ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠢᠭᠡᠳ ᠾᠧᠪᠸᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠳᠡᠯᠴᠡᠭᠡᠷ ᠲᠤᠬᠢᠷᠠᠯᠴᠠᠪᠠ
ᠨᠡᠶᠢᠲᠡᠯᠡᠭᠰᠡᠨ ᠴᠠᠭ᠄
2020/9/11
     9 ᠳ᠋ᠦ᠋ᠭᠡᠷ ᠰᠠᠷ᠎ᠠ ᠶᠢᠨ 10᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠾᠧᠪᠸᠢ ᠶᠢᠨ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠤᠪᠢ ᠣᠷᠤᠭᠤᠯᠤᠯᠲᠠ ᠶᠢᠨ ᠬᠢᠵᠠᠭᠠᠷᠲᠤ ᠺᠣᠮᠫᠠᠨᠢ ᠬᠦᠬᠡᠬᠤᠲᠠ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠳᠡᠯᠴᠡᠭᠡᠷ ᠲᠤ ᠭᠠᠷ ᠤᠨ ᠥᠰᠥᠭ ᠵᠢᠷᠤᠪᠠ᠃      ᠬᠤᠶᠠᠷ ᠲᠠᠯ᠎ᠠ ᠪᠠᠷ ᠢᠶᠠᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠪᠡᠯᠡ ᠣᠷᠣᠭᠤᠯᠤᠯᠲᠠ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ︽ᠭᠤᠷᠪᠠ ᠶᠢ ᠨᠢᠭᠡ ᠴᠣᠭᠴᠠᠵᠢᠭᠤᠯᠬᠤ︾ ᠬᠠᠮᠲᠤᠷᠠᠯᠴᠠᠭᠠᠨ ᠤ ᠲᠠᠪᠴᠠᠩ ᠪᠠᠶᠢᠭᠤᠯᠬᠤ ᠪᠠᠷ ᠳᠠᠮᠵᠢᠨ᠂ ᠨᠡᠶᠢᠳᠡᠮ ᠬᠡᠷᠡᠭᠯᠡᠬᠦ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ᠂ ᠵᠠᠮ ᠬᠥᠭᠦᠷᠭᠡ᠂ ᠲᠡᠮᠦᠷ ᠵᠠᠮ᠂ ᠬᠤᠲᠠ ᠶᠢᠨ ᠬᠥᠩᠭᠡᠨ ᠲᠡᠮᠦᠷ ᠵᠠᠮ᠂ ᠤᠰᠤᠨ ᠠᠰᠢᠭᠯᠠᠯᠲᠠ ᠪᠠ ᠤᠰᠤᠨ ᠠᠰᠢᠭᠯᠠᠯᠲᠠ ᠶᠢᠨ ᠶᠠᠪᠤᠳᠠᠯ᠂ ᠭᠠᠵᠠᠷ ᠳᠣᠤᠷᠠᠬᠢ ᠬᠤᠭᠤᠯᠠᠶ ᠭᠤᠤᠷᠰᠤ ᠶᠢᠨ ᠬᠤᠩᠭᠢᠯ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ᠂ ᠵᠢᠭᠤᠯᠴᠢᠯᠠᠯ ᠤᠨ ᠠᠵᠤ ᠦᠢᠯᠡᠰ᠂ ᠰᠠᠭᠤᠷᠢ ᠪᠡᠯᠡᠳᠬᠡᠮᠵᠢ ᠵᠡᠷᠭᠡ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠰᠢᠨ᠎ᠡ ᠡᠨᠧᠷᠭᠢ ᠶᠢ ᠨᠡᠭᠡᠭᠡᠬᠦ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ᠂ ᠠᠶᠤᠯᠲᠠᠶ ᠬᠠᠶᠠᠭᠳᠠᠮᠠᠯ ᠪᠣᠳᠠᠰ ᠢ ᠥᠭᠡᠷᠡᠴᠢᠯᠡᠬᠦ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠦᠷᠢᠶᠡᠨ ᠳᠠᠬᠢ ᠬᠠᠮᠲᠤᠷᠠᠯᠴᠠᠭ᠎ᠠ ᠶᠢ ᠬᠠᠮᠲᠤ ᠪᠠᠷ ᠠᠬᠢᠭᠤᠯᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号