ᠮᠠᠨ ᠤ ᠣᠷᠣᠨ ᠤ ᠲᠠᠪᠤᠨ ᠵᠦᠢᠯ ᠤᠨ ᠠᠷᠭ᠎ᠠ ᠬᠡᠮᠵᠢᠶ᠎ᠡ ᠠᠪᠴᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠡᠷᠭᠦᠨ ᠬᠥᠭᠵᠢᠬᠦ ᠳᠤ ᠳᠡᠮᠵᠢᠯᠭᠡ ᠦᠵᠡᠭᠦᠯᠵᠦ ᠪᠣᠢ
ᠨᠡᠶᠢᠲᠡᠯᠡᠭᠰᠡᠨ ᠴᠠᠭ᠄
2020/8/5
     ᠪᠦᠬᠦ ᠣᠷᠣᠨ ᠤ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠤᠨ ᠨᠥᠯᠥᠭᠡ ᠶᠢ ᠢᠯᠠᠨ ᠳᠠᠪᠠᠭ᠋ᠤ ᠶᠢ ᠳᠡᠮᠵᠢᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠡᠷᠭᠦᠭᠡᠨ ᠬᠥᠭᠵᠢᠬᠦ ᠶᠢ ᠲᠥᠷᠭᠡᠳᠬᠡᠬᠦ ᠶᠢᠨ ᠲᠤᠰᠠᠳᠠ᠂ 7 ᠳ᠋ᠤᠭᠠᠷ ᠰᠠᠷ᠎ᠠ ᠶᠢᠨ 30᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠢᠵᠢᠭ ᠤᠨ ᠪᠠᠶᠢᠳᠠᠯ ᠢ ᠢᠯᠠᠨ ᠳᠠᠪᠠᠵᠤ ᠰᠡᠷᠭᠦᠭᠡᠨ ᠬᠥᠭᠵᠢᠬᠦ ᠶᠢ ᠲᠦᠷᠭᠡᠳᠬᠡᠬᠦ ᠲᠤᠬᠠᠶ ᠠᠯᠢ ᠣᠯᠠᠨ ᠠᠷᠭ᠎ᠠ ᠬᠡᠮᠵᠢᠶ᠎ᠡ︾᠎ ᠶᠢ ᠳᠠᠷᠤᠮᠠᠯᠯᠠᠨ ᠲᠠᠷᠬᠠᠭᠠᠪᠠ᠃      ᠠᠷᠭ᠎ᠠ ᠬᠡᠮᠵᠢᠶ᠎ᠡ ᠳᠤ ᠲᠠᠪᠤᠨ ᠲᠠᠯ᠎ᠠ ᠶᠢᠨ ᠠᠭᠤᠯᠭ᠎ᠠ ᠪᠠᠭᠲᠠᠨ᠎ᠠ᠃ ᠨᠢᠭᠡ ᠳᠤ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠬᠤ᠂ ᠭᠡᠷ ᠤᠨ ᠲᠦᠷᠢᠶᠡᠰᠦ ᠶᠢ ᠬᠠᠰᠤᠵᠤ ᠬᠡᠯᠲᠦᠷᠢᠭᠦᠯᠬᠦ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠬᠤ᠂ ᠠᠵᠤ ᠠᠬᠤᠶᠢᠯᠠᠯ ᠤᠨ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠵᠡᠷᠭᠡ ᠪᠣᠯᠤᠨ᠎ᠠ᠃ 2020 ᠣᠨ ᠳᠤ᠂ ᠠᠶᠢᠮᠠᠭ ᠬᠤᠲᠠ ᠶᠢ ᠵᠣᠷᠢᠭᠵᠢᠭᠤᠯᠤᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠲᠦᠷᠢᠶᠡᠰᠦᠯᠡᠭᠰᠡᠨ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠡᠵᠡᠩᠨᠡᠯᠲᠡ ᠶᠢᠨ ᠴᠢᠨᠠᠷᠲᠠᠶ ᠭᠡᠷ ᠭᠠᠵᠠᠷ ᠬᠦᠷᠦᠩᠭᠡ ᠶᠢᠨ ᠳᠣᠤᠷ᠎ᠠ ᠬᠠᠭᠠᠰ ᠵᠢᠯ ᠤᠨ ᠭᠡᠷ ᠤᠨ ᠲᠦᠷᠢᠶᠡᠰᠦ ᠶᠢ ᠬᠠᠰᠤᠵᠤ ᠬᠡᠯᠲᠦᠷᠢᠭᠦᠯᠤᠨ᠎ᠠ᠃ ᠬᠤᠶᠠᠷ ᠲᠤ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠨᠡᠮᠡᠭᠳᠡᠭᠦᠯᠵᠦ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠥᠪᠡᠷ ᠤᠨ ᠥᠷᠲᠡᠭ ᠢ ᠪᠠᠭᠤᠷᠠᠭᠤᠯᠤᠨ᠂ ᠠᠵᠤ ᠠᠬᠤᠶᠢᠯᠠᠯ ᠤᠨ ᠵᠢᠭᠡᠯᠡᠯᠭᠡ ᠳᠤ ᠳᠠᠮ ᠬᠦᠤ ᠥᠭᠬᠦ ᠡᠷᠴᠢᠮ ᠢ ᠴᠢᠩᠭᠠᠷᠠᠭᠤᠯᠤᠨ᠎ᠠ᠃ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠣᠨ ᠤ ᠰᠢᠨ᠎ᠡ ᠪᠠᠷ ᠨᠡᠮᠡᠭᠳᠡᠭᠰᠡᠨ ᠭᠦᠢᠯᠭᠡᠭᠡᠨ ᠤ ᠪᠡᠯᠡ ᠮᠦᠩᠭᠦ ᠶᠢᠨ ᠵᠢᠭᠡᠯᠡᠯᠭᠡ ᠳᠤ 50%᠎ ᠪᠠᠷ ᠳᠠᠮ ᠬᠦᠤ ᠥᠭᠭᠦᠨ᠎ᠡ ︵ᠳᠠᠮ ᠬᠦᠤ ᠶᠢᠨ ᠨᠣᠷᠮ᠎ᠠ ᠶᠢ 5%᠎ ᠠᠴᠠ ᠬᠡᠲᠦᠷᠡᠭᠦᠯᠬᠦ ᠦᠭᠡᠶ︶᠃ ᠭᠤᠷᠪᠠ ᠳᠤ ᠵᠢᠭᠤᠯᠴᠢᠯᠠᠯ ᠤᠨ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠨᠦᠭᠦᠴᠡᠯ ᠢ ᠪᠤᠢ ᠪᠣᠯᠭᠠᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠰᠢᠨ᠎ᠡ ᠭᠢᠯᠠᠰ ᠴᠡᠭ ᠢ ᠡᠭᠦᠳᠦᠨ᠎ᠡ᠃ ᠲᠦᠷᠪᠡ ᠳᠤ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠲᠠᠯᠳᠠ ᠬᠦᠴᠦᠨ ᠢ ᠬᠥᠭᠵᠢᠭᠡᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠭᠦᠳᠡᠨ ᠪᠢᠯᠧᠲ ᠢ ᠬᠠᠰᠤᠵᠤ ᠬᠡᠯᠲᠦᠷᠢᠭᠦᠯᠦᠨ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠡᠷᠡᠭᠯᠡᠭᠡ ᠶᠢ ᠬᠥᠭᠵᠢᠭᠡᠨ᠎ᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠵᠠᠰᠠᠬᠤ ᠳᠤ ᠣᠷᠤᠯᠴᠠᠭᠰᠠᠨ ᠡᠮᠦᠨ᠎ᠡ ᠹᠷᠣᠨᠲ ᠤᠨ ᠡᠮᠨᠡᠯᠭᠡ ᠶᠢᠨ ᠠᠵᠢᠯᠲᠠᠳ 2020 ᠣᠨ ᠳᠤ A ᠲᠠᠰ ᠠᠴᠠ ᠳᠡᠭᠡᠭᠰᠢᠬᠢ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠵᠢᠭᠤᠯᠴᠢᠯᠠᠬᠤ ᠳᠤ ᠴᠥᠮ ᠡᠭᠦᠳᠡᠨ ᠪᠢᠯᠧᠲ ᠤᠨ ᠰᠦᠢᠳᠬᠡᠯ ᠬᠤᠷᠢᠶᠠᠬᠤ ᠦᠭᠡᠢ︔ ᠡᠨᠡ ᠵᠢᠯ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠪᠠ ᠦᠨᠳᠦᠷ ᠳᠤᠮᠳᠠᠳᠤ ᠳᠤ ᠳᠠᠪᠰᠢᠬᠤ ᠰᠢᠯᠭᠠᠯᠲᠠ ᠳᠤ ᠣᠷᠣᠯᠴᠠᠭᠰᠠᠨ ᠰᠤᠷᠤᠭᠴᠢᠳ ᠡᠨᠡ ᠵᠢᠯ A ᠲᠠᠰ ᠠᠴᠠ ᠳᠡᠭᠡᠭᠰᠢᠬᠢ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠵᠢᠭᠤᠯᠴᠢᠯᠠᠬᠤ ᠳᠤ ᠴᠥᠮ ᠡᠭᠦᠳᠡᠨ ᠪᠢᠯᠧᠲ ᠤᠨ ᠰᠦᠢᠳᠬᠡᠯ ᠬᠤᠷᠢᠶᠠᠬᠤ ᠦᠭᠡᠢ︔ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠶᠢ ᠬᠡᠷᠡᠭᠵᠢᠭᠦᠯᠵᠦ ᠪᠠᠶᠢᠭ᠎ᠠ A ᠳᠡᠰ ᠠᠴᠠ ᠳᠡᠭᠡᠭᠰᠢᠬᠢ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠨᠡ ᠵᠢᠯ ᠤᠨ ᠡᠭᠦᠳᠡᠨ ᠪᠢᠯᠧᠲ ᠤᠨ ᠦᠨ᠎ᠡ ᠶᠢ ᠴᠥᠮ 50%᠎ ᠪᠠᠷ ᠬᠠᠰᠤᠵᠤ ᠬᠡᠯᠲᠦᠷᠢᠭᠦᠯᠦᠨ᠎ᠡ᠃ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢᠨ ᠦᠨ᠎ᠡ ᠶᠢ ᠬᠡᠷᠡᠭᠵᠢᠭᠦᠯᠵᠦ ᠪᠠᠶᠢᠭ᠎ᠠ A ᠲᠠᠰ ᠠᠴᠠ ᠳᠡᠭᠡᠭᠰᠢᠬᠢ ᠵᠢᠭᠤᠯᠴᠢᠯᠠᠯ ᠤᠨ ᠦᠵᠡᠮᠵᠢ ᠶᠢᠨ ᠣᠷᠣᠨ ᠡᠭᠦᠳᠡᠨ ᠪᠢᠯᠧᠲ ᠤᠨ ᠬᠠᠷᠠᠭᠠᠯᠵᠠᠯ ᠢ ᠯᠠᠪᠯᠠᠯᠲᠠ ᠪᠣᠯᠭᠠᠨ ᠬᠡᠷᠡᠭᠵᠢᠭᠦᠯᠬᠦ ᠶᠢ ᠨᠢ ᠵᠣᠷᠢᠭᠵᠢᠭᠤᠯᠤᠨ᠎ᠠ︔ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ᠵᠣᠬᠢᠶᠠᠨ ᠪᠠᠶᠢᠭᠤᠯᠤᠭᠰᠠᠨ ᠵᠢᠭᠤᠯᠴᠢᠯᠠᠯ ᠤᠨ ᠪᠦᠯᠬᠦᠮ ᠤᠨ ᠦᠵᠡᠮᠵᠢ ᠶᠢᠨ ᠣᠷᠣᠨ ᠤ ᠡᠭᠦᠳᠡᠨ ᠪᠢᠯᠧᠲ ᠢ ᠪᠦᠬᠦᠨ ᠢ ᠬᠡᠯᠲᠦᠷᠢᠭᠦᠯᠦᠨ᠎ᠡ᠃ ᠬᠡᠯᠲᠦᠷᠢᠭᠦᠯᠬᠦ ᠬᠡᠰᠡᠭ ᠢ ᠡᠯ᠎ᠡ ᠱᠠᠲᠤᠨ ᠤ ᠡᠳ᠋ ᠤᠨ ᠵᠠᠰᠠᠭ ᠠᠴᠠ ᠨᠥᠬᠦᠪᠥᠷᠢᠯᠡᠨ᠎ᠡ᠃ ᠲᠠᠪᠤ ᠳᠤ᠂ ᠵᠢᠭᠤᠯᠴᠢᠯᠠᠯ ᠤᠨ ᠤᠬᠠᠭᠤᠯᠭ᠎ᠠ ᠳᠡᠯᠭᠡᠷᠡᠭᠦᠯᠦᠯᠲᠡ ᠶᠢ ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠳᠦᠷᠢ ᠲᠥᠷᠬᠦ ᠶᠢᠨ ᠨᠡᠷᠡᠳᠬᠦᠨ ᠢ ᠡᠭᠦᠳᠴᠦ᠂ ᠢᠨᠲ᠋ᠧᠷ ᠰᠦᠯᠵᠢᠶᠡᠨ ᠤ ᠰᠢᠨ᠎ᠡ ᠵᠠᠭᠤᠴᠢᠯᠠᠭᠤᠷ ᠤᠨ ᠤᠬᠠᠭᠤᠯᠭ᠎ᠠ ᠶᠢ ᠰᠠᠶᠢᠲᠤᠷ ᠠᠰᠢᠭᠯᠠᠬᠤ ᠶᠢᠨ ᠬᠠᠮᠲᠤ ᠲᠤᠰᠬᠠᠢ ᠡᠵᠡᠩᠨᠡᠨ ᠪᠣᠷᠣᠯᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠡᠷᠡᠲᠦ ᠵᠢᠭᠤᠯᠴᠢᠯᠠᠯ ᠤᠨ ᠬᠤᠳᠠᠯᠳᠤᠭᠠᠴᠢᠨ᠂ ᠨᠥᠯᠥᠭᠡᠯᠡᠬᠦ ᠬᠦᠴᠦᠨ ᠲᠠᠢ ᠲᠤᠰᠬᠠᠶ ᠮᠡᠷᠭᠡᠵᠢᠯᠲᠡᠳ᠂ ᠵᠢᠭᠤᠯᠴᠢᠯᠠᠭᠴᠢᠳ ᠢ ᠮᠠᠨ ᠤ ᠣᠷᠣᠨ ᠳᠤ ᠤᠷᠢᠨ ᠰᠣᠨᠢᠷᠬᠠᠭᠤᠯᠵᠤ᠂ ᠮᠠᠨ ᠤ ᠣᠷᠣᠨ ᠤ ᠵᠢᠭᠤᠯᠴᠢᠯᠠᠯ ᠤᠨ ᠲᠠᠲᠠᠬᠤ ᠬᠦᠴᠦᠨ ᠎ ᠢ ᠳᠡᠭᠡᠭᠰᠢᠯᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号