ᠴᠡᠯᠡᠬᠡᠷ ᠲᠠᠯ᠎ᠠ ᠤᠯᠤᠰ ᠤᠨ ᠲᠠᠯ᠎ᠠ ᠨᠤᠳᠤᠬ ᠤᠨ ᠪᠠᠶᠢᠭᠠᠯᠢ ᠶᠢᠨ ᠴᠡᠴᠡᠷᠯᠢᠭ ᠤᠨ ᠫᠠᠶᠢᠰᠠ ᠰᠡᠬᠦᠬᠦ ᠶᠤᠰᠤᠯᠠᠯ ᠶᠠᠪᠤᠬᠲᠠᠵᠠᠢ  ᠯᠢ ᠱᠤ᠋ ᠮᠢᠩ ᠯᠢ ᠪᠢᠩ ᠷᠦᠩ ᠪᠠᠶᠠᠷ ᠤᠨ ᠦᠬᠡ ᠬᠡᠯᠡᠵᠠᠢ
ᠨᠡᠶᠢᠲᠡᠯᠡᠭᠰᠡᠨ ᠴᠠᠭ᠄
2020/9/1
     8 ᠰᠠᠷ᠎ᠠ ᠶᠢᠨ 29᠎ ᠤ ᠡᠳᠤᠷ᠂ ᠤᠯᠤᠰ ᠤᠨ ᠲᠠᠯ᠎ᠠ ᠨᠤᠳᠤᠬ ᠤᠨ ᠪᠠᠶᠢᠭᠠᠯᠢ ᠶᠢᠨ ᠴᠡᠴᠡᠷᠯᠢᠭ ᠤᠨ ᠲᠤᠷᠰᠢᠯᠳᠠ ᠶᠢᠨ ᠴᠡᠭ ᠤᠨ ᠪᠦᠳᠤᠬᠡᠨ ᠪᠠᠶᠢᠭᠤᠯᠤᠯᠳᠠ ᠶᠢᠨ ᠠᠵᠢᠯ ᠡᠬᠢᠯᠡᠬᠦ ᠬᠤᠷᠠᠯ ᠬᠦᠬᠡᠬᠤᠳᠠ ᠳᠤ ᠬᠤᠷᠠᠯᠳᠤᠵᠤ᠂ ᠬᠤᠷᠠᠯ ᠲᠡᠭᠡᠷ᠎ᠠ ᠴᠡᠯᠡᠬᠡᠷ ᠲᠠᠯ᠎ᠠ ᠤᠯᠤᠰ ᠤᠨ ᠲᠠᠯ᠎ᠠ ᠨᠤᠳᠤᠬ ᠤᠨ ᠪᠠᠶᠢᠭᠠᠯᠢ ᠶᠢᠨ ᠴᠡᠴᠡᠷᠯᠢᠭ ᠤᠨ ᠫᠠᠶᠢᠰᠠ ᠰᠡᠬᠦᠬᠦ ᠶᠤᠰᠤᠯᠠᠯ ᠶᠠᠪᠤᠭᠤᠯᠵᠤ᠂ ᠴᠡᠯᠡᠬᠡᠷ ᠲᠠᠯ᠎ᠠ ᠤᠯᠤᠰ ᠤᠨ ᠪᠠᠶᠢᠭᠠᠯᠢ ᠶᠢᠨ ᠴᠡᠴᠡᠷᠯᠢᠭ ᠢᠶᠠᠷ ᠲᠦᠯᠤᠬᠡᠯᠡᠬᠦᠯᠦᠭᠰᠡᠨ ᠪᠦᠬᠦ ᠤᠯᠤᠰ ᠤᠨ ᠠᠩᠬᠠᠳᠠᠬᠴᠢ 39 ᠪᠦᠯᠦᠭ ᠤᠯᠤᠰ ᠤᠨ ᠲᠠᠯ᠎ᠠ ᠨᠤᠳᠤᠬ ᠤᠨ ᠪᠠᠶᠢᠭᠠᠯᠢ ᠶᠢᠨ ᠴᠡᠴᠡᠷᠯᠢᠭ ᠵᠢᠩᠬᠢᠨᠢ ᠪᠠᠷ ᠲᠤᠷᠰᠢᠯᠳᠠ ᠶᠢᠨ ᠴᠡᠭ ᠤᠨ ᠪᠦᠳᠤᠬᠡᠨ ᠪᠠᠶᠢᠭᠤᠯᠤᠯᠳᠠ ᠪᠠᠨ ᠡᠬᠢᠯᠡᠬᠦᠯᠦᠭᠰᠡᠨ ᠢ ᠬᠠᠷᠠᠭᠤᠯᠵᠤ ᠪᠠᠶᠢᠨ᠎ᠠ᠃      ᠤᠯᠤᠰ ᠤᠨ ᠤᠢ ᠰᠢᠭᠤᠢ ᠪᠠ ᠨᠤᠳᠤᠬ ᠪᠡᠯᠴᠢᠬᠡᠷ ᠤᠨ ᠲᠤᠪᠴᠢᠶᠠᠨ ᠤ ᠲᠡᠳ᠋ ᠲᠠᠷᠤᠭ᠎ᠠ ᠯᠢ ᠱᠤ᠋ ᠮᠢᠩ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠯᠢ ᠪᠢᠩ ᠷᠦᠩ ᠬᠤᠷᠠᠯ ᠳᠤ ᠤᠷᠤᠯᠴᠠᠵᠦ ᠪᠠᠶᠠᠷ ᠤᠨ ᠦᠬᠡ ᠶᠠᠷᠢᠵᠠᠢ᠃      ᠯᠢ ᠱᠤ᠋ ᠮᠢᠩ᠂ ᠶᠠᠷᠤᠩᠬᠡᠢ ᠱᠦᠵᠢ ᠰᠢ ᠶᠢᠨ ᠫᠢᠩ ᠲᠠᠯ᠎ᠠ ᠨᠤᠳᠤᠬ ᠯᠤᠭ᠎ᠠ ᠰᠡᠳᠬᠢᠯ ᠵᠢᠷᠤᠬᠡ ᠪᠠᠨ ᠬᠤᠯᠪᠤᠵᠤ᠂ ᠲᠠᠯ᠎ᠠ ᠨᠤᠳᠤᠬ ᠢ ᠬᠠᠶᠢᠷᠠᠯᠠᠨ ᠬᠠᠯᠠᠮᠵᠢᠯᠠᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠤ ᠨᠤᠳᠤᠭ ᠪᠡᠯᠴᠢᠭᠡᠷ ᠤᠨ ᠰᠢᠰᠲ᠋ᠧᠮ ᠤᠨ ᠵᠠᠰᠠᠯᠳᠠ ᠶᠢ ᠨᠢᠬᠡᠳᠤᠯᠳᠠᠢ ᠲᠦᠯᠤᠪᠵᠢᠬᠦᠯᠤᠨ᠂ ᠨᠤᠳᠤᠬ ᠪᠡᠯᠴᠢᠬᠡᠷ ᠤᠨ ᠬᠠᠮᠠᠭᠠᠯᠠᠯᠳᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠤᠳᠤᠬ ᠪᠡᠯᠴᠢᠬᠡᠷ ᠢ ᠠᠰᠢᠬᠯᠠᠬᠤ ᠠᠷᠭ᠎ᠠ ᠶᠢᠨ ᠰᠢᠨ᠎ᠠ ᠶᠢ ᠡᠬᠦᠳᠬᠦ ᠭᠡᠷᠡᠭᠳᠠᠢ ᠬᠡᠵᠤ ᠱᠠᠭᠠᠷᠳᠠᠪᠠ᠃ ᠤᠯᠤᠰ ᠤᠨ ᠤᠢ ᠰᠢᠭᠤᠢ ᠪᠠ ᠨᠤᠳᠤᠬ ᠪᠡᠯᠴᠢᠬᠡᠷ ᠤᠨ ᠲᠤᠪᠴᠢᠶᠠᠨ ᠤ ᠬᠢᠨ ᠤᠢ ᠰᠢᠭᠤᠢ ᠡᠪᠡᠰᠤ ᠪᠡᠯᠴᠢᠬᠡᠷ ᠤᠨ ᠠᠭᠤᠰᠤᠯᠴᠠᠨ ᠬᠦᠭᠵᠢᠬᠦ ᠶᠢ ᠪᠦᠬᠦ ᠬᠦᠴᠤ ᠪᠠᠷ ᠢᠶᠠᠨ ᠠᠬᠢᠭᠤᠯᠵᠤ᠂ ᠲᠤᠷᠰᠢᠯᠳᠠ ᠶᠢᠨ ᠠᠵᠢᠯ ᠦᠷᠨᠢᠬᠦᠯᠵᠤ ᠤᠯᠤᠰ ᠤᠨ ᠲᠠᠯ᠎ᠠ ᠨᠤᠳᠤᠬ ᠤᠨ ᠪᠠᠶᠢᠭᠠᠯᠢ ᠶᠢᠨ ᠴᠡᠴᠡᠷᠯᠢᠭ ᠎ ᠤᠨ ᠪᠦᠳᠤᠬᠡᠨ ᠪᠠᠶᠢᠭᠤᠯᠤᠯᠳᠠ ᠶᠢ ᠠᠬᠢᠭᠤᠯᠬᠤ ᠪᠠᠷ ᠲᠤᠭᠳᠠᠪᠠ᠂ ᠡᠨᠡ ᠪᠤᠯ ᠲᠦᠪ ᠤᠨ ᠨᠤᠳᠤᠬ ᠪᠡᠯᠴᠢᠬᠡᠷ ᠤᠨ ᠠᠵᠢᠯ ᠤᠨ ᠲᠤᠬᠠᠢ ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠵᠤ ᠪᠠᠶᠢᠭ᠎ᠠ ᠴᠢᠬᠤᠯᠠ ᠠᠷᠭ᠎ᠠ ᠬᠡᠮᠵᠢᠶ᠎ᠠ ᠪᠤᠯᠤᠨ᠎ᠠ᠃ ᠤᠯᠤᠰ ᠤᠨ ᠤᠢ ᠰᠢᠭᠤᠢ ᠪᠡ ᠨᠤᠳᠤᠬ ᠪᠡᠯᠴᠢᠬᠡᠷ ᠤᠨ ᠳᠤᠪᠴᠢᠶ᠎ᠠ ᠬᠢᠬᠡᠳ ᠳᠤᠷᠰᠢᠯᠳᠠ ᠶᠢᠨ ᠴᠡᠭ ᠤᠨ ᠪᠠᠶᠢᠭ᠎ᠠ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠰᠢ ᠶᠢᠨ ᠫᠢᠩ ᠎ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠳᠠᠯ᠎ᠠ ᠨᠤᠳᠤᠬ ᠤᠨ ᠪᠠᠶᠢᠭᠠᠯᠢ ᠶᠢᠨ ᠴᠡᠴᠡᠷᠯᠢᠭ ᠢ ᠪᠦᠳᠦᠬᠡᠨ ᠪᠠᠶᠢᠭᠤᠯᠬᠤ ᠳᠤ ᠰᠢᠨ᠎ᠠ ᠵᠠᠮ ᠬᠠᠶᠢᠨ ᠰᠦᠪᠡᠭᠴᠢᠯᠡᠵᠦ᠂ ᠪᠠᠶᠢᠭᠠᠯᠢ ᠶᠢᠨ ᠴᠡᠴᠡᠷᠯᠢᠭ ᠢᠶᠠᠷ ᠢᠶᠠᠨ ᠳᠠᠯ᠎ᠠ ᠨᠤᠳᠤᠬ ᠤᠨ ᠦᠩᠬᠡ ᠬᠢᠯᠪᠠᠭ᠎ᠠ ᠶᠢ ᠭᠠᠶᠢᠬᠠᠭᠤᠯᠵᠦ᠂ ᠳᠠᠯ᠎ᠠ ᠨᠤᠳᠤᠬ ᠤᠨ ᠭᠤᠶᠤ ᠦᠵᠡᠰᠬᠦᠯᠡᠩ ᠢ ᠦᠵᠡᠬᠦᠯᠵᠦ᠂ ᠦᠵᠡᠰᠬᠦᠯᠡᠩᠳᠦ ᠰᠠᠶᠢᠬᠠᠨ ᠳᠤᠮᠳᠠᠳᠤ ᠤᠯᠤᠰ ᠢ ᠪᠦᠳᠦᠬᠡᠨ ᠪᠠᠶᠢᠭᠤᠯᠬᠤ ᠳᠤ ᠰᠢᠨ᠎ᠠ ᠬᠤᠪᠢ ᠨᠠᠮᠡᠷᠢ ᠦᠵᠡᠬᠦᠯᠬᠦ ᠬᠡᠷᠡᠭᠳᠡᠢ ᠬᠡᠵᠦ ᠬᠡᠯᠡᠪᠡ᠃      ᠯᠢ ᠪᠢᠩ ᠷᠦᠩ᠂ ᠤᠯᠠᠨ ᠵᠢᠯ ᠤᠨ ᠳᠤᠷᠰᠢ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠤᠯᠤᠨ ᠶᠡᠷᠦᠩᠬᠡᠢ ᠱᠦᠵᠢ ᠰᠢ ᠶᠢᠨ ᠫᠢᠩ ᠎ ᠤᠨ ᠦᠪᠦᠷ ᠮᠤᠩᠭᠤᠯ ᠤᠨ ᠠᠵᠢᠯ ᠤᠨ ᠳᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠬ ᠰᠠᠨᠠᠭ᠎ᠠ ᠶᠢ ᠬᠦᠨᠵᠡᠬᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠭᠤᠤᠯᠳᠠᠯᠭ᠎ᠠ ᠲᠠᠢ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠶᠢᠨ ᠢᠨᠵᠧᠨᠧᠷᠢᠩ ᠢ ᠴᠦᠬᠦᠷᠡᠰᠢ ᠦᠬᠡᠢ ᠪᠠᠷᠢᠮᠳᠠᠯᠠᠨ ᠭᠡᠷᠡᠭᠵᠢᠬᠦᠯᠵᠠᠢ᠃ ᠦᠪᠦᠷ ᠮᠤᠩᠭᠤᠯ ᠡᠷᠬᠡᠪᠰᠢ ᠳᠤᠰ ᠤᠳᠠᠭ᠎ᠠ ᠶᠢᠨ ᠬᠤᠷᠠᠯ ᠢᠶᠠᠷ ᠠᠵᠠ ᠳᠤᠬᠢᠶᠠᠯ ᠪᠤᠯᠭᠠᠵᠦ᠂ ᠳᠠᠯ᠎ᠠ ᠨᠤᠳᠤᠬ ᠤᠨ ᠪᠠᠶᠢᠭᠠᠯᠢ ᠶᠢᠨ ᠴᠡᠴᠡᠷᠯᠢᠭ ᠤᠨ ᠳᠤᠷᠰᠢᠯᠳᠠ ᠶᠢᠨ ᠪᠦᠳᠦᠬᠡᠨ ᠪᠠᠶᠢᠭᠤᠯᠤᠯᠳᠠ ᠪᠠᠷ ᠭᠠᠷᠳᠠᠴᠠ ᠪᠤᠯᠭᠠᠵᠦ᠂ ᠳᠠᠯ᠎ᠠ ᠨᠤᠳᠤᠬ ᠢᠶᠠᠨ ᠦᠨᠡᠨ ᠬᠦ ᠬᠠᠮᠠᠭᠠᠯᠠᠵᠦ᠂ ᠳᠠᠯ᠎ᠠ ᠨᠤᠳᠤᠬ ᠢᠶᠠᠨ ᠰᠢᠨᠵᠢᠯᠡᠬᠦ ᠤᠬᠠᠭᠠᠨᠴᠢ ᠪᠠᠷ ᠪᠦᠳᠦᠬᠡᠨ ᠪᠠᠶᠢᠭᠤᠯᠵᠦ᠂ ᠳᠠᠯ᠎ᠠ ᠨᠤᠳᠤᠬ ᠢᠶᠠᠨ ᠵᠦᠢ ᠵᠤᠬᠢᠰᠳᠠᠢ ᠪᠠᠷ ᠠᠰᠢᠬᠯᠠᠵᠦ᠂ ᠳᠠᠯ᠎ᠠ ᠨᠤᠳᠤᠬ ᠤᠨ ᠠᠮᠢ ᠠᠬᠤᠢ ᠶᠢᠨ ᠴᠢᠳᠠᠮᠵᠢ ᠪᠤᠯᠤᠨ ᠠᠮᠢ ᠠᠬᠤᠢ ᠶᠢᠨ ᠪᠦᠳᠦᠬᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠦᠷᠬᠦᠯᠵᠢᠯᠡᠨ ᠳᠡᠬᠡᠭᠰᠢᠯᠡᠬᠦᠯᠵᠦ᠂ ᠬᠦᠬᠡᠮᠳᠦᠭ ᠨᠤᠭᠤᠭᠠᠨ ᠠᠭᠤᠯᠠ ᠤᠰᠦ ᠲᠠᠢ ᠦᠵᠡᠰᠬᠦᠯᠡᠩᠳᠦ ᠰᠠᠶᠢᠬᠠᠨ ᠳᠤᠮᠳᠠᠳᠤ ᠤᠯᠤᠰ ᠢ ᠴᠤᠬᠴᠠᠯᠠᠨ ᠪᠠᠶᠢᠭᠤᠯᠬᠤ ᠳᠤ ᠰᠢᠨ᠎ᠠ ᠪᠦᠬᠡᠳ ᠨᠡᠩ ᠶᠡᠭᠡ ᠬᠤᠪᠢ ᠨᠡᠮᠡᠷᠢ ᠦᠵᠡᠬᠦᠯᠬᠦ ᠬᠡᠷᠡᠭᠳᠡᠢ ᠬᠡᠵᠦ ᠬᠡᠯᠡᠪᠡ᠃      ᠤᠯᠤᠰ ᠤᠨ ᠤᠢ ᠰᠢᠭᠤᠢ ᠪᠡ ᠨᠤᠳᠤᠬ ᠪᠡᠯᠴᠢᠬᠡᠷ ᠤᠨ ᠳᠤᠪᠴᠢᠶ᠎ᠠ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠪᠡᠬᠡᠵᠢᠩ ᠶᠡᠭᠡ ᠰᠤᠷᠭᠠᠭᠤᠯᠢ᠂ ᠪᠡᠬᠡᠵᠢᠩ ᠤᠨ ᠤᠢ ᠰᠢᠭᠤᠢ ᠶᠢᠨ ᠶᠡᠭᠡ ᠰᠤᠷᠭᠠᠭᠤᠯᠢ᠂ ᠡᠯ᠎ᠠ ᠮᠤᠵᠢ ᠦᠪᠡᠷᠳᠡᠬᠡᠨ ᠵᠠᠰᠠᠬᠤ ᠤᠷᠤᠨ ᠰᠢᠭᠤᠳ ᠬᠠᠷᠢᠶ᠎ᠠ ᠬᠤᠳᠠ ᠶᠢᠨ ᠤᠢ ᠰᠢᠭᠤᠢ ᠪᠡ ᠨᠤᠳᠤᠬ ᠪᠡᠯᠴᠢᠬᠡᠷ ᠎ ᠤᠨ ᠰᠠᠯᠠᠭ᠎ᠠ ᠮᠦᠴᠢᠷ ᠤᠨ ᠬᠤᠯᠪᠤᠬᠳᠠᠯ ᠪᠦᠬᠦᠢ ᠳᠤᠰᠬᠠᠢ ᠮᠡᠷᠬᠡᠵᠢᠯᠳᠡᠨ ᠪᠤᠯᠤᠨ ᠬᠠᠷᠢᠭᠤᠴᠠᠯᠭᠠᠳᠠᠨ ᠨᠠᠷ ᠬᠤᠷᠠᠯ ᠳᠤ ᠤᠷᠤᠯᠴᠠᠪᠠ᠃ ᠬᠤᠷᠠᠯ ᠤᠨ ᠳᠠᠷᠠᠭ᠎ᠠ᠂ ᠬᠤᠷᠠᠯ ᠳᠤ ᠤᠷᠤᠯᠴᠠᠬᠰᠠᠳ ᠴᠡᠯᠡᠬᠡᠷ ᠳᠠᠯ᠎ᠠ ᠤᠯᠤᠰ ᠤᠨ ᠳᠠᠯ᠎ᠠ ᠨᠤᠳᠤᠬ ᠤᠨ ᠪᠠᠶᠢᠭᠠᠯᠢ ᠶᠢᠨ ᠴᠡᠴᠡᠷᠯᠢᠭ ᠪᠤᠯᠤᠨ ᠮᠧᠩ ᠼᠤᠤ ᠪᠦᠯᠦᠭᠯᠡᠯ ᠤᠨ ᠨᠤᠮᠢᠨ ᠨᠤᠭᠤᠭᠠᠨ ᠬᠦᠷᠢᠶᠡᠯᠡᠩ ᠢᠶᠠᠷ ᠳᠤᠭᠤᠷᠢᠨ ᠦᠵᠡᠵᠦ ᠰᠢᠨᠵᠢᠯᠡᠨ ᠪᠠᠶᠢᠴᠠᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号