ᠬᠠᠶᠢᠷ᠎ᠠ ᠶᠢ ᠪᠤᠯᠢᠶᠠᠮ᠎ᠠ ᠦᠵᠡᠰᠬᠦᠯᠡᠩᠲᠦ ᠰᠠᠶᠢᠬᠠᠨ ᠥᠪᠥᠷ ᠮᠣᠩᠭᠤᠯ
ᠨᠡᠶᠢᠲᠡᠯᠡᠭᠰᠡᠨ ᠴᠠᠭ᠄
2020/9/16
      ᠬᠡᠳᠦᠨ ᠡᠳᠦᠷ ᠤᠨ ᠲᠤᠷᠰᠢ᠂ ᠮᠠᠨ ᠤ ᠣᠷᠣᠨ ︽ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠥᠪᠥᠷ ᠮᠣᠩᠭᠤᠯ︾ ᠭᠡᠬᠦ ᠭᠤᠤᠯ ᠰᠡᠳᠦᠪ ᠢᠶᠠᠷ 2020 ᠣᠨ ᠤ ᠳᠤᠮᠳᠠᠳᠤ ᠤᠯᠤᠰ ᠤᠨ ᠣᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠳᠤ ᠲᠤᠳᠣᠷᠠᠵᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠳᠣᠪᠤᠶᠢᠯᠭᠠᠨ᠂ ᠮᠠᠨ ᠤ ᠣᠷᠣᠨ ᠤ ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠡᠬᠢ ᠪᠠᠶᠠᠯᠢᠭ ᠪᠠ ᠵᠠᠮ ᠱᠤᠭᠤᠮ ᠢ ᠤᠬᠠᠭᠤᠯᠤᠨ ᠲᠠᠨᠢᠯᠴᠠᠭᠤᠯᠬᠤ ᠪᠠᠷ ᠳᠠᠮᠵᠢᠭᠤᠯᠤᠨ᠂ ᠥᠪᠥᠷ ᠮᠣᠩᠭᠤᠯ ᠤᠨ ᠠᠯᠳᠠᠷᠰᠢᠯ ᠪᠠ ᠲᠠᠭᠠᠰᠢᠶᠠᠭᠳᠠᠯ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠪᠦᠷᠢᠶ᠎ᠡ ᠮᠠᠩᠬ᠎ᠠ᠂ ᠳᠠᠭᠤᠲᠤ ᠨᠠᠭᠤᠷ ᠵᠡᠷᠭᠡ ᠡᠯᠡᠰᠦᠨ ᠴᠥᠯ ᠤᠨ ᠠᠮᠠᠷᠠᠯᠲᠠ ᠶᠢᠨ ᠦᠵᠡᠮᠵᠢ ᠶᠢᠨ ᠣᠷᠣᠨ᠂ ᠬᠥᠯᠥᠨ ᠪᠤᠶᠢᠷ᠂ ᠤᠯᠠᠭᠠᠨᠬᠠᠳᠠ᠂ ᠰᠢᠯᠢ ᠶᠢᠨ ᠭᠤᠣᠯ ᠵᠡᠷᠭᠡ ᠲᠠᠯ᠎ᠠ ᠨᠤᠲᠤᠭ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠠ ᠤᠮᠠᠷᠠᠲᠤ ᠶᠢᠨ ᠴᠡᠷᠢᠭ ᠤᠨ ᠵᠡᠪᠰᠡᠭ ᠤᠨ ᠬᠤᠲᠠ ᠨᠤᠭᠤᠳ ᠦᠵᠡᠰᠬᠦᠯᠡᠩ ᠳᠤ ᠣᠷᠣᠯᠴᠠᠭᠰᠠᠨ ᠴᠥᠭᠡᠨ ᠪᠤᠰᠤ ᠬᠤᠳᠠᠯᠳᠤᠭᠠᠴᠢᠳ ᠤᠨ ᠳᠤᠷ᠎ᠠ ᠪᠠᠬ᠎ᠠ ᠶᠢ ᠲᠠᠲᠠᠭᠰᠠᠨ ᠪᠥᠭᠡᠳ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号