ᠰᠢ ᠶᠢᠨ ᠫᠢᠩ ︽ᠠᠷᠪᠠᠨ ᠲᠦᠷᠪᠡᠳᠤᠭᠡᠷ ᠲᠠᠪᠤᠨ ᠵᠢᠯ︾ ᠤᠨ ᠲᠦᠯᠤᠪᠵᠢᠬᠦᠯᠬᠡ ᠶᠢ ᠨᠠᠶᠢᠷᠠᠭᠤᠯᠤᠨ ᠲᠤᠭᠤᠷᠪᠢᠬᠤ ᠠᠵᠢᠯ ᠳᠤ ᠴᠢᠬᠤᠯᠠ ᠵᠢᠭᠠᠪᠤᠷᠢ ᠥᠭᠪᠡ
ᠨᠡᠶᠢᠲᠡᠯᠡᠭᠰᠡᠨ ᠴᠠᠭ᠄
2020-08-07
     ᠰᠢ ᠶᠢᠨ ᠫᠢᠩ ︽ᠠᠷᠪᠠᠨ ᠲᠦᠷᠪᠡᠳᠤᠭᠡᠷ ᠲᠠᠪᠤᠨ ᠵᠢᠯ︾ ᠤᠨ ᠲᠦᠯᠤᠪᠵᠢᠬᠦᠯᠬᠡ ᠶᠢ ᠨᠠᠶᠢᠷᠠᠭᠤᠯᠤᠨ ᠲᠤᠭᠤᠷᠪᠢᠬᠤ ᠠᠵᠢᠯ ᠳᠤ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ ᠦᠵᠤ ᠲᠦᠯᠤᠪᠯᠡᠭᠡ ᠶᠢ ᠴᠢᠩᠭᠠᠳᠬᠠᠬᠤ ᠪᠠ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠬᠤ ᠶᠢ ᠤᠶᠠᠯᠳᠤᠭᠤᠯᠵᠤ ᠰᠡᠳᠬᠢᠯ ᠢᠶᠠᠨ ᠨᠢᠬᠡᠳᠬᠡᠵᠤ ᠬᠦᠴᠤᠨ ᠢᠶᠠᠨ ᠬᠠᠮᠳᠤᠳᠬᠠᠨ ︽ᠠᠷᠪᠠᠨ ᠲᠦᠷᠪᠡᠳᠤᠭᠡᠷ ᠲᠠᠪᠤᠨ ᠵᠢᠯ︾ ᠤᠨ ᠲᠦᠯᠤᠪᠵᠢᠬᠦᠯᠬᠡ ᠶᠢ ᠰᠠᠶᠢᠳᠤᠷ ᠨᠠᠶᠢᠷᠠᠭᠤᠯᠤᠨ ᠲᠤᠭᠤᠷᠪᠢᠬᠤ ᠭᠡᠷᠡᠭᠳᠠᠢ      ᠨᠠᠮ ᠤᠨ ᠲᠦᠪ ᠬᠤᠷᠢᠶᠠᠨ ᠤ ᠶᠠᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠢᠢᠷ᠎ᠠ ᠳᠤ ︽ᠠᠷᠪᠠᠨ ᠲᠦᠷᠪᠡᠳᠤᠭᠡᠷ ᠲᠠᠪᠤᠨ ᠵᠢᠯ︾ ᠤᠨ ᠲᠦᠯᠤᠪᠵᠢᠬᠦᠯᠬᠡ ᠶᠢ ᠨᠠᠶᠢᠷᠠᠭᠤᠯᠤᠨ ᠲᠤᠭᠤᠷᠪᠢᠬᠤ ᠠᠵᠢᠯ ᠳᠤ ᠴᠢᠬᠤᠯᠠ ᠵᠢᠭᠠᠪᠤᠷᠢ ᠦᠭᠬᠦ ᠳᠡᠭᠡᠨ᠂ ᠤᠯᠤᠰ ᠠᠷᠠᠳ ᠤᠨ ᠠᠵᠤ ᠠᠬᠤᠢ ᠪᠤᠯᠤᠨ ᠨᠡᠶᠢᠬᠡᠮ ᠤᠨ ᠬᠦᠭᠵᠢᠯᠳᠠ ᠶᠢᠨ ᠲᠠᠪᠤᠨ ᠵᠢᠯ ᠤᠨ ᠲᠦᠯᠤᠪᠵᠢᠬᠦᠯᠬᠡ ᠶᠢ ᠨᠠᠶᠢᠷᠠᠭᠤᠯᠤᠨ ᠲᠤᠭᠤᠷᠪᠢᠬᠤ ᠪᠠ ᠭᠡᠷᠡᠭᠵᠢᠬᠦᠯᠬᠦ ᠪᠤᠯ ᠮᠠᠨ ᠤ ᠨᠠᠮ ᠤᠨ ᠲᠦᠷᠤ ᠶᠢ ᠵᠠᠰᠠᠵᠤ ᠵᠠᠰᠠᠬ ᠢ ᠡᠷᠬᠢᠯᠡᠬᠦ ᠴᠢᠬᠤᠯᠠ ᠠᠷᠭ᠎ᠠ ᠬᠡᠯᠪᠡᠷᠢ ᠪᠤᠯᠤᠨ᠎ᠠ᠃ ᠲᠠᠪᠤᠨ ᠵᠢᠯ ᠤᠨ ᠲᠦᠯᠤᠪᠵᠢᠬᠦᠯᠬᠡ ᠶᠢ ᠨᠠᠶᠢᠷᠠᠭᠤᠯᠤᠨ ᠲᠤᠭᠤᠷᠪᠢᠬᠤ ᠨᠢ ᠠᠵᠤ ᠠᠬᠤᠢ ᠪᠠ ᠨᠡᠶᠢᠬᠡᠮ ᠤᠨ ᠬᠦᠭᠵᠢᠯᠳᠠ ᠶᠢᠨ ᠡᠯ᠎ᠠ ᠲᠠᠯ᠎ᠠ ᠳᠤ ᠬᠤᠯᠪᠤᠬᠳᠠᠵᠤ᠂ ᠠᠷᠠᠳ ᠤᠯᠠᠨ ᠤ ᠤᠢᠢᠯᠡᠳᠪᠤᠷᠢᠯᠡᠯ ᠠᠮᠢᠳᠤᠷᠠᠯ ᠲᠠᠢ ᠨᠢᠬᠳᠠ ᠬᠤᠯᠪᠤᠬᠳᠠᠵᠤ ᠪᠠᠶᠢᠬᠤ ᠪᠤᠯᠬᠤᠷ ᠡᠭᠦᠲᠡ ᠪᠠᠨ ᠨᠡᠭᠡᠭᠡᠨ ᠤᠯᠠᠨ ᠠᠴᠠ ᠰᠠᠨᠠᠯ ᠬᠤᠷᠢᠶᠠᠵᠤ᠂ ᠲᠦᠮᠡᠨ ᠤ ᠰᠠᠨᠠᠯ ᠢ ᠠᠪᠴᠤ ᠤᠯᠠᠨ ᠤ ᠤᠬᠠᠭᠠᠨ ᠢ ᠲᠦᠪᠯᠡᠷᠡᠬᠦᠯᠦᠨ᠂ ᠦᠵᠤ ᠲᠦᠯᠤᠪᠯᠡᠭᠡ ᠶᠢ ᠴᠢᠩᠭᠠᠳᠬᠠᠬᠤ ᠪᠠ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠬᠤ ᠶᠢ ᠤᠶᠠᠯᠳᠤᠭᠤᠯᠵᠤ᠂ ᠦᠷᠬᠡᠨ ᠤᠯᠠᠨ ᠠᠷᠠᠳ ᠲᠦᠮᠡᠨ ᠪᠤᠯᠤᠨ ᠨᠡᠶᠢᠬᠡᠮ ᠤᠨ ᠡᠯ᠎ᠠ ᠡᠳᠡᠬᠡᠳ ᠤᠨ ᠬᠢᠨ ᠤ ᠡᠯ᠎ᠠ ᠵᠦᠢᠯ ᠤᠨ ᠬᠡᠯᠪᠡᠷᠢ ᠪᠠᠷ ︽ᠠᠷᠪᠠᠨ ᠲᠦᠷᠪᠡᠳᠤᠭᠡᠷ ᠲᠠᠪᠤᠨ ᠵᠢᠯ︾ ᠤᠨ ᠲᠦᠯᠤᠪᠵᠢᠬᠦᠯᠬᠡ ᠳᠤ ᠠᠷᠭ᠎ᠠ ᠤᠬᠠᠭᠠᠨ ᠭᠠᠷᠭᠠᠵᠤ ᠵᠦᠪᠯᠡᠯᠭᠡ ᠦᠭᠬᠦ ᠶᠢ ᠵᠤᠷᠢᠬᠵᠢᠭᠤᠯᠵᠤ᠂ ︽ᠠᠷᠪᠠᠨ ᠲᠦᠷᠪᠡᠳᠤᠭᠡᠷ ᠲᠠᠪᠤᠨ ᠵᠢᠯ︾ ᠤᠨ ᠲᠦᠯᠤᠪᠵᠢᠬᠦᠯᠬᠡ ᠶᠢ ᠨᠠᠶᠢᠷᠠᠭᠤᠯᠤᠨ ᠲᠤᠭᠤᠷᠪᠢᠬᠤ ᠳᠤ ᠨᠡᠶᠢᠬᠡᠮ ᠤᠨ ᠬᠦᠰᠡᠯ ᠡᠷᠡᠮᠡᠯᠵᠡᠯ᠂ ᠤᠯᠠᠨ ᠲᠦᠮᠡᠨ ᠤ ᠤᠶᠤᠨ ᠤᠬᠠᠭᠠᠨ᠂ ᠲᠤᠰᠬᠠᠢ ᠮᠡᠷᠬᠡᠵᠢᠯᠳᠠᠨ ᠤ ᠰᠠᠨᠠᠯ᠂ ᠦᠨᠳᠤᠰᠤᠨ ᠱᠠᠳᠤᠨ ᠤ ᠲᠤᠷᠰᠢᠯᠭ᠎ᠠ ᠶᠢ ᠬᠦᠢᠴᠡᠳ ᠰᠢᠩᠬᠡᠬᠡᠨ᠂ ᠰᠡᠳᠬᠢᠯ ᠢᠶᠠᠨ ᠨᠢᠬᠡᠳᠬᠡᠵᠤ ᠬᠦᠴᠤᠨ ᠢᠶᠠᠨ ᠬᠠᠮᠳᠤᠳᠬᠠᠨ ︽ᠠᠷᠪᠠᠨ ᠲᠦᠷᠪᠡᠳᠤᠭᠡᠷ ᠲᠠᠪᠤᠨ ᠵᠢᠯ︾ ᠤᠨ ᠲᠦᠯᠤᠪᠵᠢᠬᠦᠯᠬᠡ ᠶᠢ ᠰᠠᠶᠢᠳᠤᠷ ᠨᠠᠶᠢᠷᠠᠭᠤᠯᠤᠨ ᠲᠤᠭᠤᠷᠪᠢᠬᠤ ᠭᠡᠷᠡᠭᠳᠠᠢ ᠬᠡᠵᠤ ᠴᠢᠬᠤᠯᠠᠴᠢᠯᠠᠪᠠ᠃      ᠮᠠᠨ ᠤ ᠤᠯᠤᠰ 2021 ᠤᠨ ᠠᠴᠠ ︽ᠠᠷᠪᠠᠨ ᠲᠦᠷᠪᠡᠳᠤᠭᠡᠷ ᠲᠠᠪᠤᠨ ᠵᠢᠯ︾ ᠤᠨ ᠲᠦᠯᠤᠪᠵᠢᠬᠦᠯᠬᠡ ᠶᠢ ᠡᠬᠢᠯᠠᠨ ᠭᠡᠷᠡᠭᠵᠢᠬᠦᠯᠬᠦ ᠪᠤᠯᠤᠨ᠎ᠠ᠂ ᠤᠳᠤᠬᠠᠨ ᠳᠤ ᠨᠠᠮ ᠤᠨ ᠲᠦᠪ ᠬᠤᠷᠢᠶ᠎ᠠ ︽ᠠᠷᠪᠠᠨ ᠲᠦᠷᠪᠡᠳᠤᠭᠡᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠢ ᠨᠡᠶᠢᠬᠡᠮ ᠤᠨ ᠬᠦᠭᠵᠢᠯᠳᠠ ᠶᠢᠨ ᠲᠦᠯᠤᠪᠵᠢᠬᠦᠯᠬᠡ ᠶᠢᠨ ᠲᠤᠬᠠᠢ ᠰᠠᠨᠠᠭᠤᠯᠭ᠎ᠠ ᠶᠢ ᠵᠤᠬᠢᠶᠠᠨ ᠪᠠᠶᠢᠭᠤᠯᠵᠤ ᠲᠤᠭᠳᠠᠭᠠᠵᠦ ᠪᠤᠢ᠃ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠬ ᠰᠠᠨᠠᠭ᠎ᠠ ᠪᠤᠯᠤᠨ ᠲᠦᠯᠤᠪᠵᠢᠬᠦᠯᠬᠡ ᠶᠢᠨ ᠰᠠᠨᠠᠭᠤᠯᠭ᠎ᠠ ᠶᠢ ᠨᠠᠶᠢᠷᠠᠭᠤᠯᠤᠨ ᠲᠤᠭᠤᠷᠪᠢᠬᠤ ᠠᠵᠢᠯ ᠤᠨ ᠲᠤᠬᠢᠷᠠᠭᠤᠯᠤᠯᠳᠠ ᠪᠠᠷ᠂ ᠬᠤᠯᠪᠤᠬᠳᠠᠯ ᠪᠦᠬᠦᠢ ᠲᠠᠯ᠎ᠠ ᠶᠢᠨ ᠬᠢᠨ ᠤᠢᠢᠷ᠎ᠠ ᠶᠢᠨ ᠬᠤᠭᠤᠴᠠᠭᠠᠨ ᠳᠤ ᠤᠯᠠᠨ ᠵᠦᠢᠯ ᠤᠨ ᠬᠡᠯᠪᠡᠷᠢ ᠪᠠᠷ ᠺᠠᠳ᠋ᠷ ᠤᠯᠠᠨ ᠲᠦᠮᠡᠨ᠂ ᠲᠤᠰᠬᠠᠢ ᠮᠡᠷᠬᠡᠵᠢᠯᠳᠠᠨ ᠡᠷᠳᠡᠮᠳᠡᠨ ᠨᠠᠷ ᠠᠴᠠ ︽ᠠᠷᠪᠠᠨ ᠲᠦᠷᠪᠡᠳᠤᠬᠡᠷ ᠲᠠᠪᠤᠨ ᠵᠢᠯ︾ ᠤᠨ ᠲᠦᠯᠤᠪᠵᠢᠬᠦᠯᠬᠡ ᠶᠢᠨ ᠲᠤᠬᠠᠢ ᠰᠠᠨᠠᠯ ᠰᠠᠨᠠᠭᠤᠯᠭ᠎ᠠ ᠬᠤᠷᠢᠶᠠᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号