8 ᠰᠠᠷ᠎ᠠ ᠶᠢᠨ 4 ᠤ ᠡᠳᠦᠷ᠂ ᠰᠤᠷᠪᠤᠯᠵᠢᠯᠠᠭᠴᠢ ᠠᠷᠪᠠᠨ ᠳᠤᠯᠤᠳᠤᠭᠠᠷ ᠬᠤᠭᠤᠴᠠᠭᠠᠨ ᠤ ᠳᠤᠮᠳᠠᠳᠤ | ᠤᠯᠤᠰ · ᠦᠪᠦᠷ ᠮᠤᠩᠭᠤᠯ ᠤᠨ ᠲᠠᠯ᠎ᠠ ᠨᠤᠲᠤᠭ ᠤᠨ ᠰᠤᠶᠤᠯ ᠤᠨ ᠨᠠᠶᠢᠷ ᠤᠨ ᠰᠤᠨᠢᠨ ᠮᠡᠳᠡᠭᠡ ᠨᠡᠶᠢᠳᠡᠯᠡᠬᠦ | ᠬᠤᠷᠠᠯ ᠠᠴᠠ ᠤᠢᠢᠯᠠᠭᠠᠭᠰᠠᠨ ᠢᠶᠠᠷ᠂ ᠠᠷᠪᠠᠨ ᠳᠤᠯᠤᠳᠤᠭᠠᠷ ᠬᠤᠭᠤᠴᠠᠭᠠᠨ ᠤ ᠳᠤᠮᠳᠠᠳᠤ ᠤᠯᠤᠰ · ᠦᠪᠦᠷ | ᠮᠤᠩᠭᠤᠯ ᠤᠨ ᠲᠠᠯ᠎ᠠ ᠨᠤᠲᠤᠭ ᠤᠨ ᠰᠤᠶᠤᠯ ᠤᠨ ᠨᠠᠶᠢᠷ 8 ᠰᠠᠷ᠎ᠠ ᠶᠢᠨ 8 ᠤ ᠡᠳᠦᠷ ᠠᠴᠠ 8 ᠰᠠᠷ᠎ᠠ ᠶᠢᠨ 20 ᠤ | ᠡᠳᠦᠷ ᠪᠤᠯᠲᠠᠯ᠎ᠠ ᠪᠦᠬᠦ ᠤᠷᠤᠨ ᠤ ᠡᠯ᠎ᠡ ᠭᠠᠵᠠᠷ ᠲᠤ ᠶᠠᠪᠤᠭᠳᠠᠬᠤ ᠪᠤᠯᠤᠨ᠎ᠠ᠃ | ᠲᠤᠰ ᠬᠤᠭᠤᠴᠠᠭᠠᠨ ᠤ ᠲᠠᠯ᠎ᠠ ᠨᠤᠲᠤᠭ ᠤᠨ ᠰᠤᠶᠤᠯ ᠤᠨ ᠨᠠᠶᠢᠷ ᠨᠢ ︽ᠨᠠᠢᠮᠠᠨ ᠰᠠᠷ᠎ᠠ ᠶᠢᠨ ᠳᠠᠭᠤᠯᠠᠯ — | ᠲᠠᠯ᠎ᠠ ᠨᠤᠲᠤᠭ ᠤᠨ ᠳᠠᠭᠤᠤ ᠭᠦᠭᠵᠢᠮ ᠰᠠᠶᠢᠨ ᠰᠠᠶᠢᠬᠠᠨ ᠠᠮᠢᠳᠤᠷᠠᠯ ᠤᠨ ᠮᠠᠬᠳᠠᠭᠤ︾ ᠪᠠᠷ ᠭᠤᠤᠯ ᠰᠡᠳᠦᠪ | ᠪᠤᠯᠭᠠᠵᠤ᠂ ︽ᠤᠷᠠᠯᠢᠭ ᠤᠨ ᠦᠪᠡᠳᠡᠭᠰᠢ ᠴᠤᠭᠯᠠᠭᠠᠨ᠂ ᠠᠷᠠᠳ ᠲᠦᠮᠡᠨ ᠤ ᠪᠠᠶᠠᠷ ᠤᠨ ᠡᠳᠦᠷ︾ ᠢᠶᠠᠷ ᠵᠤᠷᠢᠯᠲᠠ | ᠪᠤᠯᠭᠠᠨ᠂ ᠰᠤᠳᠤᠨ ᠪᠦᠲᠦᠭᠡᠯ ᠢ ᠳᠡᠯᠭᠡᠨ ᠦᠵᠡᠭᠦᠯᠬᠦ᠂ ᠤᠯᠠᠮᠵᠢᠯᠠᠨ ᠵᠠᠯᠭᠠᠮᠵᠢᠯᠠᠵᠤ ᠤᠨᠳᠤᠤᠰᠢᠭᠤᠯᠬᠤ᠂ ᠰᠤᠶᠤᠯ ᠢ | ᠬᠠᠮᠲᠤ ᠪᠠᠷ ᠡᠳ᠋ᠯᠡᠬᠦ ᠪᠠ ᠰᠤᠯᠢᠯᠴᠠᠭ᠎ᠠ ᠬᠢᠵᠦ ᠬᠠᠷᠢᠯᠴᠠᠨ ᠲᠤᠯᠢ ᠪᠤᠯᠭᠠᠬᠤ ᠪᠠᠷ ᠭᠤᠤᠯ ᠠᠭᠤᠯᠭ᠎ᠠ ᠪᠤᠯᠭᠠᠵᠤ᠂ | ᠤᠯᠠᠨ ᠲᠦᠮᠡᠨ ᠤᠷᠤᠯᠴᠠᠬᠤ᠂ ᠤᠯᠠᠨ ᠲᠠᠯ᠎ᠠ ᠪᠠᠷ ᠬᠤᠷᠰᠢᠯᠴᠠᠬᠤ ᠪᠠ ᠠᠶᠢᠮᠠᠭ ᠬᠤᠲᠠ ᠬᠤᠯᠪᠤᠭᠠᠯᠠᠨ | ᠬᠦᠳᠡᠯᠦᠯᠴᠡᠬᠦ ᠶᠢ ᠳᠤᠪᠤᠶᠢᠯᠭᠠᠬᠤ ᠪᠤᠯᠤᠨ᠎ᠠ᠃ ᠲᠤᠰ ᠬᠤᠭᠤᠴᠠᠭᠠᠨ ᠤ ᠲᠠᠯ᠎ᠠ ᠨᠤᠲᠤᠭ ᠤᠨ ᠰᠤᠶᠤᠯ ᠤᠨ ᠨᠠᠶᠢᠷ ᠲᠤ | ᠭᠤᠤᠯ ᠬᠤᠷᠠᠯ ᠤᠨ ᠲᠠᠯᠠᠪᠠᠢ ᠪᠠ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠬᠤ ᠦᠭᠡᠢ᠂ ︽ᠲᠦᠪᠯᠡᠷᠡᠭᠦᠯᠬᠦ᠂ | ᠲᠠᠷᠠᠬᠠᠢ ᠪᠤᠲᠠᠷᠬᠠᠢ᠂ ᠦᠷᠭᠦᠯᠵᠢᠯᠡᠭᠦᠯᠬᠦ︾ ᠠᠷᠭ᠎ᠠ ᠬᠡᠯᠪᠡᠷᠢ ᠪᠠᠷ ᠪᠦᠬᠦ ᠤᠷᠤᠨ ᠳᠤ ᠦᠷᠨᠢᠭᠦᠯᠵᠦ᠂ ᠰᠦᠯᠵᠢᠶᠡᠨ | ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠵᠡᠷᠭᠡ ᠪᠠᠷ ᠶᠠᠪᠤᠭᠳᠠᠭᠤᠯᠤᠨ ᠰᠠᠶᠢᠨ ᠰᠠᠶᠢᠬᠠᠨ ᠰᠤᠶᠤᠯ ᠤᠨ | ᠠᠵᠢᠯᠯᠠᠭᠠᠨ ᠤ ᠠᠭᠤᠷ ᠠᠮᠢᠰᠬᠤᠯ ᠢ ᠪᠤᠢ ᠪᠤᠯᠭᠠᠨ᠎ᠠ᠃ | ᠲᠠᠨᠢᠯᠴᠠᠭᠤᠯᠤᠭᠰᠠᠨ ᠢᠶᠠᠷ᠂ ᠠᠷᠪᠠᠨ ᠳᠤᠯᠤᠳᠤᠭᠠᠷ ᠬᠤᠭᠤᠴᠠᠭᠠᠨ ᠤ ᠳᠤᠮᠳᠠᠳᠤ ᠤᠯᠤᠰ · ᠦᠪᠦᠷ | ᠮᠤᠩᠭᠤᠯ ᠤᠨ ᠲᠠᠯ᠎ᠠ ᠨᠤᠲᠤᠭ ᠤᠨ ᠰᠤᠶᠤᠯ ᠤᠨ ᠨᠠᠶᠢᠷ ᠲᠤ ᠡᠬᠢᠯᠡᠯᠲᠡ ᠶᠢᠨ ᠶᠤᠰᠤᠯᠠᠯ᠂ ᠤᠳᠬ᠎ᠠ ᠤᠷᠠᠯᠢᠭ ᠤᠨ | ᠰᠠᠶᠢᠨ ᠳᠤᠷᠠᠴᠤᠤᠯ ᠤᠨ ᠡᠭᠦᠯᠡᠨ ᠲᠤᠭᠯᠠᠯᠲᠠ᠂ 2020 ᠤᠨ ᠤ ᠦᠪᠦᠷ ᠮᠤᠩᠭᠤᠯ ᠤᠨ ᠨᠠᠶᠢᠷᠠᠯ ᠳᠠᠭᠤᠤ ᠶᠢᠨ | ᠤᠷᠤᠯᠳᠤᠭᠠᠨ᠂ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠪᠠᠳᠠᠷᠠᠭᠤᠯᠬᠤ ᠭᠤᠤᠯ ᠰᠡᠳᠦᠪᠲᠦ ᠦᠵᠡᠭᠦᠯᠭᠡ᠂ | ᠤᠯᠠᠭᠠᠨᠮᠦ᠋ᠴᠢᠷ ᠤᠨ ᠰᠢᠨ᠎ᠡ ᠬᠦᠮᠦᠨ ᠰᠢᠨ᠎ᠡ ᠪᠦᠲᠦᠭᠡᠯ ᠤᠨ ᠦᠵᠡᠭᠦᠯᠭᠡ ᠪᠠ ᠰᠢᠯᠢᠳᠡᠭ ᠺᠢᠨᠣ᠋ ᠭᠠᠷᠭᠠᠨ ᠦᠵᠡᠭᠦᠯᠬᠦ | ᠵᠡᠷᠭᠡ ᠨᠡᠶᠢᠲᠡ 14 ᠲᠦᠷᠦᠯ ᠵᠦᠢᠯ ᠢ ᠲᠤᠬᠢᠷᠠᠭᠤᠯᠵᠤ᠂ ᠪᠠᠶᠠᠯᠢᠭ ᠠᠭᠤᠯᠭ᠎ᠠ ᠲᠠᠢ᠂ ᠳᠤᠪᠤᠶᠢᠮ᠎ᠠ ᠤᠨᠴᠠᠯᠢᠭ ᠲᠠᠢ | ᠭᠢᠯᠠᠰ ᠴᠡᠭ ᠤᠯᠠᠨ ᠪᠠᠶᠢᠵᠤ᠂ ᠦᠷᠭᠡᠨ ᠤᠯᠠᠨ ᠲᠦᠮᠡᠨ ᠳᠤ ᠭᠤᠶᠢᠳᠠ ᠰᠠᠶᠢᠬᠠᠨ ᠰᠤᠶᠤᠯ ᠤᠨ ᠦᠪᠡᠳᠡᠭᠰᠢ ᠨᠠᠶᠢᠷ | ᠰᠤᠨᠢᠷᠬᠠᠭᠤᠯᠬᠤ ᠪᠤᠯᠤᠨ᠎ᠠ᠃ |