ᠦᠪᠣᠷ ᠵᠠᠰᠠᠭ ᠠᠯᠪᠡᠨ ᠳᠠᠷᠬᠠᠭᠠᠭᠰᠠᠨ〔2020〕7 ᠳ᠋ᠣᠭᠠᠷ ᠲᠣᠭᠠᠳᠣ | | ᠡᠯ᠎ᠠ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠡᠯ᠂ ᠠᠵᠢᠯ ᠦᠢᠯᠡᠰ ᠤᠨ | ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ | ᠤ ᠪᠡᠯᠨ ᠣᠷᠣᠭᠤᠯᠣᠯᠳᠠ ᠲᠠᠢ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠶᠯ ᠤᠨ ᠣᠷᠣᠯᠠᠨ ᠪᠠᠶᠢᠭᠤᠯᠬᠤ | ᠳᠦᠷᠢᠮ ᠤᠨ ᠬᠠᠮᠢᠶᠠᠷᠤᠯᠲᠠ ᠶᠢᠨ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ ᠲᠨ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ | ᠤᠶᠠᠯᠳᠤᠭᠤᠯᠤᠨ᠂ ᠬᠢᠨᠠᠮᠠᠭᠠᠶ ᠲᠣᠭᠤᠰᠢᠯᠠᠭᠤᠯᠣᠨ ᠨᠠᠶᠢᠳᠠᠪᠤᠷᠢᠵᠢᠭᠤᠯᠳᠣᠭᠠᠢ᠃ | 2020 ᠣᠨ ᠤ 4 ᠳ᠋ᠣᠭᠡᠷ ᠰᠠᠷ᠎ᠠ ᠶᠢᠨ 23 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠨ | ᠣᠷᠣᠭᠤᠯᠣᠯᠳᠠ ᠲᠠᠢ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠶᠯ ᠤᠨ ᠣᠷᠣᠯᠠᠨ ᠪᠠᠶᠢᠭᠤᠯᠬᠤ ᠳᠦᠷᠢᠮ ᠤᠨ | ᠬᠠᠮᠢᠶᠠᠷᠤᠯᠲᠠ ᠶᠢᠨ ᠠᠷᠭ᠎ᠠ | | ᠨᠢᠭᠡᠳᠦᠭᠡᠷ ᠪᠦᠯᠦᠭ ᠶᠡᠷᠦᠩᠬᠡᠶ ᠳᠦᠷᠢᠮ | | ᠨᠢᠭᠡᠳᠦᠭᠡᠷ ᠵᠦᠢᠯ ᠪᠡᠯᠡ ᠣᠷᠣᠭᠤᠯᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠣᠨ᠂ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠲᠠᠢ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠨ | ᠵᠢᠷᠤᠮᠵᠢᠭᠤᠯᠵᠣ᠂ ᠪᠡᠯᠡ ᠣᠷᠣᠭᠤᠯᠤᠯᠲᠠ ᠶᠢᠨ ᠡᠵᠡᠮᠳᠡᠭᠦ ᠲᠣᠭᠲᠠᠴᠠ ᠶᠢ ᠪᠠᠶᠢᠭᠤᠯᠣᠨ᠂ ᠲᠥᠷᠥᠯ ᠵᠦᠢᠯ ᠤᠨ | ᠬᠠᠮᠢᠶᠠᠷᠤᠯᠲᠠ ᠶᠢᠨ ᠬᠢᠷᠢ ᠲᠦᠪᠰᠢᠨ ᠪᠠ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠭᠦ ᠶᠢᠨ | ᠲᠣᠰᠠᠳᠠ᠂ ︽ᠪᠠᠯᠠ ᠣᠷᠣᠭᠤᠯᠵᠤ ᠪᠠᠯᠠ ᠳᠣᠭᠢᠷᠠᠭᠤᠯᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠲᠤᠬᠠᠶ ᠲᠣᠮᠳᠠᠳᠣ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ | ᠰᠠᠨᠠᠯ︾ ︵ᠲᠦᠪ ᠲᠠᠷᠬᠠᠭᠠᠭᠰᠠᠨ ︹ 2016 ︺ 18 ᠳ᠋ᠤᠭᠠᠷ ᠲᠣᠭᠠᠲᠤ︶᠂ ︽ᠵᠠᠰᠠᠭ ᠤᠨ ᠣᠷᠳᠣᠨ ᠤ ᠪᠠᠯᠠ | ᠣᠷᠣᠭᠤᠯᠣᠯᠳᠠ ᠶᠢᠨ ᠲᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 712 ᠳ᠋ᠤᠭᠠᠷ ᠲᠣᠭᠠᠲᠤ︶᠂ | ︽ᠪᠠᠷᠢᠯᠭ᠎ᠠ ᠶᠢᠨ ᠦᠶᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠡᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2017﹈ 19 | ᠳ᠋ᠣᠭᠡᠷ ᠲᠣᠭᠠᠲᠤ︶᠂ ︽ᠦᠨᠳᠣᠰᠣᠨ ᠪᠦᠳᠣᠭᠡᠨ ᠪᠠᠶᠢᠭᠤᠯᠣᠯᠳᠠ ᠶᠢᠨ ᠡᠳ᠋ ᠤᠨ ᠶᠠᠪᠣᠳᠠᠯ ᠤᠨ ᠵᠢᠷᠤᠮᠯᠡᠯ︾ ︵ | ᠡᠳ᠋ ᠤᠨ ᠵᠠᠰᠠᠭ ᠤᠨ ᠶᠠᠮᠤᠨ ᠤ ᠵᠠᠷᠯᠢᠭ 81 ᠳ᠋ᠣᠭᠡᠷ ᠲᠣᠭᠠᠳᠣ︶᠂ ᠡᠳ᠋ ᠤᠨ ᠵᠠᠰᠠᠭ ᠤᠨ ᠶᠠᠮᠣᠨ ᠤ ︽︿ | ᠦᠨᠳᠦᠰᠦᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠥᠪᠡᠷ ᠤᠨ | ᠥᠷᠲᠡᠭ ᠤᠨ ᠬᠠᠮᠢᠶᠠᠷᠤᠯᠲᠠ ᠶᠢᠨ ᠲᠣᠭᠲᠠᠭᠠᠯ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠡᠳ᠋ | ᠪᠠᠶᠢᠭᠤᠯᠣᠯᠳᠠ ﹇2016﹈ 504 ᠳ᠋ᠣᠭᠡᠷ ᠲᠣᠭᠠᠲᠤ︶᠂ ︽ᠪᠠᠯᠠ ᠣᠷᠣᠭᠤᠯᠵᠤ ᠪᠠᠯᠠ ᠳᠣᠭᠢᠷᠠᠭᠤᠯᠬᠤ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠩᠵᠢᠭᠦᠯᠭᠦ | ᠰᠠᠨᠠᠯ︾ ︵ᠦᠪᠣᠷ ᠨᠠᠮ ᠳᠠᠷᠬᠠᠭᠠᠭᠰᠠᠨ〔2017﹈ 11 ᠳ᠋ᠣᠭᠡᠷ ᠲᠣᠭᠠᠳᠣ︶ ᠵᠡᠷᠭᠡ ᠬᠠᠣᠯᠢ ᠲᠣᠭᠳᠠᠭᠠᠯ᠂ | ᠲᠣᠭᠳᠠᠭᠠᠯ ᠲᠦᠷᠢᠮ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠣᠰᠣᠯᠡᠵᠣ᠂ ᠦᠪᠡᠷᠳᠡᠭᠡᠨ ᠵᠠᠰᠠᠬᠤ | ᠣᠷᠣᠨ ᠤ ᠪᠣᠳᠠᠳᠠᠢ ᠲᠠᠢ ᠣᠶᠠᠯᠳᠣᠭᠤᠯᠣᠨ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠣᠷᠣᠯᠠᠨ ᠪᠠᠶᠢᠭᠤᠯᠬᠤ ᠳᠦᠷᠢᠮ ᠭᠡᠳᠡᠭ ᠨᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠭᠰᠠᠨ ᠣᠷᠣᠯᠠᠨ ᠪᠠᠶᠢᠭᠤᠯᠬᠤ | ᠲᠥᠷᠥᠯ ᠵᠦᠢᠯ ᠤᠨ ᠬᠠᠮᠢᠶᠠᠷᠬᠤ ᠪᠠᠶᠢᠭᠤᠯᠤᠮᠵᠢ ᠨᠢ ᠲᠣᠰ ᠱᠠᠲᠤᠨ ᠤ ᠵᠠᠰᠠᠭ ᠤᠨ ᠣᠷᠳᠣᠨ ᠤ ᠪᠡᠯᠨ | ᠣᠷᠣᠭᠤᠯᠣᠯᠳᠠ ᠲᠠᠢ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ ᠳᠤ ᠲᠥᠪᠯᠡᠷᠡᠭᠦᠯᠦᠨ ᠪᠦᠲᠦᠭᠡᠨ | ᠪᠠᠶᠢᠭᠤᠯᠵᠣ ᠬᠠᠮᠢᠶᠠᠷᠬᠤ ᠶᠢ ᠬᠡᠷᠡᠭᠵᠢᠭᠦᠯᠵᠦ᠂ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠬᠤ᠂ ᠬᠢᠨᠠᠬᠤ᠂ | ᠠᠰᠠᠭᠤᠨ ᠯᠠᠪᠯᠠᠬᠤ ᠵᠡᠷᠭᠡ ᠳᠠᠭᠠᠭᠠᠴᠢᠯᠠᠯᠲᠠ ᠵᠠᠷᠯᠠᠬᠤ ᠠᠵᠢᠯ ᠢ ᠵᠣᠬᠢᠶᠠᠨ ᠪᠠᠶᠢᠭᠤᠯᠣᠨ᠂ ᠲᠥᠷᠥᠯ ᠵᠦᠶᠯ ᠤᠨ ᠪᠡᠯᠡ | ᠣᠷᠣᠭᠤᠯᠤᠯᠲᠠ᠂ ᠶᠠᠰᠤ ᠴᠢᠨᠠᠷ᠂ ᠠᠮᠣᠷ ᠲᠦᠪᠰᠢᠨ ᠪᠠ ᠪᠠᠷᠢᠯᠭ᠎ᠠ ᠶᠢᠨ ᠬᠤᠭᠤᠴᠠᠭ᠎ᠠ ᠶᠢ ᠴᠢᠩᠭ᠎ᠠ ᠡᠵᠡᠮᠳᠠᠵᠣ᠂ | ᠲᠥᠷᠥᠯ ᠵᠦᠶᠯ ᠤᠨ ᠪᠠᠷᠢᠯᠭ᠎ᠠ ᠳᠠᠭᠤᠰᠣᠭᠰᠠᠨ ᠢ ᠰᠢᠯᠭᠠᠨ ᠬᠤᠷᠢᠶᠠᠵᠣ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ | ᠬᠡᠷᠡᠭᠯᠡᠬᠦ ᠨᠢᠭᠡᠴᠢ ᠳᠤ ᠨᠢ ᠰᠢᠯᠵᠢᠭᠦᠯᠦᠨ ᠥᠭᠬᠦ ᠳᠦᠷᠢᠮ ᠢ ᠵᠢᠭᠠᠵᠣ ᠪᠣᠢ᠃ | ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠷᠥᠯ ᠵᠦᠢᠯ ᠤᠨ ᠬᠠᠮᠢᠶᠠᠷᠬᠤ ᠪᠠᠶᠢᠭᠤᠯᠤᠮᠵᠢ ᠨᠢ | ᠲᠥᠷᠥᠯ ᠵᠦᠢᠯ ᠤᠨ ᠪᠣᠳᠠᠳᠠᠢ ᠪᠠᠶᠢᠳᠠᠯ ᠢ ᠦᠨᠳᠦᠰᠦᠯᠡᠨ᠂ ᠣᠷᠣᠯᠠᠨ ᠪᠠᠶᠢᠭᠤᠯᠬᠤ ᠨᠢᠭᠡᠴᠢ ᠪᠣᠯᠣᠭᠰᠠᠨ ᠤ ᠬᠤᠪᠢ | ᠳᠤ ᠰᠢᠭᠤᠳ ᠣᠷᠣᠯᠠᠨ ᠪᠠᠶᠢᠭᠤᠯᠬᠤ ᠪᠣᠶᠣ ᠠᠵᠣ ᠠᠬᠤᠶᠢᠯᠠᠯ ᠳᠤ ᠨᠠᠶᠢᠳᠠᠵᠤ ᠪᠠᠶᠢᠭᠠᠳ ᠣᠷᠣᠯᠠᠨ ᠪᠠᠶᠢᠭᠤᠯᠬᠤ | ᠨᠢᠭᠡᠴᠢ ᠪᠣᠯᠭᠠᠨ ᠨᠠᠶᠢᠳᠠᠵᠦᠣᠷᠣᠯᠠᠨ ᠪᠠᠶᠢᠭᠤᠯᠬᠤ ᠵᠠᠭᠪᠤᠷ ᠢ ᠬᠡᠷᠩᠯᠡᠵᠣ ᠲᠥᠷᠥᠯ ᠵᠦᠶᠯ ᠤᠨ ᠪᠦᠲᠦᠭᠡᠨ | ᠪᠠᠶᠢᠭᠤᠯᠣᠯᠳᠠ ᠶᠢ ᠬᠠᠮᠢᠶᠠᠷᠣᠨ᠎ᠠ᠃ | ᠭᠤᠷᠪᠠᠳᠤᠭᠠᠷ ᠵᠦᠢᠯ ᠳᠣᠣᠷ᠎ᠠ ᠵᠢᠭᠰᠠᠭᠠᠭᠰᠠᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ | ᠤᠨ ᠣᠷᠳᠣᠨ ᠤ ᠪᠡᠯᠡ ᠣᠷᠣᠭᠤᠯᠤᠯᠳᠠ ᠲᠠᠢ ᠡᠵᠡᠩᠨᠡᠯᠲᠡ ᠶᠢᠨ ᠪᠤᠰᠤ ᠴᠢᠨᠠᠷᠲᠠᠢ ᠲᠥᠷᠥᠯ ᠵᠦᠢᠯ ᠳᠤ᠂ ᠶᠡᠷᠦᠩᠬᠡᠶ | ᠪᠡᠯᠡ ᠣᠷᠣᠭᠤᠯᠤᠯᠲᠠ ᠨᠢ 5000 ᠲᠦᠮᠡᠨ ᠲᠥᠭᠦᠷᠢᠭ ︵ᠭᠠᠵᠠᠷ ᠰᠢᠷᠣᠶ ᠲᠠᠲᠠᠪᠤᠷᠢᠯᠠᠬᠤ᠂ ᠭᠡᠷ ᠪᠠᠶᠢᠰᠢᠩ | ᠲᠠᠲᠠᠪᠤᠷᠢᠯᠠᠬᠰᠠᠨ ᠲᠦᠯᠪᠣᠷᠢ ᠶᠢᠨ ᠰᠦᠶᠳᠬᠡᠯ ᠢ ᠪᠠᠭᠲᠠᠭᠠᠬᠤ ᠦᠭᠡᠢ︶ ᠠᠴᠠ ᠳᠡᠭᠡᠭᠰᠢ ᠪᠠᠶᠢᠬᠤ ᠮᠥᠷᠲᠡᠭᠡᠨ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠨᠢ ᠶᠡᠷᠦᠩᠬᠡᠶ | ᠪᠡᠯᠡ ᠣᠷᠣᠭᠤᠯᠤᠯᠲᠠ ᠶᠢᠨ 50% ᠠᠴᠠ ᠳᠡᠭᠡᠭᠰᠢᠬᠢ ᠶᠢ ᠡᠵᠡᠯᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ | ᠳᠤ ᠵᠠᠷᠴᠢᠮ ᠳᠡᠭᠡᠷ᠎ᠡ ᠪᠠᠨ ᠣᠷᠣᠯᠠᠨ ᠪᠠᠶᠢᠭᠤᠯᠬᠤ ᠲᠦᠷᠢᠮ ᠢ ᠬᠡᠷᠡᠭᠵᠢᠭᠦᠯᠦᠨ᠎ᠡ᠃ ᠤᠯᠤᠰ ᠤᠨ ᠠᠮᠤᠷ ᠲᠦᠪᠰᠢᠨ᠂ | ᠨᠢᠭᠤᠴᠠ ᠶᠢ ᠬᠠᠮᠠᠭᠠᠯᠠᠬᠤ᠂ ᠠᠶᠤᠯ ᠪᠠ ᠭᠠᠮᠰᠢᠭ ᠠᠴᠠ ᠠᠪᠤᠷᠠᠬᠤ ᠳᠤ ᠬᠤᠯᠪᠣᠭᠳᠠᠬᠤ ᠵᠦᠢᠯᠡᠰ ᠨᠢ ᠡᠭᠦᠨ ᠳᠤ | ᠪᠠᠭᠲᠠᠬᠤ ᠦᠭᠡᠢ᠃ | ︵ᠨᠢᠭᠡ︶ ᠨᠠᠮ ᠵᠠᠰᠠᠭ ᠤᠨ ᠪᠠᠶᠢᠭᠤᠯᠭ᠎ᠠ ︵ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠥᠷᠥ ᠶᠢᠨ ᠵᠥᠪᠯᠡᠯᠭᠡᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠢᠭᠦᠨ | ᠲᠠᠰᠤᠯᠬᠤ᠂ ᠪᠠᠶᠢᠴᠠᠭᠠᠬᠤ ᠵᠢᠴᠢ ᠠᠷᠠᠳᠴᠢᠯᠠᠭᠰᠠᠨ ᠨᠠᠮ ᠪᠦᠯᠦᠭ ᠤᠨ ᠪᠠᠶᠢᠭᠤᠯᠭ᠎ᠠ ᠪᠠᠭᠲᠠᠨ᠎ᠠ︶ ᠵᠢᠴᠢ ᠳᠡᠳᠡᠭᠡᠷ | ᠤᠨ ᠲᠣᠮᠢᠯᠠᠭᠰᠠᠨ ᠪᠠᠶᠢᠭᠤᠯᠤᠮᠵᠢ ᠪᠠ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ᠂ ᠠᠷᠠᠳ ᠤᠨ ᠪᠦᠯᠬᠦᠮ ᠤᠨ | ᠠᠵᠢᠯᠯᠠᠬᠤ᠂ ᠲᠤᠬᠠᠶᠢᠯᠠᠭᠰᠠᠨ ᠠᠵᠢᠯ ᠪᠠ ᠪᠤᠯᠪᠠᠰᠤᠷᠠᠯ ᠡᠷᠬᠢᠯᠡᠬᠦ ᠳᠤ ᠬᠡᠷᠡᠭᠯᠡᠬᠦ ᠭᠡᠷ ᠪᠠᠶᠢᠰᠢᠩ ᠵᠡᠷᠭᠡ ᠲᠥᠷᠥᠯ | ᠵᠦᠶᠯ᠃ | ︵ᠬᠤᠶᠠᠷ︶ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠤᠯ᠂ ᠡᠷᠡᠭᠦᠯ ᠬᠠᠮᠠᠭᠠᠯᠠᠯ᠂ ᠰᠣᠶᠣᠯ᠂ | ᠪᠡᠶ᠎ᠠ ᠶᠢᠨ ᠲᠠᠮᠢᠷ᠂ ᠠᠷᠠᠳ ᠤᠨ ᠶᠠᠪᠤᠳᠠᠯ ᠵᠢᠴᠢ ᠨᠡᠶᠢᠭᠡᠮ ᠤᠨ ᠠᠰᠠᠷᠠᠮᠵᠢ ᠵᠡᠷᠭᠡ ᠲᠥᠷᠥᠯ ᠵᠦᠶᠯ᠃ | ︵ᠭᠤᠷᠪᠠ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ | ᠪᠤᠰᠤᠳ ᠲᠥᠷᠥᠯ ᠵᠦᠢᠯ᠃ | ᠶᠡᠷᠦᠩᠬᠡᠶ ᠪᠡᠯᠡ ᠣᠷᠣᠭᠤᠯᠤᠯᠲᠠ ᠨᠢ 5000 ᠲᠦᠮᠡᠨ ᠲᠥᠭᠦᠷᠢᠭ ᠠᠴᠠ ᠳᠣᠷᠣᠭᠰᠢ ᠪᠠᠶᠢᠬᠤ ᠪᠣᠶᠣ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠨᠢ ᠪᠦᠬᠦ ᠪᠡᠯᠡ | ᠣᠷᠣᠭᠤᠯᠤᠯᠲᠠ ᠶᠢᠨ 50% ᠠᠴᠠ ᠳᠣᠷᠣᠭᠰᠢ ᠪᠠᠶᠢᠬᠤ᠂ ᠡᠰᠡᠬᠦᠯ᠎ᠡ ᠬᠡᠷᠡᠭᠯᠡᠬᠦ ᠨᠢᠭᠡᠴᠢ ᠨᠢ ᠵᠢᠯ ᠲᠤᠷᠰᠢ | ᠦᠨᠳᠣᠰᠣᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠶᠢᠬᠤ ᠦᠭᠡᠢ᠂ ᠲᠤᠰᠬᠠᠶ ᠬᠠᠮᠢᠶᠠᠷᠤᠯᠲᠠ ᠶᠢᠨ ᠬᠦᠴᠦᠨ | ᠦᠭᠡᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠳᠤ ᠪᠠᠰᠨ ᠣᠷᠣᠯᠠᠨ ᠪᠠᠶᠢᠭᠤᠯᠬᠤ ᠲᠦᠷᠢᠮ ᠢ | ᠬᠡᠷᠡᠭᠵᠢᠭᠦᠯᠵᠣ ᠪᠣᠯᠤᠨ᠎ᠠ᠃ | ᠳᠥᠷᠪᠡᠳᠦᠭᠡᠷ ᠵᠦᠶᠯ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠡ | ᠣᠷᠣᠭᠤᠯᠤᠯᠳᠠ ᠳᠤ ᠭᠤᠤᠯ ᠪᠠᠭᠳᠠᠬᠤ ᠵᠦᠢᠯ᠄ | ︵ᠨᠢᠭᠡ︶ ᠡᠩ ᠤᠨ ᠤᠯᠠᠨ ᠨᠡᠶᠢᠲᠡ ᠶᠢᠨ ᠲᠥᠰᠦᠪ ᠲᠤ ᠲᠣᠬᠢᠷᠠᠭᠤᠯᠤᠭᠰᠠᠨ ᠦᠨᠳᠦᠰᠦᠨ ᠪᠦᠳᠦᠭᠡᠨ | ᠪᠠᠶᠢᠭᠤᠯᠤᠯᠲᠠ ᠶᠢᠨ ᠪᠡᠯᠡ ᠣᠷᠣᠭᠤᠯᠬᠤ ᠪᠡᠯᠡ ᠮᠥᠩᠭᠦ ᠪᠠ ᠪᠤᠰᠤᠳ ᠲᠤᠰᠬᠠᠶ ᠪᠦᠳᠦᠭᠡᠨ ᠪᠠᠶᠢᠭᠤᠯᠬᠤ ᠪᠡᠯᠡ | ᠮᠥᠩᠭᠦ᠃ | ︵ᠬᠤᠶᠠᠷ︶ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠦᠩᠭᠦᠨ ᠤ ᠲᠥᠰᠦᠪ ᠲᠤ ᠲᠣᠬᠢᠷᠠᠭᠤᠯᠤᠭᠰᠠᠨ | ᠪᠦᠲᠦᠭᠡᠨ ᠪᠠᠶᠢᠭᠤᠯᠬᠤ ᠪᠡᠯᠡ ᠮᠥᠩᠭᠦ᠃ | ︵ᠭᠤᠷᠪᠠ︶ ᠵᠠᠰᠠᠭ ᠤᠨ ᠣᠷᠳᠣᠨ ᠤ ᠬᠠᠤᠯᠢ ᠶᠣᠰᠣᠭᠠᠷ ᠵᠢᠭᠡᠯᠡᠯᠭᠡ ᠵᠢᠭᠡᠯᠡᠵᠦ ᠣᠯᠤᠭᠰᠠᠨ ᠪᠦᠲᠦᠭᠡᠨ | ᠪᠠᠶᠢᠭᠤᠯᠬᠤ ᠪᠡᠯᠡ ᠮᠥᠩᠭᠦ᠃ | ︵ᠲᠦᠷᠪᠡ︶ ᠤᠯᠤᠰ ᠤᠨ ᠥᠮᠴᠢᠯᠡᠯᠳᠣ ᠬᠦᠷᠦᠩᠭᠡ ᠶᠢᠨ ᠡᠵᠡᠩᠨᠡᠯᠲᠡ ᠶᠢᠨ ᠲᠥᠰᠦᠪ ᠢᠶᠠᠷ | ᠲᠣᠬᠢᠷᠠᠭᠤᠯᠤᠭᠰᠠᠨ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠲᠦᠷᠣᠯ ᠵᠦᠢᠯ ᠤᠨ ᠪᠡᠯᠡ ᠮᠥᠩᠭᠦ᠃ | ︵ᠲᠠᠪᠤ︶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠦᠶᠯᠡᠰ ᠤᠨ ᠨᠢᠭᠡᠴᠢ ᠶᠢᠨ ᠥᠪᠡᠷ ᠤᠨ ᠬᠢᠨ | ᠪᠡᠯᠡ ᠮᠥᠩᠭᠦ ᠵᠡᠷᠭᠡ ᠡᠳ᠋ ᠤᠨ ᠵᠠᠰᠠᠭ ᠤᠨ ᠴᠢᠨᠠᠷᠲᠠᠶ ᠪᠤᠰᠤᠳ ᠪᠡᠯᠡ ᠮᠥᠩᠭᠦ᠃ | ᠲᠠᠪᠤᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠤᠨ ᠣᠷᠳᠣᠨ ᠤ ᠪᠡᠯᠨ | ᠣᠷᠣᠭᠤᠯᠣᠯᠳᠠ ᠲᠠᠢ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠶᠯ ᠢ ᠣᠷᠣᠯᠠᠨ ᠪᠠᠶᠢᠭᠤᠯᠬᠤ ᠨᠢᠭᠡᠴᠢ ᠨᠢ | ᠲᠥᠷᠥᠯ ᠵᠦᠶᠯ ᠳᠤ ︽ᠪᠠᠷᠢᠯᠭ᠎ᠠ ᠶᠢᠨ ᠵᠢᠷᠤᠭ ᠵᠢᠷᠣᠵᠣ ᠲᠥᠯᠥᠪᠯᠡᠭᠰᠡᠨ ᠪᠢᠴᠢᠭ ᠮᠠᠲ᠋ᠧᠷᠢᠶᠠᠯ ᠤᠨ ᠬᠢᠨᠠᠨ | ᠪᠠᠶᠢᠴᠠᠭᠠᠣᠨ ᠬᠢᠷᠢ ᠲᠡᠩᠴᠡᠭᠰᠡᠨ ᠪᠢᠴᠢᠭ︾ ᠢ ᠣᠯᠤᠭᠰᠠᠨ ᠴᠠᠭ ᠠᠴᠠ ᠪᠠᠷᠢᠯᠭ᠎ᠠ ᠳᠠᠭᠤᠰᠤᠭᠰᠠᠨ ᠢ ᠰᠢᠯᠭᠠᠨ | ᠬᠤᠷᠢᠶᠠᠨ ᠠᠪᠴᠤ ᠪᠦᠷᠢᠳᠬᠡᠨ ᠳᠠᠩᠰᠠᠯᠠᠬᠤ ᠬᠦᠷᠲᠡᠯᠡᠬᠢ ᠪᠦᠲᠦᠭᠡᠨ ᠪᠠᠶᠢᠭᠤᠯᠬᠤ ᠶᠠᠪᠤᠴᠠ ᠶᠢ ᠣᠷᠣᠯᠠᠨ | ᠪᠠᠶᠢᠭᠤᠯᠵᠣ ᠬᠠᠮᠢᠶᠠᠷᠣᠨ᠎ᠠ᠃ | ᠵᠢᠷᠭᠤᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠣᠯᠳᠠ ᠶᠢᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠤᠨ | ᠣᠷᠳᠣᠨ ᠤ ᠪᠡᠯᠨ ᠣᠷᠣᠭᠤᠯᠣᠯᠳᠠ ᠲᠠᠢ ᠡᠵᠡᠩᠨᠠᠯᠳᠠ ᠶᠢᠨ ᠪᠤᠰᠤ ᠴᠢᠨᠠᠷᠲᠠᠶ ᠲᠥᠷᠥᠯ ᠵᠦᠶᠯ ᠤᠨ ᠣᠷᠣᠯᠠᠨ | ᠪᠠᠶᠢᠭᠤᠯᠬᠤ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠣᠷᠣᠯᠠᠨ | ᠪᠠᠶᠢᠭᠤᠯᠬᠤ ᠠᠵᠢᠯ ᠢ ᠵᠢᠭᠠᠨ ᠵᠢᠯᠣᠭᠤᠳᠬᠤ᠂ ᠵᠣᠬᠢᠴᠠᠭᠤᠯᠬᠤ ᠪᠠ ᠶᠡᠷᠦᠩᠬᠡᠶᠢᠯᠡᠨ ᠬᠠᠮᠢᠶᠠᠷᠬᠤ ᠠᠵᠢᠯ ᠢ | ᠬᠠᠷᠢᠭᠤᠴᠠᠵᠣ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠣ ᠣᠷᠣᠯᠠᠨ ᠪᠠᠶᠢᠭᠤᠯᠬᠤ ᠠᠵᠢᠯ ᠤᠨ | ᠲᠦᠭᠦᠷ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ | ᠣᠷᠳᠣᠨ ᠤ ᠪᠡᠯᠨ ᠣᠷᠣᠭᠤᠯᠣᠯᠳᠠ ᠲᠠᠢ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠶᠯ ᠤᠨ ᠣᠷᠣᠯᠠᠨ | ᠪᠠᠶᠢᠭᠤᠯᠬᠤ ᠨᠢᠭᠡᠴᠢ ᠶᠢᠨ ᠨᠠᠷᠡᠰ ᠤᠨ ᠵᠢᠭᠰᠠᠭᠠᠯᠲᠠ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ | ᠲᠡᠭᠦᠯᠳᠡᠷᠵᠢᠭᠦᠯᠭᠦ ᠶᠢᠨ ᠬᠠᠮᠳᠣ᠂ ᠬᠥᠳᠡᠯᠦᠩᠭᠦᠶ ᠬᠠᠮᠢᠶᠠᠷᠤᠯᠳᠠ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ | ᠡᠬᠢ ᠪᠠᠶᠠᠯᠢᠭ ᠤᠨ ᠲᠢᠩᠬᠢᠮ ᠵᠡᠷᠭᠡ ᠰᠠᠯᠠᠭ᠎ᠠ ᠮᠥᠴᠢᠷ ᠨᠢ ᠲᠣᠰ ᠲᠣᠰ ᠤᠨ ᠡᠭᠦᠷᠭᠡ ᠴᠢᠳᠠᠪᠣᠷᠢ ᠡᠭᠦᠷᠭᠡ | ᠬᠠᠷᠢᠭᠤᠴᠠᠯᠭ᠎ᠠ ᠪᠠᠷ ᠢᠶᠠᠨ ᠲᠥᠷᠥᠯ ᠵᠦᠶᠯ ᠤᠨ ᠣᠷᠣᠯᠠᠨ ᠪᠠᠶᠢᠭᠤᠯᠬᠤ ᠶᠠᠪᠤᠴᠠ ᠳᠠᠬᠢ ᠬᠠᠮᠢᠶ᠎ᠠ ᠪᠦᠬᠦᠢ ᠬᠢᠨᠠᠯᠲᠠ | ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠰᠠᠶᠢᠲᠤᠷ ᠬᠢᠬᠦ ᠬᠡᠷᠡᠭᠲᠡᠶ᠃ | ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠠᠵᠢᠯ ᠤᠨ ᠲᠢᠩᠬᠢᠮ ᠤᠨ ᠬᠤᠭᠤᠷᠣᠨᠳᠣᠬᠢ | ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠣ᠂ ᠣᠷᠣᠯᠠᠨ ᠪᠠᠶᠢᠭᠤᠯᠬᠤ ᠠᠵᠢᠯ ᠤᠨ ᠶᠠᠪᠤᠴᠠ ᠳᠠᠬᠢ ᠴᠢᠬᠤᠯᠠ | ᠶᠡᠭᠡ ᠠᠰᠠᠭᠤᠳᠠᠯ ᠪᠠ ᠴᠢᠬᠤᠯᠨ ᠵᠦᠶᠯᠡᠰ ᠢ ᠵᠣᠬᠢᠴᠠᠭᠤᠯᠤᠨ ᠰᠢᠶᠳᠪᠦᠷᠢᠯᠡᠨ᠎ᠠ᠃ | ᠳᠣᠯᠣᠳᠤᠭᠠᠷ ᠵᠦᠶᠯ ᠣᠷᠣᠯᠠᠨ ᠪᠠᠶᠢᠭᠤᠯᠬᠤ ᠲᠥᠷᠥᠯ ᠵᠦᠶᠯ ᠳᠤ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ | ᠳᠠᠭᠠᠭᠠᠴᠢᠯᠠᠬᠤ᠂ ᠪᠦᠬᠦ ᠶᠠᠪᠤᠴᠠ ᠪᠠᠷ ᠪᠠᠷᠢᠯᠭ᠎ᠠ ᠶᠢᠨ ᠠᠰᠠᠭᠤᠨ ᠯᠠᠪᠯᠠᠬᠤ ᠦᠶᠯᠡᠴᠢᠯᠡᠭᠡ ᠵᠡᠷᠭᠡ ᠠᠷᠭ᠎ᠠ ᠮᠠᠶ᠋ᠢᠭ ᠢ | ᠬᠡᠷᠡᠭᠯᠡᠨ ᠪᠠᠶᠢᠭᠤᠯᠵᠤ᠂ ᠤᠭᠰᠠᠷᠠᠨ ᠲᠣᠬᠢᠷᠠᠭᠤᠯᠬᠤ ᠬᠡᠯᠪᠡᠷᠢ᠂ ᠪᠠᠷᠢᠯᠭ᠎ᠠ ᠶᠢᠨ ᠮᠡᠳᠡᠭᠡ ᠵᠠᠩᠭᠢ ᠶᠢᠨ ᠵᠠᠭᠪᠤᠷ ︵ | BIM︶ ᠵᠡᠷᠭᠡ ᠮᠡᠷᠭᠡᠵᠢᠯ ᠢ ᠡᠩ ᠳᠡᠷᠢᠭᠦᠨ ᠳᠤ ᠬᠡᠷᠡᠭᠯᠡᠨ ᠵᠢᠷᠤᠵᠤ ᠲᠦᠯᠦᠪᠯᠡᠬᠦ᠂ ᠪᠠᠷᠢᠯᠭ᠎ᠠ ᠪᠠᠷᠢᠬᠤ ᠪᠠ | ᠠᠵᠢᠯᠯᠠᠵᠣ ᠪᠠᠳᠣᠯᠠᠨ᠂ ᠵᠣᠬᠢᠬᠤ ᠵᠠᠷᠤᠳᠠᠯ ᠢ ᠨᠢ ᠲᠥᠷᠥᠯ ᠵᠦᠶᠯ ᠤᠨ ᠪᠡᠯᠡ ᠣᠷᠣᠭᠤᠯᠬᠤ ᠵᠢᠱᠢᠭᠰᠡᠨ ᠲᠦᠰᠣᠪ ᠪᠠ | ᠲᠦᠢᠮᠣ ᠲᠦᠰᠣᠪ ᠲᠤ ᠣᠷᠣᠭᠤᠯᠣᠨ᠎ᠠ᠃ | ᠣᠷᠣᠯᠠᠨ ᠪᠠᠶᠢᠭᠤᠯᠬᠤ ᠲᠥᠷᠥᠯ ᠵᠦᠶᠯ ᠳᠤ ᠲᠡᠷᠢᠭᠦᠨ ᠤ ᠮᠡᠷᠭᠡᠵᠢᠯ᠂ ᠲᠡᠷᠢᠭᠦᠨ ᠤ ᠲᠥᠬᠦᠭᠡᠷᠦᠮᠵᠢ᠂ | ᠲᠡᠷᠢᠭᠦᠨ ᠤ ᠭᠠᠷ ᠤᠷᠠᠯᠠᠯ᠂ ᠰᠢᠨ᠎ᠡ ᠮᠠᠶ᠋ᠢᠭ ᠤᠨ ᠪᠠᠷᠢᠯᠭ᠎ᠠ ᠶᠢᠨ ᠮᠠᠲ᠋ᠧᠷᠢᠶᠠᠯ ᠪᠠ ᠣᠳᠣ ᠦᠶ᠎ᠡ ᠶᠢᠨ | ᠬᠠᠮᠢᠶᠠᠷᠤᠯᠲᠠ ᠶᠢᠨ ᠠᠷᠭ᠎ᠠ ᠬᠡᠷᠡᠭᠯᠡᠬᠦ ᠶᠢ ᠰᠠᠨᠠᠭᠠᠴᠢᠯᠠᠵᠣ᠂ ᠵᠢᠷᠤᠵᠣ ᠲᠦᠯᠣᠪᠯᠡᠭᠦ᠂ ᠪᠠᠶᠢᠭᠤᠯᠬᠤ ᠵᠢᠴᠢ ᠠᠵᠢᠯᠯᠠᠵᠣ | ᠪᠠᠲᠤᠯᠠᠬᠤ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠭᠦ ᠪᠠᠷ | ᠪᠠᠷᠢᠯᠭ᠎ᠠ ᠶᠢᠨ ᠪᠡᠯᠡ ᠣᠷᠣᠭᠤᠯᠤᠯᠲᠠ ᠶᠢ ᠠᠷᠪᠢᠯᠠᠬᠤ᠂ ᠪᠠᠷᠢᠯᠭ᠎ᠠ ᠶᠢᠨ ᠬᠤᠭᠤᠴᠠᠭ᠎ᠠ ᠶᠢ ᠵᠣᠬᠢᠰᠲᠠᠶ ᠪᠠᠷ | ᠪᠣᠭᠤᠨᠢᠰᠬᠠᠬᠤ᠂ ᠬᠠᠮᠢᠶᠠᠷᠤᠯᠲᠠ ᠶᠢ ᠨᠠᠷᠢᠯᠢᠭᠵᠢᠭᠤᠯᠬᠤ ᠬᠠᠷᠠᠯᠲᠠ ᠪᠠᠨ ᠪᠡᠶᠡᠯᠡᠭᠦᠯᠦᠨ᠎ᠡ᠃ | | ᠬᠤᠶᠠᠳᠤᠭᠠᠷ ᠪᠦᠯᠦᠭ ᠣᠷᠣᠯᠠᠨ ᠪᠠᠶᠢᠭᠤᠯᠬᠤ ᠡᠯ᠎ᠡ ᠲᠠᠯ᠎ᠠ ᠶᠢᠨ ᠡᠭᠦᠷᠭᠡ ᠬᠠᠷᠢᠭᠤᠴᠠᠯᠭ᠎ᠠ | | ᠨᠠᠢᠮᠠᠳᠣᠭᠠᠷ ᠵᠦᠶᠯ ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠷᠥᠯ ᠵᠦᠶᠯ ᠤᠨ | ᠬᠠᠮᠢᠶᠠᠷᠤᠯᠲᠠ ᠶᠢᠨ ᠪᠠᠶᠢᠭᠤᠯᠤᠮᠵᠢ ᠶᠢᠨ ᠭᠤᠤᠯ ᠡᠭᠦᠷᠭᠡ ᠬᠠᠷᠢᠭᠤᠴᠠᠯᠭ᠎ᠠ ᠳᠤ ᠪᠠᠭᠳᠠᠬᠤ ᠵᠦᠢᠯ᠄ | ︵ᠨᠢᠭᠡ︶ ᠣᠷᠣᠯᠠᠨ ᠪᠠᠶᠢᠭᠤᠯᠬᠤ ᠲᠥᠷᠥᠯ ᠵᠦᠶᠯ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ᠂ ᠪᠡᠯᠡ | ᠣᠷᠣᠭᠤᠯᠣᠯᠳᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠪᠡᠯᠡ ᠣᠷᠣᠭᠤᠯᠬᠤ | ᠲᠦᠢᠮᠣ ᠲᠦᠰᠣᠪ ᠢ ᠴᠢᠩᠭ᠎ᠠ ᠡᠵᠡᠮᠳᠠᠨᠠ᠃ | ︵ᠬᠤᠶᠠᠷ︶ ᠲᠥᠷᠥᠯ ᠵᠦᠶᠯ ᠤᠨ ᠪᠣᠳᠠᠳᠠᠢ ᠶᠢ ᠦᠨᠳᠦᠰᠦᠯᠡᠨ᠂ ᠰᠢᠭᠤᠳ ᠣᠷᠣᠯᠠᠨ ᠪᠠᠶᠢᠭᠤᠯᠬᠤ ᠪᠣᠶᠣ | ᠨᠠᠶᠢᠳᠠᠵᠣ ᠣᠷᠣᠯᠠᠨ ᠪᠠᠶᠢᠭᠤᠯᠬᠤ ᠵᠠᠭᠪᠤᠷ ᠤᠨ ᠠᠯᠢ ᠶᠢ ᠨᠢ ᠬᠡᠷᠡᠭᠯᠡᠬᠦ ᠪᠠᠨ ᠲᠣᠭᠲᠠᠭᠠᠨ᠎ᠠ᠃ | ︵ᠭᠤᠷᠪᠠ︶ ᠰᠢᠭᠤᠳ ᠣᠷᠣᠯᠠᠨ ᠪᠠᠶᠢᠭᠤᠯᠬᠤ ᠵᠠᠭᠪᠤᠷ ᠢ ᠬᠡᠷᠡᠭᠯᠡᠭᠰᠡᠨ ᠪᠣᠯ ᠲᠣᠰ ᠠᠷᠭ᠎ᠠ ᠶᠢᠨ ᠠᠷᠪᠠᠳᠤᠭᠠᠷ | ᠵᠦᠶᠯ ᠳᠤ ᠲᠣᠭᠳᠠᠭᠠᠭᠰᠠᠨ ᠣᠷᠣᠯᠠᠨ ᠪᠠᠶᠢᠭᠤᠯᠬᠤ ᠨᠢᠭᠡᠴᠢ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠳᠥᠷᠪᠡ︶ ᠨᠠᠶᠢᠳᠠᠵᠤ ᠣᠷᠣᠯᠠᠨ ᠪᠠᠶᠢᠭᠤᠯᠬᠤ ᠵᠠᠭᠪᠤᠷ ᠢ ᠬᠡᠷᠡᠭᠯᠡᠭᠰᠡᠨ ᠪᠣᠯ ᠲᠣᠭᠲᠠᠭᠠᠭᠰᠠᠨ ᠳᠡᠰ | ᠳᠠᠷᠠᠭᠠᠯᠠᠯ ᠶᠣᠰᠣᠭᠠᠷ ᠣᠷᠣᠯᠠᠨ ᠪᠠᠶᠢᠭᠤᠯᠬᠤ ᠠᠵᠤ ᠠᠬᠤᠶᠢᠯᠠᠯ ᠢ ᠰᠣᠩᠭᠤᠨ ᠲᠣᠭᠲᠠᠭᠠᠬᠤ ᠶᠢᠨ ᠬᠠᠮᠲᠤ᠂ ᠣᠷᠣᠯᠠᠨ | ᠪᠠᠶᠢᠭᠤᠯᠬᠤ ᠠᠵᠤ ᠠᠬᠤᠶᠢᠯᠠᠯ ᠯᠤᠭ᠎ᠠ ᠨᠠᠶᠢᠳᠠᠵᠣ ᠣᠷᠣᠯᠠᠨ ᠪᠠᠶᠢᠭᠤᠯᠬᠤ ᠭᠡᠷ᠎ᠡ ᠲᠣᠭᠲᠠᠵᠤ᠂ ᠬᠤᠶᠠᠷ ᠳᠠᠯ᠎ᠠ ᠶᠢᠨ | ᠬᠢᠨ ᠤ ᠡᠷᠬᠡ ᠠᠰᠢᠭ ᠪᠠ ᠡᠭᠦᠷᠭᠡ ᠶᠢ ᠲᠣᠳᠣᠷᠬᠠᠶᠢᠯᠠᠨ᠎ᠠ᠃ | ︵ᠲᠠᠪᠤ︶ ᠣᠷᠣᠯᠠᠨ ᠪᠠᠶᠢᠭᠤᠯᠬᠤ ᠠᠵᠤ ᠠᠬᠤᠶᠢᠯᠠᠯ᠂ ᠬᠡᠷᠡᠭᠯᠡᠬᠦ ᠨᠢᠭᠡᠴᠢ ᠵᠢᠴᠢ ᠣᠷᠣᠯᠠᠨ ᠪᠠᠶᠢᠭᠤᠯᠬᠤ | ᠲᠥᠷᠥᠯ ᠵᠦᠶᠯ ᠯᠦᠭᠡ ᠬᠤᠯᠪᠣᠭᠳᠠᠬᠤ ᠡᠯ᠎ᠡ ᠰᠠᠯᠠᠭ᠎ᠠ ᠮᠥᠴᠢᠷ ᠤᠨ ᠬᠠᠷᠢᠴᠠᠭ᠎ᠠ ᠶᠢ ᠵᠣᠬᠢᠴᠠᠭᠤᠯᠤᠨ᠎ᠠ᠃ | ︵ᠵᠢᠷᠭᠤᠭ᠎ᠠ︶ ᠲᠥᠷᠥᠯ ᠵᠦᠶᠯ ᠳᠤ ︽ᠪᠠᠷᠢᠯᠭ᠎ᠠ ᠶᠢᠨ ᠵᠢᠷᠤᠭ ᠢ ᠵᠢᠷᠣᠵᠣ ᠲᠥᠯᠥᠪᠯᠡᠭᠰᠡᠨ ᠪᠢᠴᠢᠭ | ᠮᠠᠲ᠋ᠧᠷᠢᠶᠠᠯ ᠤᠨ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠪᠢᠴᠢᠭ︾ ᠣᠯᠬᠤ ᠠᠴᠠ ᠡᠮᠦᠨᠡᠬᠢ ᠬᠠᠮᠢᠶ᠎ᠠ ᠪᠦᠬᠦᠢ | ᠠᠵᠢᠯ ᠳᠤ ᠣᠷᠣᠯᠴᠠᠨ᠎ᠠ᠃ | ︵ᠳᠣᠯᠤᠭ᠎ᠠ︶ ᠲᠣᠭᠲᠠᠭᠠᠯ ᠠᠴᠠ ᠵᠥᠷᠢᠴᠡᠭᠰᠡᠨ᠂ ᠭᠡᠷ᠎ᠡ ᠠᠴᠠ ᠵᠥᠷᠢᠴᠡᠭᠰᠡᠨ ᠬᠤᠯᠪᠣᠭᠳᠠᠯ ᠪᠦᠭᠦᠢ ᠦᠢᠯᠡ | ᠠᠵᠢᠯᠯᠠᠭ᠎ᠠ ᠶᠢ ᠬᠤᠷᠢᠭᠯᠠᠨ ᠵᠣᠭᠰᠣᠭᠠᠬᠤ᠂ ᠵᠠᠯᠠᠷᠠᠭᠤᠯᠬᠤ ᠪᠤᠶᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ | ᠲᠠᠯᠪᠢᠬᠤ ᠰᠠᠯᠠᠭ᠎ᠠ ᠮᠥᠴᠢᠷ ᠲᠤ ᠰᠶᠢᠳᠪᠦᠷᠢᠯᠡᠬᠦᠯᠬᠦ ᠪᠠᠷ ᠳᠡᠪᠰᠢᠭᠦᠯᠣᠨᠠ᠃ | ︵ᠨᠠᠢᠮᠨ︶ ᠣᠷᠣᠯᠠᠨ ᠪᠠᠶᠢᠭᠤᠯᠬᠤ ᠲᠥᠷᠥᠯ ᠵᠦᠶᠯ ᠢ ᠰᠢᠯᠵᠢᠭᠦᠯᠦᠨ ᠲᠤᠰᠢᠶᠠᠬᠤ ᠶᠢ ᠵᠣᠬᠢᠶᠠᠨ | ᠪᠠᠶᠢᠭᠤᠯᠤᠨ᠎ᠠ᠃ | ᠶᠢᠰᠦᠳᠦᠭᠡᠷ ᠵᠦᠶᠯ ᠬᠡᠷᠡᠭᠯᠡᠬᠦ ᠨᠢᠭᠡᠴᠢ ᠶᠢᠨ ᠭᠤᠤᠯ ᠡᠭᠦᠷᠭᠡ ᠬᠠᠷᠢᠭᠤᠴᠠᠯᠭ᠎ᠠ ᠳᠤ ᠪᠠᠭᠳᠠᠬᠤ ᠵᠦᠢᠯ᠄ | ︵ᠨᠢᠭᠡ︶ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ ᠢ ᠨᠠᠶᠢᠷᠠᠭᠤᠯᠤᠨ ᠵᠣᠬᠢᠶᠠᠬᠤ ᠶᠢᠨ ᠬᠠᠮᠲᠤ | ᠭᠤᠶᠣᠴᠢᠯᠠᠨ ᠮᠡᠳᠡᠭᠦᠯᠦᠨ᠎ᠡ᠂ ᠲᠥᠷᠥᠯ ᠵᠦᠶᠯ ᠤᠨ ᠰᠠᠨᠠᠭᠤᠯᠭ᠎ᠠ ᠶᠢᠨ ᠪᠢᠴᠢᠭ ᠲᠤ ᠵᠥᠪᠰᠢᠶᠡᠷᠡᠭᠰᠡᠨ ᠪᠦᠲᠦᠭᠡᠨ | ᠪᠠᠶᠢᠭᠤᠯᠬᠤ ᠰᠢᠨᠵᠢ ᠴᠢᠨᠠᠷ᠂ ᠪᠦᠲᠦᠭᠡᠨ ᠪᠠᠶᠢᠭᠤᠯᠬᠤ ᠬᠡᠪᠴᠢᠶ᠎ᠡ ᠪᠠ ᠶᠡᠷᠦᠩᠬᠡᠶ ᠪᠡᠯᠡ ᠣᠷᠣᠭᠤᠯᠬᠤ ᠲᠤᠭ᠎ᠠ | ᠬᠡᠮᠵᠢᠶ᠎ᠡ ᠶᠢ ᠦᠨᠳᠦᠰᠦᠯᠡᠨ᠂ ᠲᠥᠷᠥᠯ ᠵᠦᠶᠯ ᠤᠨ ᠬᠡᠷᠡᠭᠯᠡᠬᠦ ᠴᠢᠳᠠᠮᠵᠢ ᠶᠢᠨ ᠲᠣᠬᠢᠷᠠᠭᠤᠯᠤᠯᠲᠠ ︵ᠲᠦᠷᠣᠯ | ᠵᠦᠶᠯ ᠤᠨ ᠡᠯ᠎ᠡ ᠲᠤᠰᠬᠠᠶ ᠮᠡᠷᠭᠡᠵᠢᠯ ᠤᠨ ᠪᠠᠷᠢᠯᠭ᠎ᠠ ᠪᠠᠭᠲᠠᠨ᠎ᠠ︶᠂ ᠪᠦᠲᠦᠭᠡᠨ ᠪᠠᠶᠢᠭᠤᠯᠬᠤ ᠪᠠᠷᠢᠮᠵᠢᠶ᠎ᠠ ᠪᠠ ᠪᠡᠯᠡ | ᠣᠷᠣᠭᠤᠯᠬᠤ ᠰᠠᠨᠠᠭᠤᠯᠭ᠎ᠠ ᠶᠢ ᠳᠤᠷᠠᠳᠣᠨ᠎ᠠ᠃ | ︵ᠬᠤᠶᠠᠷ︶ ᠪᠣᠯᠤᠮᠵᠢᠳᠣ ᠰᠤᠳᠤᠯᠣᠯ ᠤᠨ ᠮᠡᠳᠡᠭᠦᠯᠦᠯᠲᠡ ᠨᠠᠶᠢᠷᠠᠭᠤᠯᠤᠨ ᠵᠣᠬᠢᠶᠠᠬᠤ ᠶᠢ ᠵᠣᠬᠢᠶᠠᠨ | ᠪᠠᠶᠢᠭᠤᠯᠣᠨ᠎ᠠ᠃ | ︵ᠭᠤᠷᠪᠠ︶ ᠲᠥᠷᠥᠯ ᠵᠦᠶᠯ ᠤᠨ ᠪᠣᠯᠤᠮᠵᠢᠳᠣ ᠰᠤᠳᠤᠯᠤᠯ ᠤᠨ ᠮᠡᠳᠡᠭᠦᠯᠦᠯᠲᠡ ᠶᠢᠨ ᠬᠢᠨᠠᠨ ᠵᠥᠪᠰᠢᠶᠡᠷᠡᠬᠦ | ᠭᠠᠷᠳᠠᠮ ᠢ ᠭᠦᠶᠴᠡᠳᠬᠡᠨᠠ᠂ ᠬᠢᠨᠠᠨ ᠵᠥᠪᠰᠢᠶᠡᠷᠡᠬᠦ ᠮᠠᠲ᠋ᠧᠷᠢᠶᠠᠯ ᠳᠤ᠄ ᠪᠣᠯᠤᠮᠵᠢᠲᠤ ᠰᠤᠳᠤᠯᠣᠯ ᠤᠨ ᠮᠡᠳᠡᠭᠦᠯᠦᠯᠲᠡ | ᠤᠨ ᠭᠤᠶᠤᠴᠢᠯᠠᠬᠤ ᠪᠢᠴᠢᠭ ᠮᠠᠲ᠋ᠧᠷᠢᠶᠠᠯ᠂ ᠪᠣᠯᠤᠮᠵᠢᠲᠤ ᠰᠤᠳᠤᠯᠣᠯ ᠤᠨ ᠮᠡᠳᠡᠭᠦᠯᠦᠯᠲᠡ᠂ ᠭᠠᠵᠠᠷ ᠰᠣᠩᠭᠤᠬᠤ ᠰᠠᠨᠠᠯ | ᠤᠨ ᠪᠢᠴᠢᠭ ︵ᠬᠤᠪᠢᠶᠠᠷᠢᠯᠠᠨ ᠰᠠᠯᠭᠠᠬᠤ ᠠᠷᠭ᠎ᠠ ᠮᠠᠶ᠋ᠢᠭ ᠢᠶᠠᠷ ᠤᠯᠤᠰ ᠤᠨ ᠥᠮᠴᠢᠯᠡᠯᠳᠣ ᠭᠠᠵᠠᠷ ᠰᠢᠷᠣᠶ ᠶᠢᠨ | ᠬᠡᠷᠡᠭᠯᠡᠬᠦ ᠡᠷᠬᠡ ᠬᠠᠩᠭᠠᠬᠤ ᠲᠥᠷᠥᠯ ᠵᠦᠶᠯ︶᠂ ᠭᠠᠵᠠᠷ ᠬᠡᠷᠡᠭᠯᠡᠬᠦ ᠶᠢ ᠤᠷᠢᠳᠴᠢᠯᠠᠨ ᠬᠢᠨᠠᠭᠰᠠᠨ ᠰᠠᠨᠠᠯ᠂ ᠡᠨᠧᠷᠭᠢ | ᠠᠷᠪᠢᠯᠠᠬᠤ ᠶᠢ ᠬᠢᠨᠠᠨ ᠪᠠᠶᠢᠴᠠᠭᠠᠭᠰᠠᠨ ᠰᠠᠨᠠᠯ ᠪᠠᠭᠳᠠᠨ᠎ᠠ᠂ ᠴᠢᠬᠤᠯᠠ ᠶᠡᠭᠡ ᠲᠥᠷᠥᠯ ᠵᠦᠶᠯ ᠳᠤ ᠪᠤᠯ ᠲᠥᠷᠥᠯ | ᠵᠦᠶᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠵᠢᠴᠢ | ᠬᠢᠨᠠᠨ ᠬᠠᠷᠭᠤᠭᠤᠯᠤᠭᠰᠠᠨ ᠰᠠᠨᠠᠯ ᠢ ᠬᠠᠩᠭᠠᠵᠦ᠂ ᠠᠷᠠᠳ ᠢ ᠨᠡᠭᠦᠯᠭᠡᠨ ᠲᠥᠪᠬᠢᠨᠡᠭᠦᠯᠬᠦ ᠵᠦᠢᠯ ᠳᠤ ᠬᠤᠯᠪᠣᠭᠳᠠᠪᠠᠯ | ᠪᠠᠰᠠ ᠠᠷᠠᠳ ᠢ ᠨᠡᠭᠦᠯᠭᠡᠨ ᠲᠥᠪᠬᠢᠨᠡᠭᠦᠯᠬᠦ ᠲᠥᠯᠥᠪᠵᠢᠭᠦᠯᠭᠡ ᠶᠢᠨ ᠬᠢᠨᠠᠨ ᠬᠠᠷᠭᠤᠭᠤᠯᠤᠭᠰᠠᠨ ᠰᠠᠨᠠᠯ ᠢ ᠬᠠᠩᠭᠠᠨ᠎ᠠ᠃ | | ︵ᠲᠦᠷᠪᠠ︶ ᠲᠥᠷᠥᠯ ᠵᠦᠶᠯ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠪᠡ᠂ ᠪᠦᠲᠦᠭᠡᠨ | ᠪᠠᠶᠢᠭᠤᠯᠤᠯᠲᠠ ᠳᠤ ᠬᠡᠷᠩᠯᠡᠭᠦ ᠭᠠᠵᠠᠷ ᠤᠨ ᠵᠥᠪᠰᠢᠶᠡᠷᠡᠯ ᠵᠡᠷᠭᠡ ᠬᠠᠮᠢᠶ᠎ᠠ ᠪᠦᠬᠦᠢ ᠭᠠᠷᠳᠠᠮ ᠢ ᠭᠦᠶᠴᠡᠳᠬᠡᠨᠠ᠃ | ︵ᠲᠠᠪᠤ︶ ᠪᠣᠯᠤᠮᠵᠢᠲᠤ ᠰᠤᠳᠤᠯᠣᠯ ᠤᠨ ᠮᠡᠳᠡᠭᠦᠯᠦᠯᠲᠡ ᠶᠢᠨ ᠴᠤᠬᠤᠯᠠᠪᠤᠷᠢ ᠪᠠ ᠬᠤᠲᠠ ᠶᠢᠨ ᠶᠠᠪᠣᠳᠠᠯ ᠤᠨ | ᠬᠤᠯᠪᠣᠭᠳᠠᠯ ᠪᠦᠬᠦᠢ ᠲᠦᠭᠦᠷᠵᠢᠭᠦᠯᠭᠦ ᠪᠡᠯᠡᠳᠬᠡᠮᠵᠢ ᠶᠢᠨ ᠵᠥᠪᠰᠢᠶᠡᠷᠡᠭᠰᠡᠨ ᠲᠥᠰᠦᠯ ᠢ ᠦᠨᠳᠦᠰᠦᠯᠡᠨ᠂ ᠠᠩᠬᠠᠨ ᠤ | ᠵᠢᠷᠤᠭ ᠲᠦᠯᠣᠪᠯᠡᠭᠡ ᠵᠢᠴᠢ ᠲᠦᠢᠮᠣ ᠲᠦᠰᠣᠪ ᠤᠨ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ᠂ | ᠰᠢᠯᠢᠳᠡᠭᠵᠢᠭᠦᠯᠬᠦ ᠪᠠ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠵᠣᠬᠢᠶᠠᠨ ᠪᠠᠶᠢᠭᠤᠯᠤᠨ᠎ᠠ᠃ | ︵ᠵᠢᠷᠭᠤᠭ᠎ᠠ︶ ᠠᠩᠬᠠᠨ ᠤ ᠵᠢᠷᠤᠭ ᠲᠥᠯᠥᠪᠯᠡᠭᠡᠨ ᠢᠶᠠᠷ ᠵᠥᠪᠰᠢᠶᠡᠷᠡᠭᠰᠡᠨ ᠪᠦᠲᠦᠭᠡᠨ ᠪᠠᠶᠢᠭᠤᠯᠬᠤ | ᠬᠡᠪᠴᠢᠶ᠎ᠡ᠂ ᠠᠭᠤᠯᠭ᠎ᠠ᠂ ᠪᠠᠷᠢᠮᠵᠢᠶ᠎ᠠ ᠪᠠ ᠲᠦᠢᠮᠣ ᠲᠦᠰᠣᠪ ᠤᠨ ᠪᠡᠯᠡ ᠣᠷᠣᠭᠤᠯᠣᠯᠳᠠ ᠶᠣᠰᠣᠭᠠᠷ᠂ ᠪᠠᠷᠢᠯᠭ᠎ᠠ ᠶᠢᠨ | ᠵᠢᠷᠤᠭ ᠵᠢᠷᠤᠵᠣ ᠲᠥᠯᠥᠪᠯᠡᠭᠦ ᠶᠢ ᠵᠣᠬᠢᠶᠠᠨ ᠪᠠᠶᠢᠭᠤᠯᠤᠨ᠎ᠠ᠃ ᠪᠠᠷᠢᠯᠭ᠎ᠠ ᠶᠢᠨ ᠵᠢᠷᠤᠭ ᠵᠢᠷᠤᠵᠣ ᠲᠥᠯᠥᠪᠯᠡᠭᠰᠡᠨ | ᠪᠢᠴᠢᠭ ᠮᠠᠲ᠋ᠧᠷᠢᠶᠠᠯ ᠤᠨ ᠠᠭᠤᠯᠭ᠎ᠠ ᠨᠢ ᠪᠦᠷᠢᠨ ᠪᠦᠲᠦᠨ᠂ ᠲᠤᠰᠬᠠᠶ ᠮᠡᠷᠭᠡᠵᠢᠯ ᠨᠢ ᠪᠦᠷᠢᠨ ᠭᠦᠶᠴᠡᠳ ᠪᠠᠶᠢᠬᠤ ᠶᠢᠨ | ᠬᠠᠮᠲᠤ ᠪᠠᠷᠢᠯᠭ᠎ᠠ ᠶᠢᠨ ᠶᠡᠷᠣᠩᠬᠡᠶᠢᠯᠠᠨ ᠳᠠᠭᠠᠭᠠᠴᠢᠯᠠᠬᠤ ᠳᠠᠭᠠᠭᠠᠴᠢᠯᠠᠯᠲᠠ ᠵᠠᠷᠯᠠᠬᠤ ᠵᠢᠴᠢ ᠪᠠᠷᠢᠯᠭ᠎ᠠ ᠶᠢᠨ ᠭᠦᠨᠴᠡ ᠳᠤ | ᠬᠦᠷᠦᠭᠰᠡᠨ ᠪᠠᠶᠢᠬᠤ ᠬᠡᠷᠡᠭᠲᠡᠶ᠃ | ︵ᠳᠣᠯᠤᠭ᠎ᠠ︶ ᠪᠥᠲᠥᠭᠡᠨ ᠪᠠᠶᠢᠭᠤᠯᠬᠤ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ᠂ ᠪᠠᠷᠢᠯᠭ᠎ᠠ | ᠶᠢᠨ ᠵᠢᠷᠤᠭ ᠵᠢᠷᠤᠵᠣ ᠲᠥᠯᠥᠪᠯᠡᠭᠰᠡᠨ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ︵ᠭᠠᠯ ᠰᠡᠷᠭᠡᠶᠢᠯᠡᠨ ᠤᠨᠲᠠᠷᠠᠭᠠᠬᠤ᠂ | ᠠᠷᠠᠳ ᠤᠨ ᠠᠭᠠᠷ ᠤᠨ ᠰᠡᠷᠭᠡᠶᠢᠯᠡᠯᠲᠡ ᠪᠠᠭᠲᠠᠨ᠎ᠠ︶ ᠵᠡᠷᠭᠡ ᠬᠠᠮᠢᠶ᠎ᠠ ᠪᠥᠬᠦᠶ ᠭᠠᠷᠳᠠᠮ ᠢ ᠭᠦᠶᠴᠡᠳᠬᠡᠨ᠎ᠡ᠃ | ︵ᠨᠠᠢᠮᠨ︶ ᠪᠡᠯᠡ ᠣᠷᠣᠭᠤᠯᠤᠯᠲᠠ ᠳᠤ ᠲᠣᠬᠢᠷᠠᠭᠤᠯᠤᠯᠲᠠ ᠬᠢᠬᠦ ᠬᠤᠯᠪᠣᠭᠳᠠᠯ ᠪᠦᠬᠦᠢ ᠠᠵᠢᠯ ᠢ | ᠬᠠᠷᠢᠭᠤᠴᠠᠨ᠎ᠠ᠃ | ︵ᠶᠢᠰᠦ︶ ᠲᠥᠷᠥᠯ ᠵᠦᠶᠯ ᠤᠨ ᠦᠪᠡᠰᠣᠪᠡᠨ ᠪᠡᠯᠡ ᠮᠥᠩᠭᠦ ᠴᠤᠭᠯᠠᠭᠤᠯᠬᠤ ᠶᠢ ᠬᠠᠷᠢᠭᠤᠴᠠᠵᠤ᠂ ᠪᠦᠳᠣᠭᠡᠨ | ᠪᠠᠶᠢᠭᠤᠯᠬᠤ ᠪᠡᠯᠡ ᠮᠦᠩᠭᠦᠨ ᠤ ᠬᠡᠷᠡᠭᠯᠡᠬᠦ ᠲᠥᠯᠥᠪᠯᠡᠭᠡ ᠶᠢ ᠴᠢᠩᠭ᠎ᠠ ᠵᠢᠷᠤᠮᠯᠠᠵᠣ ᠣᠷᠣᠯᠠᠨ ᠪᠠᠶᠢᠭᠤᠯᠬᠤ ᠨᠢᠭᠡᠴᠢ ᠳᠤ | ᠵᠣᠭᠤᠰ ᠰᠠᠯᠭᠠᠨ ᠦᠭᠭᠦᠨ᠎ᠠ᠃ | ︵ᠠᠷᠪᠠ︶ ᠪᠠᠷᠢᠯᠭ᠎ᠠ ᠶᠢᠨ ᠲᠤᠰᠬᠠᠶ ᠰᠢᠯᠭᠠᠨ ᠬᠤᠷᠢᠶᠠᠵᠣ ᠠᠪᠬᠤ ᠪᠠ ᠪᠠᠷᠢᠯᠭ᠎ᠠ ᠳᠠᠭᠤᠰᠤᠭᠰᠠᠨ ᠢ ᠰᠢᠯᠭᠠᠨ | ᠬᠤᠷᠢᠶᠠᠵᠣ ᠠᠪᠬᠤ ᠳᠤ ᠣᠷᠣᠯᠴᠠᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ ᠬᠦᠯᠢᠶᠡᠨ ᠠᠪᠴᠤ᠂ | ᠬᠡᠷᠡᠭᠯᠡᠭᠦ ᠪᠠ ᠬᠠᠮᠢᠶᠠᠷᠣᠨ᠎ᠠ᠃ | ᠬᠡᠷᠡᠭᠯᠡᠬᠦ ᠨᠢᠭᠡᠴᠢ ᠨᠢ ᠲᠥᠷᠥᠯ ᠵᠦᠢᠯ ᠳᠤ ︽ᠪᠠᠷᠢᠯᠭ᠎ᠠ ᠶᠢᠨ ᠵᠢᠷᠤᠭ ᠵᠢᠷᠣᠵᠣ ᠲᠥᠯᠥᠪᠯᠡᠭᠰᠡᠨ ᠪᠢᠴᠢᠭ | ᠮᠠᠲ᠋ᠧᠷᠢᠶᠠᠯ ᠤᠨ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠪᠢᠴᠢᠭ︾ ᠢ ᠣᠯᠤᠭᠰᠠᠨ ᠡᠳᠦᠷ ᠠᠴᠠ ᠡᠬᠢᠯᠡᠨ 15 | ᠠᠵᠢᠯᠯᠠᠬᠤ ᠡᠳᠦᠷ ᠤᠨ ᠳᠣᠲᠣᠷ᠎ᠠ᠂ ᠣᠷᠣᠯᠠᠨ ᠪᠠᠶᠢᠭᠤᠯᠬᠤ ᠨᠢᠭᠡᠴᠢ ᠳᠤ ᠪᠠᠷᠢᠯᠭ᠎ᠠ ᠶᠢᠨ ᠵᠢᠷᠤᠭ ᠵᠢᠷᠣᠵᠣ | ᠲᠥᠯᠥᠪᠯᠡᠭᠰᠡᠨ ᠪᠢᠴᠢᠭ ᠮᠠᠲ᠋ᠧᠷᠢᠶᠠᠯ᠂ ᠡᠮᠦᠨᠡᠬᠢ ᠬᠤᠭᠤᠴᠠᠭᠠᠨ ᠤ ᠠᠵᠢᠯ ᠤᠨ ᠪᠢᠴᠢᠭ ᠮᠠᠲ᠋ᠧᠷᠢᠶᠠᠯ ︵ᠡᠮᠦᠨᠡᠬᠢ | ᠬᠤᠭᠤᠴᠠᠭᠠᠨ ᠤ ᠭᠠᠷᠳᠠᠮ᠂ ᠭᠡᠷ᠎ᠡ᠂ ᠡᠳ᠋ ᠤᠨ ᠶᠠᠪᠤᠳᠠᠯ ᠤᠨ ᠮᠠᠲ᠋ᠧᠷᠢᠶᠠᠯ ᠵᠡᠷᠭᠡ ᠪᠠᠭᠲᠠᠨ᠎ᠠ︶ ᠵᠢᠴᠢ ᠪᠦᠲᠦᠭᠡᠨ | ᠪᠠᠶᠢᠭᠤᠯᠤᠯᠲᠠ ᠶᠢᠨ ᠲᠠᠯᠠᠪᠤᠷ ᠭᠠᠵᠡᠷ ᠢ ᠨᠢᠭᠡ ᠯᠡ ᠤᠳᠠᠭ᠎ᠠ ᠳᠤ ᠰᠢᠯᠵᠢᠭᠦᠯᠦᠨ ᠲᠤᠰᠢᠶᠠᠬᠤ ᠶᠢᠨ ᠬᠠᠮᠳᠣ᠂ ᠡᠮᠦᠨᠡᠬᠢ | ᠬᠤᠭᠤᠴᠠᠭᠠᠨ ᠳᠤ ᠲᠣᠭᠳᠠᠭᠰᠠᠨ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ ᠵᠡᠷᠭᠡ ᠨᠢᠭᠡᠴᠢ ᠬᠢᠭᠡᠣᠨ ᠣᠷᠣᠯᠠᠨ | ᠪᠠᠶᠢᠭᠤᠯᠬᠤ ᠨᠢᠭᠡᠴᠢ ᠯᠦᠭᠡ ᠨᠥᠬᠦᠪᠥᠷᠢ ᠭᠡᠷ᠎ᠡ ᠪᠤᠶᠤ ᠵᠦᠪᠯᠡᠯᠴᠡᠭᠡᠷ ᠲᠣᠭᠲᠠᠭᠠᠬᠤ ᠶᠢ ᠬᠠᠷᠢᠭᠤᠴᠠᠨ ᠵᠣᠬᠢᠴᠠᠭᠤᠯᠵᠣ᠂ | ᠲᠥᠷᠥᠯ ᠵᠦᠶᠯ ᠢ ᠣᠷᠣᠯᠠᠨ ᠪᠠᠶᠢᠭᠤᠯᠬᠤ ᠠᠴᠠ ᠡᠮᠦᠨᠡᠬᠢ ᠪᠠ ᠲᠠᠷᠠᠭᠠᠴᠢ ᠶᠢᠨ ᠱᠠᠳᠣᠨ ᠤ ᠠᠵᠢᠯ ᠢ ᠰᠠᠶᠢᠲᠤᠷ | ᠵᠣᠯᠭᠠᠭᠤᠯᠣᠨ᠎ᠠ᠃ | ᠠᠷᠪᠠᠳᠤᠭᠠᠷ ᠵᠦᠶᠯ ᠣᠷᠣᠯᠠᠨ ᠪᠠᠶᠢᠭᠤᠯᠬᠤ ᠨᠢᠭᠡᠴᠢ ᠶᠢᠨ ᠭᠤᠤᠯ ᠡᠭᠦᠷᠭᠡ ᠬᠠᠷᠢᠭᠤᠴᠠᠯᠭ᠎ᠠ ᠳᠤ ᠪᠠᠭᠳᠠᠬᠤ | ᠵᠦᠢᠯ᠄ | ︵ᠨᠢᠭᠡ︶ ᠳᠠᠭᠠᠭᠠᠴᠢᠯᠠᠯᠲᠠ ᠵᠠᠷᠯᠠᠭᠴᠢ ᠶᠢᠨ ᠬᠢᠷᠢ ᠬᠡᠮ ᠢᠶᠠᠷ ᠪᠠᠷᠢᠯᠭ᠎ᠠ ᠪᠠᠷᠢᠬᠤ ᠶᠢ ᠶᠡᠷᠦᠩᠬᠡᠶᠢᠯᠡᠨ | ᠳᠠᠭᠠᠭᠠᠴᠢᠯᠠᠬᠤ᠂ ᠬᠢᠨᠠᠬᠤ᠂ ᠠᠰᠠᠭᠤᠨ ᠯᠠᠪᠯᠠᠬᠤ᠂ ᠭᠤᠤᠯ ᠪᠣᠯᠬᠤ ᠲᠥᠬᠦᠭᠡᠷᠦᠮᠵᠢ ᠪᠠ ᠮᠠᠲ᠋ᠧᠷᠢᠶᠠᠯ ᠵᠡᠷᠭᠡ ᠳᠤ | ᠳᠠᠭᠠᠭᠠᠴᠢᠯᠠᠯᠲᠠ ᠵᠠᠷᠯᠠᠬᠤ ᠠᠵᠢᠯᠯᠠᠭ᠎ᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠵᠣ᠂ | ᠳᠠᠭᠠᠭᠠᠴᠢᠯᠠᠯᠲᠠ ᠬᠦᠯᠢᠶᠡᠭᠴᠢ ᠲᠠᠢ ᠬᠠᠮᠢᠶ᠎ᠠ ᠪᠦᠬᠦᠢ ᠭᠡᠷ᠎ᠡ ᠲᠤᠨᠨᠳᠠᠨᠠ᠃ ᠪᠠᠷᠢᠯᠭ᠎ᠠ ᠪᠠᠷᠢᠬᠤ ᠶᠢ ᠶᠡᠷᠦᠩᠬᠡᠶᠢᠯᠡᠨ | ᠳᠠᠭᠠᠭᠠᠴᠢᠯᠠᠭᠰᠠᠨ ᠨᠢᠭᠡᠴᠢ ᠶᠢᠨ ᠲᠤᠰᠬᠠᠶ ᠠᠵᠢᠯ ᠤᠨ ᠪᠠᠷᠢᠯᠭ᠎ᠠ ᠶᠢ ᠬᠤᠪᠢᠶᠠᠨ ᠳᠠᠭᠠᠭᠠᠴᠢᠯᠠᠭᠤᠯᠬᠤ ᠶᠢ ᠨᠢ ᠬᠢᠨᠠᠨ | ᠬᠠᠮᠢᠶᠠᠷᠤᠨ᠎ᠠ᠃ | ︵ᠬᠤᠶᠠᠷ︶ ᠪᠠᠷᠢᠯᠭ᠎ᠠ ᠪᠠᠷᠢᠬᠤ ᠵᠥᠪᠰᠢᠶᠡᠷᠡᠯ᠂ ᠬᠤᠲᠠ ᠶᠢᠨ ᠶᠠᠪᠤᠳᠠᠯ ᠤᠨ ᠲᠦᠭᠦᠷᠵᠢᠭᠦᠯᠭᠦ ᠵᠡᠷᠭᠡ ᠬᠠᠮᠢᠶ᠎ᠠ | ᠪᠦᠬᠦᠢ ᠭᠠᠷᠳᠠᠮ ᠢ ᠭᠦᠶᠴᠡᠳᠬᠡᠨ᠎ᠡ᠃ | ︵ᠭᠤᠷᠪᠠ︶ ᠲᠥᠷᠥᠯ ᠵᠦᠢᠯ ᠤᠨ ᠠᠬᠢᠴᠠ ᠪᠠᠷ ᠣᠨ ᠤ ᠪᠡᠯᠡ ᠣᠷᠣᠭᠤᠯᠬᠤ ᠲᠥᠯᠥᠪᠯᠡᠭᠡ ᠪᠠ ᠣᠨ ᠤ | ᠦᠨᠳᠦᠰᠦᠨ ᠪᠦᠲᠦᠭᠡᠨ ᠪᠠᠶᠢᠭᠤᠯᠬᠤ ᠵᠠᠷᠤᠯᠭ᠎ᠠ ᠶᠢᠨ ᠲᠥᠰᠦᠪ ᠢ ᠨᠠᠶᠢᠷᠠᠭᠤᠯᠤᠨ ᠵᠣᠬᠢᠶᠠᠵᠤ᠂ ᠪᠦᠲᠦᠭᠡᠨ | ᠪᠠᠶᠢᠭᠤᠯᠬᠤ ᠪᠡᠯᠡ ᠮᠥᠩᠭᠦ ᠶᠢ ᠭᠤᠶᠤᠴᠢᠯᠠᠨ ᠠᠪᠬᠤ᠂ ᠬᠠᠮᠢᠶᠠᠷᠬᠤ ᠪᠠ ᠬᠡᠷᠡᠭᠯᠡᠵᠦ᠂ ᠲᠥᠷᠥᠯ ᠵᠦᠢᠯ ᠤᠨ ᠣᠨ ᠤ | ᠡᠳ᠋ ᠤᠨ ᠶᠠᠪᠤᠳᠠᠯ ᠤᠨ ᠲᠥᠰᠦᠪ ᠤᠨ ᠭᠦᠶᠴᠡᠳᠬᠡᠯ ᠤᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠨ᠎ᠠ᠃ | ︵ᠳᠥᠷᠪᠡ︶ ᠲᠥᠷᠥᠯ ᠵᠦᠶᠯ ᠤᠨ ᠪᠦᠲᠦᠭᠡᠨ ᠪᠠᠶᠢᠭᠤᠯᠬᠤ ᠶᠠᠪᠤᠴᠠ ᠳᠠᠬᠢ ᠪᠡᠯᠡ ᠣᠷᠣᠭᠤᠯᠤᠯᠲᠠ ᠶᠢᠨ | ᠲᠦᠢᠮᠣ ᠲᠥᠰᠦᠪ᠂ ᠶᠠᠰᠤ ᠴᠢᠨᠠᠷ ᠤᠨ ᠠᠮᠣᠷ ᠲᠦᠪᠰᠢᠨ᠂ ᠪᠠᠷᠢᠯᠭ᠎ᠠ ᠶᠢᠨ ᠬᠤᠭᠤᠴᠠᠭᠠᠨ ᠤ ᠠᠬᠢᠴᠠ ᠶᠢ | ᠬᠠᠷᠢᠭᠤᠴᠠᠨ ᠡᠵᠡᠮᠳᠡᠨ᠎ᠠ ᠃ | ︵ᠲᠠᠪᠤ︶ ᠣᠷᠣᠯᠠᠨ ᠪᠠᠶᠢᠭᠤᠯᠬᠤ ᠲᠥᠷᠥᠯ ᠵᠦᠶᠯ ᠢ ᠬᠤᠪᠢᠷᠠᠭᠠᠬᠤ ᠳᠤ ᠭᠠᠷ ᠤᠨ ᠦᠰᠣᠭ᠌ ᠵᠢᠷᠣᠵᠣ ᠬᠢᠨᠠᠨ | ᠬᠠᠷᠭᠤᠭᠤᠯᠬᠤ ᠵᠦᠶᠯᠡᠰ ᠢ ᠲᠣᠭᠲᠠᠭᠠᠯ ᠶᠣᠰᠣᠭᠠᠷ ᠭᠦᠶᠴᠡᠳᠬᠡᠨ᠎ᠡ᠃ | ︵ᠵᠢᠷᠭᠤᠭ᠎ᠠ︶ ᠠᠵᠢᠯ ᠤᠨ ᠶᠠᠪᠣᠴᠨ ᠳᠤ ᠰᠢᠯᠭᠠᠨ ᠬᠤᠷᠢᠶᠠᠵᠣ ᠠᠪᠬᠤ᠂ ᠲᠤᠰᠬᠠᠶ ᠵᠦᠶᠯ ᠢᠶᠠᠷ ᠰᠢᠯᠭᠠᠨ | ᠬᠤᠷᠢᠶᠠᠵᠣ ᠠᠪᠬᠤ᠂ ᠪᠠᠷᠢᠯᠭ᠎ᠠ ᠳᠠᠭᠤᠰᠣᠭᠰᠠᠨ ᠢ ᠰᠢᠯᠭᠠᠨ ᠬᠤᠷᠢᠶᠠᠵᠣ ᠠᠪᠬᠤ ᠪᠠ ᠪᠦᠷᠢᠣᠡᠭᠡᠨ ᠳᠠᠩᠰᠠᠯᠠᠭᠤᠯᠬᠤ ᠶᠢ | ᠵᠣᠬᠢᠶᠠᠨ ᠪᠠᠶᠢᠭᠤᠯᠬᠤ ᠪᠤᠶᠤ ᠭᠤᠶᠣᠴᠢᠯᠠᠨ ᠮᠡᠳᠡᠭᠦᠯᠭᠦ ᠳᠤ᠂ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠤᠨ ᠲᠣᠭᠲᠠᠭᠠᠯ ᠶᠣᠰᠣᠭᠠᠷ ᠣᠷᠣᠯᠠᠨ ᠪᠠᠶᠢᠭᠤᠯᠬᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ | ᠬᠡᠪᠴᠢᠶᠡᠨ ᠳᠠᠬᠢ ᠶᠠᠰᠤ ᠴᠢᠨᠠᠷ ᠤᠨ ᠬᠠᠷᠢᠭᠤᠴᠠᠯᠭ᠎ᠠ ᠶᠢ ᠡᠭᠦᠷᠭᠡᠯᠡᠨ᠎ᠠ᠃ | ︵ᠳᠣᠯᠤᠭ᠎ᠠ︶ ᠪᠠᠷᠢᠯᠭ᠎ᠠ ᠳᠠᠭᠤᠰᠤᠭᠰᠠᠨ ᠡᠳ᠋ ᠤᠨ ᠶᠠᠪᠤᠳᠠᠯ ᠤᠨ ᠲᠥᠰᠦᠪ ᠤᠨ ᠭᠦᠶᠴᠡᠳᠬᠡᠯ ᠤᠨ | ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ | ᠮᠡᠳᠡᠭᠦᠯᠵᠣ ᠬᠢᠨᠠᠨ ᠵᠥᠪᠰᠢᠶᠡᠷᠡᠭᠦᠯᠣᠨᠠ᠃ | ︵ᠨᠠᠢᠮᠨ︶ ᠲᠥᠷᠥᠯ ᠵᠦᠶᠯ ᠤᠨ ᠪᠠᠷᠢᠯᠭ᠎ᠠ ᠳᠠᠭᠤᠰᠣᠭᠰᠠᠨ ᠵᠢᠴᠢ ᠬᠤᠯᠪᠣᠭᠳᠠᠯ ᠪᠦᠬᠦᠢ ᠮᠡᠷᠭᠡᠵᠢᠯ ᠤᠨ | ᠮᠠᠲ᠋ᠧᠷᠢᠶᠠᠯ ᠢ ᠡᠮᠬᠢᠯᠡᠨ ᠬᠤᠷᠢᠶᠠᠩᠭᠤᠶᠢᠯᠠᠭᠠᠣᠨ ᠰᠢᠯᠵᠢᠭᠦᠯᠦᠨ ᠲᠤᠰᠢᠶᠠᠬᠤ ᠶᠢ ᠬᠠᠷᠢᠭᠤᠴᠠᠬᠤ ᠶᠢᠨ ᠬᠠᠮᠲᠤ᠂ | ᠵᠥᠪᠰᠢᠶᠡᠷᠡᠭᠰᠡᠨ ᠡᠳ᠋ ᠬᠥᠷᠥᠩᠭᠡ ᠶᠢᠨ ᠥᠷᠲᠡᠭ ᠢᠶᠠᠷ ᠬᠡᠷᠡᠭᠯᠡᠬᠦ ᠨᠢᠭᠡᠴᠢ ᠯᠦᠭᠡ ᠡᠳ᠋ ᠬᠥᠷᠥᠩᠭᠡ ᠲᠤᠰᠢᠶᠠᠵᠣ | ᠭᠠᠷᠳᠠᠬᠤ ᠭᠠᠷᠳᠠᠮ ᠢ ᠭᠦᠶᠴᠡᠳᠬᠡᠨᠠ᠃ | ︵ᠶᠢᠰᠦ︶ ᠪᠠᠷᠢᠯᠭ᠎ᠠ ᠶᠢᠨ ᠭᠡᠮ ᠰᠣᠭᠤᠭ ᠢ ᠬᠠᠷᠢᠭᠤᠴᠠᠬᠤ ᠬᠤᠭᠤᠴᠠᠭᠠᠨ ᠳᠠᠬᠢ ᠰᠡᠯᠪᠢᠨ ᠵᠠᠰᠠᠵᠤ | ᠬᠠᠮᠠᠭᠠᠯᠠᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠣ ᠵᠣᠬᠢᠴᠠᠭᠤᠯᠣᠨ᠎ᠠ᠃ | | ᠭᠤᠷᠪᠠᠳᠤᠭᠠᠷ ᠪᠦᠯᠦᠭ ᠣᠷᠣᠯᠠᠨ ᠪᠠᠶᠢᠭᠤᠯᠬᠤ ᠲᠥᠷᠥᠯ ᠵᠦᠶᠯ ᠢ ᠬᠡᠷᠡᠭᠵᠢᠭᠦᠯᠬᠦ ᠳᠡᠰ ᠳᠠᠷᠠᠭᠠᠯᠠᠯ | | ᠠᠷᠪᠠᠨ ᠨᠢᠭᠡᠳᠦᠭᠡᠷ ᠵᠦᠢᠯ ᠬᠡᠷᠡᠭᠯᠡᠬᠦ ᠨᠢᠭᠡᠴᠢ ᠨᠢ ᠲᠥᠷᠥᠯ ᠵᠦᠢᠯ ᠳᠠᠬᠢ ᠬᠡᠷᠡᠭᠴᠡᠭᠡ ᠱᠠᠭᠠᠷᠳᠠᠯᠭ᠎ᠠ ᠶᠢ | ᠳᠤᠷᠠᠳᠣᠨ᠂ ᠲᠥᠷᠥᠯ ᠵᠦᠶᠯ ᠤᠨ ᠰᠠᠨᠠᠭᠤᠯᠭ᠎ᠠ ᠶᠢᠨ ᠪᠢᠴᠢᠭ ᠵᠢᠴᠢ ᠪᠣᠯᠤᠮᠵᠢᠲᠤ ᠰᠤᠳᠤᠯᠤᠯ ᠤᠨ ᠮᠡᠳᠡᠭᠦᠯᠦᠯᠲᠡ ᠶᠢ | ᠵᠣᠬᠢᠶᠠᠨ ᠪᠠᠶᠢᠭᠤᠯᠵᠦ ᠨᠠᠶᠢᠷᠠᠭᠤᠯᠤᠨ ᠵᠣᠬᠢᠶᠠᠵᠣ᠂ ᠲᠣᠭᠳᠠᠭᠰᠠᠨ ᠳᠡᠰ ᠳᠠᠷᠠᠭᠠᠯᠠᠯ ᠢᠶᠠᠷ ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠵᠣ ᠬᠢᠨᠠᠨ ᠵᠥᠪᠰᠢᠶᠡᠷᠡᠭᠦᠯᠦᠨ᠎ᠡ᠃ | ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠠᠰᠲᠠᠭᠠᠨ ᠲᠣᠭᠲᠠᠭᠠᠯ ᠲᠠᠢ ᠪᠠᠶᠢᠪᠡᠯ ᠲᠡᠷᠡ ᠬᠦ ᠲᠣᠭᠲᠠᠭᠠᠯ ᠢᠶᠠᠷ | ᠬᠡᠷᠩᠵᠢᠭᠦᠯᠣᠨ᠎ᠠ᠃ | ᠠᠷᠪᠠᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠦᠪᠯᠡᠯ ᠨᠢ ᠲᠤᠰ ᠠᠷᠭ᠎ᠠ ᠶᠢᠨ ᠲᠣᠭᠲᠠᠭᠠᠭᠰᠠᠨ ᠨᠥᠬᠦᠴᠡᠯ ᠲᠠᠢ ᠲᠣᠬᠢᠷᠠᠯᠴᠠᠬᠤ ᠲᠥᠷᠥᠯ | ᠵᠦᠢᠯ ᠳᠤ᠂ ᠲᠥᠷᠥᠯ ᠵᠦᠶᠯ ᠤᠨ ᠰᠠᠨᠠᠭᠤᠯᠭ᠎ᠠ ᠶᠢᠨ ᠪᠢᠴᠢᠭ ᠪᠤᠶᠤ ᠪᠣᠯᠤᠮᠵᠢᠲᠤ ᠰᠤᠳᠤᠯᠤᠯ ᠤᠨ ᠮᠡᠳᠡᠭᠦᠯᠦᠯᠲᠡ ᠶᠢ | ᠴᠣᠬᠤᠯᠠᠪᠤᠷᠢᠯᠠᠬᠤ ᠳᠤ ᠪᠠᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠣᠯᠳᠠ ᠶᠢᠨ ᠲᠢᠩᠬᠢᠮ ᠵᠢᠴᠢ ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠷᠥᠯ | ᠵᠦᠶᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠵᠡᠷᠭᠡ ᠳᠤ ᠨᠢ ᠬᠠᠭᠤᠯᠤᠨ ᠢᠯᠡᠭᠡᠨ᠎ᠠ᠃ ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠢ ᠲᠥᠷᠥᠯ | ᠵᠦᠢᠯ ᠤᠨ ᠰᠠᠨᠠᠭᠤᠯᠭ᠎ᠠ ᠶᠢᠨ ᠪᠢᠴᠢᠭ ᠪᠤᠶᠤ ᠪᠣᠯᠤᠮᠵᠢᠲᠤ ᠰᠤᠳᠤᠯᠣᠯ ᠤᠨ ᠮᠡᠳᠡᠭᠦᠯᠦᠯᠲᠡ ᠳᠤ ᠴᠣᠬᠤᠯᠠᠪᠤᠷᠢᠯᠠᠭᠰᠠᠨ | ᠰᠠᠨᠠᠯ ᠢ ᠦᠨᠳᠦᠰᠦᠯᠡᠵᠣ᠂ ᠲᠥᠷᠥᠯ ᠵᠦᠶᠯ ᠢ ᠣᠷᠣᠯᠠᠨ ᠪᠠᠶᠢᠭᠤᠯᠬᠤ ᠵᠠᠭᠪᠤᠷ ᠢ ᠲᠣᠭᠲᠠᠭᠠᠬᠤ ᠶᠢᠨ ᠬᠠᠮᠲᠤ ᠬᠡᠷᠡᠭᠯᠡᠬᠦ | ᠨᠢᠭᠡᠴᠢ ᠳᠤ ᠪᠢᠴᠢᠭ ᠢᠶᠠᠷ ᠮᠡᠳᠡᠭᠳᠡᠨ᠎ᠠ᠃ | ᠠᠷᠪᠠᠨ ᠭᠤᠷᠪᠠᠳᠤᠭᠠᠷ ᠵᠦᠶᠯ ᠲᠥᠷᠥᠯ ᠵᠦᠶᠯ ᠢ ᠨᠠᠶᠢᠳᠠᠵᠣ ᠣᠷᠣᠯᠠᠨ ᠪᠠᠶᠢᠭᠤᠯᠬᠤ ᠳᠤ᠂ ᠲᠥᠷᠥᠯ | ᠵᠦᠶᠯ ᠤᠨ ᠪᠣᠯᠤᠮᠵᠢᠲᠤ ᠰᠤᠳᠤᠯᠤᠯ ᠤᠨ ᠮᠡᠳᠡᠭᠦᠯᠦᠯᠳᠠ ᠶᠢ ᠴᠣᠬᠤᠯᠠᠪᠤᠷᠢᠯᠠᠭᠰᠠᠨ ᠤ ᠳᠠᠷᠠᠭ᠎ᠠ ᠣᠷᠣᠯᠠᠨ ᠪᠠᠶᠢᠭᠤᠯᠬᠤ | ᠨᠢᠭᠡᠴᠢ ᠶᠢ ᠰᠣᠩᠭᠤᠬᠤ ᠠᠵᠢᠯ ᠢᠶᠠᠨ ᠶᠠᠪᠣᠭᠳᠠᠭᠤᠯᠣᠨ᠎ᠠ᠃ | ᠠᠷᠪᠠᠨ ᠳᠥᠷᠪᠡᠳᠦᠭᠡᠷ ᠵᠦᠶᠯ ᠬᠡᠷᠡᠭᠯᠡᠬᠦ ᠨᠢᠭᠡᠴᠢ ᠨᠢ ᠲᠥᠷᠥᠯ ᠵᠦᠶᠯ ᠤᠨ ᠪᠣᠯᠤᠮᠵᠢᠲᠤ ᠰᠤᠳᠤᠯᠤᠯ ᠤᠨ | ᠮᠡᠳᠡᠭᠦᠯᠣᠯᠳᠠ ᠶᠢᠨ ᠴᠣᠬᠤᠯᠠᠪᠤᠷᠢ ᠶᠢ ᠦᠨᠳᠣᠰᠣᠯᠡᠵᠣ᠂ ᠲᠥᠷᠥᠯ ᠵᠦᠶᠯ ᠤᠨ ᠠᠩᠬᠠᠨ ᠤ ᠵᠢᠷᠤᠭ ᠲᠥᠯᠥᠪᠯᠡᠭᠡᠨ ᠤ | ᠪᠢᠴᠢᠭ ᠮᠠᠲ᠋ᠧᠷᠢᠶᠠᠯ ᠵᠢᠴᠢ ᠲᠦᠢᠮᠣ ᠲᠥᠰᠦᠪ ᠢ ᠨᠠᠶᠢᠷᠠᠭᠤᠯᠤᠨ ᠵᠣᠬᠢᠶᠠᠬᠤ ᠪᠠ ᠮᠡᠳᠡᠭᠦᠯᠦᠨ ᠵᠥᠪᠰᠢᠶᠡᠷᠡᠭᠦᠯᠭᠦ᠂ | ᠪᠠᠷᠢᠯᠭ᠎ᠠ ᠶᠢᠨ ᠵᠢᠷᠤᠭ ᠵᠢᠷᠤᠵᠣ ᠲᠥᠯᠥᠪᠯᠡᠭᠦ ᠪᠢᠴᠢᠭ ᠮᠠᠲ᠋ᠧᠷᠢᠶᠠᠯ ᠤᠨ ᠨᠠᠶᠢᠷᠠᠭᠤᠯᠤᠨ ᠵᠣᠬᠢᠶᠠᠬᠤ ᠪᠠ ᠮᠡᠳᠡᠭᠦᠯᠦᠨ | ᠬᠢᠨᠠᠭᠤᠯᠬᠤ ᠠᠵᠢᠯ ᠢ ᠵᠣᠬᠢᠶᠠᠨ ᠪᠠᠶᠢᠭᠤᠯᠵᠣ ᠥᠷᠨᠢᠭᠦᠯᠦᠨ᠎ᠡ᠃ | ᠣᠷᠣᠯᠠᠨ ᠪᠠᠶᠢᠭᠤᠯᠬᠤ ᠨᠢᠭᠡᠴᠢ ᠨᠢ ᠬᠡᠷᠡᠭᠯᠡᠬᠦ ᠨᠢᠭᠡᠴᠢ ᠶᠢᠨ ᠲᠤᠰᠢᠶᠠᠭᠰᠠᠨ ᠪᠠᠷᠢᠯᠭ᠎ᠠ ᠶᠢᠨ ᠵᠢᠷᠤᠭ ᠵᠢᠷᠣᠵᠣ | ᠲᠦᠯᠣᠪᠯᠡᠭᠰᠠᠨ ᠪᠢᠴᠢᠭ ᠮᠠᠲ᠋ᠧᠷᠢᠶᠠᠯ ᠤᠨ ᠠᠵᠤ ᠠᠬᠤᠢ ᠶᠢᠨ ᠴᠢᠨᠠᠷ᠂ ᠪᠦᠷᠢᠨ ᠪᠦᠲᠦᠨ ᠴᠢᠨᠠᠷ᠂ ᠵᠢᠷᠤᠵᠣ | ᠲᠥᠯᠥᠪᠯᠡᠭᠰᠡᠨ ᠴᠢᠨᠠᠷ ᠪᠠ ᠭᠦᠨᠴᠡ ᠵᠡᠷᠭᠡ ᠶᠢ ᠬᠢᠨᠠᠨ ᠰᠢᠯᠭᠠᠬᠤ ᠶᠢᠨ ᠬᠠᠮᠳᠣ᠂ ᠬᠢᠨᠠᠨ ᠰᠢᠯᠭᠠᠭᠰᠠᠨ ᠦᠷ᠎ᠡ ᠳ᠋ᠦᠩ | ᠢᠶᠠᠨ ᠬᠡᠷᠡᠭᠯᠡᠬᠦ ᠨᠢᠭᠡᠴᠢ ᠳᠤ ᠬᠠᠷᠢᠭᠤ ᠲᠤᠰᠬᠠᠬᠤ ᠬᠡᠷᠡᠭᠲᠡᠶ᠃ ᠬᠡᠷᠡᠭᠯᠡᠬᠦ ᠨᠢᠭᠡᠴᠢ ᠨᠢ ᠬᠢᠨᠠᠨ ᠰᠢᠯᠭᠠᠯᠳᠠ ᠳᠤ | ᠢᠯᠡᠷᠡᠭᠦᠯᠦᠭᠰᠡᠨ ᠠᠰᠠᠭᠤᠳᠠᠯ ᠢ ᠵᠢᠷᠤᠵᠤ ᠲᠥᠯᠥᠪᠯᠡᠭᠰᠡᠨ ᠨᠢᠭᠡᠴᠢ ᠪᠠᠷ ᠨᠥᠬᠦᠪᠥᠷᠢᠯᠡᠨ ᠲᠡᠭᠦᠯᠳᠡᠷᠵᠢᠭᠦᠯᠭᠦ ᠬᠡᠷᠩᠳᠠᠢ᠂ | ᠲᠤᠰ ᠠᠷᠭ᠎ᠠ ᠶᠢᠨ ᠲᠣᠭᠲᠠᠭᠠᠭᠰᠠᠨ ᠱᠠᠭᠠᠷᠳᠠᠯᠭ᠎ᠠ ᠳᠤ ᠮᠦᠨ ᠬᠦ ᠬᠦᠷᠭᠦ ᠦᠭᠡᠶ ᠪᠠᠶᠢᠪᠡᠯ ᠣᠷᠣᠯᠠᠨ ᠪᠠᠶᠢᠭᠤᠯᠬᠤ | ᠨᠢᠭᠡᠴᠢ ᠨᠢ ᠬᠦᠯᠢᠶᠡᠨ ᠠᠪᠴᠣ ᠪᠣᠯᠬᠤ ᠦᠭᠡᠶ᠃ | ᠠᠷᠪᠠᠨ ᠲᠠᠪᠤᠳᠤᠭᠠᠷ ᠵᠦᠢᠯ ᠣᠷᠣᠯᠠᠨ ᠪᠠᠶᠢᠭᠤᠯᠬᠤ ᠨᠢᠭᠡᠴᠢ ᠨᠢ ᠤᠯᠤᠰ ᠪᠠ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠦᠬᠦᠢ ᠲᠣᠭᠲᠠᠭᠠᠯ ᠵᠢᠴᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠬᠠᠷᠭᠤᠭᠤᠯᠣᠨ ᠵᠥᠪᠰᠢᠶᠡᠷᠡᠭᠰᠡᠨ ᠳᠠᠭᠠᠭᠠᠴᠢᠯᠠᠯᠲᠠ ᠵᠠᠷᠯᠠᠬᠤ ᠲᠥᠰᠦᠯ ᠶᠣᠰᠣᠭᠠᠷ᠂ | ᠳᠠᠭᠠᠭᠠᠴᠢᠯᠠᠯᠲᠠ ᠵᠠᠷᠯᠠᠭᠴᠢ ᠶᠢᠨ ᠬᠤᠪᠢ ᠪᠠᠷ ᠪᠠᠷᠢᠯᠭ᠎ᠠ ᠪᠠᠷᠢᠬᠤ ᠶᠢ ᠶᠡᠷᠦᠩᠬᠡᠶᠢᠯᠡᠨ ᠳᠠᠭᠠᠭᠠᠴᠢᠯᠠᠬᠤ᠂ ᠬᠢᠨᠠᠬᠤ᠂ | ᠠᠰᠠᠭᠤᠨ ᠯᠠᠪᠯᠠᠬᠤ᠂ ᠭᠤᠤᠯ ᠪᠣᠯᠬᠤ ᠲᠥᠬᠦᠭᠡᠷᠦᠮᠵᠢ ᠪᠠ ᠮᠠᠲ᠋ᠧᠷᠢᠶᠠᠯ ᠵᠡᠷᠭᠡ ᠶᠢᠨ ᠳᠠᠭᠠᠭᠠᠴᠢᠯᠠᠯᠲᠠ ᠵᠠᠷᠯᠠᠬᠤ | ᠠᠵᠢᠯ ᠢ ᠬᠠᠤᠯᠢ ᠶᠣᠰᠣᠭᠠᠷ ᠥᠷᠨᠢᠭᠦᠯᠦᠨ᠎ᠡ᠃ | ᠠᠷᠪᠠᠨ ᠵᠢᠷᠭᠤᠳᠤᠭᠠᠷ ᠵᠦᠶᠯ ᠣᠷᠣᠯᠠᠨ ᠪᠠᠶᠢᠭᠤᠯᠬᠤ ᠨᠢᠭᠡᠴᠢ ᠨᠢ ᠬᠢᠨᠠᠨ ᠲᠣᠭᠲᠠᠭᠠᠭᠰᠠᠨ ᠪᠠᠷᠢᠯᠭ᠎ᠠ ᠶᠢᠨ | ᠵᠢᠷᠤᠭ ᠵᠢᠷᠣᠵᠣ ᠲᠥᠯᠥᠪᠯᠡᠭᠰᠡᠨ ᠪᠢᠴᠢᠭ ᠮᠠᠲ᠋ᠧᠷᠢᠶᠠᠯ ᠪᠠ ᠵᠥᠪᠰᠢᠶᠡᠷᠡᠭᠦᠯᠣᠭ᠍ᠰᠡᠨ ᠪᠡᠯᠡ ᠣᠷᠣᠭᠤᠯᠬᠤ ᠲᠦᠢᠮᠣ | ᠲᠥᠰᠦᠪ ᠢ ᠴᠢᠩᠭ᠎ᠠ ᠵᠢᠷᠣᠮᠯᠠᠵᠣ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠬᠤ ᠪᠠ ᠪᠡᠯᠡ | ᠣᠷᠣᠭᠤᠯᠣᠯᠳᠠ ᠶᠢ ᠡᠵᠡᠮᠳᠡᠵᠣ᠂ ᠵᠠᠷᠴᠢᠮ ᠳᠡᠭᠡᠷ᠎ᠡ ᠪᠠᠨ ᠳᠡᠳᠡᠭᠡᠷ ᠠᠴᠠ ᠳᠠᠪᠠᠭᠤᠯᠵᠣ ᠪᠣᠯᠬᠤ ᠦᠭᠡᠢ᠃ | ᠠᠷᠪᠠᠨ ᠳᠣᠯᠣᠳᠤᠭᠠᠷ ᠵᠦᠶᠯ ᠣᠷᠣᠯᠠᠨ ᠪᠠᠶᠢᠭᠤᠯᠬᠤ ᠲᠥᠷᠥᠯ ᠵᠦᠶᠯ ᠢ ᠪᠥᠲᠥᠭᠡᠨ ᠪᠠᠶᠢᠭᠤᠯᠬᠤ ᠶᠠᠪᠤᠴᠠ | ᠳᠠᠬᠢ ᠬᠤᠪᠢᠷᠠᠭᠠᠬᠤ ᠵᠦᠢᠯ ᠳᠤ ᠭᠠᠷ ᠤᠨ ᠦᠰᠣᠭ᠌ ᠵᠢᠷᠣᠬᠤ ᠶᠢ ᠴᠢᠩᠭ᠎ᠠ ᠬᠢᠵᠠᠭᠠᠷᠯᠠᠵᠣ᠂ ᠵᠢᠷᠤᠵᠤ ᠲᠥᠯᠥᠪᠯᠡᠭᠰᠡᠨ | ᠭᠦᠨᠴᠡ ᠨᠢ ᠬᠦᠷᠣᠯᠴᠡᠭᠦ ᠥᠬᠡᠶ᠂ ᠪᠥᠲᠥᠭᠡᠨ ᠪᠠᠶᠢᠭᠤᠯᠬᠤ ᠠᠭᠤᠯᠭ᠎ᠠ ᠨᠡᠮᠡᠭᠦ᠂ ᠵᠠᠰᠠᠵᠤ ᠴᠢᠮᠡᠭᠯᠡᠬᠦ ᠪᠠᠷᠢᠮᠵᠢᠶ᠎ᠠ ᠪᠠ | ᠮᠠᠲ᠋ᠧᠷᠢᠶᠠᠯ ᠲᠥᠬᠦᠭᠡᠷᠦᠮᠵᠢ ᠶᠢᠨ ᠵᠡᠷᠭᠡ ᠲᠠᠰ ᠢ ᠳᠡᠭᠡᠭᠰᠢᠯᠡᠭᠦᠯᠬᠦ ᠵᠡᠷᠭᠡ ᠰᠢᠯᠲᠠᠭᠠᠨ ᠠᠴᠠ ᠬᠤᠪᠢᠷᠠᠭᠠᠬᠤ ᠵᠦᠢᠯ | ᠳᠤ ᠭᠠᠷ ᠤᠨ ᠦᠰᠣᠭ᠌ ᠵᠢᠷᠣᠭᠤᠯᠬᠤ ᠪᠠᠷ ᠭᠤᠶᠤᠴᠢᠯᠠᠵᠤ ᠪᠣᠯᠬᠤ ᠥᠬᠡᠶ︔ ᠬᠡᠷᠡᠭᠯᠡᠬᠦ ᠴᠢᠳᠠᠮᠵᠢ ᠶᠢᠨ ᠬᠡᠷᠡᠭᠴᠡᠭᠡ | ᠱᠠᠭᠠᠷᠳᠠᠯᠭ᠎ᠠ ᠶᠢ ᠦᠨᠡᠨ ᠬᠦ ᠵᠣᠬᠢᠰᠲᠠᠶ ᠲᠣᠬᠢᠷᠠᠭᠤᠯᠬᠤ ᠠᠴᠠ ᠪᠣᠯᠵᠣ ᠬᠤᠪᠢᠷᠠᠭᠠᠬᠤ ᠳᠤ ᠭᠦᠷᠪᠡᠯ ᠬᠡᠷᠡᠭᠯᠡᠬᠦ | ᠨᠢᠭᠡᠴᠢ ᠨᠢ ᠬᠠᠮᠢᠶ᠎ᠠ ᠪᠦᠬᠦᠢ ᠬᠢᠨᠠᠨ ᠵᠥᠪᠰᠢᠶᠡᠷᠡᠭᠦᠯᠭᠦ ᠳᠡᠰ ᠳᠠᠷᠠᠭᠠᠯᠠᠯ ᠢ ᠭᠦᠶᠴᠡᠳᠬᠡᠬᠦ ᠬᠡᠷᠡᠭᠲᠡᠶ᠃ ᠪᠣᠳᠠᠲᠠᠶ | ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠣᠯᠳᠠ ᠶᠢᠨ ᠲᠢᠩᠬᠢᠮ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠨ᠎ᠠ᠃ | ᠠᠷᠪᠠᠨ ᠨᠠᠢᠮᠠᠳᠣᠭᠠᠷ ᠵᠦᠶᠯ ᠣᠷᠣᠯᠠᠨ ᠪᠠᠶᠢᠭᠤᠯᠬᠤ ᠲᠥᠷᠥᠯ ᠵᠦᠶᠯ ᠢᠶᠠᠨ ᠪᠦᠬᠦᠨ ᠢ ᠪᠠᠶᠢᠭᠤᠯᠵᠤ | ᠳᠠᠭᠤᠰᠤᠭᠰᠠᠨ ᠤ ᠳᠠᠷᠠᠭ᠎ᠠ᠂ ᠣᠷᠣᠯᠠᠨ ᠪᠠᠶᠢᠭᠤᠯᠬᠤ ᠨᠢᠭᠡᠴᠢ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ | ᠢᠶᠠᠷ ᠪᠠᠷᠢᠯᠭ᠎ᠠ ᠳᠠᠭᠤᠰᠣᠭᠰᠠᠨ ᠳᠤ ᠰᠢᠯᠭᠠᠨ ᠬᠤᠷᠢᠶᠠᠵᠣ ᠠᠪᠬᠤ ᠶᠢ ᠵᠣᠬᠢᠶᠠᠨ ᠪᠠᠶᠢᠭᠤᠯᠤᠨ᠎ᠠ᠃ ᠪᠠᠷᠢᠯᠭ᠎ᠠ ᠶᠢ | ᠰᠢᠯᠭᠠᠨ ᠬᠤᠷᠢᠶᠠᠵᠣ ᠠᠪᠬᠤ ᠳᠤ ᠬᠢᠷᠢ ᠲᠡᠩᠴᠡᠭᠰᠡᠨ ᠤ ᠲᠡᠷᠠᠭ᠎ᠠ ᠲᠤᠰᠢᠶᠠᠨ ᠥᠭᠴᠦ ᠬᠡᠷᠡᠭᠯᠡᠭᠦᠯᠵᠦ ᠪᠣᠯᠤᠨ᠎ᠠ᠃ | ᠣᠷᠣᠯᠠᠨ ᠪᠠᠶᠢᠭᠤᠯᠬᠤ ᠨᠢᠭᠡᠴᠢ ᠨᠢ ᠪᠠᠷᠢᠯᠭ᠎ᠠ ᠳᠠᠭᠤᠰᠤᠭᠰᠠᠨ ᠤ ᠳᠠᠷᠠᠭᠠᠬᠢ ᠡᠳ᠋ ᠤᠨ ᠶᠠᠪᠤᠳᠠᠯ ᠤᠨ ᠲᠥᠰᠦᠪ ᠤᠨ | ᠭᠦᠢᠴᠡᠣᠡᠭᠡᠯ ᠨᠠᠶᠢᠷᠠᠭᠤᠯᠤᠨ ᠵᠣᠬᠢᠶᠠᠬᠤ ᠶᠢ ᠵᠣᠬᠢᠶᠠᠨ ᠪᠠᠶᠢᠭᠤᠯᠵᠣ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠳᠤ ᠮᠡᠳᠡᠭᠦᠯᠵᠣ ᠬᠢᠨᠠᠨ ᠵᠥᠪᠰᠢᠶᠡᠷᠡᠭᠦᠯᠬᠦ ᠭᠠᠷᠳᠠᠮ ᠢ ᠭᠦᠶᠴᠡᠳᠬᠡᠨ᠎ᠡ᠃ | ᠨᠠᠶᠢᠳᠠᠵᠤ ᠣᠷᠣᠯᠠᠨ ᠪᠠᠶᠢᠭᠤᠯᠬᠤ ᠵᠠᠭᠪᠤᠷ ᠢ ᠬᠡᠷᠡᠭᠯᠡᠭᠰᠡᠨ ᠪᠣᠯ ᠣᠷᠣᠯᠠᠨ ᠪᠠᠶᠢᠭᠤᠯᠬᠤ ᠠᠵᠤ ᠠᠬᠤᠶᠢᠯᠠᠯ | ᠨᠢ ᠪᠠᠷᠢᠯᠭ᠎ᠠ ᠳᠠᠭᠤᠰᠤᠭᠰᠠᠨ ᠤ ᠳᠠᠷᠠᠭᠠᠬᠢ ᠡᠳ᠋ ᠤᠨ ᠶᠠᠪᠤᠳᠠᠯ ᠤᠨ ᠲᠥᠰᠦᠪ ᠤᠨ ᠭᠦᠶᠴᠡᠳᠬᠡᠯ ᠢ ᠨᠠᠶᠢᠷᠠᠭᠤᠯᠤᠨ | ᠵᠣᠬᠢᠶᠠᠵᠤ᠂ ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠷᠥᠯ ᠵᠦᠶᠯ ᠤᠨ ᠬᠠᠮᠢᠶᠠᠷᠤᠯᠲᠠ ᠶᠢᠨ | ᠪᠠᠶᠢᠭᠤᠯᠤᠮᠵᠢ ᠪᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠳᠤ ᠮᠡᠳᠡᠭᠦᠯᠵᠣ ᠬᠢᠨᠠᠨ ᠵᠥᠪᠰᠢᠶᠡᠷᠡᠭᠦᠯᠣᠨᠠ᠃ | | ᠳᠥᠷᠪᠡᠳᠦᠭᠡᠷ ᠪᠦᠯᠦᠭ ᠣᠷᠣᠯᠠᠨ ᠪᠠᠶᠢᠭᠤᠯᠬᠤ ᠠᠵᠤ ᠠᠬᠤᠶᠢᠯᠠᠯ ᠤᠨ ᠬᠠᠮᠢᠶᠠᠷᠤᠯᠲᠠ | | ᠠᠷᠪᠠ ᠶᠢᠰᠦᠳᠦᠭᠡᠷ ᠵᠦᠶᠯ ᠣᠷᠣᠯᠠᠨ ᠪᠠᠶᠢᠭᠤᠯᠬᠤ ᠠᠵᠤ ᠠᠬᠤᠶᠢᠯᠠᠯ ᠢ ᠰᠣᠩᠭᠤᠬᠤ ᠳᠤ᠂ ᠥᠪᠡᠷᠲᠡᠭᠡᠨ | ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠷᠥᠯ ᠵᠦᠶᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ | ᠳᠠᠭᠠᠭᠠᠴᠢᠯᠠᠯᠲᠠ ᠵᠠᠷᠯᠠᠬᠤ ᠠᠷᠭ᠎ᠠ ᠬᠡᠯᠪᠡᠷᠢ ᠪᠠᠷ ᠳᠠᠮᠵᠢᠭᠤᠯᠤᠨ ᠬᠠᠤᠯᠢ ᠶᠣᠰᠣᠭᠠᠷ ᠰᠣᠩᠭᠤᠨ ᠲᠣᠭᠲᠠᠭᠠᠨ᠎ᠠ᠃ | ᠬᠤᠷᠢᠳᠤᠭᠠᠷ ᠵᠦᠶᠯ ᠣᠷᠣᠯᠠᠨ ᠪᠠᠶᠢᠭᠤᠯᠬᠤ ᠲᠤᠬᠠᠶᠢᠯᠠᠭᠰᠠᠨ ᠠᠵᠢᠯ ᠢ ᠡᠭᠦᠷᠭᠡᠯᠡᠬᠦ ᠣᠷᠣᠯᠠᠨ ᠪᠠᠶᠢᠭᠤᠯᠬᠤ | ᠠᠵᠤ ᠠᠬᠤᠶᠢᠯᠠᠯ ᠨᠢ ᠳᠣᠤᠷᠠᠬᠢ ᠦᠨᠳᠦᠰᠦᠨ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄ | ︵ᠨᠢᠭᠡ︶ ᠬᠠᠤᠯᠢ ᠶᠣᠰᠣᠭᠠᠷ ᠪᠠᠶᠢᠭᠤᠯᠤᠭᠰᠠᠨ ᠪᠥᠭᠡᠳ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠭᠡᠳᠠᠨ ᠤ | ᠬᠢᠷᠢ ᠭᠡᠮ ᠲᠠᠢ ᠪᠠᠶᠢᠬᠤ᠃ | ︵ᠬᠤᠶᠠᠷ︶ ᠪᠠᠷᠢᠯᠭ᠎ᠠ ᠶᠢᠨ ᠪᠦᠲᠦᠭᠡᠨ ᠪᠠᠶᠢᠭᠤᠯᠬᠤ ᠬᠡᠪᠴᠢᠶ᠎ᠡ ᠯᠦᠭᠡ ᠲᠣᠬᠢᠷᠠᠯᠴᠠᠭᠰᠠᠨ ᠬᠠᠶᠢᠨ | ᠪᠠᠶᠢᠴᠠᠭᠠᠬᠤ᠂ ᠵᠢᠷᠤᠵᠣ ᠲᠥᠯᠥᠪᠯᠡᠬᠦ᠂ ᠠᠰᠠᠭᠤᠨ ᠯᠠᠪᠯᠠᠬᠤ᠂ ᠪᠠᠷᠢᠯᠭ᠎ᠠ ᠪᠠᠷᠢᠬᠤ᠂ ᠬᠢᠨᠠᠬᠤ᠂ ᠭᠡᠷ ᠪᠠᠶᠢᠰᠢᠩ ᠭᠠᠵᠠᠷ | ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠢᠷᠢ ᠭᠡᠮ ᠤᠨ ᠨᠢᠭᠡ ᠨᠢ ᠪᠠᠶᠢᠬᠤ᠃ | ︵ᠭᠤᠷᠪᠠ︶ ᠣᠷᠣᠯᠠᠨ ᠪᠠᠶᠢᠭᠤᠯᠬᠤ ᠬᠠᠮᠢᠶᠠᠷᠤᠯᠲᠠ ᠯᠤᠭ᠎ᠠ ᠲᠣᠬᠢᠷᠠᠯᠴᠠᠭᠰᠠᠨ ᠵᠣᠬᠢᠶᠠᠨ ᠪᠠᠶᠢᠭᠤᠯᠵᠣ | ᠬᠠᠮᠢᠶᠠᠷᠬᠤ ᠴᠢᠳᠠᠪᠤᠷᠢ ᠪᠠ ᠲᠤᠰᠬᠠᠶ ᠮᠡᠷᠭᠡᠵᠢᠯ ᠤᠨ ᠠᠵᠢᠯᠲᠠᠨ ᠲᠠᠢ ᠪᠠᠶᠢᠬᠤ᠃ | ︵ᠳᠥᠷᠪᠡ︶ ᠰᠢᠯᠢᠳᠡᠭ ᠰᠠᠶᠢᠨ ᠡᠳ᠋ ᠤᠨ ᠶᠠᠪᠤᠳᠠᠯ ᠤᠨ ᠪᠠᠶᠢᠳᠠᠯ ᠂ ᠨᠡᠯᠢᠶᠡᠳ ᠥᠨᠳᠥᠷ ᠬᠥᠷᠥᠩᠭᠡ | ᠢᠲᠡᠭᠡᠮᠵᠢ ᠶᠢᠨ ᠴᠢᠳᠠᠪᠤᠷᠢ ᠪᠠ ᠨᠡᠯᠢᠶᠡᠳ ᠴᠢᠩᠭ᠎ᠠ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠲᠠᠢ ᠪᠠᠶᠢᠬᠤ᠃ | ︵ᠲᠠᠪᠤ︶ ᠣᠷᠣᠯᠠᠨ ᠪᠠᠶᠢᠭᠤᠯᠬᠤ ᠬᠠᠮᠢᠶᠠᠷᠤᠯᠲᠠ ᠯᠤᠭ᠎ᠠ ᠲᠣᠬᠢᠷᠠᠯᠴᠠᠭᠰᠠᠨ ᠪᠦᠷᠢᠨ ᠲᠡᠭᠦᠯᠳᠡᠷ ᠵᠣᠬᠢᠶᠠᠨ | ᠪᠠᠶᠢᠭᠤᠯᠣᠯᠳᠠ ᠶᠢᠨ ᠪᠠᠶᠢᠭᠤᠯᠤᠮᠵᠢ ᠪᠠ ᠬᠠᠮᠢᠶᠠᠷᠤᠯᠲᠠ ᠶᠢᠨ ᠳᠦᠷᠢᠮ ᠲᠠᠢ ᠪᠠᠶᠢᠬᠤ᠃ | ︵ᠵᠢᠷᠭᠤᠭ᠎ᠠ︶ ᠠᠳᠠᠯᠢ ᠲᠥᠷᠥᠯ ᠤᠨ ᠪᠦᠲᠦᠭᠡᠨ ᠪᠠᠶᠢᠭᠤᠯᠬᠤ ᠲᠥᠷᠥᠯ ᠵᠦᠶᠯ ᠤᠨ ᠬᠠᠮᠢᠶᠠᠷᠤᠯᠲᠠ ᠶᠢᠨ | ᠠᠮᠵᠢᠯᠲᠠ ᠪᠦᠲᠦᠮᠵᠢ ᠪᠠ ᠲᠤᠷᠰᠢᠯᠭ᠎ᠠ ᠲᠠᠢ ᠪᠠᠶᠢᠬᠤ᠃ | ᠬᠤᠷᠢᠨ ᠨᠢᠭᠡᠳᠦᠭᠡᠷ ᠵᠦᠶᠯ ᠣᠷᠣᠯᠠᠨ ᠪᠠᠶᠢᠭᠤᠯᠬᠤ ᠠᠵᠤ ᠠᠬᠤᠶᠢᠯᠠᠯ ᠢ ᠰᠣᠩᠭᠤᠨ ᠲᠣᠭᠲᠠᠭᠠᠭᠰᠠᠨ ᠤ | ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠷᠥᠯ ᠵᠦᠶᠯ ᠤᠨ ᠬᠠᠮᠢᠶᠠᠷᠤᠯᠲᠠ ᠶᠢᠨ | ᠪᠠᠶᠢᠭᠤᠯᠤᠮᠵᠢ ᠨᠢ ᠣᠷᠣᠯᠠᠨ ᠪᠠᠶᠢᠭᠤᠯᠬᠤ ᠠᠵᠤ ᠠᠬᠤᠶᠢᠯᠠᠯ ᠯᠤᠭ᠎ᠠ ᠲᠥᠷᠥᠯ ᠵᠦᠶᠯ ᠢ ᠨᠠᠶᠢᠳᠠᠵᠣ ᠣᠷᠣᠯᠠᠨ | ᠪᠠᠶᠢᠭᠤᠯᠬᠤ ᠭᠡᠷ᠎ᠡ ᠲᠣᠭᠳᠠᠨᠠ᠃ ᠣᠷᠣᠯᠠᠨ ᠪᠠᠶᠢᠭᠤᠯᠬᠤ ᠠᠵᠤ ᠠᠬᠤᠶᠢᠯᠠᠯ ᠨᠢ ᠪᠣᠯᠵᠤᠭ᠎ᠠ ᠪᠠᠨ ᠭᠦᠶᠴᠡᠳᠬᠡᠬᠦ | ᠳᠠᠭᠠᠭᠠᠯᠲᠠ ᠬᠠᠩᠭᠠᠵᠣ ᠦᠭᠭᠦ ᠬᠡᠷᠩᠳᠠᠢ᠂ ᠪᠣᠳᠠᠲᠠᠶ ᠳᠠᠭᠠᠭᠠᠯᠲᠠ ᠬᠢᠬᠦ ᠬᠡᠯᠪᠡᠷᠢ ᠪᠠ ᠬᠠᠷᠢᠴᠠᠯ ᠢ ᠨᠢ ᠲᠥᠷᠥᠯ | ᠵᠦᠶᠯ ᠤᠨ ᠣᠨᠴᠠᠯᠢᠭ ᠢ ᠦᠨᠳᠦᠰᠦᠯᠡᠨ ᠭᠡᠷ᠎ᠡ ᠳᠤ ᠪᠣᠯᠵᠣᠨ ᠲᠣᠭᠲᠠᠭᠠᠨ᠎ᠠ᠃ | ᠬᠤᠷᠢᠨ ᠬᠤᠶᠠᠳᠤᠭᠠᠷ ᠵᠦᠶᠯ ᠣᠷᠣᠯᠠᠨ ᠪᠠᠶᠢᠭᠤᠯᠬᠤ ᠠᠵᠤ ᠠᠬᠤᠶᠢᠯᠠᠯ ᠨᠢ ᠣᠷᠣᠯᠠᠨ ᠪᠠᠶᠢᠭᠤᠯᠬᠤ | ᠬᠤᠭᠤᠴᠠᠭᠠᠨ ᠳᠤ ᠲᠣᠣᠷᠠᠬᠢ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠦᠭᠡᠢ᠄ | ︵ᠨᠢᠭᠡ︶ ᠣᠷᠣᠯᠠᠨ ᠪᠠᠶᠢᠭᠤᠯᠬᠤ ᠲᠥᠷᠥᠯ ᠵᠦᠶᠯ ᠤᠨ ᠢᠶᠠᠨ ᠬᠠᠶᠢᠨ ᠪᠠᠶᠢᠴᠠᠭᠠᠬᠤ᠂ ᠵᠢᠷᠤᠵᠣ ᠲᠥᠯᠥᠪᠯᠡᠬᠦ᠂ | ᠪᠠᠷᠢᠯᠭ᠎ᠠ ᠪᠠᠷᠢᠬᠤ᠂ ᠲᠥᠬᠦᠭᠡᠷᠦᠮᠵᠢ ᠮᠠᠲ᠋ᠧᠷᠢᠶᠠᠯ ᠬᠠᠩᠭᠠᠬᠤ ᠵᠡᠷᠭᠡ ᠲᠤᠬᠠᠶᠢᠯᠠᠭᠰᠠᠨ ᠠᠵᠢᠯ ᠢ ᠵᠡᠷᠭᠡ ᠳᠤ ᠨᠢ | ᠡᠭᠦᠷᠭᠡᠯᠡᠬᠦ᠃ | ︵ᠬᠤᠶᠠᠷ︶ ᠣᠷᠣᠯᠠᠨ ᠪᠠᠶᠢᠭᠤᠯᠬᠤ ᠲᠥᠷᠥᠯ ᠵᠦᠶᠯ ᠤᠨ ᠢᠶᠠᠨ ᠬᠠᠶᠢᠨ ᠪᠠᠶᠢᠴᠠᠭᠠᠬᠤ᠂ ᠵᠢᠷᠤᠵᠣ | ᠲᠥᠯᠥᠪᠯᠡᠬᠦ᠂ ᠪᠠᠷᠢᠯᠭ᠎ᠠ ᠪᠠᠷᠢᠬᠤ᠂ ᠲᠥᠬᠦᠭᠡᠷᠦᠮᠵᠢ ᠮᠠᠲ᠋ᠧᠷᠢᠶᠠᠯ ᠬᠠᠩᠭᠠᠬᠤ ᠵᠡᠷᠭᠡ ᠲᠣᠬᠠᠶᠢᠯᠠᠭᠰᠠᠨ ᠠᠵᠢᠯ ᠢ ᠬᠤᠪᠢ | ᠡᠵᠡᠮᠳᠡᠭᠰᠡᠨ ᠬᠤᠪᠢ ᠣᠷᠣᠭᠤᠯᠤᠭᠴᠢ ᠨᠢ ᠠᠳᠠᠯᠢᠬᠠᠨ᠂ ᠬᠠᠤᠯᠢ ᠶᠢᠨ ᠡᠷᠬᠡᠲᠡᠨ ᠤ ᠲᠥᠯᠥᠭᠡᠯᠡᠭᠴᠢ ᠨᠢ ᠠᠳᠠᠯᠢᠬᠠᠨ | ᠪᠤᠶᠤ ᠬᠠᠷᠢᠶᠠᠯᠠᠭᠳᠠᠬᠤ ᠬᠠᠷᠢᠴᠠᠭ᠎ᠠ ᠲᠠᠢ᠂ ᠬᠤᠷᠰᠢᠨ ᠡᠵᠡᠩᠨᠡᠭᠰᠡᠨ ᠡᠰᠡᠭᠦᠯ᠎ᠠ ᠪᠤᠰᠤᠳ ᠠᠰᠢᠭ ᠲᠣᠰᠨ ᠶᠢᠨ | ᠬᠠᠷᠢᠴᠠᠭ᠎ᠠ ᠲᠠᠢ ᠠᠵᠤ ᠠᠬᠤᠶᠢᠯᠡᠯ ᠳᠤ ᠨᠠᠶᠢᠳᠠᠬᠤ᠃ | ︵ᠭᠤᠷᠪᠠ︶ ᠳᠠᠭᠠᠭᠠᠨ ᠠᠪᠤᠨᠨᠰᠠᠨ ᠣᠷᠣᠯᠠᠨ ᠪᠠᠶᠢᠭᠤᠯᠬᠤ ᠲᠤᠬᠠᠶᠢᠯᠠᠭᠰᠠᠨ ᠠᠵᠢᠯ ᠢᠶᠠᠨ ᠪᠦᠬᠦᠨ ᠢ ᠪᠤᠶᠤ | ᠬᠤᠪᠢᠶᠠᠷᠢᠯᠠᠭᠰᠠᠨ ᠤ ᠳᠠᠷᠠᠭ᠎ᠠ ᠪᠤᠰᠤᠳ ᠲᠤ ᠰᠢᠯᠵᠢᠭᠦᠯᠦᠨ ᠬᠤᠳᠠᠯᠳᠣᠬᠤ᠃ | ︵ᠲᠦᠷᠪᠡ︶ ᠭᠡᠷ᠎ᠡ ᠳᠤ ᠪᠣᠯᠵᠣᠨ ᠲᠣᠭᠲᠠᠭᠠᠭᠰᠠᠨ ᠲᠦᠷᠣᠯ ᠵᠦᠢᠯ ᠤᠨ ᠭᠤᠤᠯ ᠬᠠᠷᠢᠭᠤᠴᠠᠯᠭᠠᠲᠠᠨ ᠪᠠ | ᠮᠡᠷᠭᠡᠵᠢᠯᠲᠡᠨ ᠢ ᠲᠣᠷ᠎ᠠ ᠪᠠᠷ ᠢᠶᠠᠨ ᠰᠣᠯᠢᠬᠤ᠃ | ︵ᠲᠠᠪᠤ︶ ᠲᠥᠷᠥᠯ ᠵᠦᠶᠯ ᠤᠨ ᠭᠤᠤᠯ ᠬᠠᠷᠢᠭᠤᠴᠠᠯᠭᠠᠲᠠᠨ ᠨᠢ 2 ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ | ᠵᠦᠶᠯ ᠤᠨ ᠬᠠᠮᠢᠶᠠᠷᠤᠯᠲᠠ ᠶᠢᠨ ᠠᠵᠢᠯ ᠢ ᠬᠠᠮᠲᠤ ᠳᠤ ᠨᠢ ᠡᠭᠦᠷᠭᠡᠯᠡᠵᠣ ᠪᠠᠶᠢᠬᠤ ᠪᠣᠶᠣ ᠣᠷᠣᠯᠠᠨ ᠪᠠᠶᠢᠭᠤᠯᠬᠤ | ᠲᠥᠷᠥᠯ ᠵᠦᠶᠯ ᠤᠨ ᠬᠠᠶᠢᠨ ᠪᠠᠶᠢᠴᠠᠭᠠᠬᠤ᠂ ᠵᠢᠷᠤᠵᠣ ᠲᠥᠯᠥᠪᠯᠡᠬᠦ᠂ ᠠᠰᠠᠭᠤᠨ ᠯᠠᠪᠯᠠᠬᠤ᠂ ᠪᠠᠷᠢᠯᠭ᠎ᠠ ᠪᠠᠷᠢᠬᠤ᠂ | ᠬᠢᠨᠠᠬᠤ᠂ ᠲᠥᠬᠦᠭᠡᠷᠦᠮᠵᠢ ᠮᠠᠲ᠋ᠧᠷᠢᠶᠠᠯ ᠬᠠᠩᠭᠠᠬᠤ ᠠᠵᠤ ᠠᠬᠤᠶᠢᠯᠠᠯ ᠳᠤ ᠲᠤᠰᠢᠶᠠᠯ ᠬᠠᠪᠰᠤᠷᠭᠠᠵᠣ ᠪᠠᠶᠢᠬᠤ᠃ | ︵ᠵᠢᠷᠭᠤᠭ᠎ᠠ︶ ᠣᠷᠣᠯᠠᠨ ᠪᠠᠶᠢᠭᠤᠯᠬᠤ ᠲᠥᠷᠥᠯ ᠵᠦᠶᠯ ᠢ ᠳᠠᠭᠠᠭᠠᠨ ᠠᠪᠣᠭᠰᠠᠨ ᠪᠦᠲᠦᠭᠡᠨ ᠪᠠᠶᠢᠭᠤᠯᠣᠯᠳᠠ | ᠳᠤ ᠣᠷᠣᠯᠴᠠᠵᠣ ᠪᠠᠶᠢᠭ᠎ᠠ ᠨᠢᠭᠡᠴᠢ ᠪᠤᠶᠤ ᠬᠤᠪᠢ ᠬᠥᠮᠦᠨ ᠠᠴᠠ ᠵᠦᠶ ᠪᠤᠰᠤ ᠶᠢᠨ ᠶᠠᠮᠠᠷᠪᠠ ᠠᠰᠢᠭ ᠲᠤᠰᠠ ᠣᠯᠬᠤ᠃ | | ︵ᠳᠣᠯᠤᠭ᠎ᠠ︶ ᠣᠷᠣᠯᠠᠨ ᠪᠠᠶᠢᠭᠤᠯᠬᠤ ᠲᠥᠷᠥᠯ ᠵᠦᠶᠯ ᠤᠨ ᠨᠢᠭᠤᠴᠠ ᠶᠢ ᠬᠠᠮᠠᠭᠠᠯᠠᠪᠠᠰᠣ ᠵᠣᠬᠢᠬᠤ | ᠬᠤᠯᠪᠣᠭᠳᠠᠯ ᠪᠦᠭᠦᠢ ᠪᠠᠶᠢᠳᠠᠯ ᠪᠠ ᠮᠠᠲ᠋ᠧᠷᠢᠶᠠᠯ ᠢ ᠵᠠᠳᠠᠷᠠᠭᠤᠯᠬᠤ᠃ | ︵ᠨᠠᠢᠮᠨ︶ ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠷᠥᠯ ᠵᠦᠶᠯ ᠤᠨ | ᠬᠠᠮᠢᠶᠠᠷᠤᠯᠲᠠ ᠶᠢᠨ ᠪᠠᠶᠢᠭᠤᠯᠣᠮᠵᠢ ᠪᠤᠶᠤ ᠬᠡᠷᠡᠭᠯᠡᠬᠦ ᠨᠢᠭᠡᠴᠢ ᠶᠢᠨ ᠡᠷᠬᠡ ᠠᠰᠢᠭ ᠢ ᠬᠤᠬᠢᠷᠠᠭᠤᠯᠬᠤ ᠪᠤᠰᠤᠳ ᠦᠢᠯᠡ | ᠠᠵᠢᠯᠯᠠᠭ᠎ᠠ᠃ | ᠬᠤᠷᠢᠨ ᠭᠤᠷᠪᠠᠳᠤᠭᠠᠷ ᠵᠦᠶᠯ ᠣᠷᠣᠯᠠᠨ ᠪᠠᠶᠢᠭᠤᠯᠬᠤ ᠠᠵᠤ ᠠᠬᠤᠶᠢᠯᠡᠯ ᠳᠤ ᠲᠣᠰ ᠠᠷᠭ᠎ᠠ ᠶᠢᠨ ᠬᠤᠷᠢᠨ | ᠨᠠᠢᠮᠠᠳᠣᠭᠠᠷ ᠵᠦᠢᠯ ᠳᠤ ᠳᠤᠷᠠᠳᠤᠭᠰᠠᠨ ᠪᠠᠶᠢᠳᠠᠯ ᠲᠠᠢ ᠪᠠᠶᠢᠪᠠᠯ᠂ ᠪᠣᠯᠵᠤᠭ᠎ᠠ ᠠᠴᠠ ᠵᠥᠷᠢᠴᠡᠭᠰᠡᠨ ᠵᠣᠬᠢᠬᠤ | ᠬᠠᠷᠢᠭᠤᠴᠠᠯᠭ᠎ᠠ ︵ᠭᠡᠷ᠎ᠡ ᠳᠠᠬᠢ ᠪᠣᠳᠠᠳᠠᠢ ᠪᠣᠯᠵᠤᠭ᠎ᠠ︶ ᠶᠢ ᠡᠭᠦᠷᠭᠡᠯᠡᠬᠦ ᠠᠴᠠ ᠭᠠᠳᠠᠨ᠎ᠠ᠂ 3 ᠵᠢᠯ ᠤᠨ ᠲᠣᠳᠣᠷ᠎ᠠ | ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠣᠷᠣᠯᠠᠨ ᠪᠠᠶᠢᠭᠤᠯᠬᠤ ᠠᠵᠢᠯᠯᠠᠭ᠎ᠠ ᠳᠤ ᠣᠷᠣᠯᠴᠠᠵᠤ ᠪᠣᠯᠬᠤ | ᠦᠭᠡᠶ ᠮᠦᠷᠳᠡᠭᠡᠨ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠶᠳᠪᠦᠷᠢᠯᠡᠨ᠎ᠡ᠃ | | ᠲᠠᠪᠤᠳᠤᠭᠠᠷ ᠪᠦᠯᠦᠭ ᠪᠡᠯᠡ ᠮᠦᠩᠭᠦᠨ ᠤ ᠬᠠᠮᠢᠶᠠᠷᠤᠯᠲᠠ | | ᠬᠤᠷᠢᠨ ᠳᠥᠷᠪᠡᠳᠦᠭᠡᠷ ᠵᠦᠢᠯ ᠣᠷᠣᠯᠠᠨ ᠪᠠᠶᠢᠭᠤᠯᠬᠤ ᠨᠢᠭᠡᠴᠢ ᠨᠢ ᠪᠣᠳᠠᠲᠠᠶ ᠠᠵᠢᠯ ᠤᠨ ᠠᠬᠢᠴᠠ ᠪᠠ | ᠪᠡᠯᠡ ᠮᠦᠩᠭᠦᠨ ᠤ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ᠂ ᠲᠥᠷᠥᠯ ᠵᠦᠶᠯ ᠤᠨ ᠣᠨ ᠤ ᠦᠨᠳᠦᠰᠦᠨ | ᠪᠦᠲᠦᠭᠡᠨ ᠪᠠᠶᠢᠭᠤᠯᠤᠯᠲᠠ ᠶᠢᠨ ᠵᠠᠷᠤᠯᠭ᠎ᠠ ᠶᠢᠨ ᠲᠥᠰᠦᠪ ᠢᠶᠠᠨ ᠨᠠᠶᠢᠷᠠᠭᠤᠯᠤᠨ ᠵᠣᠬᠢᠶᠠᠵᠣ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠵᠣ ᠬᠢᠨᠠᠨ ᠬᠠᠷᠭᠤᠭᠤᠯᠵᠤ ᠪᠠᠭᠤᠯᠭᠠᠨ᠎ᠠ᠃ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠲᠥᠷᠥᠯ ᠵᠦᠶᠯ ᠤᠨ ᠵᠠᠷᠤᠯᠭ᠎ᠠ ᠶᠢ ᠵᠢᠯ ᠤᠨ ᠡᠬᠢᠨ ᠤ | ᠲᠥᠰᠦᠪ ᠲᠤ ᠣᠷᠣᠭᠤᠯᠵᠤ᠂ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠣᠯᠭᠤᠬᠤ ᠶᠢ ᠬᠡᠷᠡᠭᠵᠢᠭᠦᠯᠦᠨ᠎ᠡ᠃ | ᠬᠡᠷᠡᠭᠯᠡᠬᠦ ᠨᠢᠭᠡᠴᠢ ᠠᠴᠠ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠡᠳ᠋ ᠤᠨ ᠵᠠᠰᠠᠭ ᠤᠨ ᠲᠢᠩᠬᠢᠮ ᠤᠨ ᠪᠠᠭᠤᠯᠭᠠᠭᠰᠠᠨ ᠵᠠᠰᠠᠭ ᠤᠨ ᠣᠷᠳᠣᠨ ᠤ ᠪᠡᠯᠡ ᠣᠷᠣᠭᠤᠯᠬᠤ | ᠲᠥᠯᠥᠪᠯᠡᠭᠡ ᠪᠠ ᠦᠨᠳᠦᠰᠦᠨ ᠪᠦᠲᠦᠭᠡᠨ ᠪᠠᠶᠢᠭᠤᠯᠬᠤ ᠵᠠᠷᠤᠯᠭ᠎ᠠ ᠶᠢᠨ ᠲᠥᠰᠦᠪ ᠤᠨ ᠶᠣᠰᠣᠭᠠᠷ ᠣᠷᠣᠯᠠᠨ | ᠪᠠᠶᠢᠭᠤᠯᠬᠤ ᠲᠥᠷᠥᠯ ᠵᠦᠢᠯ ᠤᠨ ᠦᠪᠡᠰᠣᠪᠡᠨ ᠴᠣᠭᠯᠠᠭᠤᠯᠣᠭᠰᠠᠨ ᠪᠡᠯᠡ ᠮᠥᠩᠭᠦ ᠪᠤᠶᠤ ᠪᠤᠰᠤᠳ | ᠲᠦᠭᠦᠷᠵᠢᠭᠦᠯᠣᠭ᠍ᠰᠡᠨ ᠪᠡᠯᠡ ᠮᠦᠩᠭᠦ ᠶᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠯᠤᠭ᠎ᠠ ᠵᠡᠷᠭᠡ ᠳᠤ ᠨᠢ | ᠠᠳᠠᠯᠢ ᠬᠠᠷᠢᠴᠠᠯ ᠢᠶᠠᠷ ᠣᠷᠣᠯᠠᠨ ᠪᠠᠶᠢᠭᠤᠯᠬᠤ ᠨᠢᠭᠡᠴᠢ ᠳᠤ ᠰᠠᠯᠭᠠᠨ ᠦᠭᠭᠦᠨ᠎ᠠ᠃ | ᠲᠥᠷᠥᠯ ᠵᠦᠶᠯ ᠤᠨ ᠪᠦᠲᠦᠭᠡᠨ ᠪᠠᠶᠢᠭᠤᠯᠬᠤ ᠪᠡᠯᠡ ᠮᠥᠩᠭᠦ ᠶᠢ ᠣᠷᠣᠯᠠᠨ ᠪᠠᠶᠢᠭᠤᠯᠬᠤ ᠨᠢᠭᠡᠴᠢ ᠶᠢᠨ | ᠣᠷᠣᠯᠭ᠎ᠠ ᠶᠢᠨ ᠢᠷᠡᠯᠲᠡ ᠳᠤ ᠣᠷᠣᠭᠤᠯᠬᠤ ᠦᠭᠡᠶ᠂ ᠣᠷᠣᠯᠠᠨ ᠪᠠᠶᠢᠭᠤᠯᠬᠤ ᠨᠢᠭᠡᠴᠢ ᠨᠢ ᠳᠡᠷᠨ ᠳᠣᠲᠣᠷ᠎ᠠ ᠠᠴᠠ | ᠣᠷᠣᠯᠠᠨ ᠪᠠᠶᠢᠭᠤᠯᠬᠤ ᠬᠠᠮᠢᠶᠠᠷᠤᠯᠲᠠ ᠶᠢᠨ ᠵᠠᠷᠤᠳᠠᠯ ᠢ ᠦᠪᠡᠰᠣᠪᠡᠨ ᠭᠠᠷᠭᠠᠨ ᠠᠪᠴᠤ ᠪᠣᠯᠬᠤ ᠦᠭᠡᠶ᠃ | ᠬᠤᠷᠢᠨ ᠲᠠᠪᠤᠳᠤᠭᠠᠷ ᠵᠦᠶᠯ ᠣᠷᠣᠯᠠᠨ ᠪᠠᠶᠢᠭᠤᠯᠬᠤ ᠨᠢᠭᠡᠴᠢ ᠨᠢ ᠪᠦᠳᠦᠭᠡᠨ ᠪᠠᠶᠢᠭᠤᠯᠬᠤ ᠪᠡᠯᠡ | ᠮᠥᠩᠭᠦ ᠶᠢ ᠣᠯᠣᠰ ᠠᠴᠠ ᠲᠣᠭᠲᠠᠭᠠᠭᠰᠠᠨ ᠦᠨᠳᠦᠰᠦᠨ ᠪᠦᠳᠦᠭᠡᠨ ᠪᠠᠶᠢᠭᠤᠯᠬᠤ ᠲᠥᠰᠦᠪ ᠤᠨ ᠬᠠᠮᠢᠶᠠᠷᠤᠯᠲᠠ᠂ | ᠦᠨᠳᠦᠰᠦᠨ ᠪᠦᠳᠦᠭᠡᠨ ᠪᠠᠶᠢᠭᠤᠯᠬᠤ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠲᠦᠷᠢᠮ᠂ ᠪᠦᠳᠦᠭᠡᠨ | ᠪᠠᠶᠢᠭᠤᠯᠬᠤ ᠪᠡᠯᠡ ᠮᠦᠩᠭᠦᠨ ᠤ ᠲᠠᠩᠰᠠᠨ ᠡᠷᠦᠬᠡ ᠶᠢᠨ ᠬᠠᠮᠢᠶᠠᠷᠤᠯᠲᠠ ᠶᠢᠨ ᠲᠦᠷᠢᠮ ᠵᠡᠷᠭᠡ ᠶᠢᠨ ᠱᠠᠭᠠᠷᠳᠠᠯᠭ᠎ᠠ | ᠶᠣᠰᠣᠭᠠᠷ ᠴᠢᠩᠭ᠎ᠠ ᠬᠠᠮᠢᠶᠠᠷᠣᠨ᠂ ᠲᠤᠰᠠᠭᠠᠷ ᠳᠠᠩᠰᠠ ᠪᠠᠶᠢᠭᠤᠯᠵᠣ ᠪᠠᠶᠢᠭᠠᠣᠨ ᠲᠣᠭᠠᠴᠠᠯᠠᠨ ᠪᠣᠳᠣᠵᠣ᠂ ᠪᠦᠲᠦᠭᠡᠨ | ᠪᠠᠶᠢᠭᠤᠯᠬᠤ ᠪᠡᠯᠡ ᠮᠦᠩᠭᠦᠨ ᠤ ᠬᠡᠷᠩᠯᠡᠯᠳᠠ ᠶᠢᠨ ᠠᠮᠣᠷ ᠲᠦᠪᠰᠢᠨ ᠢ ᠪᠠᠲᠤᠯᠠᠬᠤ ᠶᠢᠨ ᠬᠠᠮᠲᠤ᠂ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠢᠨᠠᠨ ᠪᠣᠳᠣᠬᠤ ᠲᠢᠩᠬᠢᠮ ᠳᠤ ᠲᠣᠭᠲᠠᠮᠠᠯ | ᠬᠤᠭᠤᠴᠠᠭ᠎ᠠ ᠲᠠᠢ ᠪᠠᠷ ᠬᠠᠮᠢᠶ᠎ᠠ ᠪᠦᠬᠦᠢ ᠮᠠᠲ᠋ᠧᠷᠢᠶᠠᠯ ︵ᠡᠯᠧᠺᠲᠷᠣᠨ ᠳ᠋ᠠᠶᠢᠲᠨ ᠶᠢᠨ ᠪᠢᠴᠢᠭᠯᠡᠯ ᠪᠠᠭᠲᠠᠨ᠎ᠠ︶ ᠢᠶᠠᠨ | ᠮᠡᠳᠡᠭᠦᠯᠦᠨ ᠬᠦᠷᠭᠡᠬᠦ ᠬᠡᠷᠡᠭᠲᠡᠶ᠃ | ᠬᠤᠷᠢᠨ ᠵᠢᠷᠭᠤᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠨᠢ ᠣᠷᠣᠯᠠᠨ | ᠪᠠᠶᠢᠭᠤᠯᠬᠤ ᠲᠥᠷᠥᠯ ᠵᠦᠢᠯ ᠳᠤ ᠬᠠᠤᠯᠢ ᠶᠣᠰᠣᠭᠠᠷ ᠬᠢᠨᠠᠨ ᠪᠣᠳᠣᠵᠤ ᠬᠢᠨᠠᠯᠲᠠ ᠲᠠᠯᠪᠢᠬᠤ ᠶᠢ ᠬᠡᠷᠡᠭᠵᠢᠭᠦᠯᠦᠨ᠎ᠡ᠃ | ᠬᠤᠷᠢᠨ ᠳᠣᠯᠣᠳᠤᠭᠠᠷ ᠵᠦᠢᠯ ᠣᠷᠣᠯᠠᠨ ᠪᠠᠶᠢᠭᠤᠯᠬᠤ ᠬᠠᠮᠢᠶᠠᠷᠤᠯᠲᠠ ᠶᠢᠨ ᠵᠠᠷᠤᠳᠠᠯ ᠳᠤ ᠵᠣᠭᠤᠰᠣᠨ ᠤ | ᠲᠤᠭ᠎ᠠ ᠶᠢ ᠨᠢ ᠬᠢᠵᠠᠭᠠᠷᠯᠠᠨ ᠬᠠᠮᠢᠶᠠᠷᠬᠤ ᠶᠢ ᠬᠡᠷᠡᠭᠵᠢᠭᠦᠯᠵᠦ᠂ ︽ᠦᠨᠳᠦᠰᠦᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠶᠯ ᠤᠨ ᠪᠦᠲᠦᠭᠡᠨ ᠪᠠᠶᠢᠭᠤᠯᠬᠤ ᠥᠪᠡᠷ ᠤᠨ ᠥᠷᠲᠡᠭ ᠤᠨ ᠬᠠᠮᠢᠶᠠᠷᠤᠯᠲᠠ ᠶᠢᠨ ᠲᠣᠭᠲᠠᠭᠠᠯ︾ ᠳᠠᠬᠢ | ᠲᠥᠷᠥᠯ ᠵᠦᠶᠯ ᠤᠨ ᠪᠦᠲᠦᠭᠡᠨ ᠪᠠᠶᠢᠭᠤᠯᠬᠤ ᠬᠠᠮᠢᠶᠠᠷᠣᠯᠳᠠ ᠶᠢᠨ ᠵᠠᠷᠤᠳᠠᠯ ᠤᠨ ᠪᠠᠷᠢᠮᠵᠢᠶ᠎ᠠ ᠠᠴᠠ ᠦᠨᠳᠣᠷ | ᠪᠠᠶᠢᠯᠭᠠᠬᠤ ᠦᠭᠡᠢ ᠪᠠᠷ ᠬᠢᠨᠠᠨ ᠲᠣᠭᠲᠠᠭᠠᠵᠣ ︵ᠳᠠᠭᠠᠯᠳᠤᠭᠤᠯᠤᠯ ᠳᠤ ᠨᠠᠷᠢᠨ ᠦᠵᠡ︶᠂ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠬᠡᠷᠡᠭᠯᠡᠬᠦ ᠬᠡᠷᠡᠭᠲᠡᠶ᠃ ᠬᠡᠷᠡᠭᠯᠡᠬᠦ ᠨᠢᠭᠡᠴᠢ ᠪᠠ ᠣᠷᠣᠯᠠᠨ ᠪᠠᠶᠢᠭᠤᠯᠬᠤ ᠨᠢᠭᠡᠴᠢ ᠶᠢᠨ ᠲᠥᠷᠥᠯ | ᠵᠦᠢᠯ ᠤᠨ ᠣᠷᠣᠯᠠᠨ ᠪᠠᠶᠢᠭᠤᠯᠬᠤ ᠬᠠᠮᠢᠶᠠᠷᠣᠯᠳᠠ ᠶᠢᠨ ᠵᠠᠷᠤᠳᠠᠯ ᠢ ᠵᠠᠷᠴᠢᠮ ᠳᠡᠭᠡᠷ᠎ᠡ ᠪᠠᠨ 3᠄ 7 ᠶᠢᠨ | ᠬᠠᠷᠢᠴᠠᠯ ᠢᠶᠠᠷ ᠬᠤᠪᠢᠶᠠᠨ ᠨᠣᠭᠳᠠᠭᠤᠯᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ | ᠲᠥᠷᠥᠯ ᠵᠦᠶᠯ ᠤᠨ ᠠᠬᠢᠴᠨ ᠶᠢᠨ ᠪᠠᠶᠢᠳᠠᠯ ᠢ ᠦᠨᠳᠦᠰᠦᠯᠡᠨ ᠬᠤᠭᠤᠴᠠᠭ᠎ᠠ ᠬᠤᠪᠢᠶᠠᠨ ᠰᠠᠯᠭᠠᠨ ᠦᠭᠭᠦᠨ᠎ᠠ᠃ | | ᠵᠢᠷᠭᠤᠳᠤᠭᠠᠷ ᠪᠦᠯᠦᠭ ᠱᠠᠩᠨᠠᠵᠤ ᠰᠢᠢᠣᠡᠭᠡᠭᠦ ᠲᠣᠭᠲᠠᠭᠠᠯ | | ᠬᠤᠷᠢᠨ ᠨᠠᠢᠮᠠᠳᠣᠭᠠᠷ ᠵᠦᠶᠯ ᠣᠷᠣᠯᠠᠨ ᠪᠠᠶᠢᠭᠤᠯᠬᠤ ᠨᠢᠭᠡᠴᠢ ᠳᠤ ᠳᠣᠤᠷᠠᠬᠢ ᠪᠠᠶᠢᠳᠠᠯ ᠤᠨ ᠨᠢᠭᠡ ᠨᠢ | ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠪᠦᠲᠦᠭᠡᠨ ᠪᠠᠶᠢᠭᠤᠯᠬᠤ ᠪᠡᠯᠡ ᠮᠥᠩᠭᠦ ᠵᠢᠴᠢ ᠣᠷᠣᠯᠠᠨ | ᠪᠠᠶᠢᠭᠤᠯᠬᠤ ᠬᠠᠮᠢᠶᠠᠷᠤᠯᠲᠠ ᠶᠢᠨ ᠵᠠᠷᠤᠳᠠᠯ ᠢ ᠥᠭᠬᠦ ᠪᠠᠨ ᠲᠦᠷ ᠵᠣᠭᠰᠣᠭᠠᠬᠤ ᠶᠢᠨ ᠬᠠᠮᠲᠤ᠂ ᠨᠢᠭᠡᠴᠢ ᠶᠢᠨ | ᠬᠠᠷᠢᠭᠤᠴᠠᠯᠭᠠᠳᠠᠨ ᠪᠠ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠶᠢᠨ ᠦᠢᠯᠡ ᠪᠠᠶᠢᠳᠠᠯ ᠤᠨ ᠬᠦᠨᠳᠦ | ᠬᠥᠩᠭᠡᠨ ᠢ ᠦᠵᠡᠵᠣ ᠪᠠᠶᠢᠭᠠᠣᠨ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ︵ᠨᠢᠭᠡ︶ ᠣᠷᠣᠯᠠᠨ ᠪᠠᠶᠢᠭᠤᠯᠬᠤ ᠨᠢᠭᠡᠴᠢ ᠶᠢᠨ ᠰᠢᠯᠲᠠᠭᠠᠨ ᠠᠴᠠ ᠪᠣᠯᠵᠤ ᠪᠠᠷᠢᠯᠭ᠎ᠠ ᠶᠢᠨ ᠶᠠᠰᠤ ᠴᠢᠨᠠᠷ ᠨᠢ | ᠬᠢᠷᠢ ᠲᠡᠩᠴᠡᠬᠦ ᠦᠭᠡᠢ ᠪᠣᠯᠤᠭᠰᠠᠨ ᠪᠠ ᠬᠦᠨᠳᠦ ᠶᠡᠭᠡ ᠠᠮᠤᠷ ᠲᠦᠪᠰᠢᠨ ᠤ ᠬᠠᠷᠢᠭᠤᠴᠠᠯᠭ᠎ᠠ ᠶᠢᠨ ᠠᠳᠡᠯ | ᠭᠠᠷᠤᠭᠰᠠᠨ᠃ | ︵ᠬᠤᠶᠠᠷ︶ ᠬᠡᠷᠡᠭᠯᠡᠬᠦ ᠨᠢᠭᠡᠴᠢ ᠪᠤᠶᠤ ᠣᠷᠣᠯᠠᠨ ᠪᠠᠶᠢᠭᠤᠯᠬᠤ ᠲᠥᠷᠥᠯ ᠵᠦᠶᠯ ᠤᠨ ᠬᠠᠮᠢᠶᠠᠷᠤᠯᠲᠠ ᠶᠢᠨ | ᠪᠠᠶᠢᠭᠤᠯᠣᠮᠵᠢ ᠯᠤᠭ᠎ᠠ ᠰᠥᠯᠪᠡᠭᠡᠯᠡᠵᠣ᠂ ᠤᠯᠤᠰ ᠤᠨ ᠠᠰᠢᠭ ᠲᠤᠰᠠ ᠪᠤᠶᠤ ᠨᠡᠶᠢᠭᠡᠮ ᠨᠡᠶᠢᠲᠡ ᠶᠢᠨ ᠠᠰᠢᠭ | ᠲᠤᠰᠠ ᠶᠢ ᠬᠤᠬᠢᠷᠠᠭᠤᠯᠣᠭᠰᠠᠨ᠃ | ︵ᠭᠤᠷᠪᠠ︶ ᠬᠠᠶᠢᠨ ᠪᠠᠶᠢᠴᠠᠭᠠᠬᠤ᠂ ᠵᠢᠷᠤᠵᠣ ᠲᠥᠯᠥᠪᠯᠡᠬᠦ᠂ ᠪᠠᠷᠢᠯᠭ᠎ᠠ ᠪᠠᠷᠢᠬᠤ ᠶᠢ ᠶᠡᠷᠦᠩᠬᠡᠶᠢᠯᠡᠨ | ᠳᠠᠭᠠᠭᠠᠴᠢᠯᠠᠬᠤ᠂ ᠬᠢᠨᠠᠬᠤ᠂ ᠠᠰᠠᠭᠤᠨ ᠯᠠᠪᠯᠠᠬᠤ᠂ ᠲᠥᠬᠦᠭᠡᠷᠦᠮᠵᠢ ᠮᠠᠲ᠋ᠧᠷᠢᠶᠠᠯ ᠬᠠᠩᠭᠠᠬᠤ ᠵᠡᠷᠭᠡ ᠨᠢᠭᠡᠴᠢ ᠯᠦᠭᠡ | ᠰᠥᠯᠪᠡᠭᠡᠯᠡᠵᠣ ᠵᠦᠶ ᠪᠤᠰᠤ ᠶᠢᠨ ᠠᠰᠢᠭ ᠲᠤᠰᠠ ᠣᠯᠣᠭᠰᠠᠨ︔ | ︵ᠳᠥᠷᠪᠡ︶ ᠲᠥᠷᠥᠯ ᠵᠦᠶᠯ ᠤᠨ ᠪᠦᠲᠦᠭᠡᠨ ᠪᠠᠶᠢᠭᠤᠯᠬᠤ ᠪᠡᠯᠡ ᠮᠦᠩᠭᠦᠨ ᠤ ᠬᠡᠷᠡᠭᠯᠡᠯᠲᠡ ᠪᠠ ᠡᠳ᠋ ᠤᠨ | ᠶᠠᠪᠤᠳᠠᠯ ᠤᠨ ᠬᠠᠮᠢᠶᠠᠷᠤᠯᠲᠠ ᠶᠢᠨ ᠲᠣᠭᠲᠠᠭᠠᠯ ᠠᠴᠠ ᠵᠥᠷᠢᠴᠡᠭᠰᠡᠨ᠃ | ︵ᠲᠠᠪᠤ︶ ᠣᠷᠣᠯᠠᠨ ᠪᠠᠶᠢᠭᠤᠯᠬᠤ ᠲᠤᠬᠠᠶᠢᠯᠠᠭᠰᠠᠨ ᠠᠵᠢᠯ ᠢ ᠰᠢᠯᠵᠢᠭᠦᠯᠵᠣ ᠬᠤᠳᠠᠯᠳᠣᠭᠰᠠᠨ᠃ | ︵ᠵᠢᠷᠭᠤᠭ᠎ᠠ︶ ᠣᠷᠣᠯᠠᠨ ᠪᠠᠶᠢᠭᠤᠯᠬᠤ ᠪᠠᠷᠢᠯᠭ᠎ᠠ ᠶᠢᠨ ᠪᠦᠲᠦᠭᠡᠨ ᠪᠠᠶᠢᠭᠤᠯᠬᠤ ᠪᠤᠰᠤᠳ ᠡᠭᠦᠷᠭᠡ ᠶᠢ | ᠲᠣᠭᠳᠠᠭᠠᠯ ᠠᠴᠠ ᠵᠦᠷᠢᠴᠠᠵᠣ ᠡᠭᠦᠷᠭᠡᠯᠡᠭᠰᠡᠨ᠃ | ︵ᠳᠣᠯᠤᠭ᠎ᠠ︶ ᠣᠷᠣᠯᠠᠨ ᠪᠠᠶᠢᠭᠤᠯᠬᠤ ᠲᠥᠷᠥᠯ ᠵᠦᠶᠯ ᠤᠨ ᠨᠢᠭᠤᠴᠠ ᠶᠢ ᠬᠠᠮᠠᠭᠠᠯᠠᠪᠡᠰᠣ ᠵᠣᠬᠢᠬᠤ | ᠬᠤᠯᠪᠣᠭᠳᠠᠯ ᠪᠦᠭᠦᠢ ᠪᠠᠶᠢᠳᠠᠯ ᠪᠠ ᠮᠠᠲ᠋ᠧᠷᠢᠶᠠᠯ ᠢ ᠵᠠᠳᠠᠷᠠᠭᠤᠯᠣᠭᠰᠠᠨ᠃ | ︵ᠨᠠᠢᠮᠨ︶ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃ | ᠬᠤᠷᠢ ᠶᠢᠰᠦᠳᠦᠭᠡᠷ ᠵᠦᠶᠯ ᠬᠡᠷᠡᠭᠯᠡᠬᠦ ᠨᠢᠭᠡᠴᠢ ᠳᠤ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠨᠢᠭᠡᠴᠢ ᠶᠢᠨ ᠬᠠᠷᠢᠭᠤᠴᠠᠯᠭᠠᠲᠠᠨ ᠪᠠ ᠪᠤᠰᠤᠳ ᠰᠢᠭᠤᠳ | ᠬᠠᠷᠢᠭᠤᠴᠠᠯᠭ᠎ᠠ ᠡᠭᠦᠷᠭᠡᠯᠡᠭᠴᠢ ᠶᠢᠨ ᠦᠢᠯᠡ ᠪᠠᠶᠢᠳᠠᠯ ᠤᠨ ᠬᠦᠨᠳᠦ ᠬᠥᠩᠭᠡᠨ ᠢ ᠨᠢ ᠦᠵᠡᠵᠣ ᠪᠠᠶᠢᠭᠠᠣᠨ ᠬᠠᠤᠯᠢ | ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠠ᠃ | ︵ᠨᠢᠭᠡ︶ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠶᠴᠡᠳᠬᠡᠭᠰᠡᠨ ᠦᠭᠡᠢ᠂ ᠣᠷᠣᠯᠠᠨ ᠪᠠᠶᠢᠭᠤᠯᠬᠤ | ᠨᠢᠭᠡᠴᠢ ᠯᠦᠭᠡ ᠢᠳᠡᠪᠬᠢᠲᠡᠢ ᠪᠥᠭᠡᠳ ᠪᠦᠲᠦᠮᠵᠢᠲᠡᠶ ᠬᠠᠮᠵᠢᠯᠴᠠᠬᠰᠠᠨ ᠦᠭᠡᠢ᠂ ᠡᠰᠡᠬᠦᠯ᠎ᠡ ᠦᠪᠡᠰᠣᠪᠡᠨ | ᠴᠣᠭᠯᠠᠭᠤᠯᠣᠭᠰᠠᠨ ᠪᠡᠯᠡ ᠮᠥᠩᠭᠦ ᠶᠢ ᠴᠠᠭ ᠲᠤ ᠪᠠᠨ ᠪᠣᠳᠠᠲᠠᠶᠢᠵᠢᠭᠤᠯᠤᠭᠰᠠᠨ ᠦᠭᠡᠢ ᠠᠴᠠ ᠪᠣᠯᠵᠣ ᠲᠥᠷᠥᠯ | ᠵᠦᠶᠯ ᠤᠨ ᠪᠦᠲᠦᠭᠡᠨ ᠪᠠᠶᠢᠭᠤᠯᠤᠯᠲᠠ ᠨᠢ ᠶᠠᠪᠤᠭᠳᠠᠬᠤ ᠶᠢᠨ ᠠᠷᠭ᠎ᠠ ᠦᠭᠡᠢ ᠪᠣᠯᠣᠭᠰᠠᠨ ᠪᠤᠶᠤ ᠪᠠᠷᠢᠯᠭ᠎ᠠ ᠶᠢᠨ | ᠬᠤᠭᠤᠴᠠᠭ᠎ᠠ ᠶᠢ ᠬᠤᠶᠢᠰᠢᠯᠠᠭᠤᠯᠤᠭᠰᠠᠨ᠃ | ︵ᠬᠤᠶᠠᠷ︶ ᠣᠷᠣᠯᠠᠨ ᠪᠠᠶᠢᠭᠤᠯᠬᠤ ᠨᠢᠭᠡᠴᠢ ᠪᠤᠶᠤ ᠬᠠᠶᠢᠨ ᠪᠠᠶᠢᠴᠠᠭᠠᠬᠤ᠂ ᠵᠢᠷᠤᠵᠣ ᠲᠥᠯᠥᠪᠯᠡᠬᠦ᠂ | ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠬᠤ᠂ ᠬᠢᠨᠠᠬᠤ᠂ ᠠᠰᠠᠭᠤᠨ ᠯᠠᠪᠯᠠᠬᠤ᠂ ᠲᠥᠬᠦᠭᠡᠷᠣᠮᠵᠢ | ᠮᠠᠲ᠋ᠧᠷᠢᠶᠠᠯ ᠬᠠᠩᠭᠠᠬᠤ ᠵᠡᠷᠭᠡ ᠨᠢᠭᠡᠴᠢ ᠯᠦᠭᠡ ᠰᠥᠯᠪᠡᠭᠡᠯᠡᠵᠣ᠂ ᠤᠯᠤᠰ ᠤᠨ ᠠᠰᠢᠭ ᠲᠤᠰᠠ ᠪᠤᠶᠤ ᠨᠡᠶᠢᠭᠡᠮ | ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠤᠭᠰᠠᠨ᠃ | ︵ᠭᠤᠷᠪᠠ︶ ᠲᠥᠷᠥᠯ ᠵᠦᠶᠯ ᠤᠨ ᠪᠦᠲᠦᠭᠡᠨ ᠪᠠᠶᠢᠭᠤᠯᠬᠤ ᠪᠡᠯᠡ ᠮᠦᠩᠭᠦᠨ ᠤ ᠬᠡᠷᠡᠭᠯᠡᠯᠲᠡ ᠪᠠ ᠡᠳ᠋ ᠤᠨ | ᠶᠠᠪᠤᠳᠠᠯ ᠤᠨ ᠬᠠᠮᠢᠶᠠᠷᠤᠯᠲᠠ ᠶᠢᠨ ᠲᠣᠭᠲᠠᠭᠠᠯ ᠠᠴᠠ ᠵᠥᠷᠢᠴᠡᠭᠰᠡᠨ᠃ | ︵ᠳᠥᠷᠪᠠ︶ ᠲᠥᠷᠥᠯ ᠵᠦᠢᠯ ᠤᠨ ᠠᠩᠬᠠᠨ ᠤ ᠵᠢᠷᠤᠭ ᠲᠥᠯᠥᠪᠯᠡᠭᠡ ᠶᠢ ᠴᠤᠬᠤᠯᠠᠪᠤᠷᠢᠯᠠᠭᠰᠠᠨ ᠤ ᠳᠠᠷᠠᠭ᠎ᠠ᠂ | ᠪᠠᠷᠢᠯᠭ᠎ᠠ ᠶᠢᠨ ᠵᠢᠷᠤᠭ ᠵᠢᠷᠣᠵᠣ ᠲᠥᠯᠥᠪᠯᠡᠭᠰᠡᠨ ᠪᠢᠴᠢᠭ ᠮᠠᠲ᠋ᠧᠷᠢᠶᠠᠯ ᠤᠨ ᠴᠢᠨᠠᠷ ᠢ ᠴᠢᠩᠭ᠎ᠠ ᠡᠵᠡᠮᠳᠡᠭᠰᠠᠨ ᠦᠭᠡᠢ | ᠵᠢᠴᠢ ᠲᠥᠷᠥᠯ ᠵᠦᠶᠯ ᠤᠨ ᠪᠦᠲᠦᠭᠡᠨ ᠪᠠᠶᠢᠭᠤᠯᠬᠤ ᠶᠠᠪᠤᠴᠠ ᠳᠤ ᠵᠥᠪᠰᠢᠶᠡᠷᠡᠭᠦᠯᠣᠭ᠍ᠰᠡᠨ ᠦᠭᠡᠶ ᠪᠠᠷ ᠲᠥᠷᠥᠯ | ᠵᠦᠶᠯ ᠤᠨ ᠬᠡᠷᠡᠭᠯᠡᠬᠦ ᠴᠢᠳᠠᠮᠵᠢ ᠪᠦᠬᠦᠨ ᠢ ᠪᠤᠶᠤ ᠬᠡᠰᠡᠭ ᠢ ᠨᠢ ᠬᠤᠪᠢᠷᠠᠭᠠᠬᠤ᠂ ᠪᠦᠲᠦᠴᠡ ᠶᠢ ᠨᠢ ᠵᠠᠳᠠᠯᠵᠣ | ᠥᠭᠡᠷᠡᠴᠢᠯᠡᠬᠦ᠂ ᠪᠦᠲᠦᠭᠡᠨ ᠪᠠᠶᠢᠭᠤᠯᠬᠤ ᠪᠠᠷᠢᠮᠵᠢᠶ᠎ᠠ ᠶᠢ ᠨᠢ ᠳᠡᠭᠡᠭᠰᠢᠯᠡᠭᠦᠯᠬᠦ ᠶᠢ ᠳᠤᠷ᠎ᠠ ᠪᠠᠷ ᠢᠶᠠᠨ ᠱᠠᠭᠠᠷᠳᠠᠭᠰᠠᠨ | ᠠᠴᠠ ᠪᠣᠯᠵᠣ ᠪᠡᠯᠡ ᠣᠷᠣᠭᠤᠯᠤᠯᠲᠠ ᠨᠢ ᠲᠦᠢᠮᠣ ᠲᠥᠰᠦᠪ ᠠᠴᠠ ᠳᠠᠪᠠᠭᠰᠠᠨ ᠪᠤᠶᠤ ᠠᠬᠢᠴᠠ ᠶᠢ ᠨᠡᠯᠢᠶᠡᠳ ᠶᠡᠭᠡ | ᠤᠳᠠᠭᠠᠰᠢᠷᠠᠭᠤᠯᠣᠭᠰᠠᠨ᠃ | ︵ᠲᠠᠪᠤ︶ ᠪᠠᠷᠢᠯᠭ᠎ᠠ ᠳᠠᠭᠤᠰᠣᠭᠰᠠᠨ ᠢ ᠰᠢᠯᠭᠠᠨ ᠬᠤᠷᠢᠶᠠᠵᠣ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ | ᠲᠥᠷᠥᠯ ᠵᠦᠶᠯ ᠤᠨ ᠬᠦᠯᠢᠶᠡᠨ ᠠᠪᠬᠤ ᠶᠢ ᠬᠤᠶᠢᠰᠢᠯᠠᠭᠤᠯᠣᠭᠰᠠᠨ᠃ | ︵ᠵᠢᠷᠭᠤᠭ᠎ᠠ︶ ᠬᠠᠤᠯᠢ ᠰᠠᠬᠢᠯᠭ᠎ᠠ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃ | ᠭᠤᠴᠢᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠣᠯᠳᠠ ᠶᠢᠨ ᠲᠢᠩᠬᠢᠮ ᠨᠢ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ | ᠵᠠᠰᠠᠭ ᠤᠨ ᠣᠷᠳᠣᠨ ᠤ ᠪᠡᠯᠨ ᠣᠷᠣᠭᠤᠯᠣᠯᠳᠠ ᠲᠠᠢ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠶᠯ ᠤᠨ | ᠢᠲᠡᠭᠡᠮᠵᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠣᠨ᠂ ᠣᠷᠣᠯᠠᠨ ᠪᠠᠶᠢᠭᠤᠯᠬᠤ ᠲᠥᠷᠥᠯ ᠵᠦᠢᠯ ᠤᠨ | ᠪᠠᠶᠢᠭᠤᠯᠣᠯᠳᠠ ᠳᠤ ᠣᠷᠣᠯᠴᠠᠭᠰᠠᠨ ᠡᠯ᠎ᠠ ᠨᠢᠭᠡᠴᠢ ᠵᠢᠴᠢ ᠠᠵᠢᠯᠲᠠᠣᠨ ᠢ ᠬᠢᠨᠠᠨ ᠬᠠᠮᠢᠶᠠᠷᠬᠤ ᠲᠠᠪᠴᠠᠩ ᠳᠤ | ᠨᠢᠭᠡᠳᠦᠯᠲᠡᠶ ᠣᠷᠣᠭᠤᠯᠵᠣ᠂ ᠭᠡᠷ᠎ᠡ ᠭᠦᠶᠴᠡᠳᠬᠡᠬᠦ ᠬᠠᠮᠢᠶᠠᠷᠤᠯᠲᠠ ᠶᠢ ᠴᠢᠩᠭᠠᠳᠬᠠᠨ᠂ ᠦᠨᠡᠨᠴᠢ ᠢᠲᠡᠭᠡᠮᠵᠢ ᠶᠢᠨ | ᠦᠨᠡᠯᠡᠯᠲᠡ ᠶᠢ ᠬᠠᠤᠯᠢ ᠲᠣᠭᠲᠠᠭᠠᠯ ᠶᠣᠰᠣᠭᠠᠷ ᠬᠢᠵᠦ᠂ ᠢᠲᠡᠭᠡᠮᠵᠢ ᠠᠯᠳᠠᠭᠰᠠᠨ ᠠᠵᠤ ᠠᠬᠤᠶᠢᠯᠠᠯ᠂ ᠢᠲᠡᠭᠡᠮᠵᠢ | ᠠᠯᠳᠠᠭᠰᠠᠨ ᠬᠥᠮᠦᠰ ᠢ ᠵᠠᠯᠬᠠᠭᠠᠨ ᠰᠢᠢᠣᠡᠭᠡᠨᠠ᠃ | ᠭᠤᠴᠢᠨ ᠨᠢᠭᠡᠳᠦᠭᠡᠷ ᠵᠦᠢᠯ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠵᠢᠴᠢ ᠳᠡᠳᠡᠭᠡᠷ ᠤᠨ ᠠᠵᠢᠯᠲᠠᠳ ᠨᠢ ᠣᠷᠣᠯᠠᠨ ᠪᠠᠶᠢᠭᠤᠯᠬᠤ ᠲᠥᠷᠥᠯ ᠵᠦᠢᠯ ᠤᠨ ᠡᠯ᠎ᠡ ᠵᠦᠢᠯ ᠤᠨ | ᠪᠦᠲᠦᠭᠡᠨ ᠪᠠᠶᠢᠭᠤᠯᠤᠯᠲᠠ ᠳᠤ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠬᠢᠬᠦ ᠳᠤ ᠪᠠᠨ ᠬᠤᠶᠢᠷᠭᠤᠰᠢᠨ | ᠤᠳᠠᠭᠠᠰᠢᠷᠠᠭᠤᠯᠵᠣ ᠠᠯᠪᠠ ᠬᠠᠰᠢᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠤ | ᠪᠠᠨ ᠠᠯᠮᠠᠶᠢᠷᠠᠨ ᠣᠰᠣᠯᠳᠠᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠦᠷᠢᠴᠡᠭᠰᠡᠨ᠂ ᠬᠡᠭᠡᠯᠢ ᠬᠠᠭ᠋ᠤᠤᠯᠢ | ᠢᠳᠡᠭᠰᠡᠨ ᠵᠡᠷᠭᠡ ᠦᠢᠯᠡ ᠠᠵᠢᠯᠯᠠᠭ᠎ᠠ ᠲᠠᠢ ᠪᠠᠶᠢᠪᠠᠯ᠂ ᠬᠠᠤᠯᠢ ᠴᠠᠭᠠᠵᠨ ᠰᠠᠬᠢᠯᠭ᠎ᠠ ᠪᠠᠳᠣ ᠪᠠᠷ ᠰᠢᠶᠳᠬᠡᠯ ᠥᠭᠴᠦ᠂ | ᠬᠠᠤᠯᠢ ᠠᠴᠠ ᠵᠥᠷᠢᠴᠡᠵᠦ ᠣᠯᠤᠭᠰᠠᠨ ᠣᠯᠵᠠ ᠠᠰᠢᠭ ᠲᠠᠢ ᠪᠠᠶᠢᠪᠠᠯ ᠬᠠᠤᠯᠢ ᠶᠢ ᠵᠥᠷᠢᠴᠡᠵᠦ ᠣᠯᠤᠭᠰᠠᠨ ᠣᠯᠵᠠ | ᠠᠰᠢᠭ ᠢ ᠨᠢ ᠵᠡᠷᠭᠡ ᠳᠤ ᠨᠢ ᠬᠤᠷᠢᠶᠠᠨ ᠠᠪᠴᠤ᠂ ᠶᠠᠯ᠎ᠠ ᠳᠤ ᠭᠦᠷᠣᠭ᠍ᠰᠡᠨ ᠪᠠᠶᠢᠪᠠᠯ ᠡᠷᠡᠭᠦᠤ ᠶᠢᠨ ᠬᠠᠷᠢᠭᠤᠴᠠᠯᠭ᠎ᠠ ᠶᠢ | ᠬᠠᠤᠯᠢ ᠶᠣᠰᠣᠭᠠᠷ ᠨᠡᠬᠡᠮᠵᠢᠯᠡᠨ᠎ᠡ᠃ | | ᠳᠣᠯᠣᠳᠤᠭᠠᠷ ᠪᠦᠯᠦᠭ ᠳᠠᠭᠠᠯᠳᠤᠭᠤᠯᠤᠯ ᠳᠦᠷᠢᠮ | | ᠭᠤᠴᠢᠨ ᠬᠤᠶᠠᠳᠤᠭᠠᠷ ᠵᠦᠶᠯ ᠡᠯ᠎ᠡ ᠠᠶᠢᠮᠠᠭ ᠬᠤᠲᠠ ᠨᠢ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢ ᠬᠡᠷᠡᠭᠯᠡᠨ ᠡᠵᠡᠩᠨᠡᠯᠳᠠ ᠶᠢᠨ ᠪᠤᠰᠤ ᠴᠢᠨᠠᠷᠲᠠᠶ ᠲᠥᠷᠥᠯ ᠵᠦᠶᠯ ᠤᠨ ᠣᠷᠣᠯᠠᠨ ᠪᠠᠶᠢᠭᠤᠯᠬᠤ | ᠬᠠᠮᠢᠶᠠᠷᠤᠯᠲᠠ ᠶᠢ ᠬᠢᠬᠦ ᠳᠤ᠂ ᠲᠣᠰ ᠠᠷᠭ᠎ᠠ ᠪᠠᠷ ᠯᠠᠪᠯᠠᠯᠲᠠ ᠪᠣᠯᠭᠠᠵᠣ ᠬᠡᠷᠡᠭᠵᠢᠭᠦᠯᠦᠨ᠎ᠡ᠃ | ᠭᠤᠴᠢᠨ ᠭᠤᠷᠪᠠᠳᠤᠭᠠᠷ ᠵᠦᠶᠯ ᠲᠣᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ | ᠬᠡᠷᠡᠭᠵᠢᠭᠦᠯᠣᠨ᠎ᠠ᠂ ︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠨ | ᠣᠷᠣᠭᠤᠯᠣᠯᠳᠠ ᠲᠠᠢ ᠡᠵᠡᠩᠨᠠᠯᠳᠠ ᠶᠢᠨ ᠪᠤᠰᠤ ᠴᠢᠨᠠᠷᠲᠠᠶ ᠲᠥᠷᠥᠯ ᠵᠦᠶᠯ ᠤᠨ ᠣᠷᠣᠯᠠᠨ ᠪᠠᠶᠢᠭᠤᠯᠬᠤ ᠳᠦᠷᠢᠮ ᠤᠨ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ︵ᠥᠪᠥᠷ ᠵᠠᠰᠠᠭ ᠠᠯᠪᠠᠨ ᠳᠠᠷᠬᠠᠭᠠᠭᠰᠠᠨ ﹇2009﹈ 127 ᠳ᠋ᠤᠭᠠᠷ ᠲᠣᠭᠠᠲᠤ︶ ᠢ ᠬᠠᠮᠲᠤ ᠳᠤ ᠨᠢ | ᠬᠦᠴᠦᠨ ᠦᠭᠡᠢ ᠪᠣᠯᠭᠠᠨ᠎ᠠ᠃ | | ᠳᠠᠭᠠᠯᠳᠤᠭᠤᠯᠤᠯ᠄ ᠲᠥᠷᠥᠯ ᠵᠦᠢᠯ ᠤᠨ ᠣᠷᠣᠯᠠᠨ ᠪᠠᠶᠢᠭᠤᠯᠬᠤ ᠬᠠᠮᠢᠶᠠᠷᠤᠯᠲᠠ ᠶᠢᠨ ᠵᠠᠷᠤᠳᠠᠯ ᠤᠨ ᠶᠡᠷᠣᠩᠭᠡᠢ | ᠲᠤᠭ᠎ᠠ ᠶᠢ ᠬᠢᠵᠠᠭᠠᠷᠯᠠᠬᠤ ᠵᠠᠷᠤᠳᠠᠯ ᠤᠨ ᠨᠣᠷᠮ᠎ᠠ ᠶᠢᠨ ᠬᠦᠰᠦᠨᠦᠭᠲᠦ | | |