ᠡᠸᠦ ᠶᠠᠩ ᠰᠢᠶᠤᠤ ᠬᠤᠢ ᠠᠭᠠᠷ ᠤᠨ ᠴᠡᠷᠢᠭ ᠤᠨ ᠠᠭᠠᠷ ᠠᠶᠠᠯᠠᠯ ᠤᠨ ᠴᠡᠷᠢᠭ ᠤᠨ ᠨᠢᠭᠡᠨ ᠴᠡᠷᠢᠭ ᠠᠩᠬᠢ ᠎ ᠶᠢ ᠲᠣᠬᠤᠨᠢᠭᠤᠯᠬᠤ ᠳᠠᠭᠠᠨ ᠴᠢᠬᠤᠯᠠᠴᠢᠯᠠᠭᠰᠠᠨ ᠨᠢ ᠢᠲᠡᠭᠡᠯ ᠵᠣᠷᠢᠭ ᠢᠶᠠᠨ ᠪᠠᠲᠤᠳᠬᠠᠵᠤ ᠡᠷᠴᠢ ᠵᠣᠷᠢᠭ ᠎ ᠢᠶᠠᠨ ᠬᠦᠪᠴᠢᠯᠡᠵᠦ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠲᠤ ᠴᠤᠬᠴᠠᠯᠠᠬᠤ ᠬᠡᠷᠡᠭᠲᠡᠢ
ᠨᠡᠶᠢᠲᠡᠯᠡᠭᠰᠡᠨ ᠴᠠᠭ᠄
2020/8/5
     8 ᠰᠠᠷ᠎ᠠ ᠶᠢᠨ 3᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠡᠸᠤ ᠶᠠᠩ ᠰᠢᠶᠣᠤ ᠬᠤᠢ ᠠᠭᠠᠷ ᠤᠨ ᠴᠡᠷᠢᠭ ᠤᠨ ᠠᠭᠠᠷ ᠠᠶᠠᠯᠠᠯ ᠤᠨ ᠴᠡᠷᠢᠭ ᠤᠨ ᠨᠢᠭᠡᠨ ᠴᠡᠷᠢᠭ ᠠᠩᠭᠢ ᠳᠤ ᠬᠦᠷᠴᠦ ᠴᠡᠷᠢᠭ ᠠᠩᠭᠢ ᠎ ᠶᠢᠨ ᠳᠠᠷᠤᠭ᠎ᠠ ᠪᠠᠶᠢᠯᠳᠤᠭᠴᠢᠳ ᠢ ᠪᠣᠯᠭᠤᠭᠠᠨ ᠲᠣᠬᠤᠨᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠲᠡᠳᠡᠨ ᠳᠤ ᠳᠣᠲᠣᠨᠣ ᠮᠡᠨᠳᠦᠴᠢᠯᠡᠯ ᠬᠦᠷᠭᠡᠵᠦ᠂ ᠲᠡᠳᠡᠨ ᠤ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃      ᠡᠸᠤ ᠶᠠᠩ ᠰᠢᠶᠣᠤ ᠬᠤᠢ ᠳᠠᠷᠤᠭ᠎ᠠ ᠪᠠᠶᠢᠯᠳᠤᠭᠴᠢᠳ ᠲᠠᠢ ᠳᠣᠲᠣᠨᠣ ᠪᠠᠷ ᠶᠠᠷᠢᠯᠴᠠᠵᠤ᠂ ᠴᠡᠷᠢᠭ ᠠᠩᠭᠢ ᠶᠢᠨ ᠪᠠᠶᠢᠯᠳᠤᠭᠴᠢᠳ ᠤᠨ ᠴᠡᠷᠢᠭ ᠪᠤᠯᠪᠠᠰᠤᠷᠠᠭᠤᠯᠵᠤ ᠳᠠᠶᠢᠨ ᠳᠤ ᠪᠡᠯᠡᠳᠭᠡᠬᠦ᠂ ᠪᠣᠯᠪᠠᠰᠤᠷᠠᠯ ᠠᠮᠢᠳᠤᠷᠠᠯ ᠵᠡᠷᠭᠡ ᠪᠠᠶᠢᠳᠠᠯ ᠢ ᠣᠶᠢᠯᠠᠭᠠᠵᠤ᠂ ᠲᠡᠳᠡᠨ ᠢ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠦᠨᠡᠨ ᠪᠠᠶᠢᠯᠳᠤᠭᠠᠨᠴᠢᠯᠡᠬᠰᠠᠨ ᠴᠡᠷᠢᠭ ᠤᠨ ᠪᠣᠯᠪᠠᠰᠤᠷᠠᠯ ᠢ ᠤᠯᠠᠮ ᠴᠢᠨᠠᠬᠰᠢᠲᠠ ᠴᠢᠩᠭᠠᠳᠬᠠᠵᠤ᠂ ᠴᠡᠷᠢᠭ ᠪᠣᠯᠪᠠᠰᠤᠷᠠᠭᠤᠯᠵᠤ ᠳᠠᠶᠢᠨ ᠳᠤ ᠪᠡᠯᠡᠳᠬᠡᠬᠦ ᠶᠠᠰᠤ ᠴᠢᠨᠠᠷ ᠪᠠ ᠲᠦᠪᠰᠢᠨ ᠢᠶᠠᠨ ᠳᠡᠭᠡᠭᠰᠢᠯᠡᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠲᠤ ᠴᠤᠬᠴᠠᠯᠠᠵᠤ᠂ ᠥᠪᠥᠷ ᠮᠣᠩᠭᠤᠯ ᠤᠨ ᠠᠵᠤ ᠠᠬᠤᠶ ᠎ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤᠯᠠᠭ᠎ᠠ ᠬᠠᠩᠭᠠᠬᠤ ᠶᠢ ᠵᠤᠷᠢᠬᠵᠢᠭᠤᠯᠪᠠ᠃      ᠡᠸᠦ ᠶᠠᠩ ᠰᠢᠶᠣᠤ ᠬᠤᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ ᠶᠢᠨ ᠪᠠᠶᠢᠭᠤᠯᠤᠯᠲᠠ ᠳᠤ ᠦᠢᠯᠡᠴᠢᠯᠡᠬᠦ ᠶᠢ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠪᠣᠯᠭᠠᠬᠤ ᠶᠢ ᠪᠠᠷᠢᠮᠲᠠᠯᠠᠵᠤ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠡᠯ᠎ᠡ ᠲᠦᠷᠦᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠣᠯᠠᠨ ᠶᠠᠩᠵᠤᠯᠠᠭᠰᠠᠨ ᠴᠡᠷᠢᠭ ᠤᠨ ᠶᠠᠪᠤᠳᠠᠯ ᠤᠨ ᠡᠭᠦᠷᠭᠡ ᠶᠢ ᠪᠡᠶᠡᠯᠡᠭᠦᠯᠬᠦ ᠳᠤ ᠢᠳᠡᠪᠬᠢᠲᠡᠶ ᠬᠠᠮᠵᠢᠯᠴᠠᠵᠤ᠂ ᠠᠷᠤ ᠲᠠᠯ᠎ᠠ ᠎ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠴᠡᠷᠢᠭ ᠤᠨ ᠬᠥᠮᠦᠨ ᠪᠠ ᠴᠡᠷᠢᠭ ᠤᠨ ᠭᠡᠷ ᠪᠦᠯᠢ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠥᠷᠭᠡᠨ ᠣᠯᠠᠨ ᠳᠠᠷᠤᠭ᠎ᠠ ᠪᠠᠶᠢᠯᠳᠤᠭᠴᠢᠳ ᠤᠨ ᠬᠠᠷᠢᠶᠠᠯᠠᠬᠳᠠᠬᠤᠢ ᠲᠦᠷᠦᠭᠳᠡᠯ᠂ ᠬᠦᠷᠲᠡᠮᠵᠢ ᠶᠢᠨ ᠲᠥᠷᠥᠭᠳᠡᠯ ᠪᠠ ᠣᠮᠤᠭ ᠪᠠᠭ᠋ᠠᠳᠤᠯᠲᠤ ᠰᠡᠳᠬᠢᠯᠭᠡ ᠪᠠᠨ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号