ᠡᠨᠡ ᠵᠢᠯ ᠮᠠᠨ ᠤ ᠣᠷᠣᠨ 100 ᠨᠡᠷᠡᠰ ᠰᠢᠨ᠎ᠡ ᠶᠢ ᠡᠭᠦᠳᠦᠭᠰᠡᠨ ᠦᠢᠯᠡᠰ ᠴᠣᠭᠴᠠᠯᠠᠭᠰᠠᠨ ᠵᠠᠯᠠᠭᠤ ᠴᠢᠳᠠᠪᠤᠷᠢᠲᠠᠨ ᠢ ᠰᠢᠯᠭᠠᠷᠠᠭᠤᠯᠬᠤ ᠪᠠᠷ ᠲᠥᠯᠥᠪᠯᠡᠵᠦ ᠪᠣᠶ
ᠨᠡᠶᠢᠲᠡᠯᠡᠭᠰᠡᠨ ᠴᠠᠭ᠄
2020/9/11
     ᠵᠠᠯᠠᠭᠤ ᠴᠢᠳᠠᠪᠤᠷᠢᠲᠠᠨ ᠢ ᠬᠥᠮᠦᠵᠢᠭᠦᠯᠦᠨ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠣᠶᠢᠷ᠎ᠠ ᠳᠤ 2020 ᠣᠨ ᠤ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠴᠢᠳᠠᠪᠤᠷᠢᠲᠠᠨ︾᠎ ᠤ ᠢᠨᠵᠧᠨᠧᠷᠢᠩ ᠤᠨ ᠰᠢᠨ᠎ᠡ ᠶᠢ ᠡᠭᠦᠳᠦᠭᠰᠡᠨ ᠦᠢᠯᠡᠰ ᠴᠣᠭᠴᠠᠯᠠᠭᠰᠠᠨ ᠵᠠᠯᠠᠭᠤ ᠴᠢᠳᠠᠪᠤᠷᠢᠲᠠᠨ ᠢ ᠰᠢᠯᠭᠠᠷᠠᠭᠤᠯᠬᠤ ᠠᠵᠢᠯ ᠢ ᠥᠷᠨᠢᠭᠦᠯᠵᠦ᠂ ᠣᠲᠣ ᠨᠢᠭᠡᠨᠲᠡ ᠭᠤᠶᠤᠴᠢᠯᠠᠨ ᠮᠡᠳᠡᠭᠦᠯᠬᠦ ᠲᠠᠨᠢᠯᠴᠠᠭᠤᠯᠬᠤ ᠠᠵᠢᠯ ᠡᠬᠢᠯᠡᠪᠡ᠃      ᠭᠤᠶᠤᠴᠢᠯᠠᠨ ᠮᠡᠳᠡᠭᠦᠯᠬᠦ ᠲᠠᠨᠢᠯᠴᠠᠭᠤᠯᠬᠤ ᠬᠦᠷᠢᠶ᠎ᠡ ᠬᠡᠪᠴᠢᠶᠡᠨ ᠳᠤ ᠪᠠᠭᠲᠠᠬᠤ ᠬᠦᠮᠦᠰ ᠪᠣᠯ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠨᠢᠭᠡᠴᠢ ᠶᠢᠨ ᠪᠦᠬᠦᠯᠢ 2 ᠵᠢᠯ ᠠᠴᠠ ᠳᠡᠭᠡᠭᠰᠢ ᠠᠵᠢᠯᠯᠠᠭᠰᠠᠨ ᠠᠵᠢᠯ ᠤᠨ ᠪᠠᠶᠢᠷᠢ ᠳᠤ ᠪᠠᠶᠢᠭ᠎ᠠ ᠬᠥᠮᠦᠰ ︵ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠪᠣᠯᠤᠨ ᠭᠠᠳᠠᠭᠠᠳᠤ ᠶᠢᠨ ᠬᠠᠷᠢᠶ᠎ᠠ ᠲᠠᠢ ᠬᠥᠮᠦᠰ ᠪᠠᠭᠲᠠᠬᠤ ᠦᠭᠡᠢ︶ ᠪᠣᠯᠣᠨ᠎ᠠ᠃ ᠲᠠᠨᠢᠯᠴᠠᠭᠤᠯᠬᠤ ᠠᠵᠢᠯ ᠳᠤ ᠰᠢᠨ᠎ᠡ ᠪᠠᠷ ᠬᠥᠭᠵᠢᠭᠰᠡᠨ ᠰᠢᠨᠵᠢᠯᠡᠭᠡᠨ ᠤ ᠰᠠᠯᠠᠭᠠᠨ ᠤ ᠰᠤᠳᠤᠯᠭᠠᠨ ᠬᠢᠵᠦ ᠪᠠᠶᠢᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠯᠢᠳᠡᠭ ᠵᠠᠯᠠᠭᠤ ᠴᠢᠳᠠᠪᠤᠷᠢᠲᠠᠨ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠳᠤ ᠠᠵᠢᠯᠯᠠᠵᠤ ᠪᠠᠶᠢᠭ᠎ᠠ ᠰᠢᠯᠢᠳᠡᠭ ᠵᠠᠯᠠᠭᠤ ᠴᠢᠳᠠᠪᠤᠷᠢᠲᠠᠨ ᠵᠢᠴᠢ ᠪᠡᠷᠬᠡ ᠬᠠᠲᠠᠭᠤᠵᠢᠯᠲᠠᠢ ᠵᠠᠬ᠎ᠠ ᠬᠢᠵᠠᠭᠠᠷ ᠣᠷᠣᠨ ᠤ ᠰᠢᠨ᠎ᠡ ᠶᠢ ᠡᠭᠦᠳᠴᠦ ᠦᠢᠯᠡᠰ ᠴᠣᠭᠴᠠᠯᠠᠬᠤ᠂ ᠦᠨᠳᠦᠰᠦᠨ ᠱᠠᠲᠤᠨ ᠤ ᠶᠠᠳᠠᠭᠤ ᠶᠢ ᠲᠡᠳᠬᠦᠬᠦ ᠰᠢᠪᠲᠤᠯᠤᠯᠲᠠ ᠶᠢᠨ ᠡᠮᠦᠨ᠎ᠡ ᠹᠷᠣᠨᠲ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠳᠤᠮᠳᠠ ᠰᠢᠯᠢᠳᠡᠭ ᠠᠮᠵᠢᠯᠲᠠ ᠪᠦᠲᠦᠮᠵᠢ ᠭᠠᠷᠭᠠᠵᠤ᠂ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠵᠠᠯᠠᠭᠤ ᠴᠢᠳᠠᠪᠤᠷᠢᠲᠠᠨ ᠲᠡᠶᠢᠰᠢ ᠬᠡᠯᠪᠠᠶᠢᠯᠭᠡᠬᠦ ᠶᠢ ᠴᠢᠬᠤᠯᠠᠴᠢᠯᠠᠨ᠎ᠠ᠃      ᠣᠶᠢᠯᠠᠭᠠᠭᠰᠠᠨ ᠢᠶᠠᠷ᠂ ᠡᠨᠡ ᠵᠢᠯ ᠪᠥᠬᠦ ᠣᠷᠣᠨ ᠤ ᠬᠡᠪᠴᠢᠶᠡᠨ ᠳᠤ ᠪᠠᠶᠢᠭᠠᠯᠢ ᠶᠢᠨ ᠰᠢᠨᠵᠢᠯᠡᠬᠦ ᠤᠬᠠᠭᠠᠨ᠂ ᠢᠨᠵᠧᠨᠧᠷᠢᠩ ᠤᠨ ᠮᠡᠷᠭᠡᠵᠢᠯ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠵᠢᠴᠢ ᠰᠣᠶᠣᠯ ᠵᠢᠭᠤᠯᠴᠢᠯᠠᠯ᠂ ᠠᠵᠤ ᠠᠬᠤᠶ ᠮᠥᠩᠭᠦᠨ ᠭᠦᠢᠯᠭᠡᠭᠡᠨ ᠤ ᠬᠦᠷᠢᠶᠡᠨ ᠳᠠᠬᠢ ᠰᠢᠨ᠎ᠡ ᠶᠢ ᠡᠭᠦᠳᠦᠭᠰᠡᠨ ᠦᠢᠯᠡᠰ ᠴᠣᠭᠴᠠᠯᠠᠭᠰᠠᠨ ᠵᠠᠯᠠᠭᠤ ᠴᠢᠳᠠᠪᠤᠷᠢᠲᠠᠨ ᠢ 100 ᠨᠡᠷᠡᠰ ᠰᠢᠯᠭᠠᠷᠠᠭᠤᠯᠬᠤ ᠪᠠᠷ ᠲᠥᠯᠥᠪᠯᠡᠵᠦ ᠪᠣᠶ᠃ ᠡᠭᠦᠨ ᠳᠤ᠂ ᠰᠢᠨ᠎ᠡ ᠶᠢ ᠡᠭᠦᠳᠦᠭᠰᠡᠨ ᠵᠠᠯᠠᠭᠤ ᠴᠢᠳᠠᠪᠤᠷᠢᠲᠠᠨ ᠤ ᠨᠢᠭᠡᠳᠦᠭᠡᠷ ᠳᠡᠰ ᠳᠠᠪᠬᠤᠷᠭ᠎ᠠ ᠳᠤ 45 ᠨᠡᠷᠡᠰ᠂ ᠬᠥᠮᠦᠨ ᠪᠦᠷᠢ ᠶᠢ ᠵᠢᠯ ᠳᠤ 5 ᠲᠦᠮᠡᠨ ᠲᠥᠭᠦᠷᠢᠭ ᠢᠶᠠᠷ ᠲᠤᠰᠠᠯᠠᠵᠤ᠂ 3 ᠵᠢᠯ ᠤᠨ ᠬᠤᠭᠤᠴᠠᠭ᠎ᠠ ᠪᠠᠷ ᠲᠤᠰᠠᠯᠠᠨ ᠳᠡᠮᠵᠢᠨ᠎ᠡ᠃ ᠲᠤᠰᠬᠠᠶ ᠮᠡᠷᠭᠡᠵᠢᠯᠲᠡᠨ ᠤ ᠬᠢᠨᠠᠨ ᠰᠢᠯᠭᠠᠬᠤ ᠪᠠ ᠦᠨᠡᠯᠡᠨ ᠵᠢᠱᠢᠬᠦ ᠪᠠᠷ ᠳᠡᠮᠵᠢᠨ᠂ ᠠᠮᠵᠢᠯᠲᠠ ᠪᠦᠲᠦᠭᠡᠯ ᠨᠢ ᠲᠣᠪᠤᠶᠢᠮ᠎ᠠ᠂ ᠠᠯᠤᠰ ᠢᠷᠡᠭᠡᠳᠦᠶ ᠪᠠᠷ ᠰᠠᠶᠢᠨ ᠰᠢᠯᠢᠳᠡᠭ ᠴᠢᠳᠠᠪᠤᠷᠢᠲᠠᠨ ᠢ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠴᠢᠳᠠᠪᠤᠷᠢᠲᠠᠨ︾᠎ ᠤ ᠢᠨᠵᠧᠨᠧᠷᠢᠩ ᠳᠤ ᠭᠤᠤᠯᠳᠠᠯᠭ᠎ᠠ ᠲᠠᠢ ᠲᠠᠨᠢᠯᠴᠠᠭᠤᠯᠤᠨ᠎ᠠ︔ ᠰᠢᠨ᠎ᠡ ᠶᠢ ᠡᠭᠦᠳᠦᠭᠰᠡᠨ ᠵᠠᠯᠠᠭᠤ ᠴᠢᠳᠠᠪᠤᠷᠢᠲᠠᠨ ᠤ ᠬᠤᠶᠠᠳᠤᠭᠠᠷ ᠳᠡᠰ ᠳᠠᠪᠬᠤᠷᠭ᠎ᠠ ᠳᠤ 45 ᠨᠡᠷᠡᠰ᠂ ᠬᠥᠮᠦᠨ ᠪᠦᠷᠢ ᠶᠢ ᠨᠢᠭᠡ ᠯᠡ ᠤᠳᠠᠭ᠎ᠠ 5 ᠲᠦᠮᠡᠨ ᠲᠥᠭᠦᠷᠢᠭ ᠢᠶᠠᠷ ᠲᠤᠰᠠᠯᠠᠨ᠎ᠠ︔ ᠦᠢᠯᠡᠰ ᠴᠣᠭᠴᠠᠯᠠᠭᠰᠠᠨ ᠵᠠᠯᠠᠭᠤ ᠴᠢᠳᠠᠪᠤᠷᠢᠲᠠᠨ 10 ᠨᠡᠷᠡᠰ᠂ ᠬᠥᠮᠦᠨ ᠪᠦᠷᠢ ᠶᠢ ᠨᠢᠭᠡ ᠯᠡ ᠤᠳᠠᠭ᠎ᠠ 10 ᠲᠦᠮᠡᠨ ᠲᠥᠭᠦᠷᠢᠭ ᠢᠶᠠᠷ ᠲᠤᠰᠠᠯᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号