| | ᠥᠪᠥᠷ ᠮᠣᠩᠭᠤᠯ ᠤᠨ ᠲᠦᠩ ᠹᠠᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠳᠡᠭᠡᠳᠦ | ᠲᠡᠰ ᠤᠨ ᠲᠣᠨᠤᠭ ᠲᠥᠬᠦᠭᠡᠷᠦᠮᠵᠢ᠂ ᠲᠤᠮᠤ ᠳ᠋ᠠᠶᠢᠲ᠋ᠠ᠂ ᠡᠭᠦᠯᠡᠨ ᠪᠤᠳᠤᠯᠳᠠ᠂ ᠮᠡᠳᠡᠭᠡ ᠵᠠᠩᠭᠢ ᠶᠢᠨ ᠠᠮᠤᠷ | ᠲᠦᠪᠰᠢᠨ ᠵᠡᠷᠭᠡ ᠠᠵᠤ ᠦᠢᠯᠡᠰ ᠢ ᠨᠢᠭᠡ ᠴᠤᠭᠴᠠᠵᠢᠭᠤᠯᠤᠭᠰᠠᠨ ᠴᠡᠷᠢᠭ ᠠᠷᠠᠳ ᠤᠨ ᠬᠤᠶᠠᠷ ᠬᠡᠷᠡᠭᠴᠡᠭᠡᠲᠦ ᠮᠡᠳᠡᠭᠡ | ᠵᠠᠩᠭᠢᠴᠢᠯᠠᠯᠲᠠ ᠶᠢᠨ ᠬᠡᠷᠡᠭᠯᠡᠭᠡᠨ ᠤ ᠰᠢᠨ᠎ᠡ ᠶᠢ ᠡᠭᠦᠳᠬᠦ ᠬᠥᠭᠵᠢᠯᠲᠡ ᠶᠢᠨ ᠶᠡᠷᠦᠩᠬᠡᠶᠢᠯᠡᠭᠰᠡᠨ ᠰᠢᠢᠳᠪᠦᠷᠢᠯᠡᠬᠦ | ᠲᠥᠰᠦᠯ ᠬᠠᠩᠭᠠᠬᠤ ᠬᠤᠳᠠᠯᠳᠤᠭᠠᠴᠢᠨ ᠮᠥᠨ᠃ ᠲᠦᠷᠦᠭᠦᠬᠡᠨ᠂ ᠤᠯᠠᠭᠠᠨᠴᠠᠪ ᠬᠤᠲᠠ ᠶᠢᠨ ᠲᠦᠩ ᠹᠠᠩ ᠣᠶᠤᠨᠴᠢ | ᠦᠢᠯᠡᠳᠬᠦ ᠠᠵᠤ ᠦᠢᠯᠡᠰ ᠤᠨ ᠰᠠᠭᠤᠷᠢᠨ ᠭᠠᠵᠠᠷ ᠵᠢᠩᠬᠢᠨᠢ ᠪᠠᠷ ᠠᠰᠢᠭᠯᠠᠯᠲᠠ ᠳᠤ ᠣᠷᠣᠵᠠᠢ᠂ ᠰᠠᠭᠤᠷᠢᠨ ᠭᠠᠵᠠᠷ | ᠨᠢ 2.9 ᠲᠦᠮᠡᠨ ᠲᠡᠭᠰᠢ ᠳᠥᠷᠪᠡᠯᠵᠢᠨ ᠮᠧᠲᠷ ᠡᠵᠡᠯᠡᠵᠦ᠂ 4 ᠵᠤᠷᠪᠤᠰ ᠪᠦᠷᠢᠨ ᠠᠦ᠋ᠲ᠋ᠣ᠋ ᠳᠡᠭᠡᠳᠦ ᠲᠡᠰ ᠤᠨ | ᠲᠣᠨᠤᠭ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠱᠤᠭᠤᠮ ᠢ ᠲᠥᠯᠥᠪᠵᠢᠭᠦᠯᠦᠨ ᠪᠠᠶᠢᠭᠤᠯᠵᠤ᠂ ᠵᠢᠯ ᠳᠤ 20 | ᠲᠦᠮᠡᠨ ᠢᠵᠢ ᠡᠯ᠎ᠡ ᠲᠥᠷᠥᠯ ᠤᠨ ᠳᠡᠭᠡᠳᠦ ᠲᠡᠰ ᠤᠨ ᠲᠣᠨᠤᠭ ᠲᠥᠬᠦᠭᠡᠷᠦᠮᠵᠢ ᠶᠢ ᠦᠢᠯᠡᠳᠪᠦᠷᠢᠯᠡᠨ᠂ ᠵᠢᠯ ᠤᠨ | ᠦᠢᠯᠡᠳᠬᠦᠨ ᠤ ᠥᠷᠲᠡᠭ ᠢ 60 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠣᠯᠣᠨ᠎ᠠ᠃ ᠲᠦᠩ ᠹᠠᠩ ᠦᠢᠯᠡᠳᠬᠦ | ᠰᠠᠭᠤᠷᠢᠨ ᠭᠠᠵᠠᠷ ᠤᠨ ᠠᠰᠢᠭᠯᠠᠯᠲᠠ ᠳᠤ ᠤᠷᠤᠭᠰᠠᠨ ᠨᠢ ᠤᠯᠠᠭᠠᠨᠴᠠᠪ ᠬᠤᠲᠠ ᠶᠢᠨ ᠳᠡᠭᠡᠳᠦ ᠲᠡᠰ ᠤᠨ ᠡᠯᠧᠺᠲᠷᠣᠨ | ᠦᠢᠯᠡᠳᠬᠦᠨ ᠦᠢᠯᠡᠳᠬᠦ ᠠᠵᠤ ᠦᠢᠯᠡᠰ ᠤᠨ ᠬᠤᠭᠤᠰᠣᠨ ᠢ ᠨᠥᠬᠦᠪᠥᠷᠢᠯᠡᠵᠦ᠂ ᠲᠠᠯ᠎ᠠ ᠨᠤᠲᠤᠭ ᠤᠨ ᠡᠭᠦᠯᠡᠨ | ᠬᠥᠨᠳᠡᠶ ᠶᠢᠨ ᠨᠡᠷᠡᠲᠦ ᠲᠡᠮᠳᠡᠭ ᠢ ᠠᠯᠳᠠᠷᠰᠢᠭᠤᠯᠤᠨ᠂ ᠲᠣᠭᠠᠵᠢᠯᠠᠭᠰᠠᠨ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠵᠢᠷᠤᠭ ᠪᠣᠯ ᠠᠵᠢᠯᠲᠠᠳ PC | ᠭᠤᠣᠯ ᠮᠠᠰᠢᠨ ᠢ ᠦᠢᠯᠡᠳᠴᠦ ᠪᠠᠶᠢᠭ᠎ᠠ ᠨᠢ᠃ | |