ᠥᠪᠥᠷ ᠮᠣᠩᠭᠤᠯ ᠤᠨ ᠳᠤᠮᠳᠠ ᠪᠠᠷᠠᠭᠤᠨ ᠪᠡᠶ᠎ᠡ ᠶᠢᠨ ᠭᠠᠵᠠᠷ ᠣᠷᠣᠨ ᠠᠴᠠ ᠪᠡᠭᠡᠵᠢᠩ ᠳᠤ ᠣᠷᠣᠬᠤ ᠳᠡᠭᠡᠳᠦ ᠬᠤᠷᠳᠤ ᠶᠢᠨ ᠭᠠᠯᠲᠤ ᠲᠡᠷᠭᠡ ᠡᠳᠦᠷ ᠪᠦᠷᠢ 52 ᠡᠭᠡᠯᠵᠢ ᠶᠢᠨ ᠠᠶᠠᠯᠠᠯ ᠢᠶᠠᠨ ᠰᠡᠷᠭᠦᠭᠡᠪᠡ
ᠨᠡᠶᠢᠲᠡᠯᠡᠭᠰᠡᠨ ᠴᠠᠭ᠄
2020/8/5
 
     7 ᠳ᠋ᠤᠭᠠᠷ ᠰᠠᠷ᠎ᠠ ᠶᠢᠨ 31᠎ ᠤ ᠡᠳᠦᠷ᠂ ᠲᠠᠯ᠎ᠠ ᠨᠤᠲᠤᠭ ᠤᠨ ᠳᠡᠭᠡᠳᠦ ᠬᠤᠷᠳᠤ ᠶᠢᠨ ᠭᠠᠯᠲᠤ ᠲᠡᠷᠭᠡ ᠴᠢ ᠰᠢᠶᠠ ᠶᠢᠩ ᠥᠷᠲᠡᠭᠡ ᠶᠢᠨ ᠣᠶᠢᠷᠠᠯᠴᠠᠭ᠎ᠠ ᠠᠶᠠᠯᠠᠵᠤ ᠪᠠᠶᠢᠭ᠎ᠠ ᠨᠢ᠃      ᠵᠤᠨ ᠤ ᠠᠮᠠᠷᠠᠯᠲᠠ ᠶᠢᠨ ᠵᠥᠭᠡᠭᠡᠪᠦᠷᠢ ᠠᠴᠠ ᠨᠠᠭᠠᠰᠢ᠂ ᠪᠡᠭᠡᠵᠢᠩ ᠲᠢᠶᠠᠨᠵᠢᠨ ᠾᠧᠪᠧᠶ᠂ ᠤᠮᠠᠷᠠᠲᠤ ᠣᠷᠣᠨ ᠪᠣᠯᠤᠨ ᠳᠣᠷᠣᠨᠠᠲᠤ ᠣᠷᠣᠨ ᠵᠡᠷᠭᠡ ᠭᠠᠵᠠᠷ ᠣᠷᠣᠨ ᠠᠴᠠ ᠥᠪᠥᠷ ᠮᠣᠩᠭᠤᠯ ᠤᠨ ᠳᠤᠮᠳᠠ ᠪᠠᠷᠠᠭᠤᠨ ᠪᠡᠶ᠎ᠡ ᠶᠢᠨ ᠭᠠᠵᠠᠷ ᠣᠷᠣᠨ ᠳᠤ ᠣᠴᠢᠬᠤ ᠭᠠᠯᠲᠤ ᠲᠡᠷᠭᠡᠨ ᠠᠶᠠᠨᠴᠢᠳ ᠲᠦᠷᠭᠡᠨ ᠨᠡᠮᠡᠭᠳᠡᠵᠦ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠶᠢᠨ ᠬᠠᠮᠢᠶᠠᠷᠤᠯᠲᠠ ᠶᠢᠨ ᠳᠣᠲᠣᠷᠠᠬᠢ ᠡᠳᠦᠷ ᠪᠦᠷᠢ ᠶᠢᠨ ᠳᠤᠮᠳᠠᠴᠢ ᠠᠶᠠᠨᠴᠢᠳ ᠤᠨ ᠲᠤᠭ᠎ᠠ ᠨᠢ ᠲᠦᠷᠦᠭᠦᠤ ᠰᠠᠷ᠎ᠠ ᠶᠢᠨ ᠬᠢ ᠠᠴᠠ 15%᠎ ᠠᠴᠠ ᠳᠡᠭᠡᠭᠰᠢ ᠨᠡᠮᠡᠭᠳᠡᠵᠡᠶ᠃ ᠢᠯᠠᠩᠭᠤᠶ᠎ᠠ ᠪᠡᠭᠡᠵᠢᠩ ᠳᠤ ᠣᠷᠣᠬᠤ ᠳᠡᠭᠡᠳᠦ ᠬᠤᠷᠳᠤ ᠶᠢᠨ ᠲᠡᠮᠦᠷ ᠵᠠᠮ ᠤᠨ ᠭᠠᠯᠲᠤ ᠲᠡᠷᠭᠡᠨ ᠳᠤ ᠰᠠᠭᠤᠬᠤ ᠨᠤᠷᠮ᠎ᠠ 70%᠎ ᠶᠢ ᠳᠠᠪᠠᠵᠠᠢ᠃ ᠠᠶᠠᠨᠴᠢᠳ ᠤᠨ ᠭᠠᠳᠠᠭᠰᠢ ᠭᠠᠷᠬᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠲᠤᠰ ᠡᠳᠦᠷ ᠠᠴᠠ ᠡᠬᠢᠯᠡᠨ᠂ ᠬᠥᠬᠡᠬᠤᠲᠠ᠂ ᠪᠤᠭᠤᠲᠤ᠂ ᠤᠯᠠᠭᠠᠨᠴᠠᠪ ᠭᠤᠷᠪᠠᠨ ᠭᠠᠵᠠᠷ ᠬᠢᠭᠡᠳ ᠪᠡᠭᠡᠵᠢᠩ ᠤᠨ ᠬᠤᠭᠤᠷᠣᠨᠳᠣᠬᠢ ᠳᠡᠭᠡᠳᠦ ᠬᠤᠷᠳᠣ ᠶᠢᠨ ᠲᠡᠮᠦᠷ ᠵᠠᠮ ᠤᠨ ᠭᠠᠯᠲᠤ ᠲᠡᠷᠭᠡ ᠡᠳᠦᠷ ᠪᠦᠷᠢ 52 ᠡᠭᠡᠯᠵᠢ ᠠᠶᠠᠯᠠᠬᠤ ᠢᠶᠠᠨ ᠰᠡᠷᠭᠦᠭᠡᠭᠰᠡᠨ ᠪᠦᠭᠡᠳ ᠳ᠋ᠦᠩᠱᠧᠩ ᠤᠨ ᠪᠠᠷᠠᠭᠤᠨ ᠥᠷᠲᠡᠭᠡ ᠪᠣᠯᠤᠨ ᠪᠡᠭᠡᠵᠢᠩ ᠤᠨ ᠪᠠᠷᠠᠭᠤᠨ ᠥᠷᠲᠡᠭᠡ ᠶᠢᠨ ᠬᠤᠭᠤᠷᠣᠨᠳᠣᠬᠢ K573/4 ᠡᠭᠡᠯᠵᠢ ᠶᠢᠨ ᠭᠠᠯᠲᠤ ᠲᠡᠷᠭᠡ ᠠᠶᠠᠯᠠᠯ ᠢᠶᠠᠨ ᠰᠡᠷᠭᠦᠭᠡᠪᠡ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号