ᠪᠦ᠋ ᠰᠢᠶᠤᠤ ᠯᠢᠨ ᠪᠠᠭᠰᠢ ᠨᠠᠷ ᠤᠨ ᠲᠦᠯᠦᠭᠡᠯᠡᠭᠴᠢ ᠶᠢ ᠡᠷᠬᠢᠨ ᠦᠵᠡᠵᠦ ᠲᠤᠬᠤᠨᠢᠭᠤᠯᠤᠨ ᠪᠦᠬᠦ ᠤᠷᠤᠨ ᠤ ᠦᠷᠭᠡᠨ ᠤᠯᠠᠨ ᠪᠠᠭᠰᠢ ᠨᠠᠷ ᠪᠤᠯᠤᠨ ᠰᠤᠷᠭᠠᠨ ᠬᠦᠮᠦᠵᠢᠯ ᠤᠨ ᠠᠵᠢᠯᠳᠠᠳ ᠲᠤ ᠪᠠᠶᠠᠷ ᠤᠨ ᠡᠳᠦᠷ ᠤᠨ ᠮᠡᠨᠳᠤᠴᠢᠯᠡᠯ ᠪᠠ ᠰᠠᠶᠢᠨ ᠰᠠᠶᠢᠬᠠᠨ ᠵᠦᠩᠨᠡᠯ ᠲᠡᠪᠰᠢᠬᠦᠯᠵᠡᠢ
ᠨᠡᠶᠢᠲᠡᠯᠡᠭᠰᠡᠨ ᠴᠠᠭ᠄
2020/9/11
     ᠭᠤᠴᠢᠨ ᠵᠢᠷᠭᠤᠭᠠᠳᠠᠬᠢ ᠪᠠᠭᠰᠢ ᠶᠢᠨ ᠪᠠᠶᠠᠷ ᠬᠦᠷᠴᠦ ᠢᠷᠡᠭᠰᠡᠨ ᠳᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠥᠪᠦᠷ ᠮᠤᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠫᠷᠤᠹᠧᠰᠰᠤᠷ ᠸᠠᠩ ᠢᠤᠢ ᠬᠤᠸᠠ᠂ ᠬᠦᠬᠡᠬᠤᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠠᠵᠢᠯ ᠠᠴᠠ ᠪᠠᠨ ᠠᠮᠠᠷᠠᠭᠰᠠᠨ ᠪᠠᠭᠰᠢ ᠵᠢᠶᠠᠩ ᠴᠤᠤ ᠰᠢᠶᠠ ᠶᠢ ᠲᠤᠳᠤᠨᠤ ᠪᠠᠷ ᠡᠷᠬᠢᠨ ᠦᠵᠡᠵᠦ ᠲᠤᠬᠤᠨᠢᠭᠤᠯᠤᠨ᠂ ᠪᠦᠬᠦ ᠤᠷᠤᠨ ᠤ ᠦᠷᠭᠡᠨ ᠤᠯᠠᠨ ᠪᠠᠭᠰᠢ ᠨᠠᠷ ᠪᠤᠯᠤᠨ ᠰᠤᠷᠭᠠᠨ ᠬᠦᠮᠦᠵᠢᠯ ᠤᠨ ᠠᠵᠢᠯᠳᠠᠳ ᠲᠤ ᠪᠠᠶᠠᠷ ᠤᠨ ᠡᠳᠦᠷ ᠤᠨ ᠮᠡᠨᠳᠤᠴᠢᠯᠡᠯ ᠪᠠ ᠰᠠᠶᠢᠨ ᠰᠠᠶᠢᠬᠠᠨ ᠵᠦᠩᠨᠡᠯ ᠲᠡᠪᠰᠢᠬᠦᠯᠵᠡᠢ᠃
     ᠪᠦ᠋ ᠰᠢᠶᠤᠤ ᠯᠢᠨ ᠤᠷᠢᠳ ᠬᠤᠵᠢᠳ ᠸᠠᠩ ᠢᠤᠢ ᠬᠤᠸᠠ ᠫᠷᠦᠹᠧᠰᠰᠤᠷ ᠪᠤᠯᠤᠨ ᠵᠢᠶᠠᠩ ᠴᠤᠤ ᠰᠢᠶᠠ ᠪᠠᠭᠰᠢ ᠶᠢᠨ ᠭᠡᠷ ᠲᠤ ᠬᠦᠷᠴᠦ᠂ ᠪᠠᠶᠠᠷ ᠤᠨ ᠡᠳᠦᠷ ᠤᠨ ᠵᠦᠩᠨᠡᠯ ᠲᠡᠪᠰᠢᠭᠦᠯᠤᠨ᠂ ᠳᠡᠳᠡᠨ ᠤ ᠪᠠᠭᠰᠢ ᠶᠢᠨ ᠪᠠᠶᠠᠷ ᠤᠨ ᠡᠳᠦᠷ ᠲᠡᠭᠡᠨ ᠪᠠᠶᠠᠷ ᠵᠢᠷᠭᠠᠯ ᠲᠠᠢ ᠪᠠᠶᠢᠬᠤ ᠶᠢ ᠵᠦᠩᠨᠡᠪᠡ᠃ ᠸᠠᠩ ᠢᠤᠢ ᠬᠤᠸᠠ ᠫᠷᠦᠹᠧᠰᠰᠤᠷ ᠪᠤᠯ ᠮᠤᠩᠭᠤᠯ ᠦᠨᠳᠦᠰᠦᠳᠡᠨ᠂ ᠳ᠋ᠤᠺᠲ᠋ᠤᠷᠠᠨᠲ ᠤᠨ ᠵᠢᠯᠤᠭᠤᠳᠤᠬᠴᠢ ᠪᠠᠭᠰᠢ ᠪᠤᠯᠤᠨ᠎ᠠ᠂ ᠪᠦᠬᠦ ᠤᠯᠤᠰ ᠤᠨ ᠰᠢᠯᠢᠳᠡᠭ ᠪᠠᠭᠰᠢ᠂ ᠪᠦᠬᠦ ᠤᠯᠤᠰ ᠤᠨ ᠪᠠᠭᠰᠢ ᠶᠢᠨ ᠶᠤᠰᠤ ᠰᠤᠷᠲᠠᠬᠤᠨ ᠤ ᠪᠢᠶᠤᠤᠪᠢᠩ ᠵᠡᠷᠭᠡ ᠢᠷᠠᠭᠤ ᠠᠯᠳᠠᠷ ᠤᠨ ᠴᠤᠯᠠ ᠶᠢ ᠬᠦᠷᠳᠡᠵᠦ ᠦᠩᠭᠡᠷᠡᠵᠠᠢ᠃ ᠪᠦ᠋ ᠰᠢᠶᠤᠤ ᠯᠢᠨ ᠶᠡᠭᠡ ᠲᠡᠭᠡᠳᠤ ᠰᠤᠷᠭᠠᠭᠤᠯᠢ ᠶᠢᠨ ᠡᠮ ᠡᠮᠨᠡᠯᠭᠡ ᠶᠢᠨ ᠰᠢᠨᠵᠢᠯᠡᠭᠡᠨ ᠤ ᠪᠠᠶᠢᠭᠤᠯᠤᠯᠳᠠ ᠪᠤᠯᠤᠨ ᠵᠢᠭᠠᠨ ᠰᠤᠷᠭᠠᠯᠳᠠ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠳᠦᠭᠡᠯ ᠢ ᠤᠨᠳᠤᠤᠰᠢᠭᠤᠯᠬᠤ ᠵᠡᠷᠭᠡ ᠠᠵᠢᠯ ᠤᠨ ᠲᠤᠬᠠᠢ ᠸᠠᠩ ᠢᠦᠢ ᠬᠤᠸᠠ ᠫᠷᠤᠹᠧᠰᠰᠤᠷ ᠲᠠᠢ ᠪᠤᠳᠤᠯ ᠰᠠᠨᠠᠯ ᠢᠶᠠᠨ ᠬᠦᠨᠵᠡᠭᠡᠢ ᠰᠤᠯᠢᠯᠴᠠᠵᠤ᠂ ᠲᠡᠬᠦᠨ ᠤ ᠦᠵᠡᠯᠳᠠ ᠰᠠᠨᠠᠯ ᠢ ᠰᠤᠨᠤᠰᠪᠠ᠃ ᠵᠢᠶᠠᠩ ᠴᠤᠤ ᠰᠢᠶᠠ ᠪᠠᠭᠰᠢ ᠰᠤᠷᠭᠠᠨ ᠬᠦᠮᠦᠵᠢᠯ ᠤᠨ ᠹᠷᠤᠨᠲ ᠲᠤ 30 ᠭᠠᠷᠤᠢ ᠵᠢᠯ ᠭᠠᠪᠰᠢᠭᠠᠢᠢᠯᠠᠨ ᠠᠵᠢᠯᠯᠠᠵᠤ᠂ ᠬᠦᠭᠡᠬᠤᠳᠠ ᠶᠢᠨ ᠬᠦᠳᠡᠯᠮᠤᠷᠢ ᠶᠢᠨ ᠵᠢᠱᠢᠶᠡᠴᠢ ᠶᠢᠨ ᠢᠷᠠᠭᠤ ᠠᠯᠳᠠᠷ ᠢ 3 ᠤᠳᠠᠭ᠎ᠠ ᠬᠦᠷᠳᠡᠵᠤ ᠦᠡᠭᠭᠡᠷᠡᠵᠠᠢ᠃ ᠪᠦ᠋ ᠰᠢᠶᠤᠤ ᠯᠢᠨ᠂ ᠵᠢᠶᠠᠩ ᠴᠤᠤ ᠰᠢᠶᠠ ᠪᠠᠭᠰᠢ ᠶᠢᠨ ᠰᠤᠷᠭᠠᠨ ᠬᠦᠮᠦᠵᠢᠯ ᠤᠨ ᠦᠢᠯᠡᠰ ᠲᠤ ᠦᠵᠡᠬᠦᠯᠦᠭᠰᠡᠨ ᠬᠤᠪᠢ ᠨᠠᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠭᠡᠵᠤ᠂ ᠵᠢᠶᠠᠩ ᠴᠤᠤ ᠰᠢᠶᠠ ᠪᠠᠭᠰᠢ ᠶᠢᠨ ᠠᠮᠢᠳᠤᠷᠠᠯ ᠤᠨ ᠪᠠᠶᠢᠳᠠᠯ ᠢ ᠨᠠᠷᠢᠨ ᠤᠢᠢᠯᠠᠭᠠᠨ᠂ ᠲᠡᠬᠦᠨ ᠤ ᠪᠠᠶ᠎ᠡ ᠮᠠᠬᠠᠪᠤᠳ ᠡᠷᠡᠬᠦᠯ ᠮᠠᠨᠳᠤ᠂ ᠠᠮᠢᠳᠤᠷᠠᠯ ᠵᠤᠯ ᠵᠢᠷᠭᠠᠯ ᠲᠠᠢ ᠪᠠᠶᠢᠬᠤ ᠶᠢ ᠵᠦᠡᠭᠨᠡᠪᠡ᠃      ᠪᠦ᠋ ᠰᠢᠶᠤᠤ ᠯᠢᠨ᠂ ᠪᠠᠭᠰᠢ ᠪᠤᠯ ᠰᠤᠷᠭᠠᠨ ᠬᠦᠮᠦᠵᠢᠯ ᠤᠨ ᠦᠨᠳᠤᠰᠤ᠂ ᠰᠤᠷᠭᠠᠨ ᠬᠦᠮᠤᠵᠢᠯ ᠢ ᠮᠠᠨᠳᠤᠭᠤᠯᠬᠤ ᠡᠬᠢ ᠪᠤᠯᠠᠭ ᠪᠠᠶᠢᠵᠤ᠂ ᠭᠡᠤᠭᠡᠳ ᠨᠢᠭᠡ ᠪᠦᠷᠢ ᠶᠢ ᠡᠷᠡᠬᠦᠯ ᠢᠶᠠᠷ ᠦᠰᠬᠡᠨ ᠪᠤᠶᠢᠵᠢᠭᠤᠯᠵᠤ ᠠᠷᠠᠳ ᠲᠦᠮᠡᠨ ᠤ ᠬᠠᠨᠤᠮᠵᠢᠳᠠᠢ ᠰᠤᠷᠭᠠᠨ ᠬᠦᠮᠤᠵᠢᠯ ᠢ ᠡᠷᠬᠢᠯᠡᠬᠦ ᠬᠦᠨᠳᠤ ᠡᠬᠦᠷᠭᠡ ᠶᠢ ᠡᠬᠦᠷᠭᠡᠯᠡᠵᠤ ᠪᠠᠶᠢᠳᠠᠭ᠃ ᠪᠦᠬᠦ ᠤᠷᠤᠨ ᠤ ᠦᠷᠬᠡᠨ ᠤᠯᠠᠨ ᠪᠠᠭᠰᠢ ᠨᠠᠷ ᠶᠤᠰᠤ ᠰᠤᠷᠳᠠᠬᠤᠨ ᠢᠶᠠᠷ ᠬᠦᠮᠤᠨ ᠬᠦᠮᠤᠵᠢᠬᠦᠯᠬᠦ ᠤᠬ ᠰᠠᠨᠠᠭ᠎ᠠ ᠪᠠᠨ ᠦᠯᠤ ᠮᠠᠷᠳᠠᠨ᠂ ᠨᠠᠮ ᠳᠠᠭᠠᠨ ᠬᠦᠮᠤᠨ ᠬᠦᠮᠤᠵᠢᠬᠦᠯᠵᠤ ᠦᠭᠭᠦ᠂ ᠤᠯᠤᠰ ᠲᠠᠭᠠᠨ ᠴᠢᠳᠠᠪᠤᠷᠢᠳᠠᠨ ᠬᠦᠮᠤᠵᠢᠬᠦᠯᠵᠤ ᠦᠭᠭᠦ ᠡᠬᠦᠷᠬᠡ ᠪᠠᠨ ᠪᠠᠳᠤ ᠴᠡᠬᠡᠵᠢᠯᠠᠵᠤ᠂ ᠰᠤᠷᠤᠬᠴᠢ ᠶᠢᠨ ᠦᠰᠤᠯᠳᠠ ᠪᠤᠶᠢᠵᠢᠯᠳᠠ ᠶᠢᠨ ᠵᠢᠯᠤᠭᠤᠳᠤᠬᠴᠢ ᠪᠤᠯᠤᠨ ᠵᠠᠮᠴᠢᠯᠠᠬᠴᠢ ᠪᠤᠯᠬᠤ ᠶᠢ ᠬᠦᠰᠡᠵᠤ ᠪᠠᠶᠢᠨ᠎ᠠ︔ ᠳᠤᠮᠳᠠᠳᠤ ᠶᠢᠨ ᠦᠨᠳᠤᠰᠤᠳᠠᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠤ ᠪᠤᠢ ᠪᠤᠯᠭᠠᠨ᠂ ᠰᠢᠨ᠎ᠠ ᠴᠠᠬ ᠦᠶ᠎ᠠ ᠶᠢᠨ ᠦᠨᠳᠤᠰᠤᠳᠠᠨ ᠤ ᠪᠦᠯᠬᠦᠮᠳᠡᠯ ᠤᠨ ᠵᠢᠱᠢᠶᠡᠴᠢ ᠤᠢᠢᠯᠡᠳᠤᠯᠬᠡᠵᠢᠬᠦᠯᠦᠭᠴᠢ ᠪᠤᠯᠵᠤ᠂ ᠶᠤᠰᠤ ᠰᠤᠷᠲᠠᠬᠤᠨ ᠤᠶᠤᠨ ᠤᠬᠠᠭᠠᠨ ᠪᠡᠶ᠎ᠠ ᠮᠠᠬᠠᠪᠤᠳ ᠭᠤᠸ᠎ᠠ ᠰᠠᠶᠢᠬᠠᠨ ᠠᠵᠢᠯ ᠬᠦᠳᠡᠯᠮᠤᠷᠢ ᠪᠦᠬᠦ ᠲᠠᠯ᠎ᠠ ᠪᠠᠷ ᠬᠦᠭᠵᠢᠭᠰᠡᠨ ᠨᠡᠶᠢᠬᠡᠮ ᠵᠢᠷᠤᠮ ᠤᠨ ᠪᠦᠳᠤᠬᠡᠨ ᠪᠠᠶᠢᠭᠤᠯᠤᠬᠴᠢ ᠪᠤᠯᠤᠨ ᠵᠠᠯᠭᠠᠮᠵᠢᠯᠠᠬᠴᠢ ᠶᠢ ᠬᠦᠮᠤᠵᠢᠬᠦᠯᠬᠦ ᠳᠤ ᠦᠵᠡᠬᠦᠯᠪᠡᠰᠤ ᠵᠤᠬᠢᠬᠤ ᠬᠤᠪᠢ ᠨᠡᠮᠡᠷᠢ ᠪᠠᠨ ᠦᠵᠡᠬᠦᠯᠬᠦ ᠶᠢ ᠬᠦᠰᠡᠵᠤ ᠪᠠᠶᠢᠨ᠎ᠠ᠃ ᠪᠦᠬᠦ ᠨᠡᠶᠢᠬᠡᠮ ᠢᠶᠠᠷ ᠢᠶᠠᠨ ᠤᠷᠬᠢᠯᠤᠮ᠎ᠠ ᠬᠠᠯᠠᠭᠤᠨ ᠰᠡᠳᠬᠢᠯᠬᠡ ᠪᠠᠷ ᠪᠠᠭᠰᠢ ᠨᠠᠷ ᠢ ᠬᠠᠯᠠᠮᠵᠢᠯᠠᠨ᠂ ᠰᠤᠷᠭᠠᠨ ᠬᠦᠮᠤᠵᠢᠯ ᠤᠨ ᠤᠢᠢᠯᠡᠰ ᠢ ᠠᠩᠬᠠᠷᠤᠨ ᠲᠡᠮᠵᠢᠵᠤ᠂ ᠪᠠᠭᠰᠢ ᠶᠢ ᠬᠦᠨᠳᠤᠳᠬᠡᠬᠦ ᠰᠤᠷᠭᠠᠨ ᠬᠦᠮᠤᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠨᠡᠶᠢᠬᠡᠮ ᠤᠨ ᠬᠡᠪ ᠰᠤᠷᠳᠠᠯ ᠢ ᠪᠤᠢ ᠪᠤᠯᠭᠠᠨ᠂ ᠪᠠᠭᠰᠢ ᠶᠢ ᠦᠨᠡᠨ ᠬᠦ ᠪᠦᠬᠦ ᠨᠡᠶᠢᠬᠡᠮ ᠢᠶᠠᠷ ᠢᠶᠠᠨ ᠬᠠᠮᠤᠬ ᠤᠨ ᠬᠦᠨᠳᠤᠳᠬᠡᠬᠦ ᠪᠠ ᠬᠦᠮᠦᠰ ᠢ ᠪᠠᠭ᠋ᠠᠷᠠᠭᠤᠯᠬᠤ ᠲᠤᠬᠠᠢᠢᠯᠠᠭᠰᠠᠠ ᠠᠵᠢᠯ ᠪᠤᠯᠭᠠᠬᠤ ᠭᠡᠷᠡᠭᠳᠠᠢ ᠬᠡᠵᠤ ᠵᠢᠭᠠᠵᠤ ᠭᠠᠷᠭᠠᠪᠠ᠃      ᠦᠪᠡᠷᠳᠡᠬᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠲᠤᠬᠤᠨᠢᠭᠤᠯᠬᠤ ᠠᠵᠢᠯᠯᠠᠭ᠎ᠠ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号