ᠣᠶᠢᠷ᠎ᠠ ᠳᠤ᠂ ᠮᠠᠨ ᠤ ᠣᠷᠣᠨ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠨᠡᠶᠢᠲᠡᠯᠡᠬᠦ | ᠲᠠᠪᠴᠠᠩ ᠳᠤ ᠲᠦᠰᠢᠭᠯᠡᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ 336 ᠰᠠᠯᠠᠭ᠎ᠠ ᠮᠥᠴᠢᠷ ᠤᠨ | 2019 ᠣᠨ ᠤ ᠰᠠᠯᠠᠭ᠎ᠠ ᠮᠥᠴᠢᠷ ᠤᠨ ᠲᠥᠰᠦᠪ ᠤᠨ ᠭᠦᠢᠴᠡᠳᠬᠡᠯ ᠢ ᠨᠡᠶᠢᠭᠡᠮ ᠨᠡᠶᠢᠲᠡ ᠳᠤ ᠲᠥᠪᠯᠡᠷᠡᠭᠦᠯᠦᠨ | ᠢᠯᠡ ᠨᠡᠶᠢᠲᠡᠯᠡᠪᠡ᠃ ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ᠂ ᠡᠨᠡ ᠵᠢᠯ ᠤᠨ ᠲᠥᠰᠦᠪ ᠤᠨ ᠭᠦᠢᠴᠡᠳᠬᠡᠯ ᠢ | ᠢᠯᠡ ᠨᠡᠶᠢᠲᠡᠯᠡᠭᠰᠡᠨ ᠬᠡᠯᠪᠡᠷᠢ ᠨᠢ ᠨᠡᠩ ᠵᠢᠷᠤᠮᠵᠢᠭᠤᠨ᠂ ᠠᠭᠤᠯᠭ᠎ᠠ ᠨᠢ ᠨᠡᠩ ᠪᠠᠶᠠᠯᠢᠭ ᠪᠠᠶᠢᠵᠤ᠂ ᠠᠮᠵᠢᠯᠲᠠ | ᠪᠦᠲᠦᠮᠵᠢ ᠶᠢᠨ ᠲᠠᠯ᠎ᠠ ᠪᠠᠷ ᠲᠠᠬᠢᠨ ᠬᠦᠴᠦᠯᠡᠵᠦ᠂ ᠰᠠᠯᠠᠭ᠎ᠠ ᠮᠥᠴᠢᠷ ᠤᠨ ᠲᠥᠰᠦᠪ ᠢ ᠭᠦᠢᠴᠡᠳᠬᠡᠭᠰᠡᠨ ᠦᠷ᠎ᠡ | ᠳ᠋ᠦᠩ ᠨᠢ ᠪᠦᠬᠦ ᠲᠠᠯ᠎ᠠ ᠪᠠᠷ ᠢᠯᠡᠷᠡᠵᠡᠢ᠃ | ᠢᠯᠡ ᠨᠡᠶᠢᠲᠡᠯᠡᠬᠦ ᠬᠡᠯᠪᠡᠷᠢ ᠶᠢᠨ ᠲᠠᠯ᠎ᠠ ᠪᠠᠷ᠂ ᠰᠢᠨ᠎ᠡ ᠪᠠᠷ ᠳᠡᠰ ᠳᠡᠪᠰᠢᠨ ᠳᠠᠬᠢᠨ ᠰᠦᠯᠵᠢᠶᠡᠨ ᠳᠤ | ᠭᠠᠷᠤᠭᠰᠠᠨ ᠥᠪᠡᠷᠲᠡᠭᠡᠨ ᠵᠠᠰᠠᠬᠤ ᠣᠷᠣᠨ ᠤ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠨᠡᠶᠢᠲᠡᠯᠡᠬᠦ | ᠲᠠᠪᠴᠠᠩ ᠨᠢ 336 ᠰᠠᠯᠠᠭ᠎ᠠ ᠮᠥᠴᠢᠷ ᠤᠨ ᠲᠥᠰᠦᠪ ᠤᠨ ᠭᠦᠢᠴᠡᠳᠬᠡᠯ ᠢ ︽ᠰᠠᠯᠠᠭ᠎ᠠ ᠮᠥᠴᠢᠷ ᠤᠨ ᠲᠥᠰᠦᠪ ᠪᠠ | ᠲᠥᠰᠦᠪ ᠤᠨ ᠭᠦᠢᠴᠡᠳᠬᠡᠯ︾᠂ ︽ᠰᠢᠭᠦᠬᠦ ᠬᠤᠷᠢᠶᠠᠨ ᠤ ᠲᠥᠰᠦᠪ ᠪᠠ ᠲᠥᠰᠦᠪ ᠤᠨ ᠭᠦᠢᠴᠡᠳᠬᠡᠯ︾᠂ | ︽ᠪᠠᠶᠢᠴᠠᠭᠠᠬᠤ ᠬᠤᠷᠢᠶᠠᠨ ᠤ ᠲᠥᠰᠦᠪ ᠪᠠ ᠲᠥᠰᠦᠪ ᠤᠨ ᠭᠦᠢᠴᠡᠳᠬᠡᠯ︾ ᠭᠡᠰᠡᠨ ᠭᠤᠷᠪᠠᠨ ᠬᠠᠭᠤᠳᠠᠰᠤ ᠪᠠᠷ | ᠳᠡᠯᠭᠡᠨ ᠦᠵᠡᠭᠦᠯᠵᠦ᠂ ᠵᠢᠭᠰᠠᠭᠠᠭᠰᠠᠨ ᠨᠢ ᠲᠡᠷᠢ ᠲᠡᠭᠰᠢ᠂ ᠭᠠᠷᠴᠠᠭ ᠨᠢ ᠲᠣᠳᠣᠷᠬᠠᠶ᠂ ᠪᠠᠶᠢᠴᠠᠭᠠᠨ ᠯᠠᠪᠯᠠᠬᠤ ᠳᠤ | ᠳᠥᠭᠦᠮ ᠳᠥᠲᠡ ᠪᠣᠯᠭᠠᠵᠠᠢ᠃ | ᠢᠯᠡ ᠨᠡᠶᠢᠲᠡᠯᠡᠭᠰᠡᠨ ᠵᠠᠰᠠᠭ ᠤᠨ ᠣᠷᠳᠣᠨ ᠤ ᠬᠤᠳᠠᠯᠳᠤᠨ ᠠᠪᠬᠤ ᠵᠠᠷᠤᠯᠭ᠎ᠠ ᠶᠢᠨ ᠪᠠᠶᠢᠳᠠᠯ ᠳᠤ᠂ | ︽ᠳᠤᠮᠳᠠ ᠵᠢᠵᠢᠭ ᠠᠵᠤ ᠠᠬᠤᠶᠢᠯᠠᠯ ᠳᠤ ᠣᠯᠭᠤᠭᠰᠠᠨ ᠭᠡᠷ᠎ᠡ ᠶᠢᠨ ᠵᠣᠭᠤᠰ ᠤᠨ ᠲᠤᠭ᠎ᠠ︾ ᠪᠠ ︽ᠵᠢᠵᠢᠭ ᠪᠢᠴᠢᠯ | ᠠᠵᠤ ᠠᠬᠤᠶᠢᠯᠠᠯ ᠳᠤ ᠣᠯᠭᠤᠭᠰᠠᠨ ᠭᠡᠷ᠎ᠡ ᠶᠢᠨ ᠵᠣᠭᠤᠰ ᠤᠨ ᠲᠤᠭ᠎ᠠ︾ ᠶᠢᠨ ᠮᠡᠳᠡᠭᠡ ᠵᠠᠩᠭᠢ ᠶᠢ ᠰᠢᠨ᠎ᠡ ᠪᠠᠷ | ᠨᠡᠮᠡᠭᠰᠡᠨ ᠠᠴᠠ ᠡᠯ᠎ᠡ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠤ ᠠᠬᠤᠶᠢᠯᠠᠯ ᠤᠨ | ᠪᠦᠷᠢᠯᠳᠦᠯ ᠤᠨ ᠪᠠᠶᠢᠳᠠᠯ ᠢ ᠨᠠᠩ ᠪᠥᠬᠦ ᠲᠠᠯ᠎ᠠ ᠪᠠᠷ ᠲᠤᠰᠬᠠᠪᠠ᠃ | ᠦᠷ᠎ᠡ ᠪᠦᠲᠦᠮᠵᠢ ᠶᠢ ᠢᠯᠡ ᠨᠡᠶᠢᠲᠡᠯᠡᠭᠰᠡᠨ ᠲᠠᠯ᠎ᠠ ᠪᠠᠷ᠂ ᠡᠨᠡ ᠵᠢᠯ ᠲᠥᠰᠦᠪ ᠤᠨ ᠠᠮᠵᠢᠯᠲᠠ ᠪᠦᠲᠦᠮᠵᠢ ᠶᠢ | ᠲᠥᠰᠦᠪ ᠤᠨ ᠭᠦᠢᠴᠡᠳᠬᠡᠯ ᠢ ᠢᠯᠡ ᠨᠡᠶᠢᠲᠡᠯᠡᠬᠦ ᠳᠤ ᠭᠦᠨᠵᠡᠭᠡᠶ ᠠᠭᠤᠰᠤᠯᠴᠠᠭᠤᠯᠵᠤ᠂ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢᠨ ᠠᠵᠢᠯ ᠤᠨ ᠪᠠᠶᠢᠳᠠᠯ ᠢ ᠢᠯᠡ ᠨᠡᠶᠢᠲᠡᠯᠡᠭᠰᠡᠨ ᠰᠠᠭᠤᠷᠢᠨ ᠳᠡᠭᠡᠷ᠎ᠡ᠂ ᠰᠠᠯᠠᠭ᠎ᠠ ᠮᠥᠴᠢᠷ ᠤᠨ | ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠬᠦᠰᠦᠨᠦᠭᠲᠦ ᠪᠣᠯᠤᠨ ᠦᠨᠡᠯᠡᠯᠲᠡ ᠶᠢᠨ ᠦᠷ᠎ᠡ | ᠳ᠋ᠦᠩ ᠢ ᠪᠦᠬᠦ ᠲᠠᠯ᠎ᠠ ᠪᠠᠷ ᠢᠯᠡ ᠨᠡᠶᠢᠲᠡᠯᠡᠨ᠂ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠭᠰᠡᠨ ᠠᠴᠠ ᠡᠳ᠋ ᠤᠨ ᠵᠠᠰᠠᠭ ᠤᠨ ᠪᠡᠯᠡ ᠮᠥᠩᠭᠦ ᠶᠢᠨ ᠪᠣᠳᠠᠲᠠᠶ ᠬᠡᠷᠡᠭᠴᠡᠭᠡ ᠪᠠ ᠦᠷ᠎ᠡ ᠪᠦᠲᠦᠮᠵᠢ ᠶᠢ ᠤᠯᠠᠨ | ᠨᠡᠶᠢᠲᠡ ᠳᠤ ᠲᠦᠬᠦᠮ ᠳᠦᠳᠡ ᠣᠶᠢᠯᠠᠭᠠᠭᠤᠯᠵᠠᠢ᠃ | ᠣᠯᠠᠨ ᠨᠡᠶᠢᠲᠡ ᠶᠢᠨ ᠨᠡᠯᠢᠶᠡᠳ ᠠᠩᠬᠠᠷᠴᠤ ᠪᠠᠶᠢᠭ᠎ᠠ ︽ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ ᠶᠢᠨ | ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠯ᠎ᠡ ᠰᠠᠯᠠᠭ᠎ᠠ ᠮᠥᠴᠢᠷ ᠤᠳ ᠰᠠᠶᠢᠲᠤᠷ ᠠᠷᠪᠢᠯᠠᠨ | ᠭᠠᠮᠨᠠᠬᠤ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠷᠪᠢᠯᠠᠨ ᠭᠠᠮᠨᠠᠵᠤ | ᠠᠮᠢᠳᠤᠷᠠᠬᠤ︾ ᠦᠵᠡᠯ ᠰᠠᠨᠠᠭ᠎ᠠ ᠶᠢ ᠪᠠᠷᠢᠮᠲᠠᠯᠠᠨ᠂ ︽ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ ᠶᠢ ᠴᠢᠩᠭ᠎ᠠ | ᠬᠢᠵᠠᠭᠠᠷᠯᠠᠨ ᠪᠠᠭᠠᠰᠬᠠᠵᠤ᠂ 2019 ᠣᠨ ᠳᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ | ᠵᠠᠰᠠᠭ ᠤᠨ ︽ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ 35625.05 ᠲᠦᠮᠡᠨ ᠲᠥᠭᠦᠷᠢᠭ ᠪᠣᠯᠵᠤ᠂ | ᠵᠢᠯ ᠤᠨ ᠡᠬᠢᠨ ᠤ ᠲᠥᠰᠦᠪ ᠤᠨ 81.8% ᠶᠢ ᠡᠵᠡᠯᠡᠨ᠂ ᠠᠷᠪᠢᠯᠠᠭᠰᠠᠨ ᠪᠡᠯᠡ ᠮᠥᠩᠭᠦ ᠶᠢ ᠠᠷᠠᠳ ᠤᠨ ᠠᠮᠢᠳᠤᠷᠠᠯ | ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠬᠡᠷᠡᠭᠯᠡᠵᠡᠢ᠃ | |