ᠪᠦ᠋ ᠰᠢᠶᠤᠤ ᠯᠢᠨ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠤᠷᠤᠨ ᠤ ᠵᠠᠰᠠᠭ ᠤᠨ ᠤᠷᠳᠤᠨ ᠤ ᠪᠡᠭᠡᠵᠢᠩ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠯᠢᠶᠠᠩ ᡁᠢ ᠷᠧᠨ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2020/8/4
     8 ᠰᠠᠷ᠎ᠠ ᠶᠢᠨ 3᠎ ᠠᠴᠠ 7᠎ ᠤ ᠡᠳᠤᠷ ᠪᠤᠯᠳᠠᠯ᠎ᠠ᠂ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠤᠷᠤᠨ ᠤ ᠵᠠᠰᠠᠭ ᠤᠨ ᠤᠷᠳᠤᠨ ᠤ ᠪᠡᠭᠡᠵᠢᠩ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠯᠢᠶᠠᠩ ᡁᠢ ᠷᠧᠨ ᠪᠦᠯᠬᠦᠮ ᠲᠠᠭᠠᠭᠤᠯᠤᠨ ᠮᠠᠨ ᠤ ᠤᠷᠤᠨ ᠳᠤ ᠰᠢᠨᠵᠢᠯᠡᠨ ᠪᠠᠶᠢᠴᠠᠭᠠᠬᠤ ᠪᠤᠯᠤᠨ᠎ᠠ᠃ 3᠎ ᠤ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠬᠦᠬᠡᠬᠤᠳᠠ ᠳᠤ ᠯᠢᠶᠠᠩ ᡁᠢ ᠷᠧᠨ ᠨᠠᠷ ᠲᠠᠢ ᠠᠭᠤᠯᠵᠠᠪᠠ᠃      ᠠᠭᠤᠯᠵᠠᠯᠳᠡ ᠳᠤ᠂ ᠬᠤᠶᠠᠷ ᠲᠠᠯ᠎ᠠ ᠪᠠᠷ ᠢᠶᠠᠨ ᠤᠢᠢᠷ᠎ᠠ ᠶᠢᠨ ᠵᠢᠯ ᠠᠴᠠ ᠨᠠᠭᠠᠰᠢᠬᠢ ᠬᠤᠳᠠᠯᠳᠤᠭ᠎ᠠ ᠠᠷᠠᠯᠵᠢᠶ᠎ᠠ᠂ ᠮᠥᠩᠬᠦᠨ ᠬᠦᠢᠯᠬᠡᠬᠡᠨ᠂ ᠡᠨᠧᠷᠬᠢ᠂ ᠵᠢᠭᠤᠯᠴᠢᠯᠠᠯ᠂ ᠪᠡᠯᠡ ᠤᠷᠤᠭᠤᠯᠤᠯᠳᠠ ᠵᠢᠴᠢ ᠰᠤᠶᠤᠯ ᠢᠷᠬᠡᠨᠰᠢᠯ ᠵᠡᠷᠬᠡ ᠲᠠᠯ᠎ᠠ ᠶᠢᠨ ᠰᠤᠯᠢᠯᠴᠠᠭ᠎ᠠ ᠬᠠᠮᠳᠤᠷᠠᠯᠴᠠᠭᠠᠨ ᠤ ᠪᠠᠶᠢᠳᠠᠯ ᠢ ᠡᠷᠬᠢᠴᠡᠬᠦᠯᠵᠥ᠂ ᠦᠪᠤᠷ ᠮᠤᠩᠭᠤᠯ ᠪᠤᠯᠤᠨ ᠰᠢᠶᠠᠩᠭᠠᠩ ᠤᠨ ᠠᠵᠥ ᠠᠬᠤᠢ ᠶᠢᠨ ᠬᠠᠷᠢᠯᠴᠠᠨ ᠨᠦᠬᠦᠪᠦᠷᠢᠯᠡᠬᠦ ᠴᠢᠨᠠᠷ ᠴᠢᠩᠭ᠎ᠠ᠂ ᠬᠠᠮᠳᠤᠷᠠᠯᠴᠠᠭᠠᠨ ᠤ ᠲᠠᠯᠳᠠ ᠬᠦᠴᠦᠨ ᠯᠤᠳᠤ ᠶᠡᠭᠡ ᠪᠠᠶᠢᠭ᠎ᠠ ᠪᠤᠯᠬᠤᠷ᠂ ᠬᠤᠶᠢᠰᠢᠳᠠ ᠬᠤᠶᠠᠷ ᠲᠠᠯ᠎ᠠ ᠶᠢᠨ ᠡᠯ᠎ᠡ ᠬᠦᠷᠢᠶᠡᠨ ᠤ ᠰᠤᠯᠢᠯᠴᠠᠭ᠎ᠠ ᠪᠤᠯᠤᠨ ᠬᠠᠮᠳᠤᠷᠠᠯᠴᠠᠭ᠎ᠠ ᠪᠠᠨ ᠤᠯᠠᠮ ᠴᠢᠨᠠᠬᠰᠢᠳᠠ ᠴᠢᠩᠭᠠᠳᠬᠠᠬᠤ ᠶᠢ ᠬᠦᠰᠡᠵᠥ ᠪᠠᠶᠢᠨ᠎ᠠ ᠬᠡᠵᠥ ᠰᠠᠨᠠᠯ ᠨᠢᠬᠡᠳᠡᠢ ᠦᠵᠡᠪᠡ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠡᠸᠥ ᠶᠠᠩ ᠰᠢᠶᠤᠤ ᠬᠤᠢ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠠᠭᠤᠯᠵᠠᠯᠳᠡ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号