ᠥᠪᠥᠷ ᠵᠠᠰᠠᠭ ᠠᠯᠪᠠᠨ ᠲᠠᠷᠬᠠᠭᠠᠭᠰᠠᠨ ﹇2020 ﹈ 14 ᠳ᠋ᠦ᠋ᠭᠡᠷ ᠲᠣᠭᠠᠲᠤ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ ᠬᠦᠳᠡᠭᠡ ᠲᠤᠰᠬᠤᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ | ᠰᠠᠨᠠᠯ︾ ︵ᠲᠥᠷᠥ ᠠᠯᠪᠠᠨ ᠲᠠᠷᠬᠠᠭᠠᠭᠰᠠᠨ︹ 2019 ︺45 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ | ᠬᠠᠮᠢᠶᠠᠷᠴᠤ ᠠᠷᠠᠴᠢᠯᠠᠨ ᠬᠠᠮᠠᠭᠠᠯᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠦᠷᠭᠡᠳᠬᠡᠨ | ᠪᠠᠶᠢᠭᠤᠯᠵᠤ᠂ ︽ᠬᠥᠳᠡᠭᠡ ᠲᠣᠰᠬᠤᠨ ᠤ ᠳᠥᠷᠪᠡᠨ ᠰᠠᠶᠢᠨ ᠵᠠᠮ︾ ᠤᠨ ᠪᠦᠲᠦᠭᠡᠨ ᠪᠠᠶᠢᠭᠤᠯᠤᠯᠲᠠ ᠶᠢᠨ ᠴᠢᠨᠠᠷ | ᠰᠠᠶᠢᠲᠠᠶ ᠬᠦᠭᠵᠢᠯᠲᠡ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ | ᠠᠷᠠᠴᠢᠯᠠᠨ ᠬᠠᠮᠠᠭᠠᠯᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠳᠣᠤᠷᠠᠬᠢ ᠮᠡᠲᠦ | ᠰᠠᠨᠠᠯ ᠢ ᠳᠤᠷᠠᠳᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ | ︽ᠬᠥᠳᠡᠭᠡ ᠲᠣᠰᠬᠤᠨ ᠤ ᠳᠥᠷᠪᠡᠨ ᠰᠠᠶᠢᠨ ᠵᠠᠮ︾ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠣᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ | ᠬᠦᠰᠡᠯ ᠡᠷᠡᠮᠡᠯᠵᠡᠯ ᠢ ᠬᠠᠩᠭᠠᠬᠤ ᠪᠠᠷ ᠬᠠᠷᠠᠯᠲᠠ ᠪᠣᠯᠭᠠᠨ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ | ᠲᠡᠭᠦᠯᠳᠡᠷᠵᠢᠭᠦᠯᠬᠦ᠂ ᠪᠡᠯᠡ ᠮᠦᠩᠭᠦᠨ ᠤ ᠬᠠᠩᠭᠠᠯᠭ᠎ᠠ ᠶᠢ ᠴᠢᠩᠭᠠᠳᠬᠠᠬᠤ ᠪᠠ ᠤᠷᠲᠤ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠬᠤ ᠪᠠᠷ ᠭᠤᠤᠯᠳᠠᠯᠭ᠎ᠠ ᠪᠣᠯᠭᠠᠨ᠂ ᠶᠠᠰᠤ ᠴᠢᠨᠠᠷ ᠢᠶᠠᠷ ᠭᠤᠣᠯ ᠪᠣᠯᠭᠠᠬᠤ᠂ ᠠᠮᠤᠷ | ᠲᠦᠪᠰᠢᠨ ᠢ ᠡᠷᠬᠢᠮᠯᠡᠬᠦ᠂ ᠠᠶᠠᠨᠳᠠᠭᠠᠨ ᠵᠤᠬᠢᠴᠠᠯᠳᠤᠬᠤ᠂ ᠪᠣᠬᠢᠷᠳᠤᠯ ᠦᠭᠡᠶ ᠪᠠᠷ ᠬᠥᠭᠵᠢᠭᠦᠯᠬᠦ ᠵᠠᠷᠴᠢᠮ ᠪᠠ | ᠲᠤᠬᠠᠶ ᠶᠢᠨ ᠭᠠᠵᠠᠷ ᠲᠤ ᠨᠢ ᠲᠣᠬᠢᠷᠠᠭᠤᠯᠬᠤ᠂ ᠢᠯᠭᠠᠭ᠎ᠠ ᠲᠠᠢ ᠪᠠᠷ ᠬᠠᠮᠢᠶᠠᠷᠬᠤ ᠣᠨᠣᠯᠵᠢᠬᠤᠨ ᠢ ᠪᠠᠷᠢᠮᠲᠠᠯᠠᠵᠤ᠂ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠦᠷᠢᠶ᠎ᠡ ᠴᠠᠷᠠᠭᠠᠨ ᠤ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠰᠠᠭ ᠤᠨ ᠣᠷᠳᠣᠨ ᠢᠶᠠᠷ | ᠭᠤᠤᠯᠯᠠᠭᠤᠯᠤᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠣᠯᠠᠨ ᠲᠦᠮᠡᠨ ᠣᠷᠣᠯᠴᠠᠭᠰᠠᠨ᠂ ᠵᠠᠬ᠎ᠠ | ᠳᠡᠯᠭᠡᠭᠦᠷ ᠢᠶᠠᠷ ᠲᠣᠬᠢᠷᠠᠭᠤᠯᠤᠭᠰᠠᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ | ᠬᠠᠮᠠᠭᠠᠯᠠᠬᠤ ᠪᠠᠶᠢᠭᠤᠯᠤᠯ ᠢ ᠬᠦᠴᠦᠯᠡᠨ ᠪᠦᠷᠢᠨᠰᠢᠭᠦᠯᠵᠦ᠂ ᠬᠥᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠢ ᠠᠬᠢᠭᠤᠯᠵᠤ᠂ | ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠳᠤ | ᠬᠦᠴᠦᠲᠡᠢ ᠲᠤᠯᠭᠠᠭᠤᠷᠢᠯᠠᠯ ᠪᠣᠯᠣᠨ ᠪᠠᠲᠤᠯᠠᠭ᠎ᠠ ᠬᠠᠩᠭᠠᠬᠤ ᠬᠡᠷᠩᠳᠠᠢ᠃ | ᠬᠤᠶᠠᠷ᠂ ᠠᠵᠢᠯ ᠤᠨ ᠬᠠᠷᠠᠯᠲᠠ | 2022 ᠣᠨ ᠪᠣᠯᠬᠤ ᠳᠤ᠂ ᠡᠷᠬᠡ ᠬᠠᠷᠢᠭᠤᠴᠠᠯᠭ᠎ᠠ ᠲᠣᠳᠣᠷᠬᠠᠶ᠂ ᠵᠡᠷᠭᠡ ᠳᠤ ᠨᠢ ᠠᠳᠬᠤᠵᠤ ᠬᠠᠮᠲᠤ ᠪᠠᠷ | ᠬᠠᠮᠢᠶᠠᠷᠤᠭᠰᠠᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ | ᠪᠠᠶᠢᠭᠤᠯᠤᠯ ᠲᠣᠭᠲᠠᠴᠠ ᠶᠢ ᠦᠨᠳᠦᠰᠦᠨ ᠳᠤ ᠪᠠᠨ ᠪᠠᠶᠢᠭᠤᠯᠵᠤ᠂ ᠡᠳ᠋ ᠤᠨ ᠵᠠᠰᠠᠭ ᠤᠨ ᠣᠷᠣᠭᠤᠯᠤᠯᠲᠠ ᠶᠢᠨ | ᠡᠭᠦᠷᠭᠡ ᠬᠠᠷᠢᠭᠤᠴᠠᠯᠭ᠎ᠠ ᠲᠣᠳᠣᠷᠬᠠᠶ᠂ ᠨᠡᠶᠢᠭᠡᠮ ᠤᠨ ᠬᠦᠴᠦᠨ ᠢᠳᠡᠪᠬᠢᠲᠡᠶ ᠣᠷᠣᠯᠴᠠᠭᠰᠠᠨ ᠪᠠᠶᠢᠷᠢᠰᠢᠯ ᠢ ᠪᠣᠶ | ᠪᠣᠯᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠵᠠᠰᠠᠬᠤ ᠴᠢᠳᠠᠪᠤᠷᠢ ᠢᠯᠡᠳᠲᠡ ᠳᠡᠭᠡᠭᠰᠢᠯᠡᠵᠦ᠂ | ᠵᠠᠰᠠᠬᠤ ᠰᠢᠰᠲ᠋ᠧᠮᠴᠢ ᠶᠢ ᠠᠩᠬ᠎ᠠ ᠠᠯᠬᠤᠮ ᠪᠦᠷᠢᠯᠳᠦᠭᠦᠯᠣᠨ᠂ ᠠᠶᠠᠯᠠᠯ ᠨᠡᠪᠳᠡᠷᠡᠯ ᠤᠨ ᠨᠥᠬᠦᠴᠡᠯ ᠪᠣᠯᠤᠨ ᠵᠠᠮ | ᠳᠠᠭᠠᠤ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠵᠣ᠂ ᠵᠠᠮ ᠬᠠᠷᠢᠯᠴᠠᠭᠠᠨ ᠤ ᠪᠠᠲᠤᠯᠠᠭ᠎ᠠ ᠶᠢᠨ ᠴᠢᠳᠠᠪᠤᠷᠢ ᠶᠢ | ᠢᠯᠡᠳᠲᠡ ᠴᠢᠩᠭᠠᠷᠠᠭᠤᠯᠣᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠵᠢᠭᠰᠠᠭᠠᠨ ᠠᠷᠠᠴᠢᠯᠠᠭᠰᠠᠨ | ᠨᠣᠷᠮ᠎ᠠ ᠶᠢ 100% ᠪᠣᠯᠭᠠᠵᠤ᠂ ᠵᠢᠯ ᠤᠨ ᠳᠤᠮᠳᠠᠴᠢ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠬᠠᠷᠢᠴᠠᠯ ᠢ | 5% ᠠᠴᠠ ᠳᠣᠤᠷ᠎ᠠ ᠪᠠᠶᠢᠯᠭᠠᠬᠤ ᠦᠭᠡᠶ᠂ ᠳᠤᠮᠳᠠ ᠵᠡᠷᠭᠡ ᠶᠢᠨ ᠵᠢᠴᠢ ᠲᠡᠭᠦᠨ ᠠᠴᠠ ᠳᠡᠭᠡᠭᠰᠢᠬᠢ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠡᠵᠡᠯᠡᠬᠦ ᠬᠠᠷᠢᠴᠠᠯ ᠢ 75% ᠠᠴᠠ ᠳᠣᠤᠷ᠎ᠠ ᠪᠠᠶᠢᠯᠭᠠᠬᠤ ᠦᠭᠡᠶ | ᠪᠣᠯᠭᠠᠨ᠎ᠠ᠃ | 2035 ᠣᠨ ᠪᠣᠯᠬᠤ ᠳᠤ᠂ ᠰᠢᠰᠲ᠋ᠧᠮᠵᠢ ᠨᠢ ᠪᠦᠷᠢᠨ ᠲᠡᠭᠦᠯᠳᠡᠷ᠂ ᠪᠦᠲᠦᠴᠡ ᠨᠢ ᠰᠢᠨᠵᠢᠯᠡᠬᠦ ᠤᠬᠠᠭᠠᠨᠴᠢ᠂ | ᠠᠵᠢᠯᠯᠠᠭᠠᠨ ᠨᠢ ᠤᠷᠤᠭᠰᠢᠲᠠᠢ᠂ ᠪᠠᠲᠤᠯᠠᠭ᠎ᠠ ᠰᠠᠶᠢᠲᠠᠢ ᠪᠠᠶᠢᠬᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ | ᠬᠠᠮᠢᠶᠠᠷᠴᠤ ᠠᠷᠠᠴᠢᠯᠠᠨ ᠬᠠᠮᠠᠭᠠᠯᠠᠬᠤ ᠪᠠᠶᠢᠭᠤᠯᠤᠯ ᠲᠣᠭᠲᠠᠴᠠ ᠶᠢ ᠪᠦᠬᠦ ᠲᠠᠯ᠎ᠠ ᠪᠠᠷ ᠪᠠᠶᠢᠭᠤᠯᠤᠨ᠂ ᠬᠤᠲᠠ | ᠬᠥᠳᠡᠭᠡ ᠶᠢᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢᠨ | ᠲᠡᠩᠴᠡᠭᠦᠷᠢᠰᠢᠯᠲᠡ ᠶᠢ ᠦᠨᠳᠦᠰᠦᠨ ᠳᠤ ᠪᠠᠨ ᠪᠡᠶᠡᠯᠡᠭᠦᠯᠵᠦ᠂ ᠵᠠᠮ ᠤᠨ ᠪᠠᠶᠢᠳᠠᠯ ᠤᠨ ᠬᠢᠷᠢ ᠲᠦᠪᠰᠢᠨ ᠪᠠ ᠵᠠᠮ | ᠳᠠᠭᠠᠤ ᠶᠢᠨ ᠣᠷᠴᠢᠨ ᠲᠣᠭᠤᠷᠢᠨ ᠢ ᠦᠨᠳᠦᠰᠦᠨ ᠴᠢᠨᠠᠷᠲᠠᠶ ᠪᠠᠷ ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ | ᠣᠷᠣᠨ ᠤ ᠵᠠᠰᠠᠮᠠᠯ ᠵᠠᠮ ᠤᠨ ᠵᠠᠰᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠵᠠᠰᠠᠬᠤ ᠰᠢᠰᠲ᠋ᠧᠮᠵᠢ ᠶᠢ | ᠪᠥᠬᠦ ᠲᠠᠯ᠎ᠠ ᠪᠠᠷ ᠲᠡᠭᠦᠯᠳᠡᠷᠵᠢᠭᠦᠯᠦᠨ᠎ᠡ᠃ | ᠭᠤᠷᠪᠠ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠳᠠ ᠶᠢᠨ ᠵᠣᠬᠢᠶᠠᠨ | ᠪᠠᠶᠢᠭᠤᠯᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠭᠦ ᠬᠡᠷᠩᠳᠠᠢ | ︵ᠨᠢᠭᠡ︶ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠠᠵᠢᠯ | ᠲᠥᠷᠥᠯ ᠤᠨ ᠬᠠᠮᠢᠶᠠᠷᠤᠯᠲᠠ ᠪᠠ ᠵᠣᠬᠢᠴᠠᠯᠳᠤᠭᠤᠯᠤᠨ ᠬᠠᠮᠵᠢᠯᠴᠠᠬᠤ ᠪᠠᠨ ᠴᠢᠩᠭᠠᠳᠬᠠᠬᠤ ᠬᠡᠷᠩᠳᠠᠢ᠃ ᠥᠪᠡᠷᠲᠡᠭᠡᠨ | ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠤᠯᠠᠮ | ᠨᠢᠭᠡ ᠠᠯᠬᠤᠮ ᠲᠣᠳᠣᠷᠬᠠᠶᠢᠯᠠᠵᠤ᠂ ᠠᠵᠢᠯ ᠲᠥᠷᠥᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠵᠣᠬᠢᠴᠠᠯᠳᠤᠭᠤᠯᠤᠨ | ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠤᠢ ᠪᠤᠯᠭᠠᠨ᠂ ᠮᠠᠯᠵᠢᠬᠤ ᠲᠠᠷᠢᠶᠠᠯᠠᠬᠤ | ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠠ ᠬᠠᠮᠠᠭᠠᠯᠠᠬᠤ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠪᠦᠭᠡᠳ ᠡᠮᠬᠢ ᠵᠢᠷᠤᠮ ᠲᠠᠢ ᠪᠠᠷ ᠠᠬᠢᠭᠤᠯᠬᠤ | ᠬᠡᠷᠩᠳᠠᠢ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠥᠪᠡᠷᠲᠡᠭᠡᠨ | ᠵᠠᠰᠠᠬᠤ ᠣᠷᠣᠨ ᠤ ᠲᠣᠰ ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ | ᠣᠨ ᠤ ᠲᠥᠯᠥᠪᠯᠡᠭᠡ ᠶᠢ ᠬᠢᠨᠠᠨ ᠵᠥᠪᠰᠢᠶᠡᠷᠡᠵᠦ ᠳᠣᠷᠣᠭᠰᠢ ᠪᠠᠭᠤᠯᠭᠠᠬᠤ ᠠᠵᠢᠯ ᠢ ᠬᠠᠷᠢᠭᠤᠴᠠᠵᠤ᠂ ᠠᠷᠠᠴᠢᠯᠠᠨ | ᠬᠠᠮᠠᠭᠠᠯᠠᠬᠤ ᠲᠥᠯᠥᠪᠯᠡᠭᠡ ᠶᠢ ᠬᠡᠷᠡᠭᠵᠢᠭᠦᠯᠵᠣ ᠪᠠᠶᠢᠭ᠎ᠠ ᠪᠠᠶᠢᠳᠠᠯ ᠪᠠ ᠠᠷᠠᠴᠢᠯᠠᠨ ᠬᠠᠮᠠᠭᠠᠯᠠᠭᠰᠠᠨ ᠶᠠᠰᠤ ᠴᠢᠨᠠᠷ ᠲᠤ | ᠬᠢᠨᠠᠯᠲᠠ ᠲᠠᠯᠪᠢᠬᠤ ᠪᠠ ᠪᠠᠶᠢᠴᠠᠭᠠᠯᠲᠠ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ | ᠠᠷᠠᠴᠢᠯᠠᠨ ᠬᠠᠮᠠᠭᠠᠯᠠᠬᠤ ᠠᠵᠢᠯ ᠢ ᠵᠢᠯᠣᠭᠤᠣᠡᠬᠤ ᠪᠠ ᠬᠢᠨᠠᠯᠲᠠ ᠲᠠᠯᠪᠢᠬᠤ ᠶᠢᠨ ᠬᠠᠮᠲᠤ᠂ ᠥᠪᠡᠷᠲᠡᠭᠡᠨ ᠵᠠᠰᠠᠬᠤ | ᠣᠷᠣᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ | ᠬᠠᠮᠠᠭᠠᠯᠠᠬᠤ ᠳᠤ ᠬᠡᠷᠡᠭᠯᠡᠭᠰᠡᠨ ᠪᠡᠯᠡ ᠮᠦᠩᠭᠦᠨ ᠳᠤ ᠪᠦᠬᠦ ᠶᠠᠪᠤᠴᠠ ᠶᠢᠨ ᠲᠥᠰᠦᠪ ᠤᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠬᠢᠨ᠎ᠡ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠤᠰᠤᠨ | ᠠᠰᠢᠭᠯᠠᠯᠲᠠ ᠶᠢᠨ ᠲᠢᠩᠬᠢᠮ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠳᠤ ᠬᠡᠷᠡᠭᠯᠡᠬᠦ ᠭᠠᠵᠠᠷ᠂ ᠮᠠᠲ᠋ᠧᠷᠢᠶᠠᠯ ᠤᠨ ᠲᠠᠯᠠᠪᠠᠢ ᠶᠢ ᠪᠠᠲᠤᠯᠠᠬᠤ | ᠵᠢᠴᠢ ᠡᠯ᠎ᠡ ᠭᠠᠵᠠᠷ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠢᠨᠵᠧᠨᠧᠷᠢᠩ ᠤᠨ ᠲᠥᠷᠥᠯ | ᠵᠦᠢᠯ ᠢ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢᠶᠠᠨ ᠳᠦᠭᠦᠮᠴᠢᠯᠡᠬᠦ ᠶᠢ ᠨᠢ ᠬᠠᠷᠢᠭᠤᠴᠠᠵᠤ ᠵᠢᠯᠣᠭᠤᠳᠤᠨ | ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠪᠠᠴᠢᠮ ᠪᠠᠶᠢᠳᠠᠯ ᠢ | ᠠᠷᠭᠠᠴᠠᠭᠠᠬᠤ ᠲᠢᠩᠬᠢᠮ ᠨᠢ ᠡᠯ᠎ᠡ ᠭᠠᠵᠠᠷ ᠣᠷᠣᠨ ᠤ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ | ᠠᠵᠢᠯ ︵ᠲᠤᠰᠢᠶᠠᠬᠤ︶ ᠳᠠᠭᠤᠰᠴᠤ ᠰᠢᠯᠭᠠᠨ ᠬᠤᠷᠢᠶᠠᠵᠤ ᠠᠪᠬᠤ ᠠᠵᠢᠯ ᠳᠤ ᠣᠷᠣᠯᠴᠠᠬᠤ ᠶᠢ ᠬᠠᠷᠢᠭᠤᠴᠠᠵᠤ | ᠵᠢᠯᠣᠭᠤᠳᠤᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠥᠪᠡᠷᠲᠡᠭᠡᠨ | ᠵᠠᠰᠠᠬᠤ ᠣᠷᠣᠨ ᠤ ᠲᠤᠰ ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ | ᠨᠥᠬᠦᠪᠥᠷᠢ ᠮᠥᠩᠭᠦ ᠬᠤᠷᠠᠮᠳᠤᠭᠤᠯᠤᠨ ᠴᠤᠭᠯᠠᠭᠤᠯᠬᠤ ᠶᠢ ᠬᠠᠷᠢᠭᠤᠴᠠᠬᠤ ᠶᠢᠨ ᠬᠠᠮᠲᠤ᠂ ᠮᠠᠯᠵᠢᠬᠤ ᠲᠠᠷᠢᠶᠠᠯᠠᠬᠤ | ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ ᠬᠡᠷᠡᠭᠯᠡᠭᠰᠡᠨ ᠥᠪᠡᠷᠲᠡᠭᠡᠨ ᠵᠠᠰᠠᠬᠤ ᠣᠷᠣᠨ ᠤ ᠣᠯᠠᠨ | ᠨᠡᠶᠢᠲᠡ ᠶᠢᠨ ᠡᠳ᠋ ᠤᠨ ᠵᠠᠰᠠᠭ ᠤᠨ ᠪᠡᠯᠡ ᠮᠦᠩᠭᠦᠨ ᠳᠤ ᠠᠮᠵᠢᠯᠲᠠ ᠪᠦᠲᠦᠮᠵᠢ ᠶᠢᠨ ᠰᠢᠯᠭᠠᠨ ᠦᠨᠡᠯᠡᠬᠦ ᠠᠵᠢᠯ ᠢ | ᠴᠠᠭ ᠲᠤ ᠨᠢ ᠲᠣᠬᠢᠷᠠᠭᠤᠯᠤᠨ ᠦᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ | ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠵᠠᠮ | ᠳᠠᠭᠠᠤ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠠᠬᠢᠭᠤᠯᠬᠤ ᠳᠤ ᠬᠠᠷᠢᠭᠤᠴᠠᠵᠤ ᠬᠠᠮᠵᠢᠯᠴᠠᠨ᠎ᠠ᠃ | ᠥᠪᠡᠷᠲᠡᠭᠡᠨ ᠵᠠᠰᠠᠬᠤ ᠣᠷᠣᠨ ᠤ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠲᠤᠰ ᠲᠤᠰ ᠤᠨ ᠡᠭᠦᠷᠭᠡ | ᠬᠠᠷᠢᠭᠤᠴᠠᠯᠭ᠎ᠠ ᠶᠢᠨ ᠬᠡᠪᠴᠢᠶᠡᠨ ᠳᠤ ᠪᠠᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ | ᠠᠷᠠᠴᠢᠯᠠᠨ ᠬᠠᠮᠠᠭᠠᠯᠠᠬᠤ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠶ᠃ | ︵ᠬᠤᠶᠠᠷ︶ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠨᠢᠭᠡᠳᠦᠯᠲᠡᠶ | ᠲᠥᠯᠥᠪᠯᠡᠬᠦ ᠪᠠ ᠵᠢᠯᠣᠭᠤᠳᠴᠦ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠶ᠃ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠠᠶᠢᠮᠠᠭ ᠬᠤᠲᠠ ᠶᠢᠨ ᠨᠢᠭᠡᠳᠦᠯᠲᠡᠶ ᠲᠥᠯᠥᠪᠯᠡᠬᠦ ᠪᠠ | ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ | ᠪᠣᠯᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠤ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠨ ᠬᠠᠮᠠᠭᠠᠯᠠᠬᠤ ᠡᠷᠬᠡ ᠪᠠ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠶᠢ ᠲᠣᠭᠲᠠᠭᠠᠵᠤ᠂ ᠲᠣᠭᠲᠠᠭᠠᠯ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠠᠶᠢᠮᠠᠭ ᠬᠤᠲᠠ ᠶᠢᠨ | ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠨᠦᠬᠦᠪᠦᠷᠢ ᠪᠡᠯᠡ | ᠮᠥᠩᠭᠦ ᠶᠢ ᠬᠤᠷᠠᠮᠳᠤᠭᠤᠯᠤᠨ ᠴᠤᠭᠯᠠᠭᠤᠯᠵᠤ᠂ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠪᠠᠶᠢᠭᠤᠯᠤᠮᠵᠢ ᠶᠢᠨ | ᠴᠢᠳᠠᠪᠤᠷᠢ ᠶᠢᠨ ᠪᠠᠶᠢᠭᠤᠯᠤᠯᠲᠠ ᠶᠢᠨ ᠵᠢᠯᠣᠭᠤᠳᠤᠯᠭ᠎ᠠ ᠶᠢ ᠴᠢᠩᠭᠠᠳᠬᠠᠨ᠂ ᠬᠤᠰᠢᠭᠤ ᠰᠢᠶᠠᠨ ︵ᠬᠤᠲᠠ᠂ | ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠳᠤ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠬᠢᠭᠦ | ᠬᠡᠷᠡᠭᠲᠡᠶ᠃ ᠲᠤᠰ ᠭᠠᠵᠠᠷ ᠣᠷᠣᠨ ᠤ ᠪᠠᠨ ᠪᠣᠳᠠᠳᠠᠢ ᠲᠠᠢ ᠤᠶᠠᠯᠳᠤᠭᠤᠯᠤᠨ᠂ ᠵᠠᠮ ᠤᠨ ᠲᠠᠷᠤᠭ᠎ᠠ ᠶᠢᠨ ᠳᠦᠷᠢᠮ᠂ | ᠪᠡᠯᠡ ᠮᠦᠩᠭᠦᠨ ᠤ ᠪᠠᠲᠤᠯᠠᠭ᠎ᠠ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠠᠮ᠂ ᠠᠷᠠᠴᠢᠯᠠᠨ | ᠬᠠᠮᠠᠭᠠᠯᠠᠬᠤ ᠶᠢ ᠵᠠᠬ᠎ᠠ ᠲᠡᠯᠭᠡᠭᠦᠷᠴᠢᠯᠡᠬᠦ᠂ ᠪᠡᠯᠡ ᠣᠷᠤᠭᠤᠯᠵᠤ ᠪᠡᠯᠡ ᠲᠣᠬᠢᠷᠠᠭᠤᠯᠬᠤ ᠲᠣᠭᠲᠠᠴᠠ ᠳᠤ ᠰᠢᠨ᠎ᠡ ᠶᠢ | ᠡᠭᠦᠳᠬᠦ᠂ ᠣᠯᠠᠨ ᠲᠦᠮᠡᠨ ᠣᠷᠣᠯᠴᠠᠬᠤ᠂ ᠵᠠᠰᠠᠭ ᠤᠨ ᠣᠷᠳᠣᠨ ᠰᠢᠯᠭᠠᠨ ᠬᠢᠨᠠᠬᠤ ᠵᠡᠷᠭᠡ ᠪᠠᠷ ᠵᠢᠱᠢᠶ᠎ᠡ ᠦᠵᠡᠭᠦᠯᠬᠦ | ᠭᠤᠤᠯ ᠰᠡᠳᠦᠪ ᠪᠣᠯᠭᠠᠵᠤ᠂ 1 — 2 ᠬᠤᠰᠢᠭᠤ ᠰᠢᠶᠠᠨ ︵ᠬᠤᠲᠠ᠂ ᠲᠣᠭᠤᠷᠢᠭ︶ ᠢ ᠰᠤᠩᠭᠤᠵᠤ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠦᠷᠨᠢᠭᠦᠯᠦᠨ᠂ ᠰᠠᠶᠢᠨ ᠲᠤᠷᠰᠢᠯᠭ᠎ᠠ ᠰᠠᠶᠢᠨ ᠬᠢᠳᠡᠯ ᠢ | ᠨᠠᠷᠢᠨ ᠬᠢᠨᠠᠮᠠᠭᠠᠶ ᠳ᠋ᠦᠩᠨᠡᠨ᠂ ᠨᠡᠶᠢᠲᠡᠯᠢᠭ ᠲᠤᠷᠰᠢᠯᠭ᠎ᠠ ᠶᠢ ᠵᠢᠷᠤᠮᠯᠠᠨ ᠳᠠᠭᠤᠷᠢᠶᠠᠵᠤ ᠳᠡᠯᠭᠡᠷᠡᠭᠦᠯᠬᠦ ᠶᠢ ᠬᠥᠳᠡᠭᠡ | ᠲᠣᠰᠬᠤᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠯᠤᠭ᠎ᠠ ᠣᠷᠭᠠᠨᠢᠭ ᠢᠶᠠᠷ ᠤᠶᠠᠯᠳᠤᠭᠤᠯᠵᠤ᠂ ᠥᠭᠡᠷᠡᠴᠢᠯᠡᠯᠲᠡ ᠶᠢ | ᠤᠷᠤᠭᠰᠢᠲᠠᠶ ᠶᠠᠪᠤᠭᠳᠠᠭᠤᠯᠬᠤ ᠶᠢ ᠬᠦᠳᠦᠯᠦᠨ ᠵᠢᠯᠣᠭᠤᠳᠬᠤ ᠬᠡᠷᠡᠭᠲᠡᠢ᠃ | ︵ᠭᠤᠷᠪᠠ︶ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠭᠤᠤᠯ | ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠬᠦ ᠬᠡᠷᠡᠭᠲᠡᠶ᠃ ᠡᠯ᠎ᠡ ᠬᠤᠰᠢᠭᠤ ᠰᠢᠶᠠᠨ ︵ᠬᠤᠲᠠ᠂ | ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ︽ᠰᠢᠶᠠᠨ ᠤ ᠵᠠᠮ ᠢ ᠰᠢᠶᠠᠨ ᠠᠴᠠ ᠬᠠᠮᠢᠶᠠᠷᠬᠤ᠂ ᠰᠢᠶᠠᠩ | ᠲᠣᠰᠬᠤᠨ ᠤ ᠵᠠᠮ ᠢ ᠰᠢᠶᠠᠩ ᠲᠣᠰᠬᠤᠨ ᠠᠴᠠ ᠬᠠᠮᠢᠶᠠᠷᠬᠤ︾ ᠵᠠᠷᠴᠢᠮ ᠶᠣᠰᠣᠭᠠᠷ᠂ ᠲᠤᠰ ᠭᠠᠵᠠᠷ ᠣᠷᠣᠨ ᠤ | ᠪᠣᠳᠠᠳᠠᠢ ᠲᠠᠢ ᠨᠡᠶᠢᠴᠡᠭᠰᠡᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ | ᠬᠠᠮᠠᠭᠠᠯᠠᠬᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ᠂ | ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠳᠣᠲᠣᠭᠠᠳᠤ ᠶᠢ ᠬᠠᠮᠠᠭᠠᠯᠠᠬᠤ ᠵᠡᠷᠭᠡ ᠬᠠᠮᠢᠶ᠎ᠠ ᠪᠦᠬᠦᠢ | ᠰᠠᠯᠠᠭ᠎ᠠ ᠮᠥᠴᠢᠷ ᠵᠢᠴᠢ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠮᠠᠯᠵᠢᠬᠤ ᠲᠠᠷᠢᠶᠠᠯᠠᠬᠤ | ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠡᠷᠬᠡ ᠪᠠ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠶᠢ ᠲᠣᠳᠣᠷᠬᠠᠶᠢᠯᠠᠬᠤ ᠶᠢᠨ ᠬᠠᠮᠲᠤ᠂ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠰᠤᠮᠤ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠵᠢᠯᠣᠭᠤᠣᠡᠴᠣ | ᠬᠢᠨᠠᠯᠲᠠ ᠲᠠᠯᠪᠢᠬᠤ ᠬᠡᠷᠡᠭᠲᠡᠶ᠃ ᠲᠣᠰ ᠭᠠᠵᠠᠷ ᠣᠷᠣᠨ ᠤ ᠪᠠᠨ ᠪᠣᠳᠠᠳᠠᠢ ᠲᠠᠢ ᠤᠶᠠᠯᠳᠤᠭᠤᠯᠤᠨ᠂ ᠵᠠᠮ ᠤᠨ | ᠲᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠬᠤᠷᠴᠠ ᠴᠢᠳᠠᠮᠠᠭᠠᠶ ᠪᠦᠭᠡᠳ ᠪᠦᠲᠦᠮᠵᠢ ᠰᠠᠶᠢᠲᠠᠢ᠂ | ᠲᠤᠰᠬᠠᠶ ᠠᠵᠢᠯᠯᠠᠬᠤ ᠪᠠ ᠠᠵᠢᠯ ᠬᠠᠪᠰᠤᠷᠭᠠᠬᠤ ᠶᠢ ᠤᠶᠠᠯᠳᠤᠭᠤᠯᠬᠤ᠂ ᠲᠤᠰᠬᠠᠢ ᠠᠵᠢᠯᠯᠠᠬᠤ ᠪᠠᠷ ᠭᠤᠤᠯ ᠪᠣᠯᠭᠠᠬᠤ | ︾ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠵᠠᠮ ᠤᠨ ᠲᠠᠷᠤᠭ᠎ᠠ ᠶᠢᠨ ᠳᠦᠷᠢᠮ ᠤᠨ ᠬᠡᠷᠡᠭᠵᠢᠭᠦᠯᠬᠦ ᠲᠥᠰᠦᠯ | ᠪᠠ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ᠂ ᠮᠡᠳᠡᠭᠡ ᠵᠠᠩᠬᠢᠴᠢᠯᠠᠯᠳᠠ ᠶᠢᠨ ᠠᠷᠭ᠎ᠠ ᠪᠠᠷᠢᠯ ᠢ | ᠠᠰᠢᠨᠨᠯᠠᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠮᠡᠳᠡᠭᠡ ᠵᠠᠩᠬᠢᠴᠢᠯᠠᠭᠰᠠᠨ ᠬᠠᠮᠢᠶᠠᠷᠤᠯᠲᠠ ᠶᠢ | ᠪᠡᠶᠡᠯᠡᠭᠦᠯᠬᠦ ᠬᠡᠷᠡᠭᠲᠡᠶ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ᠂ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠠᠵᠢᠯ ᠤᠨ ᠪᠠᠶᠢᠷᠢ ᠭᠠᠷᠭᠠᠨ ᠨᠡᠭᠡᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠥᠳᠡᠭᠡ ᠲᠣᠰᠬᠤᠨ ᠤ | ᠵᠠᠮ ᠳᠤ ᠲᠤᠰᠬᠠᠶ ᠬᠠᠮᠢᠶᠠᠷᠤᠭᠴᠢ ᠲᠤᠬᠢᠷᠠᠭᠤᠯᠤᠨ᠎ᠠ᠂ ᠲᠤᠰᠬᠠᠢ ᠬᠠᠮᠢᠶᠠᠷᠤᠭᠴᠢ ᠶᠢᠨ ᠰᠣᠩᠭᠤᠨ ᠲᠣᠮᠢᠯᠠᠬᠤ ᠶᠢ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠲᠠᠢ ᠬᠠᠷᠢᠯᠴᠠᠨ ᠤᠶᠠᠯᠳᠤᠭᠤᠯᠵᠤ ᠶᠠᠳᠠᠭᠤ ᠬᠦᠴᠢᠷᠳᠡᠯᠲᠡᠢ | ᠡᠷᠦᠬᠡ ᠳᠤ ᠠᠵᠢᠯ ᠣᠯᠭᠤᠬᠤ ᠲᠣᠬᠢᠶᠠᠯ ᠬᠠᠩᠭᠠᠵᠣ ᠪᠣᠯᠣᠨ᠎ᠠ᠃ ︽ᠵᠠᠮ ᠪᠠᠶᠢᠪᠠᠯ ᠡᠷᠬᠡᠪᠰᠢ ᠠᠷᠠᠴᠢᠯᠠᠬᠤ᠂ | ᠠᠷᠠᠴᠢᠯᠠᠪᠠᠯ ᠡᠷᠬᠡᠪᠰᠢ ᠪᠣᠳᠠᠲᠠᠶᠢᠵᠢᠭᠤᠯᠬᠤ︾ ᠱᠠᠭᠠᠷᠳᠠᠯᠭ᠎ᠠ ᠶᠣᠰᠣᠭᠠᠷ᠂ ᠮᠠᠯᠵᠢᠬᠤ ᠲᠠᠷᠢᠶᠠᠯᠠᠬᠤ ᠣᠷᠣᠨ ᠤ | ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠪᠡᠯᠡ ᠮᠥᠩᠭᠦ ᠵᠢᠴᠢ ᠬᠠᠮᠢᠶᠠᠷᠤᠯᠲᠠ ᠶᠢᠨ ᠪᠠᠶᠢᠭᠤᠯᠤᠮᠵᠢ ᠶᠢᠨ | ᠠᠵᠢᠯᠯᠠᠭᠠᠨ ᠤ ᠵᠠᠷᠤᠳᠠᠯ ᠪᠣᠯᠤᠨ ᠠᠵᠢᠯᠲᠠᠨ ᠤ ᠵᠠᠷᠤᠯᠭ᠎ᠠ ᠶᠢ ᠣᠯᠠᠨ ᠨᠡᠶᠢᠲᠡ ᠶᠢᠨ ᠡᠩ ᠤᠨ ᠡᠳ᠋ ᠤᠨ ᠵᠠᠰᠠᠭ ᠤᠨ | ᠲᠥᠰᠦᠪ ᠲᠤ ᠣᠷᠤᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠶᠢᠨ ᠪᠠᠶᠢᠭᠤᠯᠤᠯᠲᠠ ᠪᠠ | ᠬᠠᠮᠢᠶᠠᠷᠴᠤ ᠠᠷᠠᠴᠢᠯᠠᠨ ᠬᠠᠮᠠᠭᠠᠯᠠᠬᠤ ᠳᠤ ᠣᠷᠣᠭᠤᠯᠤᠯᠲᠠ ᠬᠢᠬᠦ ᠡᠷᠴᠢᠮ ᠢ ᠴᠢᠩᠭᠠᠷᠠᠭᠤᠯᠤᠨ᠎ᠠ᠃ | ︵ᠳᠥᠷᠪᠡ︶ ᠰᠢᠶᠠᠩ ᠲᠣᠰᠬᠤᠨ ᠬᠤᠶᠠᠷ ᠱᠠᠲᠤᠨ ᠤ ᠦᠢᠯᠡᠳᠦᠯ ᠪᠣᠯᠤᠨ ᠮᠠᠯᠴᠢᠨ ᠲᠠᠷᠢᠶᠠᠴᠢᠨ ᠤ | ᠢᠳᠡᠪᠬᠢᠵᠢᠯ ᠢ ᠪᠠᠳᠠᠷᠠᠭᠤᠯᠬᠤ ᠬᠡᠷᠡᠭᠲᠡᠶ᠃ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | ᠡᠷᠴᠢᠮᠯᠢᠭ ᠪᠦᠭᠡᠳ ᠥᠨᠳᠥᠷ ᠪᠦᠲᠦᠮᠵᠢᠲᠡᠶ ᠪᠠᠶᠢᠯᠭᠠᠬᠤ ᠵᠠᠷᠴᠢᠮ ᠶᠣᠰᠤᠭᠠᠷ᠂ ᠲᠣᠰ ᠵᠠᠰᠠᠭ ᠵᠠᠬᠢᠷᠭᠠᠨ ᠤ ᠣᠷᠣᠨ ᠤ | ᠳᠣᠲᠣᠷᠠᠬᠢ ᠵᠠᠰᠠᠮᠠᠯ ᠵᠠᠮ ᠢ ᠬᠠᠮᠢᠶᠠᠷᠴᠤ ᠠᠷᠠᠴᠢᠯᠠᠨ ᠬᠠᠮᠠᠭᠠᠯᠠᠬᠤ ᠶᠢᠨ ᠵᠣᠬᠢᠴᠠᠭᠤᠯᠬᠤ ᠠᠵᠢᠯ ᠢ ᠪᠣᠳᠠᠲᠠᠶ | ᠬᠠᠷᠢᠭᠤᠴᠠᠬᠤ ᠶᠢᠨ ᠬᠠᠮᠲᠤ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠢ ᠵᠢᠯᠣᠭᠤᠳᠴᠦ ᠪᠠᠶᠢᠭᠠᠳ | ᠲᠤᠰᠬᠤᠨ ᠤ ᠵᠠᠮ ᠤᠨ ᠬᠠᠮᠢᠶᠠᠷᠤᠯᠲᠠ ᠠᠷᠠᠴᠢᠯᠠᠯᠲᠠ ᠵᠢᠴᠢ ᠵᠠᠮ ᠬᠠᠷᠢᠯᠴᠠᠭᠠᠨ ᠤ ᠠᠮᠤᠷ ᠲᠦᠪᠰᠢᠨ ᠤ | ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠠᠵᠢᠯ ᠢ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠶ᠃ ᠰᠤᠮᠤ ᠰᠢᠶᠠᠩ | ᠪᠠᠯᠭᠠᠰᠤᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠵᠢᠷᠤᠮᠵᠢᠭᠤᠯᠬᠤ ᠪᠠ ᠪᠠᠷᠢᠮᠵᠢᠶᠠᠵᠢᠭᠤᠯᠬᠤ | ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠭᠠᠴᠠᠭ᠎ᠠ ᠲᠤᠰᠬᠤᠨ ᠤ ᠠᠷᠠᠳ ᠤᠨ ᠵᠥᠪᠯᠡᠯ ᠨᠢ ︽ | ᠣᠯᠠᠨ ᠲᠦᠮᠡᠨ ᠰᠠᠶᠢᠨ ᠳᠤᠷ᠎ᠠ ᠶᠢᠨ ᠪᠠᠶᠢᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ︾ | ᠵᠠᠷᠴᠢᠮ ᠶᠣᠰᠣᠭᠠᠷ᠂ ᠲᠣᠰᠬᠤᠨ ᠤ ᠵᠠᠮ ᠤᠨ ᠬᠡᠷᠡᠭ ᠵᠥᠪᠯᠡᠬᠦ ᠲᠣᠭᠲᠠᠴᠠ ᠶᠢ ᠪᠠᠶᠢᠭᠤᠯᠵᠤ᠂ ᠨᠢᠭᠡ ᠨᠢᠭᠡ | ᠤᠴᠢᠷ ᠢᠶᠠᠷ ᠵᠥᠪᠯᠡᠬᠦ᠂ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠠᠷᠭ᠎ᠠ ᠶᠢ ᠠᠪᠴᠤ | ᠲᠣᠰᠬᠤᠨ ᠤ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠬᠤ | ᠬᠡᠷᠡᠭᠲᠡᠶ᠃ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠭᠠᠴᠠᠭ᠎ᠠ ᠲᠣᠰᠬᠤᠨ ᠤ | ᠠᠷᠠᠳ ᠤᠨ ᠵᠥᠪᠯᠡᠯ ᠤᠨ ᠪᠣᠳᠠᠲᠠᠶ ᠡᠭᠦᠷᠭᠡ ᠬᠠᠷᠢᠭᠤᠴᠠᠯᠭ᠎ᠠ ᠶᠢ ᠬᠤᠰᠢᠭᠤ ᠰᠢᠶᠠᠨ ︵ᠬᠤᠲᠠ᠂ ᠲᠣᠭᠤᠷᠢᠭ︶ ᠤ | ᠠᠷᠠᠳ ᠤᠨ ᠵᠠᠰᠠᠭ ᠤᠨ ᠣᠷᠳᠣᠨ ᠠᠴᠠ ᠲᠣᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ | ᠲᠣᠭᠲᠠᠭᠠᠬᠤ ᠬᠡᠷᠡᠭᠲᠡᠶ᠃ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠵᠠᠮ ᠢᠶᠠᠨ ᠬᠠᠶᠢᠷᠠᠯᠠᠵᠤ | ᠵᠠᠮ ᠢᠶᠠᠨ ᠬᠠᠮᠠᠭᠠᠯᠠᠬᠤ ᠱᠠᠭᠠᠷᠳᠠᠯᠭ᠎ᠠ ᠶᠢ ᠰᠢᠶᠠᠩ ᠤᠨ ᠳᠦᠷᠢᠮ ᠠᠷᠠᠳ ᠤᠨ ᠭᠡᠷ᠎ᠡ ᠪᠠ ᠭᠠᠴᠠᠭᠠᠨ ᠤ ᠳᠦᠷᠢᠮ | ᠠᠷᠠᠳ ᠤᠨ ᠭᠡᠷ᠎ᠡ ᠳᠤ ᠣᠷᠣᠭᠤᠯᠬᠤ ᠬᠡᠷᠡᠭᠲᠡᠶ᠃ ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ ᠵᠡᠷᠭᠡ ᠠᠷᠭ᠎ᠠ | ᠮᠠᠶ᠋ᠢᠭ ᠠᠪᠬᠤ ᠶᠢ ᠵᠣᠷᠢᠭᠵᠢᠭᠤᠯᠤᠨ᠂ ᠡᠳᠦᠷ ᠲᠤᠲᠤᠮ ᠤᠨ ᠠᠷᠠᠴᠢᠯᠠᠯᠳᠠ ᠬᠢᠭᠡᠳ ᠪᠠᠴᠢᠮ ᠪᠠᠶᠢᠳᠠᠯ ᠳᠤ ᠱᠠᠯᠠᠪᠳᠠᠨ | ᠨᠡᠪᠲᠡᠷᠡᠭᠦᠯᠬᠦ ᠶᠢ ᠬᠤᠯᠪᠤᠨ ᠬᠡᠷᠡᠭᠵᠢᠭᠦᠯᠬᠦ ᠶᠢᠨ ᠬᠠᠮᠲᠤ ᠮᠠᠯᠴᠢᠨ ᠲᠠᠷᠢᠶᠠᠴᠢᠨ ᠳᠤ ᠲᠤᠰᠢᠶᠠᠵᠤ ᠳᠠᠭᠠᠭᠠᠴᠢᠯᠠᠭᠤᠯᠬᠤ | ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠣᠯᠤᠨ | ᠨᠡᠶᠢᠭᠡᠮ ᠤᠨ ᠬᠦᠴᠦᠨ ᠤ ᠡᠵᠡᠨ ᠮᠡᠳᠡᠨ ᠪᠡᠯᠡ ᠮᠦᠩᠭᠦ ᠬᠤᠷᠠᠮᠳᠤᠭᠤᠯᠤᠨ ᠴᠤᠭᠯᠠᠭᠤᠯᠵᠤ ᠬᠥᠳᠡᠯᠮᠦᠷᠢ ᠬᠦᠴᠦ | ᠭᠠᠷᠭᠠᠬᠤ ᠶᠢ ᠵᠣᠷᠢᠭᠵᠢᠭᠤᠯᠵᠤ ᠪᠠᠶᠢᠭᠠᠳ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ | ᠠᠷᠠᠴᠢᠯᠠᠯᠲᠠ ᠪᠠ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠳᠤ ᠣᠷᠣᠯᠴᠠᠭᠤᠯᠬᠤ | ᠬᠡᠷᠡᠭᠲᠡᠶ᠃ | ᠳᠥᠷᠪᠡ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠡᠯᠡ ᠮᠦᠩᠭᠦᠨ ᠤ | ᠬᠤᠷᠠᠮᠳᠤᠭᠤᠯᠤᠨ ᠠᠰᠢᠭᠯᠠᠬᠤ ᠠᠷᠭ᠎ᠠ ᠵᠠᠮ ᠢ ᠲᠣᠭᠲᠠᠭᠤᠨ ᠪᠠᠶᠢᠯᠭᠠᠬᠤ ᠬᠡᠷᠡᠭᠲᠡᠶ | ︵ᠨᠢᠭᠡ︶ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠠᠶᠢᠯᠢ ᠰᠤᠶᠢᠳᠭᠡᠯ ᠤᠨ ᠥᠭᠡᠷᠡᠴᠢᠯᠡᠯᠲᠡ ᠶᠢᠨ | ᠪᠡᠯᠡ ᠮᠥᠩᠭᠦ ᠶᠢ ᠨᠠᠶᠢᠳᠠᠪᠤᠷᠢᠵᠢᠭᠤᠯᠬᠤ ᠬᠡᠷᠡᠭᠲᠡᠶ᠃ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠠᠶᠢᠯᠢ | ᠰᠦᠢᠳᠬᠡᠯ ᠤᠨ ᠥᠭᠡᠷᠡᠴᠢᠯᠡᠯᠲᠡ ᠳᠠᠬᠢ ᠰᠢᠯᠵᠢᠭᠦᠯᠦᠨ ᠥᠭᠬᠦ ᠬᠤᠪᠢᠶᠠᠷᠢᠯᠠᠯᠲᠠ ᠶᠢᠨ ᠬᠠᠮᠢᠶᠠᠷᠤᠯᠲᠠ ᠶᠢ | ᠲᠡᠭᠦᠯᠳᠡᠷᠵᠢᠭᠦᠯᠦᠨ᠂ ᠰᠢᠯᠵᠢᠭᠦᠯᠦᠨ ᠥᠭᠬᠦ ᠬᠡᠪᠴᠢᠶ᠎ᠡ ᠶᠢ ᠵᠦᠶ ᠵᠣᠬᠢᠰᠲᠠᠶ ᠲᠣᠭᠲᠠᠭᠠᠵᠤ᠂ ᠡᠩ ᠤᠨ ᠵᠠᠰᠠᠮᠠᠯ | ᠵᠠᠮ ᠤᠨ ᠠᠷᠠᠴᠢᠯᠠᠨ ᠬᠠᠮᠠᠭᠠᠯᠠᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠪᠣᠯᠪᠠᠰᠤᠷᠠᠭᠤᠯᠤᠭᠰᠠᠨ | ᠴᠢᠯᠠᠭᠤᠨ ᠲᠣᠰᠣᠨ ᠤ ᠭᠠᠶᠢᠯᠢ ᠰᠦᠢᠳᠭᠡᠯ ᠤᠨ ᠥᠭᠡᠷᠡᠴᠢᠯᠡᠯᠲᠡ ᠶᠢᠨ ᠰᠢᠨ᠎ᠡ ᠪᠠᠷ ᠨᠡᠮᠡᠭᠳᠡᠭᠰᠡᠨ ᠣᠷᠣᠯᠭ᠎ᠠ ᠪᠠᠷ | ᠤᠤᠯ ᠤᠨ ᠵᠠᠰᠠᠮᠠᠯ ᠵᠠᠮ ᠠᠷᠠᠴᠢᠯᠠᠬᠤ ᠰᠦᠢᠳᠭᠡᠯ ᠢ ᠣᠷᠤᠯᠠᠭᠤᠯᠤᠭᠰᠠᠨ ᠬᠡᠰᠡᠭ ᠨᠢ ᠥᠭᠡᠷᠡᠴᠢᠯᠡᠯᠲᠡ ᠶᠢᠨ ᠰᠠᠭᠤᠷᠢ | ᠬᠤᠭᠤᠴᠠᠭ᠎ᠠ ᠶᠢᠨ ᠣᠨ ︵2009 ᠣᠨ︶ ᠤ ᠵᠠᠰᠠᠮᠠᠯ ᠵᠠᠮ ᠠᠷᠠᠴᠢᠯᠠᠬᠤ ᠰᠦᠢᠳᠭᠡᠯ ᠤᠨ ᠣᠷᠣᠯᠭ᠎ᠠ ᠶᠢᠨ | ︽ᠵᠢᠷᠭᠤᠭᠠᠨ ᠰᠦᠢᠳᠭᠡᠯ︾ ︵ᠵᠠᠰᠠᠮᠠᠯ ᠵᠠᠮ ᠠᠷᠠᠴᠢᠯᠠᠬᠤ ᠰᠦᠢᠳᠭᠡᠯ᠂ ᠠᠶᠠᠯᠠᠯ ᠤᠨ ᠵᠠᠮ ᠱᠣᠭᠤᠮ ᠠᠷᠠᠴᠢᠯᠠᠬᠤ | ᠰᠦᠢᠳᠭᠡᠯ᠂ ᠵᠠᠰᠠᠮᠠᠯ ᠵᠠᠮ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠦᠢᠳᠭᠡᠯ᠂ ᠵᠠᠰᠠᠮᠠᠯ ᠵᠠᠮ ᠤᠨ ᠠᠶᠠᠨᠴᠢᠣᠨ | ᠪᠠᠷᠠᠭ᠎ᠠ ᠵᠦᠭᠡᠭᠡᠪᠣᠷᠢ ᠶᠢᠨ ᠨᠠᠮᠠᠯᠳᠠ ᠰᠦᠢᠣᠡᠭᠡᠯ᠂ ᠤᠰᠤᠨ ᠵᠠᠮ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ | ᠰᠦᠢᠳᠭᠡᠯ᠂ ᠤᠰᠤᠨ ᠲᠡᠭᠡᠭᠡᠪᠦᠷᠢ ᠶᠢᠨ ᠠᠶᠠᠨᠴᠢᠣᠨ ᠪᠠᠷᠠᠭ᠎ᠠ ᠵᠦᠭᠡᠭᠡᠪᠣᠷᠢ ᠶᠢᠨ ᠨᠡᠮᠡᠯᠲᠡ ᠰᠦᠢᠳᠭᠡᠯ︶ ᠤᠨ | ᠣᠷᠣᠯᠭ᠎ᠠ ᠳᠤ ᠡᠵᠡᠯᠡᠬᠦ ᠬᠠᠷᠢᠴᠠᠯ ᠠᠴᠠ ᠳᠣᠤᠷ᠎ᠠ ᠪᠠᠶᠢᠯᠭᠠᠵᠤ ᠪᠣᠯᠬᠤ ᠦᠭᠡᠶ᠃ ᠪᠣᠯᠪᠠᠰᠤᠷᠠᠭᠤᠯᠤᠭᠰᠠᠨ ᠴᠢᠯᠠᠭᠤᠨ | ᠲᠣᠰᠣᠨ ᠤ ᠭᠠᠶᠢᠯᠢ ᠰᠦᠢᠳᠭᠡᠯ ᠤᠨ ᠥᠭᠡᠷᠡᠴᠢᠯᠡᠯᠲᠡ ᠶᠢᠨ ᠰᠢᠯᠵᠢᠭᠦᠯᠣᠨ ᠦᠭᠭᠦ ᠪᠡᠯᠡ ᠮᠦᠩᠭᠦ ᠶᠢ ᠡᠩ ᠤᠨ | ᠵᠠᠰᠠᠮᠠᠯ ᠵᠠᠮ ᠠᠷᠠᠴᠢᠯᠠᠬᠤ ᠳᠤ ᠬᠡᠷᠡᠭᠯᠡᠬᠦ ᠬᠠᠷᠢᠴᠠᠯ ᠢ ᠨᠢ ᠶᠡᠷᠣ ᠳᠤ ᠪᠠᠨ 80% ᠠᠴᠠ ᠳᠣᠤᠷ᠎ᠠ ᠪᠠᠶᠢᠯᠭᠠᠵᠤ ᠪᠣᠯᠬᠤ | ᠦᠭᠡᠶ ᠮᠦᠷᠲᠡᠭᠡᠨ ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ ᠳᠤ ᠬᠡᠷᠡᠭᠯᠡᠵᠦ ᠪᠣᠯᠬᠤ ᠦᠭᠡᠶ᠃ 2022 ᠣᠨ ᠠᠴᠠ | ᠡᠬᠢᠯᠡᠨ᠂ ᠲᠣᠰ ᠵᠦᠢᠯ ᠤᠨ ᠪᠠᠯᠠ ᠮᠥᠩᠭᠦ ᠶᠢ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯᠯᠠᠭᠠᠨ ᠤ ᠵᠠᠷᠤᠳᠠᠯ ᠪᠠ | ᠠᠵᠢᠯᠲᠠᠨ ᠵᠡᠷᠭᠡ ᠪᠤᠰᠤᠳ ᠵᠠᠷᠤᠯᠭ᠎ᠠ ᠳᠤ ᠳᠠᠭᠢᠵᠤ ᠵᠠᠷᠤᠯᠭ᠎ᠠ ᠪᠠᠷ ᠭᠠᠷᠭᠠᠬᠤ ᠥᠬᠡᠶ᠃ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ | ᠬᠠᠮᠠᠭᠠᠯᠠᠬᠤ ᠢᠨᠵᠧᠨᠧᠷᠢᠩ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ | ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠠᠶᠢᠯᠢ ᠰᠦᠢᠳᠭᠡᠯ ᠤᠨ ᠥᠭᠡᠷᠡᠴᠢᠯᠡᠯᠲᠡ ᠶᠢᠨ ᠰᠢᠨ᠎ᠡ ᠪᠠᠷ | ᠨᠡᠮᠡᠭᠳᠡᠭᠰᠡᠨ ᠣᠷᠤᠯᠭ᠎ᠠ ᠪᠠᠷ ᠤᠤᠯ ᠤᠨ ᠵᠠᠰᠠᠮᠠᠯ ᠵᠠᠮ ᠠᠷᠠᠴᠢᠯᠠᠬᠤ ᠰᠦᠢᠳᠭᠡᠯ ᠢ ᠣᠷᠤᠯᠠᠭᠤᠯᠤᠭᠰᠠᠨ ᠬᠡᠰᠡᠭ ᠲᠤ | ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠨᠥᠬᠦᠪᠥᠷᠢ ᠶᠢᠨ ᠪᠡᠯᠡ ᠮᠥᠩᠭᠦ ᠬᠢᠭᠡᠣᠨ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠡᠰᠡᠭᠯᠡᠭᠰᠡᠨ ᠬᠡᠰᠡᠭ ᠤᠨ ᠨᠡᠶᠢᠯᠡᠪᠦᠷᠢ ᠶᠢᠨ ᠡᠵᠡᠯᠡᠬᠦ ᠬᠠᠷᠢᠴᠠᠯ ᠢ | 15% ᠠᠴᠠ ᠳᠣᠤᠷ᠎ᠠ ᠪᠠᠶᠢᠯᠭᠠᠵᠤ ᠪᠣᠯᠬᠤ ᠦᠭᠡᠶ᠂ ᠪᠣᠳᠠᠳᠠᠢ ᠪᠠᠶᠢᠳᠠᠯ ᠳᠤ ᠳᠡᠭᠡᠷ᠎ᠡ ᠳᠤᠷᠠᠳᠤᠭᠰᠠᠨ ᠬᠠᠷᠢᠴᠠᠯ ᠠᠴᠠ | ᠥᠨᠳᠥᠷ ᠪᠠᠶᠢᠪᠠᠯ ᠪᠠᠭᠤᠷᠠᠭᠤᠯᠵᠤ ᠪᠣᠯᠬᠤ ᠦᠭᠡᠶ᠃ | ︵ᠬᠤᠶᠠᠷ︶ ᠡᠳ᠋ ᠤᠨ ᠵᠠᠰᠠᠭ ᠤᠨ ᠪᠡᠯᠡ ᠮᠥᠩᠭᠦ ᠪᠠᠷ ᠳᠡᠮᠵᠢᠭᠦ ᠡᠷᠴᠢᠮ ᠢ ᠴᠢᠩᠭᠠᠷᠠᠭᠤᠯᠬᠤ ᠬᠡᠷᠡᠭᠲᠡᠢ᠃ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠬᠤ ᠨᠢ ᠬᠤᠰᠢᠭᠤ ᠰᠢᠶᠠᠨ ︵ᠬᠤᠲᠠ᠂ ᠲᠣᠭᠤᠷᠢᠭ︶ ᠤ | ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠳᠤ ᠬᠠᠷᠢᠶᠠᠯᠠᠭᠳᠠᠵᠣ᠂ ᠵᠠᠷᠴᠢᠮ ᠳᠡᠭᠡᠷ᠎ᠡ ᠪᠠᠨ ᠪᠡᠯᠡ | ᠮᠥᠩᠭᠦ ᠶᠢ ᠬᠤᠰᠢᠭᠤ ᠰᠢᠶᠠᠨ ︵ᠬᠤᠲᠠ᠂ ᠲᠣᠭᠤᠷᠢᠭ︶ ᠦᠪᠡᠷ ᠤᠨ ᠡᠳ᠋ ᠤᠨ ᠬᠦᠴᠦᠨ ᠢᠶᠠᠷ ᠢᠶᠠᠨ | ᠲᠣᠬᠢᠷᠠᠭᠤᠯᠵᠣ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ | ᠵᠠᠷᠤᠯᠭ᠎ᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠳᠤ ᠣᠷᠣᠯᠭ᠎ᠠ ᠵᠠᠷᠤᠯᠭ᠎ᠠ ᠶᠢᠨ ᠲᠤᠳᠠᠪᠤᠷᠢ ᠣᠷᠣᠰᠢᠵᠤ | ᠪᠠᠶᠢᠪᠡᠯ᠂ ᠳᠡᠭᠡᠲᠥ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠠᠳᠠᠯᠢ ᠪᠤᠰᠤ ᠴᠠᠭ ᠬᠤᠭᠤᠴᠠᠭᠠᠨ ᠤ | ᠬᠥᠭᠵᠢᠯᠲᠡ ᠶᠢᠨ ᠬᠠᠷᠠᠯᠲᠠ ᠶᠢ ᠦᠨᠳᠦᠰᠦᠯᠡᠵᠣ ᠵᠣᠬᠢᠬᠤ ᠬᠡᠮᠵᠢᠶᠡᠨ ᠤ ᠪᠡᠯᠡ ᠮᠦᠩᠭᠦᠨ ᠤ ᠳᠡᠮᠵᠢᠯᠭᠡ ᠦᠵᠡᠭᠦᠯᠵᠦ | ᠪᠣᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠡᠳ᠋ ᠤᠨ ᠵᠠᠰᠠᠭ ᠤᠨ ᠵᠠᠷᠤᠯᠭ᠎ᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠵᠤ᠂ ᠬᠠᠮᠢᠶ᠎ᠠ ᠪᠦᠬᠦᠢ ᠭᠠᠶᠢᠯᠢ | ᠲᠠᠲᠠᠪᠤᠷᠢ ᠶᠢᠨ ᠪᠤᠴᠠᠭᠠᠯᠲᠠ ᠶᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠯᠳᠠ ᠳᠤ ᠬᠡᠷᠡᠭᠯᠡᠬᠦ | ᠬᠡᠷᠡᠭᠲᠡᠶ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ | ᠭᠤᠷᠪᠠᠨ ᠱᠠᠲᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠪᠡᠯᠡ ᠮᠦᠩᠭᠦ ᠶᠢ ᠮᠠᠯᠵᠢᠬᠤ ᠲᠠᠷᠢᠶᠠᠯᠠᠬᠤ ᠣᠷᠣᠨ ᠤ | ᠵᠠᠰᠠᠮᠠᠯ ᠵᠠᠮ ᠤᠨ ᠠᠷᠠᠴᠢᠯᠠᠯᠳᠠ ᠳᠤ ᠣᠷᠤᠭᠤᠯᠬᠤ ᠬᠠᠷᠢᠴᠠᠯ ᠢ ᠨᠢ 25%᠂ 25%᠂ 50% ᠪᠠᠶᠢᠯᠭᠠᠬᠤ ᠶᠢᠨ | ᠬᠠᠮᠲᠤ᠂ ᠠᠷᠠᠴᠢᠯᠠᠨ ᠬᠠᠮᠠᠭᠠᠯᠠᠬᠤ ᠥᠪᠡᠷ ᠤᠨ ᠥᠷᠲᠡᠭ ᠤᠨ ᠬᠤᠪᠢᠷᠠᠯᠲᠠ ᠵᠡᠷᠭᠡ ᠬᠦᠴᠦᠨ ᠵᠦᠢᠯ ᠯᠦᠭᠡ | ᠬᠤᠯᠪᠣᠭᠰᠠᠨ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠶ︔ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠵᠢᠯ ᠪᠦᠷᠢ ᠺᠢᠯᠣᠮᠧᠲᠷ ᠪᠦᠷᠢ ᠶᠢᠨ ᠡᠳᠦᠷ ᠲᠤᠲᠤᠮ ᠤᠨ ᠠᠷᠠᠴᠢᠯᠠᠯᠳᠠ ᠳᠤ | ᠬᠡᠷᠡᠭᠯᠡᠬᠦ ᠶᠡᠷᠦᠩᠬᠡᠶ ᠵᠤᠭᠤᠰᠤᠨ ᠲᠤᠭ᠎ᠠ ᠶᠢ ᠳᠣᠤᠷᠠᠬᠢ ᠪᠠᠷᠢᠮᠵᠢᠶ᠎ᠠ ᠠᠴᠠ ᠳᠣᠣᠷ᠎ᠠ ᠪᠠᠶᠢᠯᠭᠠᠵᠤ ᠪᠣᠯᠬᠤ ᠦᠭᠡᠶ᠄ | ᠰᠢᠶᠠᠨ ᠤ ᠵᠠᠮ ᠳᠤ ᠵᠢᠯ ᠪᠦᠷᠢ ᠺᠢᠯᠣᠮᠧᠲᠷ ᠪᠦᠷᠢ ᠳᠤ 10000 ᠲᠥᠭᠦᠷᠢᠭ᠂ ᠰᠢᠶᠠᠩ ᠤᠨ ᠵᠠᠮ ᠳᠤ ᠵᠢᠯ ᠪᠦᠷᠢ | ᠺᠢᠯᠣᠮᠧᠲᠷ ᠪᠦᠷᠢ ᠳᠤ 5000 ᠲᠥᠭᠦᠷᠢᠭ᠂ ᠲᠣᠰᠬᠤᠨ ᠤ ᠵᠠᠮ ᠳᠤ ᠵᠢᠯ ᠪᠦᠷᠢ ᠺᠢᠯᠣᠮᠧᠲᠷ ᠪᠦᠷᠢ ᠳᠤ 3000 | ᠲᠥᠭᠦᠷᠢᠭ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠠᠷᠠᠴᠢᠯᠠᠨ ᠬᠠᠮᠠᠭᠠᠯᠠᠬᠤ ᠪᠡᠯᠡ ᠮᠦᠩᠭᠦᠨ ᠤ | ᠲᠥᠯᠥᠪᠯᠡᠭᠡ ᠪᠠ ᠬᠡᠷᠡᠭᠵᠢᠭᠦᠯᠬᠦ ᠲᠥᠯᠥᠪᠯᠡᠭᠡ ᠶᠢ ᠨᠠᠶᠢᠷᠠᠭᠤᠯᠵᠣ ᠲᠣᠭᠲᠠᠭᠠᠬᠤ ᠳᠤ ᠪᠠᠨ᠂ ᠵᠠᠰᠠᠮᠠᠯ ᠵᠠᠮ ᠤᠨ ᠪᠠᠶᠢᠳᠠᠯ᠂ | ᠵᠠᠮ ᠬᠠᠷᠢᠯᠴᠠᠭᠠᠨ ᠤ ᠴᠤᠪᠤᠷᠠᠯᠲᠠ᠂ ᠵᠠᠮ ᠤᠨ ᠭᠠᠵᠡᠷ ᠤᠨ ᠭᠠᠳᠠᠷᠭᠤ ᠶᠢᠨ ᠲᠥᠷᠥᠯ ᠬᠡᠯᠪᠡᠷᠢ᠂ ᠵᠠᠮ ᠤᠨ | ᠦᠷᠭᠡᠴᠡ ᠵᠡᠷᠭᠡ ᠬᠦᠴᠦᠨ ᠵᠦᠢᠯ ᠢ ᠦᠨᠳᠦᠰᠦᠯᠡᠵᠣ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠬᠡᠷᠡᠭᠲᠡᠶ᠃ | ︵ᠭᠤᠷᠪᠠ︶ ᠠᠷᠠᠴᠢᠯᠠᠨ ᠬᠠᠮᠠᠭᠠᠯᠠᠬᠤ ᠪᠡᠯᠡ ᠮᠦᠩᠭᠦᠨ ᠤ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠷᠠᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠠᠴᠠ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ | ᠬᠠᠮᠠᠭᠠᠯᠠᠬᠤ ᠶᠢ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠵᠤ᠂ ᠰᠢᠯᠭᠠᠨ ᠬᠢᠨᠠᠭᠰᠠᠨ ᠦᠷ᠎ᠡ ᠳ᠋ᠦᠩ ᠢ ᠬᠠᠮᠢᠶ᠎ᠠ | ᠪᠦᠬᠦᠢ ᠪᠡᠯᠡ ᠣᠷᠣᠭᠤᠯᠤᠯᠲᠠ ᠯᠤᠭ᠎ᠠ ᠬᠤᠯᠪᠣᠭᠳᠠᠭᠤᠯᠣᠨᠠ᠃ ᠡᠯ᠎ᠡ ᠱᠠᠲᠤᠨ ᠤ ᠣᠯᠠᠨ ᠨᠡᠶᠢᠲᠡ ᠶᠢᠨ ᠡᠳ᠋ ᠤᠨ | ᠵᠠᠰᠠᠭ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠯᠳᠠ ᠳᠤ ᠬᠡᠷᠡᠭᠯᠡᠬᠦ ᠪᠡᠯᠡ ᠮᠦᠩᠬᠦᠨ ᠤ | ᠬᠡᠷᠡᠭᠵᠢᠭᠦᠯᠬᠦ ᠪᠦᠬᠦ ᠶᠠᠪᠤᠴᠠ ᠳᠤ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ | ᠴᠠᠭ ᠲᠤᠬᠠᠶ ᠳᠤ ᠨᠢ ᠲᠤᠭ᠎ᠠ ᠶᠣᠰᠣᠭᠠᠷ ᠭᠦᠢᠴᠡᠳ ᠰᠠᠯᠭᠠᠨ ᠥᠭᠴᠦ ᠪᠣᠳᠠᠲᠠᠶᠢᠵᠢᠭᠤᠯᠬᠤ ᠶᠢ ᠦᠨᠡᠨ ᠬᠦ | ᠪᠠᠲᠤᠯᠠᠬᠤ ᠬᠡᠷᠡᠭᠲᠡᠶ᠃ ᠣᠷᠣᠨ ᠨᠤᠲᠤᠭ ᠤᠨ ᠡᠯ᠎ᠡ ᠱᠠᠲᠤᠨ ᠤ ᠡᠳ᠋ ᠤᠨ ᠵᠠᠰᠠᠭ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ | ᠤᠨ ᠠᠷᠠᠴᠢᠯᠠᠨ ᠬᠠᠮᠠᠭᠠᠯᠠᠬᠤ ᠪᠡᠯᠡ ᠮᠦᠩᠭᠦᠨ ᠤ ᠬᠡᠷᠡᠭᠯᠡᠯᠲᠡ ᠳᠤ ᠬᠢᠨᠠᠯᠲᠠ ᠳᠠᠯᠪᠢᠵᠣ ᠬᠠᠮᠢᠶᠠᠷᠬᠤ ᠪᠠᠨ | ᠴᠢᠩᠭᠠᠳᠬᠠᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ ᠪᠦᠲᠦᠭᠡᠨ | ᠪᠠᠶᠢᠭᠤᠯᠬᠤ— ᠰᠢᠯᠵᠢᠭᠦᠯᠦᠨ ᠲᠤᠰᠢᠶᠠᠬᠤ ︵BT︶ ᠵᠠᠭᠪᠤᠷ ᠢ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠂ ᠣᠷᠣᠨ | ᠨᠤᠲᠤᠭ ᠤᠨ ᠬᠢᠨ ᠤ ︽ᠪᠠᠶᠢᠭᠤᠯᠵᠣ ᠠᠷᠠᠴᠢᠯᠠᠬᠤ ᠶᠢ ᠨᠢᠭᠡ ᠴᠣᠭᠴᠠᠵᠢᠭᠤᠯᠬᠤ︾ ᠨᠡᠷ᠎ᠡ ᠪᠠᠷ ᠳᠠᠯᠳᠠ ᠥᠷᠢ | ᠥᠭᠴᠡᠭᠡ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠴᠠᠭᠠᠵᠠᠯᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ | ᠤᠨ ᠠᠷᠠᠴᠢᠯᠠᠨ ᠬᠠᠮᠠᠭᠠᠯᠠᠬᠤ ᠪᠡᠯᠡ ᠮᠦᠩᠭᠦᠨ ᠳᠤ ᠡᠷᠬᠡᠪᠰᠢ ᠲᠤᠰᠬᠠᠢ ᠵᠣᠭᠤᠰ ᠢ ᠲᠤᠰᠬᠠᠶ ᠵᠦᠢᠯ ᠳᠤ ᠬᠡᠷᠡᠭᠯᠡᠵᠣ᠂ | ᠡᠳ᠋ ᠤᠨ ᠵᠠᠰᠠᠭ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨᠠᠯᠲᠠ | ᠪᠠᠶᠢᠴᠠᠭᠠᠯᠲᠠ ᠶᠢ ᠬᠦᠯᠢᠶᠡᠵᠦ᠂ ᠬᠢᠨᠠᠨ ᠪᠣᠳᠣᠬᠤ ᠰᠠᠯᠠᠭ᠎ᠠ ᠮᠥᠴᠢᠷ ᠨᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ | ᠵᠠᠮ ᠤᠨ ᠠᠷᠠᠴᠢᠯᠠᠨ ᠬᠠᠮᠠᠭᠠᠯᠠᠬᠤ ᠪᠡᠯᠡ ᠮᠦᠩᠭᠦ ᠶᠢ ᠬᠡᠷᠡᠭᠯᠡᠭᠰᠡᠨ ᠪᠠᠶᠢᠳᠠᠯ ᠳᠤ ᠲᠣᠭᠲᠠᠮᠡᠯ ᠬᠤᠭᠤᠴᠠᠭ᠎ᠠ ᠲᠠᠢ ᠪᠠᠷ | ᠬᠢᠨᠠᠨ ᠪᠣᠳᠣᠯᠲᠠ ᠬᠢᠬᠦ ᠬᠡᠷᠡᠭᠲᠡᠶ᠃ | ︵ᠳᠥᠷᠪᠡ︶ ᠪᠡᠯᠡ ᠣᠷᠣᠭᠤᠯᠵᠤ ᠪᠡᠯᠨ ᠲᠣᠬᠢᠷᠠᠭᠤᠯᠬᠤ ᠲᠣᠭᠲᠠᠴᠠ ᠳᠤ ᠰᠢᠨ᠎ᠡ ᠶᠢ ᠡᠭᠦᠳᠬᠦ ᠬᠡᠷᠡᠭᠲᠡᠢ᠃ | ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠵᠠᠰᠠᠭ ᠤᠨ ᠣᠷᠳᠣᠨ ᠤ ᠪᠡᠯᠡ | ᠮᠦᠩᠭᠦᠨ ᠤ ᠬᠥᠲᠥᠯᠥᠨ ᠵᠢᠯᠣᠭᠤᠳᠬᠤ ᠦᠢᠯᠡᠳᠦᠯ ᠢ ᠪᠠᠳᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ | ᠵᠠᠮ ᠢ ᠠᠷᠠᠴᠢᠯᠠᠨ ᠬᠠᠮᠠᠭᠠᠯᠠᠬᠤ ᠳᠤ ᠪᠡᠯᠡ ᠮᠦᠩᠭᠦ ᠪᠠᠷ ᠨᠦᠬᠦᠪᠦᠷᠢᠯᠡᠭᠦ᠂ ᠤᠷᠢᠳ ᠢᠶᠠᠷ ᠠᠷᠠᠴᠢᠯᠠᠵᠤ | ᠳᠠᠷᠠᠭ᠎ᠠ ᠳᠤ ᠨᠢ ᠨᠥᠬᠦᠪᠥᠷᠢᠯᠡᠬᠦ᠂ ᠱᠠᠩᠨᠠᠬᠤ ᠪᠠᠷ ᠨᠦᠭᠦᠪᠦᠷᠢᠯᠡᠬᠦ ᠶᠢ ᠣᠷᠣᠯᠠᠭᠤᠯᠬᠤ᠂ ᠦᠨ᠎ᠡ ᠲᠥᠯᠥᠪᠦᠷᠢ | ᠦᠭᠡᠢ ᠪᠠᠷ ᠮᠠᠲ᠋ᠧᠷᠢᠶᠠᠯ ᠤᠨ ᠲᠠᠯᠠᠪᠠᠢ ᠬᠠᠩᠭᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠲᠡᠮᠵᠢᠯᠬᠡ | ᠦᠵᠡᠬᠦᠯᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠬᠥᠭᠵᠢᠭᠦᠯᠭᠦ ᠶᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠳᠡᠮᠵᠢᠭᠦ ᠬᠡᠪᠴᠢᠶᠡᠨ ᠳᠤ | ᠣᠷᠣᠭᠤᠯᠣᠨ᠎ᠠ᠃ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠮᠠᠯᠵᠢᠬᠤ ᠲᠠᠷᠢᠶᠠᠯᠠᠬᠤ ᠣᠷᠣᠨ ᠤ | ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠪᠠ ᠵᠣᠬᠢᠬᠤ ᠴᠠᠭ ᠬᠤᠭᠤᠴᠠᠭᠠᠨ ᠤ ᠠᠷᠠᠴᠢᠯᠠᠯᠲᠠ ᠬᠠᠮᠠᠭᠠᠯᠠᠯᠲᠠ ᠶᠢ | ᠬᠤᠯᠪᠤᠵᠦ ᠳᠠᠭᠠᠭᠠᠴᠢᠯᠠᠯᠲᠠ ᠵᠠᠷᠯᠠᠬᠤ ᠶᠢ ᠨᠢ ᠵᠣᠷᠢᠭᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ | ᠠᠵᠤ ᠦᠢᠯᠡᠰ᠂ ᠬᠦᠷᠢᠶᠡᠯᠡᠩ ᠲᠣᠭᠤᠷᠢᠭ᠂ ᠬᠥᠳᠡᠭᠡ ᠲᠤᠰᠬᠤᠨ ᠤ ᠵᠢᠭᠤᠯᠴᠢᠯᠠᠯ ᠵᠡᠷᠭᠡ ᠡᠵᠡᠩᠨᠡᠯᠲᠡ ᠶᠢᠨ ᠴᠢᠨᠠᠷᠲᠠᠢ | ᠲᠥᠷᠥᠯ ᠵᠦᠢᠯ ᠯᠦᠭᠡ ᠨᠢᠭᠡ ᠴᠣᠭᠴᠠᠵᠢᠭᠤᠯᠣᠨ ᠨᠡᠬᠡᠭᠡᠭᠦ ᠶᠢ ᠬᠡᠷᠡᠭᠵᠢᠭᠦᠯᠵᠦ᠂ ᠡᠵᠡᠩᠨᠡᠯᠲᠡ ᠶᠢᠨ ᠠᠰᠢᠭ | ᠣᠯᠵᠠᠪᠤᠷᠢ ᠶᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠳᠤ ᠬᠡᠷᠡᠭᠯᠡᠬᠦ ᠬᠡᠷᠡᠭᠲᠡᠶ᠃ | ᠵᠠᠰᠠᠮᠠᠯ ᠵᠠᠮ ᠤᠨ ᠨᠡᠷ᠎ᠡ ᠬᠠᠳᠠᠬᠤ ᠡᠷᠬᠡ᠂ ᠵᠠᠷ ᠮᠡᠳᠡᠭᠡ ᠨᠠᠶᠢᠳᠡᠯᠡᠭᠦ ᠡᠷᠬᠡ ᠶᠢ ᠬᠤᠳᠠᠯᠳᠤᠭᠠᠯᠠᠬᠤ᠂ ᠠᠵᠤ | ᠠᠬᠤᠶᠢᠯᠠᠯ ᠪᠣᠯᠤᠨ ᠨᠡᠶᠢᠭᠡᠮ ᠤᠨ ᠬᠢᠨ ᠤ ᠡᠳ᠋ ᠮᠥᠩᠭᠦ ᠬᠠᠨᠳᠢᠪᠯᠠᠬᠤ ᠵᠡᠷᠭᠡ ᠠᠷᠭ᠎ᠠ ᠮᠠᠶ᠋ᠢᠭ ᠢᠶᠠᠷ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠪᠡᠯᠡ ᠮᠥᠩᠭᠦ ᠪᠠᠨ ᠬᠤᠷᠠᠮᠳᠤᠭᠤᠯᠤᠨ | ᠴᠤᠭᠯᠠᠭᠤᠯᠬᠤ ᠶᠢ ᠵᠣᠷᠢᠭᠵᠢᠭᠤᠯᠣᠨ᠎ᠠ᠃ ᠳᠠᠭᠠᠳᠬᠠᠯ ᠤᠨ ᠪᠡᠯᠡ ᠮᠦᠩᠭᠦ ᠶᠢ ᠵᠣᠷᠢᠭᠵᠢᠭᠤᠯᠵᠣ ᠪᠠᠶᠢᠭᠠᠳ ᠣᠷᠣᠨ | ᠨᠤᠲᠤᠭ ᠤᠨ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ ᠲᠡᠮᠳᠡᠭᠲᠦ ᠶᠢ ᠬᠤᠳᠠᠯᠳᠤᠨ ᠠᠪᠬᠤ ᠠᠷᠭ᠎ᠠ | ᠮᠠᠶ᠋ᠢᠭ ᠢᠶᠠᠷ ᠳᠠᠮᠵᠢᠭᠤᠯᠵᠤ ᠬᠠᠤᠯᠢ ᠲᠣᠭᠲᠠᠭᠠᠯ ᠳᠤ ᠨᠡᠶᠢᠴᠡᠭᠦᠯᠦᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ | ᠵᠠᠮ ᠤᠨ ᠬᠥᠭᠵᠢᠯᠲᠡ ᠳᠤ ᠣᠷᠤᠯᠴᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠭᠠᠮᠰᠢᠭ ᠲᠤ | ᠡᠪᠳᠡᠭᠳᠡᠬᠦ ᠳᠠᠭᠠᠳᠬᠠᠯ ᠢ ᠰᠦᠪᠡᠭᠴᠢᠯᠡᠨ ᠥᠷᠨᠢᠭᠦᠯᠣᠨ᠎ᠠ᠃ | ᠲᠠᠪᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠨ ᠬᠠᠮᠠᠭᠠᠯᠠᠬᠤ ᠤᠷᠲᠤ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ | ︵ᠨᠢᠭᠡ︶ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠶᠢᠨ ᠵᠠᠬ᠎ᠠ ᠳᠡᠯᠭᠡᠭᠦᠷᠴᠢᠯᠡᠬᠦ | ᠥᠭᠡᠷᠡᠴᠢᠯᠡᠯᠲᠡ ᠶᠢ ᠲᠥᠷᠥᠯ ᠬᠤᠪᠢᠶᠠᠨ ᠡᠮᠬᠢ ᠵᠢᠷᠤᠮ ᠲᠠᠢ ᠠᠬᠢᠭᠤᠯᠤᠨ᠎ᠠ᠃ ᠵᠠᠰᠠᠭ ᠤᠨ ᠣᠷᠳᠣᠨ ᠬᠢᠭᠡᠳ ᠵᠠᠬ᠎ᠠ | ᠳᠡᠯᠭᠡᠭᠦᠷ ᠤᠨ ᠠᠵᠢᠯ ᠢᠶᠠᠨ ᠵᠣᠬᠢᠰᠲᠠᠶ ᠬᠤᠪᠢᠶᠠᠷᠢᠯᠠᠭᠰᠠᠨ ᠠᠷᠠᠴᠢᠯᠠᠯᠳᠠ ᠦᠢᠯᠡᠳᠪᠦᠷᠢᠯᠡᠯ ᠤᠨ ᠵᠣᠬᠢᠶᠠᠨ | ᠪᠠᠶᠢᠭᠤᠯᠤᠯᠲᠠ ᠶᠢᠨ ᠬᠡᠪ ᠵᠠᠭᠪᠤᠷ ᠢ ᠠᠯᠬᠤᠮ ᠠᠯᠬᠤᠮ ᠢᠶᠠᠷ ᠪᠠᠶᠢᠭᠤᠯᠣᠨ᠎ᠠ᠃ ᠮᠠᠯᠵᠢᠬᠤ ᠲᠠᠷᠢᠶᠠᠯᠠᠬᠤ ᠣᠷᠣᠨ ᠤ | ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ᠂ ᠣᠨᠴᠠᠭᠠᠶᠢᠯᠠᠨ ᠨᠢᠭᠡ ᠪᠦᠯᠣᠭ᠌ ᠲᠤᠰᠬᠠᠶ ᠮᠡᠷᠭᠡᠵᠢᠯ ᠤᠨ | ᠴᠢᠨᠠᠷ ᠢᠶᠠᠷ ᠨᠡᠯᠢᠶᠡᠳ ᠴᠢᠩᠭ᠎ᠠ᠂ ᠮᠡᠷᠭᠡᠵᠢᠯ ᠨᠢ ᠨᠠᠷᠢᠨ ᠪᠣᠳᠣᠯᠢᠶᠠᠨᠲᠠᠢ ᠲᠤᠰᠬᠠᠶ ᠲᠦᠷᠣᠯ ᠤᠨ ᠢᠨᠵᠧᠨᠧᠷᠢᠩ ᠢ ᠪᠣᠯ | ᠵᠠᠬ᠎ᠠ ᠳᠡᠯᠭᠡᠭᠦᠷᠴᠢᠯᠡᠬᠦ ᠵᠠᠷᠴᠢᠮ ᠢᠶᠠᠷ᠂ ᠠᠷᠠᠴᠢᠯᠠᠨ ᠬᠠᠮᠠᠭᠠᠯᠠᠬᠤ ᠬᠢᠷᠢ ᠬᠡᠮ ᠲᠠᠢ ᠠᠷᠠᠴᠢᠯᠠᠯᠳᠠ ᠦᠢᠯᠡᠳᠪᠦᠷᠢᠯᠡᠯ ᠤᠨ | ᠠᠵᠤ ᠠᠬᠤᠶᠢᠯᠠᠯ ᠢ ᠰᠣᠩᠭᠤᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠡᠮᠵᠢᠶᠡᠯᠡᠵᠣ ᠵᠠᠷᠣᠳᠠᠯ ᠥᠭᠬᠦ ᠪᠠ ᠭᠡᠷ᠎ᠡ | ᠪᠠᠷ ᠬᠠᠮᠢᠶᠠᠷᠬᠤ ᠶᠢ ᠬᠡᠷᠡᠭᠵᠢᠭᠦᠯᠦᠨ᠎ᠡ᠃ ᠰᠢᠶᠠᠩ ᠤᠨ ᠵᠠᠮ ᠵᠢᠴᠢ ᠲᠣᠰᠬᠤᠨ ᠤ ᠵᠠᠮ ᠤᠨ ᠡᠳᠦᠷ ᠲᠤᠲᠤᠮ ᠤᠨ | ᠠᠷᠢᠭᠤᠨ ᠴᠡᠪᠡᠷ ᠢ ᠵᠠᠮ ᠳᠠᠭᠠᠤ ᠳᠠᠬᠢ ᠣᠯᠠᠨ ᠲᠦᠮᠡᠨ ᠳᠤ ᠳᠠᠭᠠᠭᠠᠴᠢᠯᠠᠭᠤᠯᠣᠨ ᠠᠷᠠᠴᠢᠯᠠᠭᠤᠯᠬᠤ᠂ ︽ᠵᠠᠰᠠᠮᠠᠯ ᠵᠠᠮ | ᠢ ᠠᠷᠠᠴᠢᠯᠠᠨ ᠬᠠᠮᠠᠭᠠᠯᠠᠬᠤ + ᠲᠤᠶᠢᠯ ᠤᠨ ᠤᠨᠤᠪᠴᠢᠳᠠᠢ ᠪᠠᠷ ᠶᠠᠳᠠᠭᠤ ᠶᠢ ᠲᠡᠳᠬᠦᠬᠦ︾ ᠶᠢᠨ ᠠᠷᠠᠴᠢᠯᠠᠨ | ᠬᠠᠮᠠᠭᠠᠯᠠᠬᠤ ᠬᠡᠪ ᠵᠠᠭᠪᠤᠷ ᠢᠶᠠᠷ ᠳᠠᠮᠵᠢᠭᠤᠯᠵᠣ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠪᠠᠷ | ᠭᠤᠣᠯ ᠴᠣᠭᠴᠠ ᠪᠣᠯᠭᠠᠵᠤ᠂ ᠵᠠᠰᠠᠮᠠᠯ ᠵᠠᠮ ᠳᠠᠭᠠᠤ ᠶᠢᠨ ᠮᠠᠯᠴᠢᠨ ᠲᠠᠷᠢᠶᠠᠴᠢᠨ ᠳᠤ ᠲᠤᠰᠢᠶᠠᠵᠤ ᠬᠠᠷᠢᠭᠤᠴᠠᠭᠤᠯᠤᠨ᠂ | ᠬᠤᠪᠢ ᠬᠥᠮᠦᠨ᠂ ᠭᠡᠷ ᠪᠦᠯᠢ ᠬᠡᠰᠡᠭᠯᠡᠨ ᠳᠠᠭᠠᠭᠠᠴᠢᠯᠠᠬᠤ ᠵᠡᠷᠭᠡ ᠠᠷᠭ᠎ᠠ ᠮᠠᠶ᠋ᠢᠭ ᠢᠶᠠᠷ ᠬᠡᠷᠡᠭᠵᠢᠭᠦᠯᠬᠦ ᠶᠢᠨ ᠬᠠᠮᠲᠤ᠂ | ᠰᠢᠯᠢᠳᠡᠭ ᠢ ᠨᠢ ᠦᠯᠡᠳᠡᠭᠡᠵᠦ ᠰᠠᠭᠠᠷᠠᠤ ᠶᠢ ᠨᠢ ᠰᠢᠭᠰᠢᠭᠳᠡᠭᠦᠯᠭᠦ ᠵᠠᠷᠴᠢᠮ ᠢᠶᠠᠷ᠂ ᠠᠷᠠᠴᠢᠯᠠᠨ ᠬᠠᠮᠠᠭᠠᠯᠠᠬᠤ ᠶᠢᠨ | ᠬᠠᠷᠢᠴᠠᠩᠭᠤᠢ ᠲᠣᠭᠲᠠᠭᠤᠨ ᠪᠠᠶᠢᠬᠤ ᠣᠯᠠᠨ ᠲᠦᠮᠡᠨᠴᠢ ᠴᠢᠨᠠᠷᠲᠠᠶ ᠡᠩᠨᠡᠭᠡ ᠶᠢ ᠠᠯᠬᠤᠮ ᠠᠯᠬᠤᠮ ᠢᠶᠠᠷ | ᠪᠠᠶᠢᠭᠤᠯᠤᠨ᠎ᠠ᠃ ᠵᠠᠮ ᠱᠤᠭᠤᠮ ᠨᠢ ᠨᠡᠯᠢᠶᠡᠳ ᠤᠷᠲᠤ᠂ ᠵᠠᠮ ᠳᠠᠭᠠᠤ ᠳᠠᠬᠢ ᠰᠠᠭᠤᠭᠠᠯᠢ ᠠᠷᠠᠳ ᠨᠡᠯᠢᠶᠠᠣᠨ ᠴᠥᠭᠡᠨ | ᠰᠢᠶᠠᠩ ᠲᠣᠰᠬᠤᠨ ᠤ ᠬᠠᠶᠢᠷ ᠴᠢᠯᠠᠭᠤᠯᠢᠭ ᠵᠠᠮ ᠳᠤ ᠰᠤᠮᠤ ᠰᠢᠶᠠᠩ ᠪᠠᠯᠭᠠᠰᠤ ᠪᠣᠯᠤᠨ ᠭᠠᠴᠠᠭ᠎ᠠ ᠲᠣᠰᠬᠤᠨ ᠨᠢ | ᠬᠠᠪᠤᠷ ᠨᠠᠮᠤᠷ ᠬᠣᠶᠠᠷ ᠤᠯᠠᠷᠢᠯ ᠳᠤ ᠣᠶᠢᠷ᠎ᠠ ᠬᠠᠪᠢ ᠶᠢᠨ ᠣᠯᠠᠨ ᠲᠦᠮᠡᠨ ᠢ ᠵᠣᠬᠢᠶᠠᠨ ᠪᠠᠶᠢᠭᠤᠯᠤᠨ ᠬᠦᠴᠦ | ᠬᠥᠳᠡᠯᠮᠦᠷᠢ ᠣᠷᠣᠭᠤᠯᠬᠤ ᠬᠡᠯᠪᠡᠷᠢ ᠪᠠᠷ ᠳᠠᠮᠵᠢᠭᠤᠯᠤᠨ ᠲᠦᠪᠯᠡᠷᠡᠭᠦᠯᠵᠦ ᠠᠷᠠᠴᠢᠯᠠᠨ ᠬᠠᠮᠠᠭᠠᠯᠠᠵᠤ ᠪᠣᠯᠣᠨ᠎ᠠ᠃ ᠵᠠᠬ᠎ᠠ | ᠳᠡᠯᠭᠡᠭᠦᠷ ᠤᠨ ᠰᠢᠨᠵᠢ ᠴᠢᠨᠠᠷ ᠲᠤ ᠨᠡᠶᠢᠴᠡᠭᠦ ᠠᠵᠢᠯ ᠦᠢᠯᠡᠰ ᠤᠨ ᠨᠢᠭᠡᠴᠢ ᠶᠢ ᠬᠦᠲᠦᠯᠦᠨ ᠵᠢᠯᠤᠭᠤᠳᠴᠤ ᠪᠠᠶᠢᠭᠠᠳ | ᠪᠠᠶᠢᠭᠤᠯᠤᠯ ᠢᠶᠠᠨ ᠬᠤᠪᠢᠷᠠᠭᠤᠯᠣᠨ ᠣᠳᠣ ᠦᠶ᠎ᠡ ᠶᠢᠨ ᠠᠵᠤ ᠠᠬᠤᠶᠢᠯᠠᠯ ᠪᠣᠯᠭᠠᠵᠤ᠂ ᠭᠤᠤᠯ ᠱᠤᠭᠤᠮ ᠤᠨ ᠵᠠᠰᠠᠮᠠᠯ | ᠵᠠᠮ ᠢ ᠪᠦᠲᠦᠭᠡᠨ ᠪᠠᠶᠢᠭᠤᠯᠵᠤ ᠠᠷᠠᠴᠢᠯᠠᠠ ᠬᠠᠮᠠᠭᠠᠯᠠᠬᠤ ᠶᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠯᠤᠭ᠎ᠠ | ᠬᠤᠯᠪᠤᠵᠦ ᠳᠠᠭᠠᠭᠠᠴᠢᠯᠠᠯᠲᠠ ᠵᠠᠷᠯᠠᠬᠤ ᠶᠢ ᠵᠣᠷᠢᠭᠵᠢᠭᠤᠯᠤᠨ᠂ ᠠᠷᠠᠴᠢᠯᠠᠯᠳᠠ ᠶᠢᠨ ᠠᠵᠤ ᠠᠬᠤᠶᠢᠯᠠᠯ ᠤᠨ ᠣᠷᠣᠨ | ᠪᠦᠰᠡ ᠠᠯᠤᠰᠯᠠᠨ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ ᠣᠷᠣᠯᠴᠠᠬᠤ ᠶᠢ ᠳᠡᠮᠵᠢᠨ᠎ᠠ᠃ ᠤᠷᠲᠤ ᠬᠤᠭᠤᠴᠠᠭᠠᠨ | ᠤ ᠠᠷᠠᠴᠢᠯᠠᠨ ᠬᠠᠮᠠᠭᠠᠯᠠᠬᠤ ᠭᠡᠷ᠎ᠡ ᠲᠣᠭᠲᠠᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠣᠯᠵᠤᠭ᠎ᠠ | ᠲᠣᠭᠲᠠᠬᠤ ᠵᠡᠷᠭᠡ ᠠᠷᠭ᠎ᠠ ᠮᠠᠶ᠋ᠢᠭ ᠢᠶᠠᠷ ᠲᠤᠰᠬᠠᠶ ᠮᠡᠷᠭᠡᠵᠢᠯ ᠤᠨ ᠠᠷᠠᠴᠢᠯᠠᠯᠳᠠ ᠶᠢᠨ ᠠᠵᠤ ᠠᠬᠤᠶᠢᠯᠠᠯ ᠢ ᠬᠥᠲᠥᠯᠥᠨ | ᠵᠢᠯᠣᠭᠤᠳᠴᠤ ᠪᠠᠶᠢᠭᠠᠳ ᠣᠷᠣᠭᠤᠯᠤᠯᠲᠠ ᠶᠢ ᠨᠢ ᠨᠡᠮᠡᠭᠳᠡᠭᠦᠯᠵᠦ᠂ ᠠᠷᠠᠴᠢᠯᠠᠨ ᠬᠠᠮᠠᠭᠠᠯᠠᠬᠤ ᠶᠢᠨ ᠮᠧᠬᠠᠨᠢᠭᠵᠢᠭᠤᠯᠬᠤ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠶᠡᠷᠦᠩᠬᠡᠶᠢᠯᠡᠨ ᠬᠤᠯᠪᠤᠵᠦ ᠦᠢᠯᠡᠴᠢᠯᠡᠭᠡ ᠬᠤᠳᠠᠯᠳᠤᠨ ᠠᠪᠬᠤ ᠵᠡᠷᠭᠡ | ᠠᠷᠭ᠎ᠠ ᠮᠠᠶ᠋ᠢᠭ ᠢ ᠰᠦᠪᠡᠭᠴᠢᠯᠡᠬᠦ ᠪᠠᠷ ᠳᠠᠮᠵᠢᠭᠤᠯᠵᠣ᠂ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠷ ᠨᠡᠯᠢᠶᠡᠳ ᠴᠢᠩᠭ᠎ᠠ | ᠪᠠᠶᠢᠭ᠎ᠠ ᠠᠷᠠᠴᠢᠯᠠᠨ ᠬᠠᠮᠠᠭᠠᠯᠠᠬᠤ ᠲᠠᠯ᠎ᠠ ᠪᠠᠷ ᠬᠢ ᠯᠠᠪᠯᠠᠭ᠎ᠠ ᠪᠠ ᠪᠠᠷᠢᠯᠭ᠎ᠠ ᠶᠢᠨ ᠠᠵᠢᠯ ᠢ ᠨᠢᠭᠡ | ᠴᠣᠭᠴᠠᠵᠢᠭᠤᠯᠤᠭᠰᠠᠨ ᠠᠵᠤ ᠠᠬᠤᠶᠢᠯᠠᠯ ᠢ ᠰᠤᠩᠭᠤᠨ᠂ ᠵᠠᠮ ᠤᠨ ᠪᠠᠶᠢᠳᠠᠯ ᠢ ᠪᠠᠶᠢᠴᠠᠭᠠᠨ ᠰᠢᠨᠵᠢᠬᠦ᠂ ᠠᠷᠠᠴᠢᠯᠠᠨ | ᠬᠠᠮᠠᠭᠠᠯᠠᠬᠤ ᠲᠥᠯᠦᠪᠵᠢᠭᠦᠯᠭᠡ᠂ ᠵᠢᠷᠤᠭ ᠲᠥᠯᠦᠪᠯᠡᠭᠡ᠂ ᠪᠠᠷᠢᠯᠭ᠎ᠠ ᠶᠢᠨ ᠠᠵᠢᠯ ᠵᠡᠷᠭᠡ ᠪᠦᠬᠦ ᠬᠡᠯᠬᠢᠶᠡᠨ ᠤ | ᠦᠢᠯᠡᠴᠢᠯᠡᠭᠡ ᠶᠢ ᠬᠠᠩᠭᠠᠵᠤ᠂ ᠵᠠᠰᠠᠮᠠᠯ ᠵᠠᠮ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ | ᠠᠷᠠᠴᠢᠯᠠᠨ ᠬᠠᠮᠠᠭᠠᠯᠠᠬᠤ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠦᠨ᠎ᠡ᠃ | ︵ᠬᠤᠶᠠᠷ︶ ᠠᠮᠤᠷ ᠲᠦᠪᠰᠢᠨ ᠪᠠ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠵᠠᠰᠠᠮᠠᠯ ᠵᠠᠮ ᠤᠨ | ᠠᠮᠤᠷ ᠲᠦᠪᠰᠢᠨ ᠤ ᠪᠡᠯᠡᠣᠡᠭᠡᠮᠵᠢ ᠶᠢ ᠭᠤᠤᠯ ᠴᠣᠭᠴᠠ ᠶᠢᠨ ᠪᠠᠷᠢᠯᠭ᠎ᠠ ᠯᠤᠭ᠎ᠠ ᠵᠡᠷᠭᠡ ᠳᠤ ᠨᠢ ᠵᠢᠷᠤᠭᠯᠠᠵᠣ | ᠲᠥᠯᠥᠪᠯᠡᠨ᠂ ᠵᠡᠷᠭᠡ ᠳᠤ ᠨᠢ ᠠᠵᠢᠯᠯᠠᠭᠤᠯᠵᠣ᠂ ᠵᠡᠷᠭᠡ ᠳᠤ ᠨᠢ ᠠᠰᠢᠭᠯᠠᠯᠲᠠ ᠳᠤ ᠣᠷᠤᠭᠤᠯᠣᠨᠠ᠂ ᠬᠤᠰᠢᠭᠤ | ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠳᠣᠲᠣᠭᠠᠳᠤ ᠶᠢ ᠬᠠᠮᠠᠭᠠᠯᠠᠬᠤ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠡᠭᠦᠷᠭᠡ ᠴᠢᠳᠠᠮᠵᠢᠳᠣ ᠰᠠᠯᠠᠭ᠎ᠠ ᠮᠥᠴᠢᠷ ᠢ ᠵᠣᠬᠢᠶᠠᠨ ᠪᠠᠶᠢᠭᠤᠯᠣᠨ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠵᠢᠯ ᠳᠠᠭᠤᠰᠬᠤ ︵ᠲᠤᠰᠢᠶᠠᠬᠤ︶ ᠶᠢ ᠰᠢᠯᠭᠠᠨ ᠬᠤᠷᠢᠶᠠᠵᠤ | ᠠᠪᠬᠤ ᠳᠤ ᠣᠷᠣᠯᠴᠠᠭᠤᠯᠬᠤ ᠬᠡᠷᠡᠭᠲᠡᠶ᠃ ᠨᠢᠭᠡᠨᠲᠡ ᠪᠠᠶᠢᠭᠤᠯᠵᠣ ᠳᠠᠭᠤᠰᠣᠭᠰᠠᠨ ᠪᠣᠯᠪᠠᠴᠤ ᠠᠶᠤᠯ ᠦᠭᠡᠢ ᠶᠢᠨ | ᠪᠡᠯᠡᠳᠬᠡᠮᠵᠢ ᠶᠢ ᠲᠥᠬᠦᠷᠵᠢᠭᠦᠯᠦᠭᠡᠳᠦᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠳᠤ ᠠᠯᠬᠤᠮ ᠠᠯᠬᠤᠮ ᠢᠶᠠᠷ | ᠲᠡᠭᠦᠯᠳᠡᠷᠵᠢᠭᠦᠯᠬᠦ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠳᠠᠬᠢ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠶᠠᠰᠤ ᠴᠢᠨᠠᠷ ᠢᠶᠠᠷ ᠭᠤᠤᠯ ᠪᠣᠯᠭᠠᠭᠰᠠᠨ | ᠢᠲᠡᠭᠡᠮᠵᠢ ᠶᠢᠨ ᠰᠢᠯᠭᠠᠨ ᠦᠨᠡᠯᠡᠬᠦ ᠲᠣᠭᠲᠠᠴᠠ ᠶᠢ ᠬᠦᠴᠦᠯᠡᠨ ᠪᠠᠶᠢᠭᠤᠯᠵᠤ᠂ ᠢᠲᠡᠭᠡᠮᠵᠢ ᠵᠢᠷᠤᠮᠯᠠᠭᠰᠠᠳ ᠢ | ᠬᠤᠯᠪᠣᠭᠠᠯᠠᠨ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠬᠤᠯᠪᠣᠭᠠᠯᠠᠨ ᠵᠠᠯᠬᠠᠭᠠᠬᠤ ᠶᠢ ᠬᠡᠷᠡᠭᠵᠢᠭᠦᠯᠬᠦ ᠶᠢᠨ | ᠬᠠᠮᠲᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠢᠲᠡᠭᠡᠮᠵᠢ ᠶᠢᠨ ᠲᠡᠮᠳᠡᠭᠯᠡᠯ ᠢ ᠪᠦᠬᠦ | ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠭᠦᠷᠳᠡᠭᠦ | ᠲᠠᠪᠴᠠᠩ ᠳᠤ ᠣᠷᠤᠭᠤᠯᠤᠨ᠂ ᠬᠠᠤᠯᠢ ᠶᠣᠰᠣᠭᠠᠷ ᠨᠡᠶᠢᠭᠡᠮ ᠳᠤ ᠢᠯᠡ ᠪᠣᠯᠭᠠᠨ᠎ᠠ᠃ | ︵ᠭᠤᠷᠪᠠ︶ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠪᠠ ᠡᠩᠨᠡᠭᠡᠨ ᠤ ᠪᠠᠶᠢᠭᠤᠯᠤᠯᠲᠠ ᠶᠢ | ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ | ᠳᠦᠷᠢᠮ ᠢ ᠲᠣᠭᠲᠠᠭᠠᠨ ᠨᠡᠶᠢᠲᠡᠯᠡᠬᠦ ᠶᠢ ᠠᠬᠢᠭᠤᠯᠤᠨ᠎ᠠ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ | ᠲᠣᠬᠢᠷᠠᠭᠤᠯᠬᠤ᠂ ᠬᠢᠮᠳᠠ ᠪᠥᠭᠡᠳ ᠪᠣᠳᠠᠲᠤ ᠬᠡᠷᠡᠭᠴᠡᠭᠡ ᠲᠠᠢ᠂ ᠪᠣᠬᠢᠷᠲᠤᠯ ᠦᠭᠡᠢ ᠪᠦᠭᠡᠳ ᠣᠷᠴᠢᠨ ᠲᠣᠭᠤᠷᠢᠨ ᠢ | ᠬᠠᠮᠠᠭᠠᠯᠠᠬᠤ ᠣᠨᠣᠯᠵᠢᠬᠤᠨ ᠢ ᠪᠠᠷᠢᠮᠲᠠᠯᠠᠵᠤ᠂ ᠲᠠᠷᠢᠶᠠᠯᠠᠬᠤ ᠣᠷᠣᠨ᠂ ᠮᠠᠯᠵᠢᠬᠤ ᠣᠷᠣᠨ᠂ ᠬᠠᠭᠠᠰ ᠮᠠᠯᠵᠢᠬᠤ ᠬᠠᠭᠠᠰ | ᠲᠠᠷᠢᠶᠠᠯᠠᠬᠤ ᠣᠷᠣᠨ ᠤ ᠠᠳᠠᠯᠢ ᠪᠤᠰᠤ ᠣᠨᠴᠠᠯᠢᠭ ᠢᠶᠠᠷ ︽ᠦᠵᠡᠰᠬᠦᠯᠡᠩᠲᠦ ᠰᠠᠶᠢᠬᠠᠨ ᠵᠠᠰᠠᠮᠠᠯ ᠵᠠᠮ︾ ᠢ ᠡᠭᠦᠳᠦᠨ | ᠪᠠᠶᠢᠭᠤᠯᠬᠤ ᠠᠵᠢᠯ ᠢᠶᠠᠨ ᠲᠥᠷᠥᠯ ᠬᠤᠪᠢᠶᠠᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ | ᠠᠷᠠᠴᠢᠯᠠᠨ ᠬᠠᠮᠠᠭᠠᠯᠠᠬᠤ ᠮᠡᠷᠭᠡᠵᠢᠯ ᠤᠨ ᠵᠢᠷᠤᠮᠵᠢᠯ᠂ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠷᠭ᠎ᠠ ᠵᠡᠷᠭᠡ ᠶᠢ | ᠲᠣᠭᠲᠠᠭᠠᠵᠤ᠂ ᠠᠷᠠᠴᠢᠯᠠᠨ ᠬᠠᠮᠠᠭᠠᠯᠠᠬᠤ ᠶᠢ ᠵᠢᠷᠤᠮᠵᠢᠭᠤᠯᠵᠣ ᠪᠠᠷᠢᠮᠵᠢᠶᠠᠵᠢᠭᠤᠯᠤᠨ ᠬᠥᠭᠵᠢᠭᠦᠯᠬᠦ ᠶᠢ ᠠᠬᠢᠭᠤᠯᠤᠨ᠎ᠠ᠃ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠶᠠᠪᠤᠳᠠᠯ ᠤᠨ ᠬᠠᠮᠢᠶᠠᠷᠤᠯᠲᠠ ᠶᠢᠨ ᠵᠢᠯᠣᠭᠤᠳᠬᠤ | ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠵᠠᠮ ᠤᠨ ᠶᠠᠪᠤᠳᠠᠯ ᠤᠨ ᠬᠠᠮᠢᠶᠠᠷᠤᠯᠲᠠ ᠶᠢ ᠨᠡᠶᠢᠳᠡᠮ ᠬᠠᠮᠣᠷᠬᠤ ᠶᠢ | ᠪᠡᠶᠡᠯᠡᠭᠦᠯᠦᠨ᠎ᠡ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠪᠣᠯ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠵᠢᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠨ᠎ᠠ᠂ | ᠵᠠᠮ ᠤᠨ ᠶᠠᠪᠤᠳᠠᠯ ᠤᠨ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠪᠠ ᠮᠠᠯᠵᠢᠬᠤ ᠲᠠᠷᠢᠶᠠᠯᠠᠬᠤ ᠣᠷᠣᠨ ᠤ | ᠵᠠᠰᠠᠮᠠᠯ ᠵᠠᠮ ᠤᠨ ᠶᠠᠪᠤᠳᠠᠯ ᠤᠨ ᠬᠠᠮᠢᠶᠠᠷᠤᠯᠲᠠ ᠪᠠᠨ ᠴᠢᠩᠭᠠᠳᠬᠠᠵᠤ᠂ ︽ᠬᠥᠨᠳᠡᠯᠡᠨ ᠭᠤᠯᠳᠤ ᠪᠠᠷ ᠭᠦᠢᠴᠡᠳ | ᠲᠦᠢᠯᠪᠦᠷᠢᠲᠡᠢ ᠪᠠᠶᠢᠯᠭᠠᠬᠤ︾ ᠰᠦᠯᠵᠢᠶᠡᠵᠢᠭᠰᠡᠨ ᠬᠠᠮᠢᠶᠠᠷᠤᠯᠲᠠ ᠶᠢᠨ ᠪᠠᠶᠢᠷᠢᠰᠢᠯ ᠢ ᠪᠣᠢ ᠪᠣᠯᠭᠠᠨ᠎ᠠ᠃ ᠵᠠᠮ ᠤᠨ | ᠲᠠᠷᠤᠭ᠎ᠠ ᠶᠢᠨ ᠳᠦᠷᠢᠮ ᠵᠢᠴᠢ ᠬᠥᠳᠡᠭᠡ ᠲᠣᠰᠬᠤᠨ ᠤ ᠵᠠᠮ ᠤᠨ ᠲᠤᠰᠬᠠᠶ ᠬᠠᠮᠢᠶᠠᠷᠤᠭᠴᠢ ᠶᠢᠨ ᠳᠦᠷᠢᠮ ᠢ | ᠤᠶᠠᠯᠳᠤᠭᠤᠯᠤᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠵᠢᠴᠢ ᠮᠠᠯᠴᠢᠨ ᠲᠠᠷᠢᠶᠠᠴᠢᠨ ᠤ ᠢᠳᠡᠪᠬᠢᠵᠢᠯ ᠢ | ᠭᠦᠢᠴᠡᠳ ᠪᠠᠳᠠᠷᠠᠭᠤᠯᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠵᠠᠮ ᠤᠨ ᠶᠠᠪᠤᠳᠠᠯ ᠤᠨ ᠠᠩᠭᠢ ᠲᠠᠢ᠂ | ᠰᠤᠮᠤ ᠰᠢᠶᠠᠩ ᠪᠠᠯᠭᠠᠰᠤᠨ ᠳᠤ ᠬᠢᠨᠠᠨ ᠬᠠᠮᠢᠶᠠᠷᠤᠭᠴᠢ ᠲᠠᠢ᠂ ᠭᠠᠴᠠᠭ᠎ᠠ ᠲᠣᠰᠬᠤᠨ ᠳᠤ ᠵᠠᠮ ᠬᠠᠮᠠᠭᠠᠯᠠᠭᠴᠢ ᠲᠠᠢ | ᠪᠠᠶᠢᠬᠤ ᠵᠠᠮ ᠤᠨ ᠬᠦᠷᠦᠩᠭᠡ ᠵᠠᠮ ᠤᠨ ᠡᠷᠬᠡ ᠶᠢ ᠬᠠᠮᠠᠭᠠᠯᠠᠬᠤ ᠡᠩᠨᠡᠭᠡ ᠶᠢ ᠪᠠᠶᠢᠭᠤᠯᠤᠨ᠎ᠠ᠃ | ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠦᠵᠡᠯ ᠰᠠᠨᠠᠭ᠎ᠠ ᠲᠠᠨᠢᠯᠲᠠ ᠪᠠᠨ ᠦᠨᠡᠨ | ᠬᠦ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ | ᠲᠦᠷᠭᠡᠳᠬᠡᠨ ᠠᠬᠢᠭᠤᠯᠬᠤ ᠶᠢᠨ ᠴᠢᠬᠤᠯᠠ ᠭᠠᠷᠳᠠᠴᠠ ᠪᠣᠯᠭᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠶ | ᠠᠳᠬᠤᠬᠤ ᠬᠡᠷᠡᠭᠲᠡᠶ᠃ ᠬᠠᠮᠢᠶ᠎ᠠ ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠨᠢ ᠭᠤᠣᠯ ᠴᠤᠭᠴᠠ ᠶᠢᠨ ᠡᠭᠦᠷᠭᠡ | ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠨᠢᠭᠡᠳᠦᠯᠲᠡᠢ ᠲᠥᠯᠥᠪᠵᠢᠭᠦᠯᠵᠣ ᠵᠣᠬᠢᠴᠠᠭᠤᠯᠬᠤ ᠪᠠᠨ | ᠴᠢᠩᠭᠠᠳᠬᠠᠨ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠠᠵᠢᠯ ᠤᠨ ᠵᠠᠩᠭᠢᠯᠠᠭ᠎ᠠ ᠶᠢᠨ ᠴᠡᠭ ᠢᠶᠠᠨ | ᠨᠠᠷᠢᠯᠢᠭᠵᠢᠭᠤᠯᠤᠨ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠠᠯᠢ ᠲᠦᠷᠭᠡᠨ ᠢᠶᠠᠷ ᠨᠠᠶᠢᠳᠠᠪᠤᠷᠢᠵᠢᠭᠤᠯᠤᠨ | ᠦᠷ᠎ᠡ ᠪᠦᠲᠦᠮᠵᠢ ᠭᠠᠷᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠳᠠᠢ᠃ ᠥᠪᠡᠷᠲᠡᠭᠡᠨ ᠵᠠᠰᠠᠬᠤ | ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠠᠵᠢᠯ ᠤᠨ ᠵᠢᠯᠣᠭᠤᠳᠣᠯᠭ᠎ᠠ ᠬᠢᠭᠦ ᠪᠠ ᠰᠢᠮᠳᠠᠭᠤᠯᠤᠨ | ᠪᠠᠶᠢᠴᠠᠭᠠᠬᠤ ᠪᠠᠨ ᠴᠢᠩᠭᠠᠳᠬᠠᠵᠤ᠂ ᠴᠢᠬᠤᠯᠠ ᠶᠡᠭᠡ ᠪᠠᠶᠢᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠳᠤ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠃ | | 2020 ᠣᠨ ᠤ 6 ᠳ᠋ᠤᠭᠠᠷ ᠰᠠᠷ᠎ᠠ ᠶᠢᠨ 3 ᠤ ᠡᠳᠦᠷ | | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | |