ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠳᠤ ᠮᠠᠨ ᠤ ᠣᠷᠣᠨ ᠤ ᠰᠢᠨᠡᠴᠢᠯᠡᠭᠰᠡᠨ ᠵᠢᠷᠤᠭ ᠳᠥᠷᠰᠦ ᠶᠢᠨ ᠶᠡᠷᠦᠩᠬᠡᠶ ᠬᠡᠮᠵᠢᠶ᠎ᠡ 327 ᠲᠦᠮᠡ ᠳᠤ ᠬᠥᠷᠪᠡ
ᠨᠡᠶᠢᠲᠡᠯᠡᠭᠰᠡᠨ ᠴᠠᠭ᠄
2020/9/16
     ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠣᠶᠢᠯᠠᠭᠠᠭᠰᠠᠨ ᠢᠶᠠᠷ᠂ 8ᠳ᠋ᠤᠭᠠᠷ ᠰᠠᠷ᠎ᠠ ᠶᠢᠨ ᠰᠡᠭᠦᠯᠴᠢ ᠪᠠᠷ᠂ ᠮᠠᠨ ᠤ ᠣᠷᠣᠨ ᠤ 103 ᠬᠤᠰᠢᠭᠤ ᠰᠢᠶᠠᠨ ︵ᠬᠤᠲᠠ᠂ ᠲᠣᠭᠤᠷᠢᠭ︶᠎ ᠤ ᠭᠤᠷᠪᠠᠳᠤᠭᠠᠷ ᠤᠳᠠᠭ᠎ᠠ ᠶᠢᠨ ᠭᠠᠵᠠᠷ ᠰᠢᠷᠤᠢ ᠶᠢᠨ ᠪᠠᠶᠢᠴᠠᠭᠠᠯᠲᠠ ᠳᠤ ᠨᠢᠭᠡᠳᠦᠯᠲᠡᠶ ᠰᠢᠨᠡᠴᠢᠯᠡᠭᠰᠡᠨ ᠪᠠᠶᠢᠴᠠᠭᠠᠯᠲᠠ ᠶᠢᠨ ᠦᠷ᠎ᠡ ᠳ᠋ᠦᠩ ᠢ ᠨᠢᠭᠡᠨᠲᠡ ᠪᠦᠬᠦᠨ ᠢ ᠤᠯᠤᠰ ᠲᠤ ᠬᠤᠷᠢᠶᠠᠩᠭᠤᠶᠢᠯᠠᠨ ᠲᠤᠰᠢᠶᠠᠪᠠ᠃      ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠨᠢᠭᠡᠳᠦᠯᠲᠡᠶ ᠰᠢᠨᠡᠴᠢᠯᠡᠬᠦ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠮᠠᠨ ᠤ ᠣᠷᠣᠨ ᠤᠷᠢᠳ ᠬᠤᠵᠢᠳ ᠲᠤᠬᠠᠶ ᠶᠢᠨ ᠭᠠᠵᠠᠷ ᠲᠤ ᠨᠢ 4 ᠡᠭᠡᠯᠵᠢ ᠬᠠᠷᠭᠤᠭᠤᠯᠤᠨ ᠪᠠᠶᠢᠴᠠᠭᠠᠵᠤ ᠵᠢᠭᠠᠨ ᠵᠢᠯᠣᠭᠤᠳᠬᠤ ᠠᠵᠢᠯ ᠢ ᠥᠷᠨᠢᠭᠦᠯᠵᠦ᠂ ᠪᠦᠬᠦᠨ ᠢ ᠬᠠᠮᠤᠷᠬᠤ᠂ ᠵᠦᠭ ᠴᠢᠭᠯᠡᠯ ᠳᠤ ᠨᠢ ᠵᠣᠬᠢᠴᠠᠭᠤᠯᠬᠤ᠂ ᠨᠢᠭᠤᠷᠲᠠᠨ ᠵᠣᠯᠭᠠᠭᠤᠯᠬᠤ ᠠᠵᠢᠯ ᠢ ᠥᠷᠨᠢᠭᠦᠯᠪᠡ᠃ ᠲᠤᠬᠠᠶ ᠶᠢᠨ ᠭᠠᠵᠠᠷ ᠲᠤ ᠨᠢ ᠪᠠᠶᠢᠴᠠᠭᠠᠨ ᠬᠠᠷᠭᠤᠭᠤᠯᠬᠤ᠂ ᠭᠡᠷᠡᠴᠢ ᠬᠢᠬᠦ᠂ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠬᠤ ᠪᠠ ᠰᠢᠨᠡᠴᠢᠯᠡᠬᠦ ᠪᠠᠷ ᠳᠠᠮᠵᠢᠭᠤᠯᠤᠨ᠂ ᠰᠢᠨᠡᠴᠢᠯᠡᠬᠦ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠪᠡ᠃ ᠰᠢᠨᠡᠴᠢᠯᠡᠬᠦ ᠪᠠᠶᠢᠴᠠᠭᠠᠯᠲᠠ ᠳᠤ 5690 ᠭᠠᠷᠤᠶ ᠬᠦᠮᠦᠨ ᠣᠷᠤᠯᠴᠠᠵᠤ᠂ ᠰᠢᠨᠡᠴᠢᠯᠡᠭᠰᠡᠨ ᠵᠢᠷᠤᠭ ᠳᠥᠷᠰᠦ ᠶᠢᠨ ᠶᠡᠷᠦᠩᠬᠡᠶ ᠬᠡᠮᠵᠢᠶ᠎ᠡ 327 ᠲᠦᠮᠡ ᠳᠤ ᠬᠦᠷᠴᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号