2020 ᠣᠨ ᠤ ︽ᠳᠤᠮᠳᠠᠳᠤ ᠶᠢᠨ ᠵᠡᠭᠦᠳᠦ · ᠬᠥᠳᠡᠯᠮᠦᠷᠢ ᠭᠤᠸ᠎ᠠ ᠰᠠᠶᠢᠬᠠᠨ︾ ᠬᠡᠷ ᠠᠬᠤᠶ ᠶᠢᠨ ᠦᠢᠯᠡᠴᠢᠯᠡᠭᠡᠨ ᠤ ᠦᠢᠯᠡᠰ ᠤᠨ ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2020/9/1
     8 ᠳ᠋ᠤᠭᠠᠷ ᠰᠠᠷ᠎ᠠ ᠶᠢᠨ 27᠎ ᠤ ᠡᠳᠦᠷ᠂ 2020 ᠣᠨ ᠤ ︽ᠳᠤᠮᠳᠠᠳᠤ ᠶᠢᠨ ᠵᠡᠭᠦᠳᠦ · ᠬᠥᠳᠡᠯᠮᠦᠷᠢ ᠭᠤᠸ᠎ᠠ ᠰᠠᠶᠢᠬᠠᠨ︾ ᠭᠡᠷ ᠠᠬᠤᠶ ᠶᠢᠨ ᠦᠢᠯᠡᠴᠢᠯᠡᠭᠡᠨ ᠤ ᠦᠢᠯᠡᠰ ᠤᠨ ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠬᠥᠬᠡᠬᠤᠲᠠ ᠳᠤ ᠡᠬᠢᠯᠡᠪᠡ᠃      ᠲᠤᠰ ᠤᠳᠠᠭᠠᠨ ᠤ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠷᠠᠯᠵᠢᠶ᠎ᠠ ᠬᠥᠩᠭᠡᠨ ᠨᠡᠬᠡᠮᠡᠯ ᠲᠠᠷᠢᠶᠠᠯᠠᠩ ᠮᠠᠯᠵᠢᠯ ᠣᠢ ᠰᠢᠭᠤᠶ ᠤᠰᠤᠨ ᠤ ᠠᠵᠢᠯᠴᠢᠨ ᠤ ᠡᠪᠯᠡᠯ᠂ ᠥᠪᠥᠷ ᠮᠣᠩᠭᠤᠯ ᠤᠨ ᠭᠡᠷ ᠪᠦᠯᠢ ᠶᠢᠨ ᠦᠢᠯᠡᠴᠢᠯᠡᠭᠡᠨ ᠤ ᠦᠢᠯᠡᠰ ᠤᠨ ᠨᠡᠶᠢᠭᠡᠮᠯᠢᠭ ᠠᠴᠠ ᠳᠠᠭᠠᠭᠠᠨ ᠡᠷᠬᠢᠯᠡᠵᠦ᠂ ᠬᠦᠬᠡᠬᠤᠲᠠ ᠶᠢᠨ ᠢᠦᠶ ᠴᠢᠤᠸᠠᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠵᠡᠷᠭᠡ ᠨᠢᠭᠡᠴᠢ ᠬᠠᠮᠵᠢᠯᠴᠠᠨ ᠡᠷᠬᠢᠯᠡᠪᠡ᠃ ᠬᠤᠶᠠᠷ ᠡᠳᠦᠷ ᠤᠨ ᠬᠤᠭᠤᠴᠠᠭᠠᠨ ᠳᠤ᠂ ᠪᠦᠬᠦ ᠣᠷᠣᠨ ᠤ ᠡᠯ᠎ᠡ ᠠᠶᠢᠮᠠᠭ ᠬᠤᠲᠠ ᠠᠴᠠ ᠢᠷᠡᠭᠰᠡᠨ 40 ᠭᠠᠷᠤᠶ ᠣᠷᠤᠯᠴᠠᠭᠰᠠᠳ ᠡᠬᠡ ᠨᠢᠯᠬᠠᠰ ᠤᠨ ᠰᠤᠪᠢᠯᠠᠯᠲᠠ ᠪᠠ ᠨᠠᠰᠤᠵᠢᠯ ᠤᠨ ᠰᠤᠪᠢᠯᠠᠯᠲᠠ ᠵᠡᠷᠭᠡ ᠬᠤᠶᠠᠷ ᠵᠦᠢᠯ ᠤᠨ ᠭᠡᠷ ᠠᠬᠤᠢ ᠶᠢᠨ ᠦᠢᠯᠡᠴᠢᠯᠡᠭᠡᠨ ᠤ ᠦᠢᠯᠡᠰ ᠤᠨ ᠲᠥᠷᠥᠯ ᠵᠦᠢᠯ ᠤᠨ ᠲᠣᠭᠤᠷᠢᠨ ᠳᠤ ᠤᠷᠤᠯᠳᠤᠭᠠᠨ ᠥᠷᠨᠢᠭᠦᠯᠪᠡ᠃ ᠡᠨᠡ ᠤᠳᠠᠭᠠᠨ ᠤ ᠤᠷᠤᠯᠳᠤᠭᠠᠨ ᠢ ᠡᠷᠬᠢᠯᠡᠭᠰᠡᠨ ᠨᠢ ᠮᠠᠨ ᠤ ᠣᠷᠣᠨ ᠤ ᠭᠡᠷ ᠠᠬᠤᠶ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠮᠠᠨ ᠤ ᠣᠷᠣᠨ ᠤ ᠭᠡᠷ ᠠᠬᠤᠶ ᠶᠢᠨ ᠦᠢᠯᠡᠴᠢᠯᠡᠭᠡᠨ ᠤ ᠠᠵᠢᠯᠲᠠᠨ ᠤ ᠮᠡᠷᠭᠡᠵᠢᠯ ᠴᠢᠳᠠᠪᠤᠷᠢ ᠶᠢᠨ ᠬᠡᠪ ᠴᠢᠨᠠᠷ ᠪᠣᠯᠤᠨ ᠶᠣᠰᠣ ᠮᠣᠷᠠᠯ ᠤᠨ ᠪᠣᠯᠪᠠᠰᠤᠷᠠᠯ ᠢ ᠦᠨᠡᠨ ᠬᠦ ᠳᠡᠭᠡᠭᠰᠢᠯᠡᠭᠦᠯᠬᠦ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠬᠦ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号