ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ | ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ | ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ | ᠬᠠᠮᠳᠤᠷᠠᠨ ᠲᠦᠷᠦᠭᠦᠬᠡᠨ ︽2020 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ | ᠡᠮᠨᠡᠯᠭᠡ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠪᠠᠭᠤᠯᠭᠠᠪᠠ᠃ ᠡᠨᠡᠬᠦ ︽ᠮᠡᠳᠡᠭᠳᠡᠯ︾ | ᠳᠤ᠂ ᠮᠠᠨ ᠤ ᠣᠷᠣᠨ ᠡᠨᠡ ᠵᠢᠯ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠬᠥᠮᠦᠨ | ᠪᠦᠷᠢ ᠶᠢᠨ ᠳᠤᠮᠳᠠᠴᠢ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ 30 ᠲᠥᠭᠦᠷᠢᠭ ᠨᠡᠮᠡᠭᠳᠡᠭᠦᠯᠵᠦ᠂ | ᠬᠥᠮᠦᠨ ᠪᠦᠷᠢ ᠶᠢᠨ ᠪᠠᠷᠢᠮᠵᠢᠶ᠎ᠠ ᠶᠢ ᠵᠢᠯ ᠳᠤ 550 ᠲᠥᠭᠦᠷᠢᠭ ᠠᠴᠠ ᠳᠣᠤᠷ᠎ᠠ ᠪᠠᠶᠢᠯᠭᠠᠬᠤ ᠦᠭᠡᠶ ᠬᠡᠵᠦ | ᠲᠤᠳᠤᠷᠬᠠᠢ ᠲᠤᠬᠳᠠᠭᠠᠵᠠᠢ᠃ | ᠣᠶᠢᠯᠠᠭᠠᠭᠰᠠᠨ ᠢᠶᠠᠷ᠂ ︽ᠮᠡᠳᠡᠭᠳᠡᠯ︾ ᠳᠤ᠂ ᠡᠯ᠎ᠡ ᠱᠠᠲᠤᠨ ᠤ ᠡᠳ᠋ ᠤᠨ ᠵᠠᠰᠠᠭ ᠤᠨ ᠨᠥᠬᠦᠪᠥᠷᠢ ᠶᠢᠨ | ᠮᠥᠩᠭᠦ ᠶᠢᠨ 80% ᠶᠢ ᠨᠢ ᠲᠥᠪ ᠤᠨ ᠡᠳ᠋ ᠤᠨ ᠵᠠᠰᠠᠭ ᠠᠴᠠ ᠨᠥᠬᠦᠪᠥᠷᠢᠯᠡᠵᠦ᠂ ᠦᠯᠡᠳᠡᠭᠰᠡᠨ 20% ᠶᠢ ᠨᠢ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠨᠢᠭᠡᠳᠦᠭᠡᠷ ᠲᠥᠷᠥᠯ ᠤᠨ ᠭᠠᠵᠠᠷ ᠣᠷᠣᠨ ᠳᠤ 30%᠂ | ᠬᠤᠶᠠᠳᠤᠭᠠᠷ ᠲᠥᠷᠥᠯ ᠤᠨ ᠭᠠᠵᠠᠷ ᠣᠷᠣᠨ ᠳᠤ 50%᠂ ᠭᠤᠷᠪᠠᠳᠤᠭᠠᠷ ᠲᠥᠷᠥᠯ ᠤᠨ ᠭᠠᠵᠠᠷ ᠣᠷᠣᠨ ᠳᠤ | 70% ᠪᠠᠷ ᠲᠥᠷᠥᠯ ᠪᠠ ᠳᠡᠰ ᠬᠤᠪᠢᠶᠠᠨ ᠨᠥᠬᠦᠪᠥᠷᠢᠯᠡᠨ ᠦᠭᠴᠦ᠂ ᠦᠯᠡᠳᠡᠭᠰᠡᠨ ᠬᠡᠰᠡᠭ ᠢ ᠠᠶᠢᠮᠠᠭ ᠬᠤᠲᠠ ᠪᠠ | ᠬᠤᠰᠢᠭᠤ ᠰᠢᠶᠠᠨ ᠤ ᠡᠳ᠋ ᠤᠨ ᠵᠠᠰᠠᠭ ᠠᠴᠠ ᠬᠤᠪᠢᠳᠠᠨ ᠡᠭᠦᠷᠭᠡᠯᠡᠨ᠎ᠡ᠃ ᠡᠯ᠎ᠡ ᠱᠠᠲᠤᠨ ᠤ ᠡᠳ᠋ ᠤᠨ ᠵᠠᠰᠠᠭ ᠨᠢ | ᠲᠣᠭᠲᠠᠭᠠᠯ ᠶᠣᠰᠣᠭᠠᠷ ᠡᠳ᠋ ᠤᠨ ᠵᠠᠰᠠᠭ ᠤᠨ ᠨᠦᠬᠦᠪᠦᠷᠢ ᠶᠢᠨ ᠮᠥᠩᠭᠦ ᠶᠢ ᠪᠦᠷᠢᠨ ᠬᠦᠢᠴᠡᠳ ᠲᠤᠭ᠎ᠠ | ᠶᠤᠰᠤᠭᠠᠷ ᠨᠢ ᠲᠣᠬᠢᠷᠠᠭᠤᠯᠵᠤ᠂ ᠴᠠᠭ ᠲᠤᠬᠠᠶ ᠳᠤᠨᠢ ᠪᠠᠭᠤᠯᠭᠠᠨ ᠦᠭᠭᠦ ᠬᠡᠷᠡᠭᠲᠡᠶ᠃ ᠡᠳ᠋ ᠤᠨ ᠵᠠᠰᠠᠭ ᠤᠨ | ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠠᠴᠠ ᠭᠠᠳᠠᠨ᠎ᠠ᠂ ᠮᠠᠨ ᠤ ᠣᠷᠣᠨ ᠪᠠᠰᠠ ᠬᠤᠪᠢ ᠬᠥᠮᠦᠨ ᠤ | ᠰᠦᠢᠳᠭᠡᠯ ᠲᠤᠰᠢᠶᠠᠬᠤ ᠪᠠᠷᠢᠮᠵᠢᠶ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ 2020 ᠣᠨ ᠳᠤ᠂ ᠵᠠᠷᠴᠢᠮ | ᠳᠡᠭᠡᠷ᠎ᠡ ᠪᠠᠨ ᠬᠤᠪᠢ ᠬᠥᠮᠦᠨ ᠤ ᠰᠦᠢᠳᠭᠡᠯ ᠲᠤᠰᠢᠶᠠᠬᠤ ᠪᠠᠷᠢᠮᠵᠢᠶ᠎ᠠ ᠶᠢ ᠢᠵᠢᠯ ᠠᠯᠬᠤᠮ ᠢᠶᠠᠷ 30 ᠲᠥᠭᠦᠷᠢᠭ | ᠳᠡᠭᠡᠭᠰᠢᠯᠡᠭᠦᠯᠵᠦ᠂ ᠬᠥᠮᠦᠨ ᠪᠦᠷᠢ ᠶᠢᠨ ᠪᠠᠷᠢᠮᠵᠢᠶ᠎ᠠ ᠶᠢ ᠵᠢᠯ ᠳᠤ 280 ᠲᠥᠭᠦᠷᠢᠭ ᠲᠤ ᠬᠦᠷᠦᠭᠦᠯᠦᠨ᠎ᠡ᠃ 2020 | ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠢ | ᠲᠠᠳᠠᠪᠤᠷᠢᠯᠠᠨ ᠠᠪᠤᠭᠠᠳ ᠬᠥᠮᠦᠨ ᠪᠦᠷᠢ ᠳᠤ ᠳᠤᠮᠳᠠᠴᠢ ᠪᠠᠷ 280 ᠲᠥᠭᠦᠷᠢᠭ ᠤᠨ ᠰᠦᠢᠳᠭᠡᠯ ᠲᠤᠰᠢᠶᠠᠭᠰᠠᠨ | ᠦᠭᠡᠢ ᠳᠤ ᠬᠦᠷᠪᠡᠯ᠂ ᠨᠥᠬᠦᠵᠦ ᠲᠤᠰᠢᠶᠠᠬᠤ ᠪᠠᠷᠢᠮᠵᠢᠶ᠎ᠠ ᠶᠢ ᠲᠥᠰᠦᠭᠡᠯᠡᠨ ᠪᠣᠳᠣᠵᠤ ᠲᠣᠭᠲᠠᠭᠠᠨ᠂ 2021 | ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠢ | ᠲᠠᠳᠠᠪᠤᠷᠢᠯᠠᠨ ᠠᠪᠬᠤ ᠦᠶ᠎ᠡ ᠳᠤ ᠨᠥᠬᠦᠵᠦ ᠲᠤᠰᠢᠶᠠᠬᠤ ᠠᠵᠢᠯ ᠢ ᠬᠠᠮᠲᠤ ᠳᠤᠨᠢ ᠰᠠᠶᠢᠳᠤᠷ ᠬᠢᠬᠦ ᠬᠡᠷᠡᠭᠳᠡᠢ᠃ | 2021 ᠣᠨ ᠤ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠰᠦᠢᠳᠭᠡᠯ ᠲᠤᠰᠢᠶᠠᠬᠤ ᠪᠠᠷᠢᠮᠵᠢᠶ᠎ᠠ ᠶᠢ | ᠤᠷᠢᠳᠴᠢᠯᠠᠨ ᠲᠥᠰᠦᠭᠡᠯᠡᠨ ᠪᠤᠳᠤᠵᠤ᠂ ᠵᠠᠷᠴᠢᠮ ᠳᠡᠭᠡᠷ᠎ᠡ ᠪᠠᠨ ᠬᠥᠮᠦᠨ ᠪᠦᠷᠢ ᠶᠢᠨ ᠪᠠᠷᠢᠮᠵᠢᠶ᠎ᠠ ᠶᠢ ᠵᠢᠯ ᠳᠤ 300 | ᠲᠥᠭᠦᠷᠢᠭ ᠠᠴᠠ ᠳᠣᠤᠷ᠎ᠠ ᠪᠠᠶᠢᠯᠭᠠᠵᠤ ᠪᠣᠯᠬᠤ ᠥᠬᠡᠶ ᠬᠡᠵᠦ ᠲᠤᠳᠤᠷᠬᠠᠢ ᠲᠤᠬᠳᠠᠭᠠᠵᠠᠢ᠃ ᠮᠠᠨ ᠤ ᠣᠷᠣᠨ᠂ ᠡᠯ᠎ᠡ | ᠭᠠᠵᠠᠷ ᠤᠨ ᠬᠢᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠶ ᠪᠠᠶᠢᠯᠭᠠᠬᠤ᠂ ᠬᠠᠷᠠᠭᠠᠯᠵᠠᠯ | ᠪᠠᠲᠤᠯᠠᠭ᠎ᠠ ᠬᠡᠷᠡᠭᠴᠡᠭᠡ ᠪᠠ ᠡᠯ᠎ᠡ ᠲᠠᠯ᠎ᠠ ᠶᠢᠨ ᠬᠢᠨ ᠤ ᠳᠠᠭᠠᠭᠠᠬᠤ ᠴᠢᠳᠠᠪᠤᠷᠢ ᠵᠡᠷᠭᠡ ᠬᠦᠴᠦᠨ ᠵᠦᠢᠯ ᠢ ᠨᠢᠭᠡᠳᠦᠯᠲᠡᠶ | ᠲᠥᠯᠥᠪᠯᠡᠨ ᠪᠣᠳᠣᠯᠬᠢᠯᠠᠵᠤ᠂ ᠪᠠᠯᠠ ᠴᠤᠭᠯᠠᠭᠤᠯᠬᠤ ᠪᠣᠳᠠᠲᠠᠶ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠬᠤ ᠬᠡᠷᠡᠭᠲᠡᠶ︔ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ | ᠪᠠᠶᠢᠳᠠᠯ ᠵᠢᠴᠢ ᠲᠦᠷᠦᠭᠦᠤ ᠭᠤᠷᠪᠠᠨ ᠵᠢᠯ ᠤᠨ ᠬᠦᠨᠳᠦ ᠡᠪᠡᠳᠴᠢᠨ ᠤ ᠳᠠᠭᠠᠳᠬᠠᠯ ᠤᠨ ᠠᠵᠢᠯᠯᠠᠭᠠᠨ ᠤ ᠪᠠᠶᠢᠳᠠᠯ ᠢ | ᠦᠨᠳᠦᠰᠦᠯᠡᠨ᠂ ᠬᠦᠨᠳᠦ ᠡᠪᠡᠳᠴᠢᠨ ᠤ ᠳᠠᠭᠠᠳᠬᠠᠯ ᠤᠨ ᠪᠡᠯᠡ ᠴᠤᠭᠯᠠᠭᠤᠯᠬᠤ ᠪᠠᠷᠢᠮᠵᠢᠶ᠎ᠠ ᠶᠢ ᠵᠦᠶ ᠵᠣᠬᠢᠰᠲᠠᠶ | ᠲᠣᠭᠲᠠᠭᠠᠬᠤ ᠬᠡᠷᠡᠭᠳᠡᠢ ᠬᠡᠵᠦ ᠱᠠᠭᠠᠷᠳᠠᠪᠠ᠃ | ᠡᠭᠦᠨ ᠠᠴᠠ ᠭᠠᠳᠠᠨ᠎ᠠ᠂ ᠬᠠᠷᠠᠭᠠᠯᠵᠠᠯ ᠪᠠᠲᠤᠯᠠᠭ᠎ᠠ ᠶᠢᠨ ᠬᠢᠷᠢ ᠲᠦᠪᠰᠢᠨ ᠢ ᠲᠣᠭᠲᠠᠪᠤᠷᠢᠵᠢᠭᠤᠯᠬᠤ ᠲᠠᠯ᠎ᠠ ᠪᠠᠷ᠂ | ︽ᠮᠡᠳᠡᠭᠳᠡᠯ︾ ᠳᠤ᠂ ᠪᠠᠰᠠ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠮᠨᠡᠯᠭᠡ ᠳᠤ ᠰᠠᠭᠤᠬᠤ | ᠬᠠᠷᠠᠭᠠᠯᠵᠠᠯ ᠤᠨ ᠲᠦᠪᠰᠢᠨ ᠢ ᠲᠣᠬᠲᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ | ᠡᠮᠨᠡᠯᠭᠡ ᠳᠤ ᠰᠠᠭᠤᠬᠤ ᠰᠦᠢᠳᠭᠡᠯ ᠲᠦᠯᠦᠬᠦ ᠬᠠᠷᠢᠴᠠᠯ ᠢ 75% ᠣᠷᠴᠢᠮ ᠳᠤ ᠬᠦᠷᠦᠭᠦᠯᠦᠨ᠎ᠡ᠃ ᠬᠦᠨᠳᠦ | ᠡᠪᠡᠳᠴᠢᠨ ᠤ ᠳᠠᠭᠠᠳᠬᠠᠯ ᠤᠨ ᠪᠠᠲᠤᠯᠠᠭ᠎ᠠ ᠶᠢᠨ ᠲᠦᠪᠰᠢᠨ ᠢ ᠪᠠᠳᠤᠳᠬᠠᠨ ᠳᠡᠭᠡᠭᠰᠢᠯᠡᠭᠦᠯᠵᠦ᠂ ᠬᠦᠨᠳᠦ | ᠡᠪᠡᠳᠴᠢᠨ ᠤ ᠳᠠᠭᠠᠳᠬᠠᠯ ᠤᠨ ᠡᠬᠢᠯᠡᠵᠦ ᠲᠥᠯᠥᠬᠦ ᠬᠢᠵᠠᠭᠠᠷ ᠢ 1.4 ᠲᠦᠮᠡᠨ ᠲᠥᠭᠦᠷᠢᠭ ᠪᠣᠯᠭᠠᠵᠤ᠂ ᠲᠥᠷᠦ ᠶᠢᠨ | ᠪᠣᠳᠣᠯᠭ᠎ᠠ ᠶᠢᠨ ᠬᠡᠪᠴᠢᠶᠡᠨ ᠳᠣᠲᠣᠷ᠎ᠠ ᠲᠦᠯᠦᠬᠦ ᠬᠠᠷᠢᠴᠠᠯ ᠢ 60% ᠠᠴᠠ ᠳᠡᠭᠡᠭᠰᠢ ᠳᠤ ᠬᠦᠷᠦᠭᠦᠯᠦᠨ᠎ᠡ᠃ | ᠬᠦᠨᠳᠦ ᠡᠪᠡᠳᠴᠢᠨ ᠤ ᠳᠠᠭᠠᠳᠬᠠᠯ ᠢ ᠶᠠᠳᠠᠭᠤ ᠬᠦᠴᠢᠷᠳᠡᠯᠲᠡᠶ ᠬᠥᠮᠦᠨ ᠠᠮᠠ ᠲᠡᠰᠢ ᠬᠡᠯᠪᠠᠶᠢᠯᠭᠡᠬᠦ ᠲᠥᠷᠥ ᠶᠢᠨ | ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ | ᠬᠤᠭᠤᠴᠠᠭᠠᠨ ᠳᠤ ᠮᠠᠯᠵᠢᠬᠤ ᠲᠠᠷᠢᠶᠠᠯᠠᠬᠤ ᠣᠷᠣᠨ ᠤ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ | ᠠᠮᠠ ᠶᠢᠨ ᠡᠬᠢᠯᠡᠵᠦ ᠳᠥᠯᠥᠬᠦ ᠬᠢᠵᠠᠭᠠᠷ ᠢ ᠡᠩ ᠤᠨ ᠳᠠᠭᠠᠳᠬᠠᠯ ᠳᠤ ᠣᠷᠣᠭᠰᠠᠨ ᠰᠠᠭᠤᠭᠠᠯᠢ ᠠᠷᠠᠳ ᠤᠨ ᠬᠢ ᠠᠴᠠ | ᠬᠠᠭᠠᠰ ᠢᠶᠠᠷ ᠪᠠᠭᠤᠷᠠᠭᠤᠯᠵᠤ᠂ ᠳᠥᠯᠥᠬᠦ ᠬᠠᠷᠢᠴᠠᠯ ᠢ 5 ᠵᠠᠭᠤᠨ ᠤ ᠬᠤᠪᠢ ᠶᠢᠨ ᠴᠡᠭ ᠳᠡᠭᠡᠭᠰᠢᠯᠡᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠳᠡᠭᠡᠳᠦ ᠬᠢᠵᠠᠭᠠᠷ ᠢ | ᠪᠥᠬᠦ ᠲᠠᠯ᠎ᠠ ᠪᠠᠷ ᠬᠦᠴᠦᠨ ᠥᠬᠡᠶ ᠪᠣᠯᠭᠠᠨ᠎ᠠ᠃ ᠶᠠᠳᠠᠭᠤ ᠬᠦᠴᠢᠷᠳᠡᠯᠲᠡᠶ ᠣᠯᠠᠨ ᠲᠦᠮᠡᠨ ᠤ ᠡᠮ ᠡᠮᠨᠡᠯᠭᠡ ᠶᠢᠨ | ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠷᠢᠯᠢᠭ ᠨᠠᠶᠢᠳᠠᠪᠤᠷᠢᠵᠢᠭᠤᠯᠵᠤ᠂ ᠣᠨᠴᠠ ᠬᠦᠴᠢᠷᠳᠡᠯᠲᠡᠶ ᠬᠥᠮᠦᠰ᠂ | ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠬᠦᠮᠦᠰ᠂ ᠬᠥᠳᠡᠭᠡ ᠲᠣᠰᠬᠤᠨ ᠤ ᠲᠠᠩᠰᠠ | ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠵᠡᠷᠭᠡ ᠰᠠᠭᠤᠭᠠᠯᠢ ᠠᠷᠠᠳ ᠤᠨ ᠡᠮ ᠡᠮᠨᠡᠯᠭᠡ ᠶᠢᠨ | ᠳᠠᠭᠠᠳᠬᠠᠯ ᠳᠤ ᠣᠷᠣᠬᠤ ᠶᠢ ᠲᠥᠷᠥᠯ ᠬᠤᠪᠢᠶᠠᠨ ᠲᠤᠰᠠᠯᠠᠵᠤ᠂ ᠪᠠᠷᠢᠮᠵᠢᠶ᠎ᠠ ᠶᠣᠰᠣᠭᠠᠷ ᠮᠥᠩᠭᠦ ᠪᠠᠷ ᠲᠤᠰᠠᠯᠠᠬᠤ᠂ | ᠲᠡᠳᠡᠨ ᠤ ᠰᠦᠢᠳᠭᠡᠯ ᠢ ᠪᠠᠷᠢᠮᠵᠢᠶ᠎ᠠ ᠶᠤᠰᠤᠭᠠᠷ ᠲᠤᠰᠢᠶᠠᠬᠤ ᠶᠢ ᠦᠨᠡᠨᠬᠦ ᠪᠠᠲᠤᠯᠠᠵᠤ᠂ ᠲᠤᠰᠠᠯᠠᠮᠵᠢ ᠶᠢᠨ ᠪᠡᠯᠡ | ᠮᠥᠩᠭᠦ ᠶᠢ ᠴᠠᠭ ᠲᠤᠬᠠᠶ ᠳᠤᠨᠢ ᠰᠢᠯᠵᠢᠭᠦᠯᠤᠨ ᠦᠭᠴᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠪᠠᠲᠤᠯᠠᠬᠤ | ᠶᠣᠰᠣᠲᠠᠶ ᠪᠦᠬᠦᠨ ᠢ ᠦᠨᠡᠨᠬᠦ ᠪᠠᠲᠤᠯᠠᠬᠤ ᠬᠡᠷᠡᠭᠲᠡᠶ ᠬᠡᠵᠦ ᠲᠤᠳᠤᠷᠬᠠᠢ ᠲᠤᠬᠳᠠᠭᠠᠵᠠᠢ᠃ ︵ᠬᠥᠬᠡᠬᠤᠲᠠ ᠶᠢᠨ | ᠡᠳᠦᠷ ᠤᠨ ᠰᠣᠨᠢᠨ ᠤ ᠰᠤᠷᠪᠤᠯᠵᠢᠯᠠᠭᠴᠢ ᠯᠢᠶᠠᠩ ᠵᠢᠩ ᠱᠤ᠋︶ | |