ᠱᠢ ᠲᠠᠢ ᠹᠧᠩ ᠤᠯᠤᠰ ᠤᠨ ᠴᠠᠬᠢᠯᠭᠠᠨ ᠬᠦᠴᠦᠨ ᠤ ᠪᠡᠯᠡ ᠤᠷᠤᠭᠤᠯᠤᠯᠳᠠ ᠶᠢᠨ ᠪᠦᠯᠦᠭᠯᠡᠯ ᠤᠨ ᠬᠢᠵᠠᠭᠠᠷᠳᠦ ᠺᠤᠮᠫᠠᠨᠢ ᠶᠢᠨ ᠭᠡᠷᠡᠭ ᠮᠡᠳᠡᠭᠴᠢᠳ ᠤᠨ ᠳᠠᠷᠤᠭ᠎ᠠ ᠴᠢᠶᠠᠨ ᡁᠢ ᠮᠢᠨ ᠲᠠᠢ ᠠᠭᠤᠯᠵᠠᠵᠠᠢ
ᠨᠡᠶᠢᠲᠡᠯᠡᠭᠰᠡᠨ ᠴᠠᠭ᠄
2020/8/5
     8 ᠰᠠᠷ᠎ᠠ ᠶᠢᠨ 4᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠎ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠦᠬᠡᠬᠤᠳᠠ ᠳᠤ ᠤᠯᠤᠰ ᠤᠨ ᠴᠠᠬᠢᠯᠭᠠᠨ ᠬᠦᠴᠦᠨ ᠤ ᠪᠡᠯᠡ ᠤᠷᠤᠭᠤᠯᠤᠯᠳᠠ ᠶᠢᠨ ᠪᠦᠯᠦᠭᠯᠡᠯ ᠤᠨ ᠬᠢᠵᠠᠭᠠᠷᠳᠦ ᠺᠤᠮᠫᠠᠨᠢ ᠶᠢᠨ ᠭᠡᠷᠡᠭ ᠮᠡᠳᠡᠭᠴᠢᠳ ᠤᠨ ᠳᠠᠷᠤᠭ᠎ᠠ ᠴᠢᠶᠠᠨ ᡁᠢ ᠮᠢᠨ ᠲᠠᠢ ᠠᠭᠤᠯᠵᠠᠪᠠ᠃      ᠴᠢᠶᠠᠨ ᡁᠢ ᠮᠢᠨ ᠨᠠᠷ ᠤᠨ ᠬᠦᠷᠴᠦ ᠢᠷᠡᠭᠰᠡᠨ ᠢ ᠱᠢ ᠲᠠᠢ ᠹᠧᠩ ᠪᠠᠶᠠᠷᠯᠠᠨ ᠤᠬᠳᠤᠵᠦ ᠪᠠᠶᠢᠬᠤ ᠪᠠᠨ ᠢᠯᠡᠳᠭᠡᠵᠦ᠂ ᠤᠯᠤᠰ ᠤᠨ ᠴᠠᠬᠢᠯᠭᠠᠨ ᠬᠦᠴᠦᠨ ᠤ ᠪᠡᠯᠡ ᠤᠷᠤᠭᠤᠯᠤᠯᠳᠠ ᠶᠢᠨ ᠪᠦᠯᠦᠭᠯᠡᠯ ᠤᠨ ᠬᠢᠵᠠᠭᠠᠷᠳᠦ ᠺᠤᠮᠫᠠᠨᠢ ᠶᠢᠨ ᠥᠪᠦᠷ ᠮᠤᠩᠭᠤᠯ ᠳᠤ ᠳᠡᠮᠵᠢᠯᠭᠡ ᠦᠵᠡᠬᠦᠯᠦᠭᠰᠡᠨ ᠳᠤ ᠲᠠᠯᠠᠷᠬᠠᠵᠦ ᠪᠠᠶᠢᠬᠤ ᠪᠠᠨ ᠢᠯᠡᠳᠭᠡᠬᠦ ᠶᠢᠨ ᠬᠠᠮᠳᠦ᠂ ᠥᠪᠦᠷ ᠮᠤᠩᠭᠤᠯ ᠤᠨ ᠦᠨᠳᠦᠰᠦᠨ ᠪᠠᠶᠢᠳᠠᠯ ᠵᠢᠴᠢ ᠤᠳᠤ ᠦᠶ᠎ᠠ ᠶᠢᠨ ᠡᠨᠧᠷᠬᠢ ᠶᠢᠨ ᠠᠵᠤ ᠠᠬᠤᠢ ᠶᠢᠨ ᠬᠦᠭᠵᠢᠯᠳᠠ ᠶᠢᠨ ᠪᠠᠶᠢᠳᠠᠯ ᠢ ᠲᠦᠬᠦᠮ ᠲᠠᠨᠢᠯᠴᠠᠭᠤᠯᠵᠠᠢ᠃ ᠬᠤᠶᠠᠷ ᠲᠠᠯ᠎ᠠ ᠪᠠᠷ ᠢᠶᠠᠨ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠭᠡᠢ ᠬᠦᠭᠵᠢᠯᠳᠠ ᠪᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠦ᠂ ᠪᠤᠳᠠᠳᠠᠢ ᠶᠢ ᠡᠷᠬᠢᠮᠯᠡᠭᠰᠡᠨ ᠬᠠᠮᠳᠤᠷᠠᠯᠴᠠᠭ᠎ᠠ ᠪᠠᠨ ᠦᠷᠬᠦᠯᠵᠢᠯᠡᠨ ᠬᠦᠨᠵᠡᠭᠡᠶᠢᠷᠡᠬᠦᠯᠵᠦ᠂ ᠬᠠᠮᠳᠤᠷᠠᠯᠴᠠᠭᠠᠨ ᠤ ᠬᠦᠷᠢᠶ᠎ᠠ ᠶᠢ ᠳᠠᠰᠤᠷᠠᠯᠳᠠ ᠦᠭᠡᠢ ᠦᠷᠭᠡᠵᠢᠬᠦᠯᠦᠨ᠂ ᠠᠰᠢᠬᠳᠠᠢ ᠠᠵᠠ ᠲᠤᠬᠢᠶᠠᠯ ᠢ ᠠᠮᠵᠢᠨ ᠪᠡᠯᠡ ᠤᠷᠤᠭᠤᠯᠤᠯᠳᠠ ᠶᠢᠨ ᠡᠷᠴᠢᠮ ᠢᠶᠠᠨ ᠨᠡᠮᠡᠭᠳᠡᠬᠦᠯᠵᠦ᠂ ᠡᠯ᠎ᠠ ᠵᠦᠢᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠠᠬᠢᠴᠠ ᠶᠢ ᠲᠦᠷᠭᠡᠳᠭᠡᠨ᠂ ᠬᠤᠶᠠᠷ ᠲᠠᠯ᠎ᠠ ᠶᠢᠨ ᠬᠠᠮᠳᠤᠷᠠᠯᠴᠠᠭ᠎ᠠ ᠨᠡᠩ ᠶᠡᠭᠡ ᠦᠷ᠎ᠠ ᠪᠦᠳᠦᠮᠵᠢ ᠤᠯᠬᠤ ᠶᠢ ᠠᠬᠢᠭᠤᠯᠤᠨ᠎ᠠ ᠭᠡᠵᠦ ᠢᠯᠡᠳᠭᠡᠵᠡᠢ᠃      ᠦᠪᠡᠷᠲᠡᠭᠡᠨ ᠵᠠᠰᠠᠬᠤ ᠤᠷᠤᠨ ᠤ ᠤᠳᠤᠷᠢᠳᠤᠯᠭ᠎ᠠ ᠵᠠᠩ ᠱᠤᠤ ᠴᠦᠨ᠂ ᠠᠢ ᠯᠢ ᠬᠤᠸᠠ ᠵᠢᠴᠢ ᠬᠤᠯᠪᠤᠭᠳᠠᠯ ᠪᠦᠬᠦᠢ ᠭᠠᠵᠠᠷ ᠤᠷᠤᠨ ᠪᠠ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠠᠭᠤᠯᠵᠠᠯᠳᠠ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号