠲᠠᠭᠠᠪᠠ᠃ | ᠣᠳᠣᠬᠠᠨ ᠳᠤ᠂ ᠮᠠᠨ ᠤ ᠣᠷᠣᠨ ᠤ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠱᠠᠳᠣᠨ ᠳᠠᠬᠢ | ᠣᠯᠣᠰ ᠤᠨ ᠬᠢᠴᠢᠶᠡᠯ ᠤᠨ ᠬᠢᠴᠢᠶᠡᠯᠯᠡᠬᠦ ᠴᠠᠭ ᠤᠨ ᠬᠠᠷᠢᠴᠠᠯ ᠨᠢ 75 — 80 % ᠶᠢ ᠡᠵᠡᠯᠡᠵᠦ᠂ ᠣᠷᠣᠨ | ᠨᠣᠳᠤᠭ ᠤᠨ ᠬᠢᠴᠢᠶᠡᠯ ᠬᠢᠭᠡᠳ ᠰᠣᠷᠭᠠᠭᠤᠯᠢ ᠶᠢᠨ ᠬᠢᠴᠢᠶᠡᠯ ᠤᠨ ᠬᠢᠴᠢᠶᠡᠯᠯᠡᠬᠦ ᠴᠠᠭ ᠤᠨ ᠬᠠᠷᠢᠴᠠᠯ ᠨᠢ 20 — | 25 ᠶᠢ ᠡᠵᠡᠯᠡᠵᠦ ᠪᠠᠶᠢᠳᠠᠭ᠃ ᠭᠠᠷᠠᠭ ᠪᠦᠷᠢ ᠶᠢᠨ ᠶᠡᠷᠦᠩᠬᠡᠢ ᠬᠢᠴᠢᠶᠡᠯ ᠤᠨ ᠴᠠᠭ ᠢ ᠪᠠᠭ᠎ᠠ ᠰᠣᠷᠭᠠᠭᠤᠯᠢ ᠳᠤ 25 | — 33 ᠬᠢᠴᠢᠶᠡᠯ ᠤᠨ ᠴᠠᠭ᠂ ᠠᠩᠬ᠎ᠠ ᠵᠡᠷᠭᠡ ᠶᠢᠨ ᠳᠣᠮᠳᠠᠳᠦ ᠰᠤᠷᠭᠠᠭᠤᠯᠢ ᠳᠤ 32 — 36 ᠬᠢᠴᠢᠶᠡᠯ ᠤᠨ | ᠴᠠᠭ ᠢᠶᠠᠷ ᠲᠣᠬᠢᠷᠠᠭᠤᠯᠵᠤ ᠪᠠᠶᠢᠨ᠎ᠠ᠃ | ᠡᠨᠡ ᠵᠢᠯ ᠤᠨ ᠨᠠᠮᠣᠷ ᠤᠨ ᠣᠯᠠᠷᠢᠯ ᠳᠤ ᠪᠢᠳᠡ ᠦᠨᠳᠦᠰᠦᠲᠡᠨ ᠤ ᠦᠭᠡ ᠬᠡᠯᠡ ᠦᠰᠦᠭ ᠪᠢᠴᠢᠭ ᠢᠶᠠᠷ | ᠬᠢᠴᠢᠶᠡᠯᠯᠡᠳᠡᠭ ᠪᠠᠭ᠎ᠠ ᠰᠣᠷᠭᠠᠭᠤᠯᠢ ᠪᠠ ᠠᠩᠬ᠎ᠠ ᠵᠡᠷᠭᠡ ᠶᠢᠨ ᠳᠣᠮᠳᠠᠳᠦ ᠰᠤᠷᠭᠠᠭᠤᠯᠢ ᠶᠢᠨ ᠨᠢᠭᠡᠳᠦᠭᠡᠷ ᠣᠨ ᠤ | ᠬᠢᠴᠢᠶᠡᠯ ᠤᠨ ᠴᠠᠭ ᠲᠤ ᠲᠣᠬᠢᠷᠠᠭᠤᠯᠣᠯᠲᠠ ᠬᠢᠬᠦ ᠳᠡᠭᠡᠨ ᠣᠷᠣᠨ ᠨᠣᠳᠤᠭ ᠤᠨ ᠬᠢᠴᠢᠶᠡᠯ ᠪᠠ ᠰᠣᠷᠭᠠᠭᠤᠯᠢ ᠶᠢᠨ | ᠬᠢᠴᠢᠶᠡᠯ ᠤᠨ ᠬᠢᠴᠢᠶᠡᠯᠯᠡᠬᠦ ᠴᠠᠭ ᠢ ᠵᠤᠬᠢᠬᠤ ᠬᠡᠮᠵᠢᠶ᠎ᠡ ᠪᠠᠷ ᠬᠠᠰᠣᠪᠠ᠃ ᠣᠯᠣᠰ ᠤᠨ ᠨᠢᠭᠡᠳᠦᠯᠲᠠᠢ ᠨᠠᠶᠢᠷᠠᠭᠤᠯᠣᠭᠰᠠᠨ | ︽ᠬᠡᠯᠡ ᠪᠢᠴᠢᠭ︾ ᠤᠨ ᠬᠢᠴᠢᠶᠡᠯ ᠢ ᠡᠳᠦᠷ ᠪᠦᠷᠢ ᠨᠢᠭᠡ ᠬᠢᠴᠢᠶᠡᠯ ᠤᠨ ᠴᠠᠭ ᠢᠶᠠᠷ ᠲᠣᠬᠢᠷᠠᠭᠤᠯᠵᠦ᠂ | ᠰᠣᠷᠣᠭᠴᠢᠳ ᠤᠨ ᠪᠡᠶ᠎ᠡ ᠰᠡᠳᠬᠢᠯ ᠤᠨ ᠦᠰᠦᠯᠲᠡ ᠪᠤᠶᠢᠵᠢᠯᠲᠠ ᠶᠢᠨ ᠵᠢᠮ᠎ᠡ ᠶᠤᠰᠤ ᠪᠠ ᠰᠢᠨᠵᠢᠯᠡᠬᠦ ᠣᠬᠠᠭᠠᠨ ᠤ | ᠮᠡᠳᠡᠯᠭᠡ ᠶᠢᠨ ᠲᠤᠳᠤᠭᠠᠳᠤ ᠯᠤᠬᠢᠭ ᠢ ᠬᠦᠢᠴᠡᠳ ᠪᠤᠳᠤᠯᠬᠢᠯᠠᠨ᠂ ᠲᠤᠤᠷ᠎ᠠ ᠤᠨ ᠠᠴᠠ ᠲᠡᠭᠡᠷ᠎ᠡ ᠤᠨ ᠬᠦᠷᠳᠡᠯ᠎ᠡ | ᠠᠯᠬᠤᠮ ᠠᠯᠬᠤᠮ ᠢᠶᠠᠷ ᠨᠡᠮᠡᠭᠳᠡᠭᠦᠯᠭᠦ ᠦᠨᠳᠦᠰᠦᠨ ᠱᠠᠭᠠᠷᠳᠠᠯᠭ᠎ᠠ ᠶᠢ ᠲᠤᠰᠬᠠᠭᠰᠠᠨ ᠪᠠᠶᠢᠨ᠎ᠠ᠃ ᠲᠤᠬᠢᠷᠠᠭᠤᠯᠤᠯᠲᠠ | ᠬᠢᠭᠰᠡᠨ ᠤ ᠲᠠᠷᠠᠭ᠎ᠠ᠂ ᠡᠯ᠎ᠡ ᠬᠢᠴᠢᠶᠡᠯ ᠲᠦᠷᠦᠯ ᠤᠨ ᠬᠢᠴᠢᠶᠡᠯ ᠤᠨ ᠴᠠᠭ ᠤᠨ ᠬᠠᠷᠢᠴᠠᠯ ᠢ ᠤᠯᠤᠰ ᠤᠨ ᠬᠢᠴᠢᠶᠡᠯ ᠤᠨ | ᠲᠤᠬᠢᠷᠠᠭᠤᠯᠤᠲᠠ ᠶᠢᠨ ᠲᠦᠰᠦᠪ ᠤᠨ ᠱᠠᠭᠠᠷᠳᠠᠯᠭ᠎ᠠ ᠲᠠᠢ ᠨᠡᠶᠢᠴᠡᠭᠦᠯᠵᠤ᠂ ᠰᠤᠷᠤᠯᠭ᠎ᠠ ᠶᠢᠨ ᠤᠨ ᠤ ᠬᠢᠴᠢᠶᠡᠯ ᠤᠨ | ᠴᠠᠭ ᠤᠨ ᠶᠡᠷᠦᠩᠭᠡᠢ ᠲᠤᠭ᠎ᠠ ᠪᠠ ᠭᠠᠷᠠᠭ ᠤᠨ ᠬᠢᠴᠢᠶᠡᠯ ᠤᠨ ᠴᠠᠭ ᠤᠨ ᠲᠤᠭ᠎ᠠ ᠶᠢ ᠤᠯᠤᠰ ᠤᠨ ᠲᠤᠭᠲᠠᠭᠠᠯ ᠤᠨ | ᠬᠦᠷᠢᠶ᠎ᠡ ᠬᠡᠪᠴᠢᠶᠡᠨ ᠤ ᠲᠤᠳᠤᠷ᠎ᠠ ᠬᠢᠵᠠᠭᠠᠷᠯᠠᠨ᠎ᠠ᠃ ᠡᠭᠦᠨ ᠤ ᠬᠠᠮᠲᠤ᠂ ᠪᠤᠳᠠᠳᠠᠢ ᠬᠡᠷᠡᠭᠵᠢᠭᠦᠯᠬᠦ ᠶᠠᠪᠤᠴᠠ ᠳᠠᠭᠠᠨ | ᠡᠯ᠎ᠡ ᠭᠠᠵᠠᠷ ᠤᠷᠤᠨ ᠨᠢ ᠪᠠᠰᠠ ᠬᠢᠴᠢᠶᠡᠯ ᠤᠨ ᠪᠠᠷᠢᠮᠵᠢᠶ᠎ᠠ ᠶᠢᠨ ᠦᠨᠳᠦᠰᠦᠨ ᠱᠠᠭᠠᠷᠳᠠᠯᠭ᠎ᠠ ᠪᠠ ᠦᠪᠡᠷᠳᠡᠭᠡᠨ | ᠵᠠᠰᠠᠬᠤ ᠤᠷᠤᠨ ᠠᠴᠠ ᠲᠤᠭᠲᠠᠭᠠᠭᠰᠠᠨ ᠵᠢᠭᠠᠨ ᠰᠤᠷᠭᠠᠬᠤ ᠰᠠᠨᠠᠭᠤᠯᠭ᠎ᠠ ᠶᠤᠰᠤᠭᠠᠷ᠂ ᠰᠤᠷᠭᠠᠭᠤᠯᠢ ᠶᠢᠨ ᠪᠤᠳᠠᠳᠤ | ᠪᠠᠶᠢᠳᠠᠯ ᠲᠠᠢ ᠪᠠᠨ ᠤᠶᠠᠯᠳᠤᠭᠤᠯᠤᠨ ᠵᠤᠬᠢᠰᠲᠠᠢ ᠪᠠᠷ ᠲᠤᠬᠢᠷᠠᠭᠤᠯᠵᠤ ᠪᠤᠯᠤᠨ᠎ᠠ᠃ | 5. ᠨᠢᠭᠡᠳᠦᠯᠳᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠬᠢᠴᠢᠶᠡᠯ ᠲᠦᠷᠦᠯ ᠤᠨ ᠪᠠᠭᠰᠢ ᠲᠤᠲᠠᠭᠳᠠᠵᠤ | ᠪᠠᠶᠢᠭ᠎ᠠ ᠠᠰᠠᠭᠤᠳᠠᠯ ᠢ ᠬᠡᠷᠬᠢᠨ ᠰᠢᠢᠳᠪᠦᠷᠢᠯᠡᠬᠦ ᠪᠤᠢ︖ | ᠶᠡᠷᠦᠩᠬᠡᠢ ᠪᠠᠶᠢᠳᠠᠯ ᠠᠴᠠ ᠨᠢ ᠦᠵᠡᠪᠡᠯ᠂ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠪᠠ ᠠᠩᠬ᠎ᠠ ᠵᠡᠷᠭᠡ ᠶᠢᠨ | ᠲᠤᠮᠳᠠᠳᠤ ᠰᠤᠷᠭᠠᠭᠤᠯᠢ ᠶᠢᠨ ᠨᠢᠭᠡᠳᠦᠭᠡᠷ ᠤᠨ ᠤ ᠬᠡᠯᠡ ᠪᠢᠴᠢᠭ ᠤᠨ ᠪᠠᠭᠰᠢ ᠲᠡᠮᠡᠢ ᠶᠡᠭᠡ ᠲᠤᠳᠠᠭᠳᠠᠵᠤ ᠦᠭᠡᠢ᠃ | ᠭᠤᠤᠯᠳᠠᠭᠤ ᠭᠤᠷᠪᠠᠨ ᠲᠠᠯ᠎ᠠ ᠶᠢᠨ ᠠᠷᠭ᠎ᠠ ᠬᠡᠯᠪᠡᠷᠢ ᠪᠠᠷ ᠬᠤᠪᠢᠶᠠᠷᠢᠯᠠᠨ ᠲᠤᠬᠢᠷᠠᠭᠤᠯᠤᠨ᠎ᠠ᠄ ᠨᠢᠭᠡ ᠳᠤ᠂ ᠰᠤᠷᠭᠠᠨ | ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠲᠤᠰ ᠭᠠᠵᠠᠷ ᠤᠷᠤᠨ ᠤ ᠪᠠᠨ ᠦᠨᠳᠦᠰᠦᠳᠡᠨ ᠤ | ᠬᠡᠯᠡ ᠪᠠᠷ ᠬᠢᠴᠢᠶᠡᠯᠯᠡᠵᠤ ᠪᠠᠶᠢᠭ᠎ᠠ ᠲᠤᠮᠳᠠᠳᠤ ᠪᠠᠭ᠎ᠠ ᠰᠤᠷᠭᠠᠭᠤᠯᠢ ᠶᠢ ᠵᠢᠯᠤᠭᠤᠳᠴᠤ ᠪᠠᠶᠢᠭᠠᠳ ᠳᠤᠳᠤᠭᠠᠲᠤ | ᠲᠤᠬᠢᠷᠠᠭᠤᠯᠭ᠎ᠠ ᠪᠠᠷ ᠳᠠᠮᠵᠢᠭᠤᠯᠵᠤ᠂ ᠤᠯᠤᠰ ᠤᠨ ᠨᠢᠭᠡᠳᠦᠯᠳᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ | ᠬᠢᠴᠢᠶᠡᠯ ᠲᠦᠷᠦᠯ ᠤᠨ ᠪᠠᠭᠰᠢ ᠶᠢ ᠤᠷᠢᠳ ᠢᠶᠠᠷ ᠲᠤᠬᠢᠷᠠᠭᠤᠯᠬᠤ ᠶᠢ ᠪᠠᠳᠤᠯᠠᠨ᠎ᠠ︔ ᠬᠤᠶᠠᠷ ᠲᠤ᠂ ᠦᠨᠡᠨ ᠬᠦ | ᠬᠦᠴᠢᠷᠳᠡᠯ ᠲᠠᠢ ᠰᠤᠷᠭᠠᠭᠤᠯᠢ ᠳᠤ ᠬᠤᠰᠢᠭᠤ ᠰᠢᠶᠠᠨ ᠤ ᠬᠡᠪᠴᠢᠶᠡᠨ ᠤ ᠲᠤᠳᠤᠷᠠᠬᠢ ᠰᠤᠷᠭᠠᠭᠤᠯᠢ ᠨᠤᠭᠤᠳ ᠤᠨ | ᠬᠤᠭᠤᠷᠤᠨᠳᠤᠬᠢ ᠬᠠᠷᠢᠯᠴᠠᠭ᠎ᠠ ᠪᠠᠷ ᠳᠠᠮᠵᠢᠵᠤ ᠰᠢᠢᠳᠪᠦᠷᠢᠯᠡᠨ᠎ᠡ︔ ᠭᠤᠷᠪᠠ ᠳᠤ᠂ ᠪᠠᠭᠰᠢ ᠶᠢᠨ ᠬᠦᠴᠦᠨ ᠤᠨᠴᠠ | ᠶᠡᠭᠡ ᠪᠠᠷ ᠲᠤᠳᠠᠭᠳᠠᠵᠤ ᠪᠠᠶᠢᠭ᠎ᠠ ᠭᠠᠵᠠᠷ ᠤᠷᠤᠨ ᠳᠤ ᠠᠶᠢᠮᠠᠭ ᠬᠤᠳᠠ ᠪᠠᠷ ᠨᠢᠭᠡᠴᠢ ᠪᠤᠯᠭᠠᠨ ᠲᠤᠬᠠᠢ ᠶᠢᠨ ᠭᠠᠵᠠᠷ | ᠤᠷᠤᠨ ᠠᠴᠠ ᠨᠢ ᠠᠵᠢᠯ ᠤᠨ ᠪᠠᠶᠢᠷᠢᠨ ᠳᠤ ᠪᠠᠶᠢᠭ᠎ᠠ ᠪᠤᠶᠤ ᠤᠶᠢᠷ᠎ᠠ ᠶᠢᠨ ᠲᠠᠪᠤᠨ ᠵᠢᠯ ᠳᠤ ᠠᠵᠢᠯ ᠠᠴᠠ ᠪᠠᠨ | ᠠᠮᠠᠷᠠᠭᠰᠠᠨ ᠪᠠᠭᠰᠢ᠂ ᠵᠢᠭᠠᠬᠤ ᠶᠢ ᠰᠤᠳᠤᠯᠤᠭᠴᠢ ᠵᠢᠴᠢ ᠵᠢᠭᠠᠨ ᠰᠤᠷᠭᠠᠯᠲᠠ ᠶᠢᠨ ᠱᠠᠭᠠᠷᠳᠠᠯᠭ᠎ᠠ ᠶᠢ ᠡᠭᠦᠷᠭᠡᠯᠡᠵᠤ | ᠲᠡᠶᠢᠯᠬᠦ ᠪᠤᠰᠤᠳ ᠰᠤᠷᠭᠠᠨ ᠬᠦᠮᠦᠵᠢᠯ ᠤᠨ ᠠᠵᠢᠯᠳᠠᠳ ᠢ ᠦᠨᠳᠦᠰᠦᠳᠡᠨ ᠤ ᠰᠤᠷᠭᠠᠭᠤᠯᠢ ᠳᠤ ᠲᠠᠬᠢᠨᠲᠠ ᠤᠷᠢᠵᠦ | ᠰᠤᠷᠭᠠᠨ ᠬᠦᠮᠦᠵᠢᠯ ᠢ ᠲᠡᠮᠵᠢᠭᠦᠯᠦᠨᠡ᠃ | 6. ᠵᠢᠭᠠᠨ ᠰᠣᠷᠭᠠᠯᠲᠠ ᠶᠢᠨ ᠱᠠᠭᠠᠷᠳᠠᠯᠭ᠎ᠠ ᠳᠤ ᠲᠦᠷ ᠴᠠᠭ ᠨᠡᠶᠢᠴᠡᠬᠦ ᠦᠭᠡᠢ ᠪᠠᠭᠰᠢ ᠨᠠᠷ ᠤᠨ ᠬᠠᠷᠠᠭᠠᠯᠵᠠᠯ | ᠨᠦᠯᠦᠭᠡᠯᠡᠭᠳᠡᠬᠦ ᠤᠤ︖ | ᠰᠣᠷᠭᠠᠨ ᠬᠦᠮᠦᠵᠢᠯ ᠤᠨ ᠲᠢᠩᠬᠢᠮ ᠠᠴᠠ ᠲᠠᠷᠦᠮᠠᠯᠯᠠᠨ ᠲᠠᠷᠬᠠᠭᠠᠭᠰᠠᠨ ︽ᠬᠡᠷᠡᠭᠵᠢᠭᠦᠯᠬᠦ ᠲᠦᠰᠦᠯ︾ ᠳᠤ᠂ | ᠨᠢᠭᠡᠳᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠵᠢᠭᠠᠨ ᠰᠣᠷᠭᠠᠯᠲᠠ ᠶᠢᠨ ᠱᠠᠭᠠᠷᠳᠠᠯᠭ᠎ᠠ ᠳᠤ ᠲᠦᠷ ᠴᠠᠭ | ᠨᠡᠶᠢᠴᠡᠬᠦ ᠦᠭᠡᠢ ᠪᠠᠭᠰᠢ ᠨᠠᠷ ᠢ ᠬᠤᠪᠢ ᠬᠦᠮᠦᠨ ᠤ ᠬᠢᠨᠢ ᠬᠦᠰᠡᠯᠲᠡ ᠶᠢ ᠬᠦᠨᠳᠦᠳᠭᠡᠵᠦ᠂ ᠣᠨᠳᠣᠣ ᠪᠠᠶᠢᠷᠢ ᠳᠤ | ᠬᠤᠪᠢᠶᠠᠷᠢᠯᠠᠬᠤ ᠪᠣᠶᠣ ᠣᠣᠯ ᠠᠵᠢᠯ ᠤᠨ ᠪᠠᠶᠢᠷᠢ ᠳᠠᠭᠠᠨ ᠲᠠᠭᠠᠵᠦ ᠪᠣᠯᠪᠠᠰᠣᠷᠠᠬᠤ ᠶᠢ ᠰᠣᠩᠭᠤᠭᠤᠯᠵᠦ᠂ ᠪᠠᠭᠰᠢ | ᠨᠠᠷ ᠤᠨ ᠠᠵᠢᠯᠲᠡᠨ ᠤ ᠶᠠᠪᠤᠳᠠᠯ ᠤᠨ ᠪᠡᠶ᠎ᠡ ᠶᠢᠨ ᠭᠠᠷᠦᠯ᠂ ᠡᠭᠦᠷᠭᠡ ᠲᠣᠰᠢᠶᠡᠯ ᠮᠡᠷᠭᠡᠵᠢᠯ ᠤᠨ ᠴᠣᠯᠠ᠂ ᠴᠠᠯᠢᠩ | ᠮᠦᠩᠭᠦ ᠶᠢᠨ ᠤᠯᠭᠤᠮᠵᠢ ᠵᠡᠷᠭᠡ ︽ᠭᠤᠷᠪᠠ ᠶᠢ ᠬᠤᠪᠢᠷᠠᠭᠤᠯᠬᠤ ᠦᠭᠡᠢ︾ ᠶᠢ ᠦᠨᠡᠨ ᠬᠦ ᠪᠠᠳᠣᠯᠠᠵᠦ᠂ | ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠪᠠᠭᠰᠢ ᠨᠠᠷ ᠤᠨ ᠬᠠᠣᠯᠢ ᠶᠣᠰᠣᠨ ᠤ ᠡᠷᠬᠡ ᠠᠰᠢᠭ ᠢ ᠪᠠᠳᠣᠯᠠᠨ᠎ᠠ᠃ 7. | ᠰᠣᠷᠭᠠᠭᠤᠯᠢ ᠡᠬᠢᠯᠡᠮᠡᠷ ᠪᠣᠯᠣᠭᠰᠠᠨ ᠪᠠᠶᠢᠳᠠᠯ ᠳᠤ ᠨᠢᠭᠡᠳᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠵᠢᠭᠠᠬᠤ | ᠮᠠᠲ᠋ᠧᠷᠢᠶᠠᠯ ᠢ ᠴᠠᠭ ᠲᠤ ᠪᠠᠨ ᠠᠮᠵᠢᠵᠦ ᠰᠤᠷᠤᠭᠴᠢᠳ ᠲᠤ ᠤᠯᠭᠤᠵᠤ ᠴᠢᠳᠠᠬᠤ ᠤᠤ︖ | ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠬᠦ | ᠳᠣᠮᠳᠠᠳᠣ ᠪᠠᠭ᠎ᠠ ᠰᠣᠷᠭᠠᠭᠤᠯᠢ ᠶᠢᠨ ᠵᠢᠭᠠᠨ ᠰᠣᠷᠭᠠᠯᠲᠠ ᠶᠢᠨ ᠨᠣᠮ ᠤᠨ ᠭᠠᠷᠴᠠᠭ︾ ᠢ ᠦᠨᠳᠦᠰᠦᠯᠡᠵᠦ᠂ ᠡᠯ᠎ᠡ | ᠠᠶᠢᠮᠠᠭ ᠬᠤᠲᠠ᠂ ᠬᠤᠰᠢᠭᠤ ᠰᠢᠶᠠᠨ ᠤ ᠰᠣᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ | ᠬᠠᠷᠢᠶᠠᠯᠠᠭᠳᠠᠬᠤ ᠭᠠᠵᠠᠷ ᠣᠷᠣᠨ ᠤ ᠪᠠᠨ ᠳᠣᠮᠳᠠᠳᠣ ᠪᠠᠭ᠎ᠠ ᠰᠣᠷᠭᠠᠭᠤᠯᠢ ᠶᠢᠨ ᠨᠢᠭᠡᠳᠦᠯᠲᠡᠢ ᠨᠠᠶᠢᠷᠠᠭᠤᠯᠣᠭᠰᠠᠨ | ︽ᠬᠡᠯᠡ ᠪᠢᠴᠢᠭ︾ ᠤᠨ ᠬᠢᠴᠢᠶᠡᠯ ᠤᠨ ᠬᠡᠷᠡᠭᠯᠡᠬᠦ ᠨᠣᠮ ᠤᠨ ᠲᠤᠭ᠎ᠠ ᠶᠢ ᠨᠢᠭᠡᠨᠲᠡ ᠨᠠᠷᠢᠨ ᠬᠢᠨᠠᠮᠠᠭᠠᠢ ᠬᠠᠷᠭᠤᠭᠤᠯᠵᠦ᠂ | ᠵᠢᠭᠠᠨ ᠰᠣᠷᠭᠠᠯᠲᠠ ᠳᠤ ᠬᠡᠷᠡᠭᠯᠡᠬᠦ ᠨᠣᠮ ᠵᠠᠬᠢᠶᠠᠯᠠᠬᠤ ᠠᠵᠢᠯ ᠢ ᠪᠡᠶᠡᠯᠡᠭᠦᠯᠵᠡᠢ᠃ ᠪᠠᠭ᠎ᠠ ᠰᠣᠷᠭᠠᠭᠤᠯᠢ ᠶᠢᠨ ᠨᠢᠭᠡᠳᠦᠭᠡᠷ | ᠣᠨ᠂ ᠠᠩᠬ᠎ᠠ ᠵᠡᠷᠭᠡ ᠶᠢᠨ ᠳᠣᠮᠳᠠᠳᠦ ᠰᠣᠷᠭᠠᠭᠤᠯᠢ ᠶᠢᠨ ᠨᠢᠭᠡᠳᠦᠭᠡᠷ ᠣᠨ ᠳᠤ ᠬᠡᠷᠡᠭᠯᠡᠬᠦ ᠣᠯᠣᠰ ᠤᠨ ᠨᠢᠭᠡᠳᠦᠯᠲᠡᠢ | ᠨᠠᠶᠢᠷᠠᠭᠤᠯᠣᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ 8 ᠳ᠋ᠣᠭᠠᠷ ᠰᠠᠷ᠎ᠠ ᠶᠢᠨ 15 ᠳᠤ ᠪᠦᠬᠦᠨ ᠢ | ᠲᠠᠷᠬᠠᠭᠠᠬᠤ ᠪᠠᠶᠢᠭᠤᠯᠤᠮᠵᠢ ᠳᠤ ᠨᠢᠭᠡᠨᠲᠡ ᠲᠣᠰᠢᠶᠠᠵᠦ᠂ ᠬᠢᠴᠢᠶᠡᠯᠯᠡᠬᠦ ᠠᠴᠠ ᠡᠮᠣᠨ᠎ᠡ ᠰᠤᠷᠤᠭᠴᠢ ᠪᠦᠷᠢ ᠳᠤ | ᠬᠢᠴᠢᠶᠡᠯ ᠤᠨ ᠪᠢᠴᠢᠭ ᠲᠠᠢ ᠭᠡᠳᠡᠭ ᠢ ᠪᠠᠳᠣᠯᠠᠵᠦ ᠴᠢᠳᠠᠨ᠎ᠠ᠃ | 8. ᠨᠢᠭᠡᠳᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠪᠠᠭᠰᠢ ᠶᠢ ᠬᠦᠳᠡᠯᠦᠩᠭᠦᠢ ᠪᠠᠷ ᠨᠦᠬᠦᠪᠦᠷᠢᠯᠡᠬᠦ | ᠠᠵᠢᠯ ᠢ ᠶᠠᠭᠠᠬᠢᠵᠦ ᠰᠠᠶᠢᠨ ᠬᠢᠬᠦ ᠪᠣᠢ︖ | ᠠᠯᠪᠠᠨ ᠵᠠᠷᠦᠳᠠᠯ ᠢᠶᠠᠷ ᠪᠠᠭᠰᠢ ᠪᠣᠯᠪᠠᠰᠣᠷᠠᠭᠤᠯᠬᠤ ᠲᠦᠯᠦᠪᠯᠡᠭᠡ ᠶᠢ ᠬᠡᠷᠡᠭᠵᠢᠭᠦᠯᠦᠨ᠎ᠡ᠃ 2021 ᠣᠨ ᠠᠴᠠ | ᠡᠬᠢᠯᠡᠨ ᠦᠪᠡᠷᠲᠡᠭᠡᠨ ᠵᠠᠰᠠᠬᠤ ᠣᠷᠣᠨ ᠤ ᠠᠯᠪᠠᠨ ᠵᠠᠷᠦᠳᠠᠯ ᠢᠶᠠᠷ ᠪᠠᠭᠰᠢ ᠬᠦᠮᠦᠵᠢᠭᠦᠯᠬᠦ ᠲᠦᠯᠦᠪᠯᠡᠭᠡ ᠶᠢ ᠵᠣᠬᠢᠶᠠᠨ | ᠪᠠᠶᠢᠭᠤᠯᠣᠨ ᠬᠡᠷᠡᠭᠵᠢᠭᠦᠯᠵᠦ᠂ ᠬᠡᠯᠡ ᠪᠢᠴᠢᠭ ᠤᠨ ᠬᠢᠴᠢᠶᠡᠯ ᠲᠦᠷᠦᠯ ᠤᠨ ᠠᠯᠪᠠᠨ ᠵᠠᠷᠦᠳᠠᠯ ᠢᠶᠠᠷ ︽ᠬᠤᠣᠰ ᠬᠡᠯᠡᠨ︾ | ᠤ ᠪᠠᠭᠰᠢ ᠬᠦᠮᠦᠵᠢᠭᠦᠯᠬᠦ ᠳᠤ ᠵᠤᠷᠢᠭᠤᠯᠤᠭᠰᠠᠨ ᠰᠤᠷᠤᠭᠴᠢ ᠡᠯᠰᠡᠬᠦ ᠲᠦᠯᠦᠪᠯᠡᠭᠡ ᠶᠢ ᠲᠣᠰᠬᠠᠢ ᠲᠣᠬᠢᠷᠠᠭᠤᠯᠣᠨ᠎ᠠ᠃ | ᠣᠯᠣᠰ ᠤᠨ ᠰᠣᠷᠭᠠᠨ ᠬᠦᠮᠦᠵᠢᠯ ᠤᠨ ᠶᠠᠮᠣᠨ ᠤ ᠲᠡᠮᠵᠢᠯᠭᠡ ᠶᠢ ᠣᠯᠵᠦ᠂ ᠶᠠᠮᠣᠨ ᠤ ᠬᠠᠷᠢᠶᠠᠲᠦ ᠪᠠᠭᠰᠢ ᠶᠢᠨ ᠶᠡᠭᠡ | ᠰᠣᠷᠭᠠᠭᠤᠯᠢ ᠶᠢᠨ ᠬᠡᠯᠡ ᠪᠢᠴᠢᠭ ᠤᠨ ᠬᠢᠴᠢᠶᠡᠯ ᠲᠦᠷᠦᠯ ᠤᠨ ︽ᠬᠤᠣᠰ ᠬᠡᠯᠡᠨ︾ ᠤ ᠪᠠᠭᠰᠢ ᠶᠢᠨ ᠰᠣᠷᠣᠭᠴᠢ | ᠡᠯᠰᠡᠬᠦ ᠲᠦᠯᠦᠪᠯᠡᠭᠡ ᠶᠢ ᠨᠡᠮᠡᠭᠳᠡᠭᠦᠯᠵᠦ᠂ ᠬᠡᠯᠡ ᠪᠢᠴᠢᠭ ᠤᠨ ᠬᠢᠴᠢᠶᠡᠯ ᠲᠦᠷᠦᠯ ᠤᠨ ︽ᠬᠤᠣᠰ ᠬᠡᠯᠡᠨ︾ ᠤ ᠪᠠᠭᠰᠢ | ᠬᠦᠮᠦᠵᠢᠭᠦᠯᠬᠦ ᠶᠢ ᠲᠦᠷᠭᠡᠳᠭᠡᠨ᠎ᠡ᠃ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠳᠣᠮᠳᠠᠳᠦ ᠪᠠᠭ᠎ᠠ ᠰᠣᠷᠭᠠᠭᠤᠯᠢ ᠳᠤ | ᠣᠯᠣᠰ ᠤᠨ ᠨᠢᠭᠡᠳᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠤᠨ | ᠠᠬᠢᠴᠠ ᠶᠢᠨ ᠴᠠᠭ ᠤᠨ ᠬᠤᠪᠢᠶᠠᠷᠢᠯᠠᠯ ᠢ ᠦᠨᠳᠦᠰᠦᠯᠡᠵᠦ᠂ ᠡᠯ᠎ᠠ ᠱᠠᠲᠤᠨ ᠤ ᠤᠷᠤᠨ ᠲᠤᠭ᠎ᠠ ᠶᠢᠨ ᠪᠠᠶᠢᠭᠤᠯᠣᠮᠵᠢ ᠨᠢ | ᠪᠠᠭᠰᠢ ᠶᠢᠨ ᠣᠷᠣᠨ ᠲᠤᠭ᠎ᠠ ᠶᠢ ᠵᠣᠬᠢᠰᠲᠠᠢ ᠲᠣᠬᠢᠷᠠᠭᠤᠯᠤᠨ᠎ᠠ᠃ ᠬᠦᠮᠦᠨ ᠤ ᠬᠦᠴᠦᠨ ᠤ ᠡᠬᠢ ᠰᠤᠷᠪᠤᠯᠵᠢ ᠪᠠ | ᠨᠡᠶᠢᠭᠡᠮ ᠤᠨ ᠪᠠᠳᠤᠯᠠᠭ᠎ᠠ ᠶᠢᠨ ᠰᠠᠯᠠᠭ᠎ᠠ ᠮᠦᠴᠢᠷ ᠤᠳ ᠦᠨᠳᠦᠰᠦᠳᠡᠨ ᠤ ᠬᠡᠯᠡ ᠪᠠᠷ ᠬᠢᠴᠢᠶᠡᠯᠯᠡᠬᠦ ᠲᠤᠮᠳᠠᠳᠤ ᠪᠠᠭ᠎ᠠ | ᠰᠤᠷᠭᠠᠭᠤᠯᠢ ᠶᠢᠨ ᠬᠡᠯᠡ ᠪᠢᠴᠢᠭ ᠤᠨ ᠬᠢᠴᠢᠶᠡᠯ ᠲᠦᠷᠦᠯ ᠤᠨ ︽ᠬᠤᠤᠰ ᠬᠡᠯᠡᠨ︾ ᠤ ᠪᠠᠭᠰᠢ ᠤᠷᠢᠵᠤ | ᠨᠦᠭᠦᠪᠦᠷᠢᠯᠡᠬᠦ ᠠᠵᠢᠯ ᠢ ᠵᠤᠬᠢᠰᠲᠠᠢ ᠲᠤᠬᠢᠷᠠᠭᠤᠯᠵᠤ᠂ ᠬᠡᠯᠡ ᠪᠢᠴᠢᠭ ᠤᠨ ᠪᠠᠭᠰᠢ ᠨᠠᠷ ᠤᠨ ᠤᠷᠤᠨ ᠲᠤᠭ᠎ᠠ ᠶᠢ | ᠬᠦᠢᠴᠡᠳ ᠬᠠᠩᠭᠠᠨ ᠲᠤᠬᠢᠷᠠᠭᠤᠯᠬᠤ ᠬᠡᠷᠡᠭᠳᠡᠢ᠃ | 9. ᠨᠢᠭᠡᠳᠦᠯᠳᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠲᠠᠯ᠎ᠠ ᠪᠠᠷ ᠬᠢ ᠰᠤᠷᠭᠠᠨ ᠬᠦᠮᠦᠵᠢᠯ ᠢ | ᠲᠠᠮᠵᠢᠨ ᠲᠤᠰᠠᠯᠠᠬᠤ ᠪᠠᠭᠰᠢ ᠶᠢᠨ ᠬᠤᠯᠪᠤᠭᠳᠠᠯ ᠪᠦᠬᠦᠢ ᠬᠠᠷᠠᠭᠠᠯᠵᠠᠯ ᠢ ᠶᠠᠭᠠᠬᠢᠵᠤ ᠪᠠᠳᠤᠯᠠᠬᠤ ᠪᠤᠢ︖ | ᠡᠯᠰᠡᠵᠤ ᠢᠷᠡᠭᠰᠡᠨ ᠰᠤᠷᠭᠠᠨ ᠬᠦᠮᠦᠵᠢᠯ ᠢ ᠲᠡᠮᠵᠢᠨ ᠲᠤᠰᠠᠯᠠᠬᠤ ᠪᠠᠭᠰᠢ ᠶᠢᠨ ᠠᠵᠢᠯ ᠤᠨ ᠵᠠᠷᠤᠳᠠᠯ ᠪᠤᠯᠤᠨ | ᠠᠮᠢᠳᠤᠷᠠᠯ ᠤᠨ ᠬᠠᠷᠠᠭᠠᠯᠵᠠᠯ ᠢ ᠤᠯᠤᠰ ᠤᠨ ︽ᠪᠣᠭᠤᠷᠣᠯᠴᠣᠳ ᠤᠨ ᠬᠢᠴᠢᠶᠡᠯ ᠬᠦᠮᠦᠵᠢᠯ ᠤᠨ ᠲᠠᠪᠴᠠᠩ ᠤᠨ | ᠲᠦᠯᠦᠪᠯᠡᠭᠡ︾ ᠶᠢᠨ ᠲᠤᠭᠲᠠᠭᠠᠭᠰᠠᠨ ᠪᠠᠷᠢᠮᠵᠢᠶ᠎ᠠ ᠠᠴᠠ ᠦᠨᠳᠦᠷ ᠪᠠᠶᠢᠯᠭᠠᠵᠤ᠂ ᠲᠤᠰᠠᠯᠠᠮᠵᠢ ᠬᠦᠯᠢᠶᠡᠭᠰᠡᠨ | ᠰᠤᠷᠭᠠᠭᠤᠯᠢ ᠨᠤᠭᠤᠳ ᠤᠷᠤᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠲᠠᠢ ᠪᠠᠭᠰᠢ ᠨᠠᠷ ᠲᠤ ᠲᠦᠷ ᠴᠠᠭ | ᠰᠠᠭᠤᠬᠤ ᠪᠠᠶᠢᠷᠢ ᠲᠤᠬᠢᠷᠠᠭᠤᠯᠵᠤ᠂ ᠠᠮᠢᠳᠤᠷᠠᠯ ᠤᠨ ᠬᠡᠷᠡᠭᠯᠡᠵᠦ ᠵᠠᠷᠤᠬᠤ ᠲᠦᠭᠦᠭᠡᠷᠦᠮᠵᠢ ᠶᠢ ᠨᠢ ᠲᠤᠬᠢᠷᠠᠭᠤᠯᠵᠤ | ᠦᠭᠭᠦᠨ᠎ᠡ᠃ | 10. ᠨᠢᠭᠡᠳᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ | ᠲᠠᠷᠠᠭ᠎ᠠ᠂ ᠡᠨᠡ ᠬᠤᠭᠤᠴᠠᠭᠠᠨ ᠤ ᠰᠤᠷᠤᠭᠴᠢᠳ ᠲᠡᠭᠦᠰᠭᠦ ᠪᠠ ᠰᠤᠷᠭᠠᠭᠤᠯᠢ ᠳᠤ ᠲᠡᠪᠰᠢᠬᠦ ᠲᠦᠷᠦ ᠶᠢᠨ | ᠪᠤᠳᠤᠯᠭ᠎ᠠ ᠨᠢ ᠨᠦᠯᠦᠭᠡᠯᠡᠭᠳᠡᠨ᠎ᠡ ᠤᠤ︖ | ᠨᠢᠭᠡᠳᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ | ᠴᠡᠴᠡᠷᠯᠢᠭ ᠠᠴᠠ ᠪᠠᠭ᠎ᠠ ᠰᠤᠷᠭᠠᠭᠤᠯᠢ ᠳᠤ ᠲᠡᠪᠰᠢᠬᠦ᠂ ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠲᠤᠮᠳᠠᠳᠤ | ᠰᠤᠷᠭᠠᠭᠤᠯᠢ ᠳᠤ ᠲᠠᠪᠰᠢᠬᠦ᠂ ᠠᠩᠬ᠎ᠠ ᠵᠡᠷᠭᠡ ᠶᠢᠨ ᠲᠤᠮᠲᠠᠳᠤ ᠰᠤᠷᠭᠠᠭᠤᠯᠢ ᠠᠴᠠ ᠦᠨᠳᠦᠷ ᠵᠡᠷᠭᠡ ᠶᠢᠨ ᠳᠣᠮᠳᠠᠳᠣ | ᠰᠣᠷᠭᠠᠭᠤᠯᠢ ᠳᠤ ᠲᠡᠪᠰᠢᠬᠦ᠂ ᠲᠤᠮᠲᠠᠳᠤ ᠰᠤᠷᠭᠠᠭᠤᠯᠢ ᠪᠤᠯᠤᠨ ᠶᠡᠭᠡ ᠰᠤᠷᠭᠠᠭᠤᠯᠢ ᠶᠢᠨ ᠰᠢᠯᠭᠠᠯᠲᠠ ᠶᠢᠨ ᠲᠦᠷᠦ ᠶᠢᠨ | ᠪᠤᠳᠤᠯᠭ᠎ᠠ ᠲᠤᠭᠲᠠᠭᠤᠨ ᠪᠠᠶᠢᠬᠤ ᠶᠢ ᠦᠨᠡᠨ ᠬᠦ ᠪᠠᠳᠤᠯᠠᠵᠤ᠂ ᠰᠤᠷᠤᠭᠴᠢᠳ ᠤᠨ ᠲᠤᠰ ᠪᠡᠶ᠎ᠡ ᠶᠢᠨ ᠠᠰᠢᠭ | ᠲᠤᠰᠠ ᠶᠢ ᠪᠠᠳᠤᠯᠠᠨ᠎ᠠ᠃ ᠤᠯᠤᠰ ᠤᠨ ᠲᠦᠷᠦ ᠶᠢᠨ ᠪᠤᠳᠤᠯᠭ᠎ᠠ ᠶᠢᠨ ᠲᠡᠮᠵᠢᠯᠭᠡ ᠶᠢ ᠤᠯᠵᠤ᠂ ᠮᠠᠯᠵᠢᠬᠤ ᠲᠠᠷᠢᠶᠠᠯᠠᠬᠤ | ᠤᠷᠤᠨ ᠪᠤᠯᠤᠨ ᠶᠠᠳᠠᠭᠤ ᠬᠦᠴᠢᠷᠳᠡᠯ ᠲᠠᠢ ᠤᠷᠤᠨ ᠠᠴᠠ ᠰᠤᠷᠤᠭᠴᠢ ᠡᠯᠰᠡᠭᠦ ᠲᠤᠰᠬᠠᠢ ᠲᠦᠯᠦᠪᠯᠡᠭᠡ ᠶᠢ | ᠦᠷᠭᠦᠯᠵᠢᠯᠡᠨ ᠬᠡᠷᠡᠭᠵᠢᠭᠦᠯᠵᠤ᠂ ᠦᠨᠳᠦᠰᠦᠳᠡᠨ ᠤ ᠬᠡᠯᠡ ᠪᠠᠷ ᠬᠢᠴᠢᠶᠡᠯᠯᠡᠬᠦ ᠰᠤᠷᠤᠭᠴᠢᠳ ᠲᠤ ᠬᠡᠯᠪᠠᠶᠢᠯᠭᠡᠨ᠎ᠡ᠃ | 11. ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠳᠤ ᠰᠤᠷᠭᠠᠨ ᠬᠦᠮᠦᠵᠢᠯ ᠵᠢᠭᠠᠨ | ᠰᠤᠷᠭᠠᠯᠲᠠ ᠶᠢᠨ ᠴᠢᠨᠠᠷ ᠴᠢᠨᠰᠠᠭ᠎ᠠ ᠶᠢ ᠶᠠᠭᠠᠬᠢᠵᠤ ᠪᠠᠳᠤᠯᠠᠬᠤ ᠪᠤᠢ︖ | ᠪᠠᠭᠰᠢ ᠨᠠᠷ ᠤᠨ ᠵᠢᠭᠠᠨ ᠰᠤᠷᠭᠠᠯᠲᠠ ᠪᠤᠯᠤᠨ ᠰᠤᠷᠤᠭᠴᠢᠳ ᠤᠨ ᠰᠤᠷᠤᠯᠭ᠎ᠠ ᠲᠠᠢ ᠤᠶᠠᠯᠳᠤᠭᠤᠯᠵᠤ᠂ | ᠭᠤᠤᠯᠳᠠᠭᠤ ᠲᠤᠤᠷᠠᠬᠢ ᠲᠦᠷᠪᠡᠨ ᠲᠠᠯ᠎ᠠ ᠶᠢᠨ ᠠᠵᠢᠯ ᠢ ᠰᠠᠶᠢᠳᠦᠷ ᠬᠢᠨ᠎ᠡ᠄ | ᠨᠢᠭᠡ ᠳᠤ᠂ ᠪᠠᠭᠰᠢ ᠶᠢᠨ ᠪᠤᠯᠪᠠᠰᠤᠷᠠᠯ ᠢ ᠴᠢᠩᠭᠠᠳᠬᠠᠨ᠎ᠠ᠃ ᠰᠤᠷᠭᠠᠭᠤᠯᠢ ᠡᠬᠢᠯᠡᠬᠦ ᠠᠴᠠ ᠡᠮᠦᠨ᠎ᠡ᠂ ᠡᠯ᠎ᠡ | ᠠᠶᠢᠮᠠᠭ ᠬᠤᠳᠠ ᠲᠡᠷᠢᠭᠦᠯᠡᠨ ᠬᠢᠴᠢᠶᠡᠯ ᠤᠨ ᠪᠠᠷᠢᠮᠵᠢᠶ᠎ᠠ ᠪᠤᠯᠤᠨ ᠵᠢᠭᠠᠬᠤ ᠮᠠᠲ᠋ᠧᠷᠢᠶᠡᠯ ᠤᠨ ᠪᠤᠯᠪᠠᠰᠤᠷᠠᠯ ᠤᠨ ᠠᠵᠢᠯ ᠢ | ᠵᠤᠬᠢᠶᠠᠨ ᠪᠠᠶᠢᠭᠤᠯᠵᠤ᠂ ᠪᠠᠭᠰᠢ ᠨᠠᠷ ᠤᠨ ᠬᠢᠴᠢᠶᠡᠯ ᠤᠨ ᠪᠠᠷᠢᠮᠵᠢᠶ᠎ᠠ ᠶᠢ ᠬᠦᠨᠵᠡᠭᠡᠢ ᠰᠤᠳᠤᠯᠬᠤ ᠶᠢ ᠨᠢ ᠠᠬᠢᠭᠤᠯᠵᠤ᠂ | ᠵᠢᠭᠠᠬᠤ ᠮᠠᠲ᠋ᠧᠷᠢᠶᠠᠯ ᠨᠠᠶᠢᠷᠠᠭᠤᠯᠤᠭᠰᠠᠨ ᠤᠶᠢᠯᠠᠭᠠᠭᠳᠠᠬᠤᠨ᠂ ᠨᠠᠶᠢᠷᠠᠭᠤᠯᠵᠤ ᠪᠢᠴᠢᠭᠰᠡᠨ ᠰᠲ᠋ᠢᠯᠢ᠂ ᠪᠤᠳᠠᠳᠤ | ᠠᠭᠤᠯᠭ᠎ᠠ ᠪᠠ ᠱᠠᠭᠠᠷᠳᠠᠯᠭ᠎ᠠ ᠶᠢ ᠨᠡᠪᠲᠡᠷᠭᠡᠢ ᠡᠵᠡᠮᠰᠢᠭᠦᠯᠦᠨ᠎ᠡ᠃ ᠡᠬᠦᠨ ᠤ ᠬᠠᠮᠳᠤ ᠰᠦᠯᠵᠢᠶᠡᠨ ᠠᠴᠠ ᠭᠠᠳᠠᠭᠤᠷ | ᠲᠦᠪᠯᠡᠷᠡᠭᠦᠯᠵᠦ ᠪᠤᠯᠪᠠᠰᠤᠷᠠᠭᠤᠯᠬᠤ᠂ ᠰᠦᠯᠵᠢᠶ᠎ᠡ ᠪᠠᠷ ᠪᠤᠯᠪᠠᠰᠤᠷᠠᠭᠤᠯᠬᠤ᠂ ᠰᠤᠷᠭᠠᠭᠤᠯᠢ ᠶᠢᠨ ᠲᠤᠳᠤᠷ᠎ᠠ ᠰᠤᠳᠤᠯᠵᠤ | ᠪᠤᠯᠪᠠᠰᠤᠷᠠᠭᠤᠯᠬᠤ᠂ ᠬᠦᠳᠡᠭᠡ ᠲᠤᠰᠬᠤᠨ ᠳᠤ ᠤᠴᠢᠵᠤ ᠵᠢᠭᠠᠵᠤ ᠪᠤᠯᠪᠠᠰᠤᠷᠠᠭᠤᠯᠬᠤ ᠵᠢᠴᠢ ︽ᠨᠢᠭᠡ ᠳᠤ ᠨᠢᠭᠡ ᠶᠢ | ᠲᠤᠬᠢᠷᠠᠭᠤᠯᠤᠨ︾ ᠠᠵᠢᠯ ᠤᠨ ᠪᠠᠶᠢᠷᠢ ᠳᠤᠨᠢ ᠲᠠᠭᠠᠭᠤᠯᠣᠨ ᠪᠣᠯᠪᠠᠰᠣᠷᠠᠭᠤᠯᠬᠤ ᠵᠡᠷᠭᠡ ᠤᠯᠠᠨ ᠭᠡᠯᠪᠡᠷᠢ ᠪᠠᠷ | ᠪᠠᠭᠰᠢ ᠶᠢᠨ ᠲᠤᠰᠬᠠᠢ ᠪᠤᠯᠪᠠᠰᠤᠷᠠᠯ ᠢ ᠦᠷᠨᠢᠭᠦᠯᠦᠨ᠎ᠡ᠃ ᠲᠤᠰᠬᠠᠢ ᠪᠤᠯᠪᠠᠰᠤᠷᠠᠯ ᠲᠠᠭᠤᠰᠤᠭᠰᠠᠨ ᠤ ᠲᠠᠷᠠᠭ᠎ᠠ᠂ | ᠪᠠᠭᠰᠢ ᠨᠠᠷ ᠤᠨ ᠵᠢᠭᠠᠨ ᠰᠤᠷᠭᠠᠯᠲᠠ ᠶᠢᠨ ᠴᠢᠳᠠᠪᠤᠷᠢ ᠪᠤᠯᠤᠨ ᠪᠤᠯᠪᠠᠰᠤᠷᠠᠬᠤ ᠬᠡᠷᠡᠭᠴᠡᠭᠡ ᠱᠠᠭᠠᠷᠳᠠᠯᠭ᠎ᠠ ᠶᠢ ᠰᠢᠨᠵᠢᠯᠡᠬᠦ | ᠤᠬᠠᠭᠠᠨᠴᠢ ᠪᠠᠷ ᠰᠢᠨᠵᠢᠯᠡᠨ ᠲᠤᠭᠲᠠᠭᠠᠵᠤ᠂ ᠲᠠᠷᠠᠭᠠᠴᠢ ᠶᠢᠨ ᠠᠯᠬᠤᠮ ᠤᠨ ᠪᠤᠯᠪᠠᠰᠤᠷᠠᠯ ᠢ ᠦᠪᠡᠷᠳᠡᠭᠡᠨ ᠵᠠᠰᠠᠬᠤ | ᠤᠷᠤᠨ ᠤ ᠲᠤᠮᠲᠠᠳᠤ ᠪᠠᠭ᠎ᠠ ᠰᠤᠷᠭᠠᠭᠤᠯᠢ ᠶᠢᠨ ᠪᠠᠭᠰᠢ ᠨᠠᠷ ᠤᠨ ᠪᠤᠯᠪᠠᠰᠤᠷᠠᠯ ᠤᠨ ᠪᠦᠬᠦᠯᠢ ᠴᠤᠭᠴᠠᠳᠤ | ᠲᠦᠯᠦᠪᠵᠢᠭᠦᠯᠭᠡ ᠳᠤ ᠨᠢᠭᠡᠳᠦᠯᠳᠡᠢ ᠲᠦᠯᠦᠪᠯᠡᠨ ᠵᠤᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠬᠤᠶᠠᠷ ᠲᠤ᠂ ︽ᠵᠡᠷᠭᠡᠴᠡᠭᠡ ᠬᠢᠴᠢᠶᠡᠯᠯᠡᠭᠡ︾ ᠶᠢ ᠪᠠᠶᠢᠭᠤᠯᠵᠤ ᠬᠡᠷᠡᠭᠵᠢᠭᠦᠯᠦᠨ᠎ᠡ᠃ ᠨᠡᠷᠡᠲᠦ ᠪᠠᠭᠰᠢ᠂ | ᠰᠢᠯᠢᠳᠡᠭ ᠪᠠᠭᠰᠢ᠂ ᠭᠤᠤᠯᠯᠠᠭᠴᠢ ᠪᠠᠭᠰᠢ ᠶᠢ ᠵᠤᠬᠢᠶᠠᠨ ᠪᠠᠶᠢᠭᠤᠯᠵᠤ᠂ ᠦᠪᠡᠷᠳᠡᠭᠡᠨ ᠵᠠᠰᠠᠬᠤ ᠤᠷᠤᠨ ᠤ ᠰᠤᠷᠭᠠᠨ | ᠬᠦᠮᠦᠵᠢᠯ ᠤᠨ ᠡᠭᠦᠯᠡᠨ ᠲᠠᠪᠴᠠᠩ ᠢ ᠠᠰᠢᠭᠯᠠᠵᠤ᠂ ᠮᠤᠩᠭᠤᠯ ᠬᠡᠯᠡᠨ ᠤ ᠡᠬᠢ ᠪᠠᠶᠠᠯᠢᠭ ᠤᠨ ᠰᠦᠯᠵᠢᠶ᠎ᠡ ᠪᠤᠯᠤᠨ | ᠦᠪᠦᠷ ᠮᠤᠩᠭᠤᠯ ᠤᠨ ᠤᠳᠠᠰᠣᠳᠣ ᠲᠧᠯᠸᠢᠰ ᠢᠶᠠᠷ ︽ᠵᠡᠷᠭᠡᠴᠡᠭᠡ ᠬᠢᠴᠢᠶᠡᠯᠯᠡᠭᠡ︾ ᠶᠢ ᠨᠡᠪᠳᠡᠷᠡᠭᠦᠯᠵᠤ᠂ | ︽ᠰᠠᠭᠤᠷᠢ ᠠᠴᠠ ᠨᠢ ᠳᠠᠭᠠᠭᠠᠨ ᠪᠠᠲᠤᠯᠠᠬᠤ︾ ᠴᠢᠨᠠᠷᠲᠠᠢ ᠵᠢᠭᠠᠨ ᠰᠤᠷᠭᠠᠯᠲᠠ ᠶᠢᠨ ᠡᠬᠢ ᠪᠠᠶᠠᠯᠢᠭ ᠪᠤᠯᠭᠠᠵᠤ᠂ | ᠰᠤᠷᠤᠭᠴᠢᠳ ᠤᠨ ᠪᠡᠶ᠎ᠡ ᠪᠠᠨ ᠳᠠᠭᠠᠭᠠᠵᠤ ᠦᠪᠡᠰᠦᠪᠡᠨ ᠰᠤᠷᠬᠤ ᠪᠠ ᠪᠠᠭᠰᠢ ᠨᠠᠷ ᠤᠨ ᠪᠤᠯᠪᠠᠰᠤᠷᠠᠯ ᠳᠤ ᠬᠡᠷᠡᠭᠯᠡᠨ᠂ | ᠭᠠᠵᠠᠷ ᠤᠷᠤᠨ᠂ ᠰᠤᠷᠭᠠᠭᠤᠯᠢ᠂ ᠰᠤᠷᠤᠯᠭ᠎ᠠ ᠶᠢᠨ ᠭᠡᠰᠡᠭᠯᠡᠯ ᠤᠨ ᠪᠦᠬᠦ ᠲᠠᠯ᠎ᠠ ᠶᠢ ᠬᠠᠮᠣᠷᠬᠤ ᠪᠠᠷ ᠴᠢᠷᠮᠠᠶᠢᠨ᠎ᠠ᠃ | ᠭᠤᠷᠪᠠ ᠳᠤ᠂ ᠵᠢᠭᠠᠬᠤ ᠶᠢ ᠰᠤᠳᠤᠯᠬᠤ ᠵᠢᠯᠤᠭᠤᠳᠤᠮᠵᠢ ᠶᠢ ᠴᠢᠩᠭᠠᠳᠬᠠᠨ᠎ᠠ᠃ ᠦᠪᠡᠷᠳᠡᠭᠡᠨ ᠵᠠᠰᠠᠬᠤ | ᠤᠷᠤᠨ ᠤ ᠲᠦᠪᠰᠢᠨ ᠳᠤ᠂ ᠲᠤᠰᠬᠠᠢ ᠮᠡᠷᠭᠡᠵᠢᠯᠳᠡᠨ ᠤ ᠡᠩᠨᠡᠭᠡ ᠶᠢ ᠵᠤᠬᠢᠶᠠᠨ ᠪᠠᠶᠢᠭᠤᠯᠵᠤ᠂ ᠤᠯᠤᠰ ᠤᠨ | ᠨᠢᠭᠡᠳᠦᠯᠲᠡᠢ ᠨᠠᠶᠢᠷᠠᠭᠤᠯᠤᠭᠰᠠᠨ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠳᠤ ᠵᠠᠳᠠᠯᠤᠨ ᠰᠢᠨᠵᠢᠯᠡᠭᠦ ᠠᠵᠢᠯ ᠢ | ᠰᠠᠶᠢᠲᠤᠷ ᠬᠢᠵᠤ᠂ ᠵᠢᠭᠠᠬᠤ ᠮᠠᠲ᠋ᠧᠷᠢᠶᠠᠯ ᠨᠠᠶᠢᠷᠠᠭᠤᠯᠣᠨ ᠪᠢᠴᠢᠭᠰᠡᠨ ᠰᠢᠰᠲ᠋ᠧᠮ ᠪᠤᠯᠤᠨ ᠪᠦᠳᠦᠴᠡ ᠶᠢᠨ ᠠᠭᠤᠯᠭ᠎ᠠ ᠶᠢ | ᠦᠨᠳᠦᠰᠦᠯᠡᠨ᠂ ᠨᠢᠭᠡᠴᠢ ᠬᠤᠪᠢᠶᠠᠵᠤ ᠵᠢᠭᠠᠨ ᠰᠤᠷᠭᠠᠯᠲᠠ ᠶᠢᠨ ᠵᠢᠯᠤᠭᠤᠳᠬᠤ ᠰᠠᠨᠠᠯ ᠢ ᠲᠤᠭᠲᠠᠭᠠᠨ᠎ᠠ᠃ ᠡᠬᠦᠨ ᠤ | ᠬᠠᠮᠳᠤ᠂ ᠡᠯ᠎ᠡ ᠭᠠᠵᠠᠷ ᠤᠨ ᠵᠢᠭᠠᠬᠤ ᠶᠢ ᠰᠤᠳᠤᠯᠬᠤ ᠰᠠᠯᠠᠭ᠎ᠠ ᠮᠦᠴᠢᠷ ᠢ ᠵᠢᠭᠠᠨ ᠵᠢᠯᠤᠭᠤᠳᠴᠤ ᠪᠠᠶᠢᠭᠠᠳ | ᠰᠣᠷᠣᠯᠴᠠᠯᠭ᠎ᠠ ᠶᠢᠨ ᠪᠠᠶᠢᠳᠠᠯ ᠳᠤ ᠵᠠᠳᠠᠯᠤᠨ ᠰᠢᠨᠵᠢᠯᠡᠯᠲᠡ ᠶᠢ ᠬᠢᠨᠠᠮᠠᠭᠠᠢ ᠦᠷᠨᠢᠭᠦᠯᠵᠤ᠂ ᠬᠢᠴᠢᠶᠡᠯ ᠤᠨ ᠲᠠᠩᠬᠢᠮ ᠤᠨ | ᠵᠢᠭᠠᠨ ᠰᠤᠷᠭᠠᠯᠲᠠ ᠳᠤ ᠴᠠᠭ ᠲᠣᠬᠠᠢ ᠳᠤᠨᠢ ᠦᠨᠡᠯᠡᠮᠵᠢ ᠬᠢᠵᠦ᠂ ᠵᠢᠭᠠᠨ ᠰᠤᠷᠭᠠᠯᠲᠠ ᠶᠢᠨ ᠠᠬᠢᠴᠠ ᠶᠢ ᠰᠢᠨᠵᠢᠯᠡᠬᠦ | ᠤᠬᠠᠭᠠᠨᠴᠢ ᠪᠠᠷ ᠲᠤᠬᠢᠷᠠᠭᠤᠯᠵᠤ᠂ ᠵᠢᠭᠠᠨ ᠰᠤᠷᠭᠠᠬᠤ ᠴᠢᠨᠠᠷ ᠴᠢᠨᠰᠠᠭ᠎ᠠ ᠶᠢ ᠦᠨᠡᠨ ᠬᠦ ᠪᠠᠳᠤᠯᠠᠨ᠎ᠠ᠃ | ᠲᠦᠷᠪᠡ ᠳᠤ᠂ ᠦᠨᠡᠯᠡᠯᠲᠡ ᠬᠢᠬᠦ ᠪᠠᠷᠢᠮᠵᠢᠶ᠎ᠠ ᠶᠢ ᠲᠤᠬᠢᠷᠠᠭᠤᠯᠤᠨ᠎ᠠ᠃ ᠰᠤᠷᠤᠭᠴᠢᠳ ᠤᠨ ᠮᠡᠳᠡᠯᠭᠡ ᠶᠢᠨ | ᠲᠦᠪᠰᠢᠨ ᠪᠠ ᠬᠢᠴᠢᠶᠡᠯ ᠤᠨ ᠴᠠᠭ ᠤᠨ ᠪᠦᠳᠦᠴᠡ ᠶᠢ ᠦᠨᠳᠦᠰᠦᠯᠡᠵᠤ᠂ ᠵᠢᠭᠠᠨ ᠰᠤᠷᠭᠠᠬᠤ ᠬᠠᠷᠠᠯᠲᠠ ᠪᠠᠨ | ᠰᠢᠨᠵᠢᠯᠡᠬᠦ ᠤᠬᠠᠭᠠᠨᠴᠢ ᠪᠠᠷ ᠲᠤᠭᠲᠠᠭᠠᠵᠤ᠂ ᠬᠢᠴᠢᠶᠡᠯ ᠤᠨ ᠬᠡᠯᠪᠡᠷᠢ ᠶᠢ ᠠᠮᠢᠳᠤᠯᠢᠭ ᠢᠶᠠᠷ ᠪᠠᠶᠢᠷᠢᠰᠢᠭᠤᠯᠤᠨ᠂ | ᠰᠢᠯᠭᠠᠯᠲᠠ ᠪᠠᠷ ᠦᠨᠡᠯᠡᠯᠲᠡ ᠬᠢᠬᠦ ᠪᠠᠷᠢᠮᠵᠢᠶ᠎ᠠ ᠳᠤ ᠵᠤᠬᠢᠬᠤ ᠲᠤᠬᠢᠷᠠᠭᠤᠯᠤᠯᠲᠠ ᠬᠢᠨ᠎ᠡ᠃ | 12. ᠨᠢᠭᠡᠳᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠰᠤᠷᠭᠠᠨ ᠬᠦᠮᠦᠵᠢᠯ ᠤᠨ ᠡᠬᠢ ᠪᠠᠶᠠᠯᠢᠭ ᠢ | ᠶᠠᠭᠠᠬᠢᠵᠤ ᠦᠷ᠎ᠡ ᠪᠦᠳᠦᠮᠵᠢ ᠲᠠᠢ ᠬᠠᠩᠭᠠᠬᠤ ᠪᠤᠢ︖ | ᠦᠪᠡᠷᠳᠡᠭᠡᠨ ᠵᠠᠰᠠᠬᠤ ᠤᠷᠤᠨ ᠤ ᠵᠢᠭᠠᠬᠤ ᠶᠢ ᠰᠤᠳᠤᠯᠬᠤ ᠲᠠᠰᠤᠭ᠂ ᠮᠡᠳᠡᠭᠡ ᠵᠠᠩᠬᠢ ᠶᠢᠨ ᠲᠦᠪ ᠠᠴᠠ | ︽ᠬᠡᠯᠡ ᠪᠢᠴᠢᠭ︾ ᠤᠨ ᠵᠡᠷᠭᠡᠴᠡᠭᠡ ᠬᠢᠴᠢᠶᠡᠯᠯᠡᠭᠡ ᠶᠢᠨ ᠰᠢᠩᠭᠡᠭᠡᠨ ᠦᠢᠯᠡᠳᠭᠦ ᠠᠵᠢᠯ ᠢ ᠦᠷᠨᠢᠭᠦᠯᠵᠤ᠂ | ᠰᠤᠷᠭᠠᠭᠤᠯᠢ ᠡᠬᠢᠯᠡᠬᠦ ᠠᠴᠠ ᠡᠮᠦᠨ᠎ᠡ ᠰᠤᠷᠭᠠᠨ ᠬᠦᠮᠦᠵᠢᠯ ᠤᠨ ᠡᠭᠦᠯᠡᠨ ᠲᠡᠪᠴᠠᠩ᠂ ᠮᠤᠩᠭᠤᠯ ᠬᠡᠯᠡᠨ ᠤ ᠡᠬᠢ | ᠪᠠᠶᠠᠯᠢᠭ ᠤᠨ ᠰᠦᠯᠵᠢᠶ᠎ᠡ ᠪᠤᠯᠤᠨ ᠦᠪᠦᠷ ᠮᠤᠩᠭᠤᠯ ᠤᠨ ᠤᠳᠠᠰᠤᠳᠤ ᠲᠧᠯᠸᠢᠰ ᠢᠶᠠᠷ ︽ᠵᠡᠷᠭᠡᠴᠡᠭᠡ ᠬᠢᠴᠢᠶᠡᠯᠯᠡᠭᠡ︾ | ᠶᠢᠨ ᠨᠡᠪᠳᠡᠷᠡᠭᠦᠯᠭᠡ ᠬᠢᠵᠤ᠂ ᠭᠠᠵᠠᠷ ᠤᠷᠤᠨ᠂ ᠰᠤᠷᠭᠠᠭᠤᠯᠢ᠂ ᠰᠤᠷᠤᠯᠭ᠎ᠠ ᠶᠢᠨ ᠬᠡᠰᠡᠭᠯᠡᠯ ᠢ ᠪᠦᠷᠢᠨ ᠬᠠᠮᠤᠷᠬᠤ ᠶᠢ | ᠪᠠᠳᠤᠯᠠᠬᠤ ᠪᠤᠯᠤᠨ᠎ᠠ᠃ | 13. ᠨᠢᠭᠡᠳᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠪᠠᠭᠰᠢ ᠶᠢᠨ ᠪᠤᠯᠪᠠᠰᠤᠷᠠᠯ ᠵᠢᠴᠢ ᠰᠤᠷᠭᠠᠨ | ᠬᠦᠮᠦᠵᠢᠯ ᠤᠨ ᠡᠬᠢ ᠪᠠᠶᠠᠯᠢᠭ ᠤᠨ ᠵᠠᠷᠤᠳᠠᠯ ᠢ ᠶᠠᠭᠠᠬᠢᠵᠤ ᠪᠠᠳᠤᠯᠠᠬᠤ ᠪᠤᠢ︖ | ᠡᠯ᠎ᠡ ᠱᠠᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠲᠤᠰᠬᠠᠢ ᠵᠠᠷᠤᠳᠠᠯ ᠮᠦᠩᠬᠦ ᠲᠤᠬᠢᠷᠠᠭᠤᠯᠵᠤ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠤᠯᠤᠰ ᠠᠴᠠ ᠨᠢᠭᠡᠳᠦᠯᠲᠡᠢ ᠨᠠᠶᠢᠷᠠᠭᠤᠯᠤᠭᠰᠠᠨ | ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠳᠤ ᠬᠤᠯᠪᠤᠭᠳᠠᠭᠰᠠᠨ ᠪᠠᠭᠰᠢ ᠶᠢᠨ ᠪᠤᠯᠪᠠᠰᠤᠷᠠᠯ᠂ ᠵᠢᠭᠠᠨ | ᠰᠤᠷᠭᠠᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠵᠡᠷᠭᠡ ᠳᠤ ᠬᠡᠷᠡᠭᠰᠡᠭᠦ ᠲᠤᠰᠬᠠᠢ ᠵᠠᠷᠤᠳᠠᠯ ᠭᠠᠷᠭᠠᠵᠤ᠂ | ᠪᠠᠳᠤᠯᠠᠬᠤ ᠵᠤᠬᠢᠰᠲᠠᠢ ᠶᠢ ᠡᠷᠭᠡᠪᠰᠢ ᠪᠠᠳᠤᠯᠠᠬᠤ ᠬᠡᠷᠡᠭᠳᠡᠢ᠃ ᠡᠨᠡ ᠵᠢᠯ ᠦᠪᠡᠷᠳᠡᠭᠡᠨ ᠵᠠᠰᠠᠬᠤ ᠤᠷᠤᠨ ᠠᠴᠠ | ᠲᠤᠷᠤᠭᠰᠢ ᠪᠠᠭᠤᠯᠭᠠᠭᠰᠠᠨ ᠲᠦᠪ ᠤᠨ ᠦᠨᠳᠦᠰᠦᠳᠡᠨ ᠤ ᠰᠤᠷᠭᠠᠨ ᠬᠦᠮᠦᠵᠢᠯ ᠤᠨ ᠲᠤᠰᠬᠠᠢ ᠵᠠᠷᠤᠳᠠᠯ ᠮᠦᠩᠬᠦ ᠶᠢ | ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠳᠤ ᠤᠷᠢᠳ ᠢᠶᠠᠷ | ᠬᠡᠷᠡᠭᠯᠡᠬᠦ ᠶᠢ ᠪᠠᠳᠤᠯᠠᠬᠤ ᠬᠡᠷᠡᠭᠳᠡᠢ᠃ | |