ᠪᠠᠭᠰᠢ ᠶᠢᠨ ᠪᠠᠶᠠᠷ ᠬᠦᠷᠴᠤ ᠢᠷᠠᠬᠦ ᠲᠠᠰᠢᠷᠠᠮ ᠳᠤ ᠰᠢ ᠶᠢᠨ ᠫᠢᠩ ᠪᠦᠬᠦ ᠤᠯᠤᠰ ᠤᠨ ᠦᠷᠭᠡᠨ ᠤᠯᠠᠨ ᠪᠠᠭᠰᠢ ᠨᠠᠷ ᠪᠤᠯᠤᠨ ᠰᠤᠷᠭᠠᠨ ᠬᠦᠮᠦᠵᠢᠯ ᠤᠨ ᠠᠵᠢᠯᠳᠠᠳ ᠲᠤ ᠪᠠᠶᠠᠷ ᠤᠨ ᠡᠳᠦᠷ ᠤᠨ ᠮᠠᠨᠳᠤᠴᠢᠯᠠᠯ ᠪᠠ ᠴᠢᠩ ᠰᠡᠳᠬᠢᠯ ᠤᠨ ᠲᠤᠬᠤᠨᠢᠭᠤᠯᠤᠯ ᠲᠠᠪᠰᠢᠬᠦᠯᠪᠠ
ᠨᠡᠶᠢᠲᠡᠯᠡᠭᠰᠡᠨ ᠴᠠᠭ᠄
2020/9/10
     ᠭᠤᠴᠢᠨ ᠵᠢᠷᠭᠤᠭᠠᠳᠡᠬᠢ ᠪᠠᠭᠰᠢ ᠶᠢᠨ ᠪᠠᠶᠠᠷ ᠬᠦᠷᠴᠤ ᠢᠷᠡᠬᠦ ᠲᠠᠰᠢᠷᠠᠮ ᠳᠤ᠂ ᠨᠠᠮ ᠤᠨ ᠲᠦᠪ ᠬᠤᠷᠢᠶᠠᠨ ᠤ ᠶᠡᠷᠤᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠨᠠᠮ ᠤᠨ ᠲᠦᠪ ᠬᠤᠷᠢᠶᠠᠨ ᠤ ᠡᠮᠤᠨ᠎ᠡ ᠠᠴᠠ ᠪᠦᠬᠦ ᠤᠯᠤᠰ ᠤᠨ ᠦᠷᠭᠡᠨ ᠤᠯᠠᠨ ᠪᠠᠭᠰᠢ ᠨᠠᠷ ᠪᠤᠯᠤᠨ ᠰᠤᠷᠭᠠᠨ ᠬᠦᠮᠤᠵᠢᠯ ᠤᠨ ᠠᠵᠢᠯᠳᠠᠳ ᠲᠤ ᠪᠠᠶᠠᠷ ᠤᠨ ᠡᠳᠦᠷ ᠤᠨ ᠮᠡᠨᠳᠤᠴᠢᠯᠠᠯ ᠪᠠ ᠴᠢᠩ ᠰᠡᠳᠬᠢᠯ ᠤᠨ ᠲᠤᠬᠤᠨᠢᠭᠤᠯᠤᠯ ᠲᠠᠪᠰᠢᠬᠦᠯᠪᠠ᠃      ᠰᠢ ᠶᠢᠨ ᠫᠢᠩ᠂ ᠭᠡᠨᠡᠳᠳᠠ ᠪᠠᠷ ᠲᠠᠭᠠᠷᠢᠨ ᠢᠷᠡᠭᠰᠡᠡ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠳᠤ᠂ ᠪᠦᠬᠦ ᠤᠯᠤᠰ ᠤᠨ ᠦᠷᠭᠡᠨ ᠤᠯᠠᠨ ᠪᠠᠭᠰᠢ ᠨᠠᠷ ᠬᠦᠴᠢᠷ ᠢ ᠰᠦᠷᠦᠨ ᠤᠷᠤᠬᠰᠢᠯᠠᠵᠤ᠂ ᠬᠢᠵᠢᠭ ᠲᠠᠢ ᠲᠡᠮᠡᠴᠡᠬᠦ ᠪᠠ ︽ᠬᠢᠴᠢᠶᠠᠯ ᠢ ᠵᠤᠬᠰᠤᠭᠠᠬᠰᠠᠨ ᠴᠤ ᠰᠤᠷᠤᠯᠭ᠎ᠠ ᠶᠢ ᠵᠤᠬᠰᠤᠭᠠᠬᠤ ᠦᠭᠡᠢ᠂ ᠵᠢᠭᠠᠨ ᠰᠤᠷᠭᠠᠯᠳᠠ ᠶᠢ ᠵᠤᠬᠰᠤᠭᠠᠬᠤ ᠦᠭᠡᠢ︾ ᠪᠠᠶᠢᠬᠤ ᠬᠤᠶᠠᠷ ᠹᠷᠤᠨᠲ ᠲᠤ ᠡᠷᠡᠮᠡᠭᠡᠶᠢᠯᠡᠨ ᠪᠠᠶᠢᠯᠳᠤᠵᠤ᠂ ᠲᠦᠭ ᠲᠦᠮᠡᠨ ᠰᠤᠷᠤᠬᠴᠢ ᠶᠢᠨ ᠪᠠᠶ᠎ᠡ ᠰᠡᠳᠬᠢᠯ ᠤᠨ ᠡᠷᠡᠬᠦᠯ ᠮᠠᠨᠳᠤ ᠶᠢ ᠰᠠᠬᠢᠨ ᠬᠠᠮᠠᠭᠠᠯᠠᠵᠤ᠂ ᠲᠡᠯᠡᠭᠡᠢ ᠲᠡᠭᠡᠷᠡᠬᠢ ᠬᠠᠮᠤᠭ ᠤᠨ ᠶᠡᠭᠡ ᠬᠡᠪᠴᠢᠶᠠᠨ ᠤ ᠰᠦᠯᠵᠢᠶᠠᠨ ᠲᠡᠭᠡᠷᠡᠬᠢ ᠰᠤᠷᠭᠠᠨ ᠬᠦᠮᠦᠵᠢᠯ ᠢ ᠶᠠᠪᠤᠬᠳᠠᠭᠤᠯᠤᠨ᠂ ᠬᠢᠵᠢᠭ ᠲᠠᠢ ᠲᠡᠮᠡᠴᠡᠬᠦ ᠳᠤ ᠴᠢᠬᠤᠯᠠ ᠬᠤᠪᠢ ᠨᠠᠮᠡᠷᠢ ᠦᠵᠡᠬᠦᠯᠵᠠᠢ᠃ ᠡᠨᠡ ᠵᠢᠯ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠠᠯᠡᠬᠦᠯᠬᠦ ᠰᠢᠢᠳᠪᠤᠷᠢᠳᠤ ᠢᠯᠡᠯᠳᠠ ᠶᠢ ᠤᠯᠬᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠤ ᠲᠠᠶᠢᠯᠠᠯᠳᠤᠭᠠᠠ ᠬᠢᠬᠦ ᠵᠢᠯ ᠪᠤᠯᠤᠨ᠎ᠡ᠂ ᠪᠦᠬᠦ ᠤᠯᠤᠰ ᠤᠨ ᠦᠷᠭᠡᠨ ᠤᠯᠠᠨ ᠪᠠᠭᠰᠢ ᠨᠠᠷ ᠬᠠᠶᠢᠷ᠎ᠡ ᠰᠡᠳᠬᠢᠯᠭᠡ ᠪᠤᠯᠤᠨ ᠤᠶᠤᠨ ᠤᠬᠠᠭᠠᠨ ᠢᠶᠠᠷ ᠢᠶᠠᠨ ᠦᠶ᠎ᠡ ᠲᠠᠮᠵᠢᠨ ᠶᠠᠳᠠᠭᠤᠷᠠᠬᠤ ᠶᠢ ᠬᠤᠷᠢᠬᠯᠠᠨ ᠲᠠᠰᠤᠯᠵᠤ᠂ ᠲᠦᠮᠡ ᠮᠢᠩᠭᠠᠨ ᠬᠦᠳᠡᠭᠡ ᠲᠤᠰᠬᠤᠨ ᠤ ᠭᠡᠤᠭᠡᠳ ᠤᠨ ᠠᠮᠢᠳᠤᠷᠠᠬᠤᠢ ᠶᠢᠨ ᠬᠦᠰᠡᠯ ᠵᠡᠬᠦᠳᠤ ᠶᠢ ᠭᠡᠷᠡᠯᠳᠦᠬᠦᠯᠤᠨ᠂ ᠤᠳᠤ ᠦᠶ᠎ᠡ ᠶᠢᠨ ᠠᠷᠠᠳ ᠤᠨ ᠪᠠᠭᠰᠢ ᠶᠢᠨ ᠡᠷᠬᠢᠮ ᠲᠡᠭᠡᠳᠤ ᠪᠠᠭᠰᠢ ᠶᠢᠨ ᠮᠤᠷᠠᠯ ᠪᠤᠯᠤᠨ ᠬᠠᠷᠢᠭᠤᠴᠠᠯᠭ᠎ᠠ ᠡᠬᠦᠷᠭᠡᠯᠡᠯ ᠢ ᠬᠠᠷᠠᠭᠤᠯᠪᠠ᠃ ᠦᠷᠭᠡᠨ ᠤᠯᠠᠨ ᠪᠠᠭᠰᠢ ᠨᠠᠷ ᠶᠤᠰᠤ ᠰᠤᠷᠳᠠᠬᠤᠨ ᠢᠶᠠᠷ ᠬᠦᠮᠦᠨ ᠬᠦᠮᠦᠵᠢᠬᠦᠯᠬᠦ ᠤᠬ ᠰᠠᠨᠠᠭ᠎ᠠ ᠪᠠᠨ ᠦᠯᠤ ᠮᠡᠷᠳᠡᠵᠤ᠂ ᠨᠠᠮ ᠳᠠᠭᠠᠨ ᠬᠦᠮᠦᠨ ᠬᠦᠮᠦᠵᠢᠬᠦᠯᠵᠤ ᠦᠭᠭᠦ᠂ ᠤᠯᠤᠰ ᠲᠠᠭᠠᠨ ᠴᠢᠳᠠᠪᠤᠷᠢᠳᠠᠨ ᠬᠦᠮᠦᠵᠢᠬᠦᠯᠵᠤ ᠦᠭᠭᠦ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠨ᠂ ᠰᠢᠨ᠎ᠡ ᠴᠠᠭ ᠦᠶ᠎ᠡ ᠶᠢᠨ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠠᠷᠭ᠎ᠠ ᠬᠡᠮᠵᠢᠶ᠎ᠡ ᠶᠢ ᠢᠳᠡᠪᠬᠢᠳᠠᠢ ᠬᠠᠶᠢᠨ ᠰᠦᠪᠡᠭᠴᠢᠯᠡᠵᠤ᠂ ᠪᠢᠴᠢᠭ ᠵᠢᠭᠠᠵᠤ ᠬᠦᠮᠦᠨ ᠬᠦᠮᠦᠵᠢᠬᠦᠯᠬᠦ ᠡᠷᠳᠡᠮ ᠴᠢᠳᠠᠪᠤᠷᠢ ᠪᠠᠨ ᠲᠠᠰᠤᠷᠠᠯᠳᠠ ᠦᠭᠡᠢ ᠲᠡᠭᠡᠭᠰᠢᠯᠡᠬᠦᠯᠤᠨ᠂ ᠶᠤᠰᠤ ᠰᠤᠷᠲᠠᠬᠤᠨ ᠤᠶᠤᠨ ᠤᠬᠠᠭᠠᠨ ᠪᠠᠶ᠎ᠡ ᠮᠠᠬᠠᠪᠤᠳ ᠭᠤᠸ᠎ᠡ ᠰᠠᠶᠢᠬᠠᠨ ᠠᠵᠢᠯ ᠬᠦᠳᠡᠯᠮᠤᠷᠢ ᠪᠦᠬᠦ ᠲᠠᠯ᠎ᠡ ᠪᠠᠷ ᠬᠦᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠬᠴᠢ ᠪᠤᠯᠤᠨ ᠵᠠᠯᠭᠠᠮᠵᠢᠯᠠᠬᠴᠢ ᠶᠢ ᠬᠦᠮᠦᠵᠢᠬᠦᠯᠬᠦ ᠳᠤ ᠨᠡᠩ ᠶᠡᠭᠡ ᠰᠢᠨ᠎ᠡ ᠬᠤᠪᠢ ᠨᠠᠮᠡᠷᠢ ᠦᠵᠡᠬᠦᠯᠬᠦ ᠶᠢ ᠬᠦᠰᠡᠵᠤ ᠪᠠᠶᠢᠨ᠎ᠡ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠡᠯ᠎ᠡ ᠱᠠᠳᠤᠨ ᠤ ᠨᠠᠮ ᠤᠨ ᠬᠤᠷᠢᠶ᠎ᠡ ᠪᠤᠯᠤᠨ ᠵᠠᠰᠠᠭ ᠤᠨ ᠤᠷᠳᠤᠨ ᠭᠡᠬᠦᠳᠡᠭ ᠲᠦᠬᠦᠷᠡᠩ ᠬᠠᠯᠠᠭᠤᠨ ᠰᠡᠳᠬᠢᠯᠭᠡ ᠪᠠᠷ ᠪᠠᠭᠰᠢ ᠨᠠᠷ ᠢ ᠬᠠᠯᠠᠮᠵᠢᠯᠠᠵᠤ᠂ ᠪᠠᠭᠰᠢ ᠶᠢ ᠦᠨᠡᠨ ᠬᠦ ᠪᠦᠬᠦ ᠨᠡᠶᠢᠭᠡᠮ ᠢᠶᠠᠷ ᠢᠶᠠᠨ ᠬᠠᠮᠤᠭ ᠤᠨ ᠬᠦᠨᠳᠤᠳᠭᠡᠳᠡᠭ ᠪᠠ ᠬᠦᠮᠦᠰ ᠢ ᠪᠠᠭ᠋ᠠᠷᠠᠭᠤᠯᠬᠤ ᠲᠤᠬᠠᠢᠢᠯᠬᠠᠰᠡᠨ ᠠᠵᠢᠯ ᠪᠤᠯᠭᠠᠵᠤ᠂ ᠪᠦᠬᠦ ᠨᠡᠶᠢᠭᠡᠮ ᠳᠤ ᠪᠠᠭᠰᠢ ᠶᠢ ᠬᠦᠨᠳᠤᠳᠭᠡᠨ ᠰᠤᠷᠭᠠᠨ ᠬᠦᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠭᠡᠪ ᠰᠤᠷᠳᠠᠯ ᠢ ᠪᠤᠢ ᠪᠤᠯᠭᠠᠬᠤ ᠭᠡᠷᠡᠭᠳᠠᠢ᠃ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠪᠠ ᠰᠤᠷᠭᠠᠨ ᠬᠦᠮᠤᠵᠢᠯ ᠵᠢᠭᠠᠨ ᠰᠤᠷᠭᠠᠯᠳᠠ ᠶᠢᠨ ᠠᠵᠢᠯ ᠢ ᠨᠢᠭᠡᠳᠦᠯᠳᠠᠢ ᠲᠦᠯᠦᠪᠵᠢᠬᠦᠯᠤᠨ ᠰᠠᠶᠢᠳᠤᠷ ᠬᠢᠵᠤ᠂ ᠪᠦᠬᠦ ᠲᠠᠯ᠎ᠡ ᠪᠠᠷ ᠰᠤᠷᠭᠠᠭᠤᠯᠢ ᠡᠬᠢᠯᠡᠨ᠂ ᠬᠡᠪ ᠤᠨ ᠪᠠᠶᠢᠳᠠᠯ ᠢᠶᠠᠷ ᠰᠤᠷᠭᠠᠭᠤᠯᠢ ᠡᠬᠢᠯᠡᠵᠤ᠂ ᠠᠮᠤᠷ ᠲᠦᠪᠰᠢᠨ ᠢᠶᠠᠷ ᠰᠤᠷᠭᠠᠭᠤᠯᠢ ᠡᠬᠢᠯᠡᠬᠦ ᠶᠢ ᠦᠨᠡᠨ ᠬᠦ ᠪᠠᠳᠤᠯᠬᠠᠤ ᠭᠡᠷᠡᠭᠳᠠᠢ ᠭᠡᠵᠤ ᠴᠢᠬᠤᠯᠠᠴᠢᠯᠠᠪᠠ᠃      ᠮᠠᠨ ᠤ ᠤᠯᠤᠰ ᠲᠤ ᠤᠳᠤ ᠡᠯ᠎ᠡ ᠱᠠᠳᠤᠨ ᠤ ᠡᠯ᠎ᠡ ᠲᠦᠷᠦᠯ ᠤᠨ 1732 ᠲᠦᠮᠡᠨ ᠲᠤᠰᠬᠠᠢ ᠲᠤᠰᠢᠶᠠᠯᠲᠦ ᠪᠠᠭᠰᠢ ᠪᠠᠶᠢᠨ᠎ᠡ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠦᠷᠭᠡᠨ ᠤᠯᠠᠨ ᠪᠠᠭᠰᠢ ᠨᠠᠷ ᠶᠡᠭᠡ ᠬᠡᠪᠴᠢᠶᠠᠨ ᠤ ᠰᠦᠯᠵᠢᠶᠠᠨ ᠲᠡᠭᠡᠷᠡᠬᠢ ᠵᠢᠭᠠᠨ ᠰᠤᠷᠭᠠᠯᠳᠠ ᠪᠠᠷ ᠲᠠᠮᠵᠢᠨ ᠪᠦᠬᠦ ᠤᠯᠤᠰ ᠤᠨ 2.8 ᠳ᠋ᠦᠡᠭᠰᠢᠭᠤᠷ ᠰᠤᠷᠤᠬᠴᠢ ᠶᠢᠨ ᠤᠯᠨᠨ ᠶᠠᠩᠵᠤᠴᠢᠯᠠᠬᠰᠡᠨ ᠰᠤᠷᠤᠯᠴᠠᠬᠤ ᠭᠡᠷᠡᠭᠴᠡᠭᠡ ᠶᠢ ᠬᠠᠨᠭ᠍ᠭᠠᠵᠤ᠂ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠠᠷᠭ᠎ᠠ ᠬᠡᠯᠪᠡᠷᠢ ᠶᠢᠨ ᠬᠤᠪᠢᠰᠬᠠᠯᠳᠤ ᠴᠢᠨᠠᠷᠳᠠᠢ ᠬᠤᠪᠢᠰᠤᠯᠳᠠ ᠶᠢ ᠠᠬᠢᠭᠤᠯᠵᠠᠢ᠃ ᠭᠡᠳᠤᠨ ᠵᠠᠭᠤᠨ ᠲᠦᠮᠡᠨ ᠬᠦᠳᠡᠭᠡ ᠲᠤᠰᠬᠤᠨ ᠤ ᠪᠠᠭᠰᠢ᠂ ᠵᠠᠭᠤᠨ ᠲᠦᠮᠡ ᠰᠢᠬᠠᠮ ᠤᠨᠴᠠᠭᠠᠢ ᠠᠵᠢᠯ ᠤᠨ ᠪᠠᠶᠢᠷᠢ ᠶᠢᠨ ᠪᠠᠭᠰᠢ᠂ ᠭᠡᠳᠤᠨ ᠠᠷᠪᠡᠨ ᠲᠦᠮᠡᠨ ᠰᠤᠷᠭᠠᠨ ᠬᠦᠮᠦᠵᠢᠯ ᠢ ᠲᠡᠮᠵᠢᠬᠦ ᠪᠠᠭᠰᠢ ᠬᠠᠮᠤᠭ ᠤᠨ ᠠᠯᠤᠰ ᠪᠤᠶᠢᠳᠠ᠂ ᠬᠠᠮᠤᠭ ᠤᠨ ᠶᠠᠳᠠᠭᠤ ᠬᠦᠴᠢᠷᠳᠡᠯᠳᠠᠢ᠂ ᠬᠠᠮᠤᠭ ᠤᠨ ᠬᠠᠳᠠᠭᠤ ᠪᠠᠷᠭᠡᠰᠢᠶᠠᠯᠳᠠᠢ ᠭᠠᠵᠠᠷ ᠤᠷᠤᠨ ᠢ ᠪᠠᠳᠤ ᠰᠠᠬᠢᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠬᠠᠷᠠᠯᠳᠠ ᠡᠬᠦᠷᠭᠡ ᠶᠢ ᠲᠤᠬᠳᠠᠬᠰᠡᠨ ᠬᠤᠭᠤᠴᠠᠭᠠᠨ ᠳᠤ ᠪᠠᠶᠠᠯᠡᠬᠦᠯᠬᠦ ᠶᠢ ᠦᠨᠡᠨ ᠬᠦ ᠪᠠᠳᠤᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠡᠯᠡᠬᠦᠯᠬᠦ ᠳᠤ ᠬᠦᠴᠤᠨ ᠴᠢᠳᠠᠯ ᠢᠶᠠᠨ ᠡᠷᠬᠦᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号