ᠡᠨᠡ ᠵᠢᠯ ᠤᠨ 9 ᠳ᠋ᠦ᠋ᠭᠡᠷ ᠰᠠᠷ᠎ᠠ ᠶᠢᠨ 18 ᠤ ᠡᠳᠦᠷ ᠪᠣᠯ ᠶᠢᠰᠦᠨ ᠰᠠᠷ᠎ᠠ ᠶᠢᠨ ᠠᠷᠪᠠᠨ ᠨᠠᠢᠮᠠᠨ ᠤ ᠬᠡᠷᠡᠭ | ᠬᠤᠪᠢᠰᠤᠯ ᠡᠭᠦᠰᠦᠭᠰᠡᠨ 89 ᠵᠢᠯ ᠤᠨ ᠣᠶ ᠶᠢᠨ ᠳᠤᠷᠠᠰᠬᠠᠯ ᠤᠨ ᠡᠳᠦᠷ ᠪᠣᠯᠤᠨ᠎ᠠ᠃ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠠᠴᠠ | ᠣᠶᠢᠯᠠᠭᠠᠭᠰᠠᠨ ᠢᠶᠠᠷ᠂ ᠲᠡᠦᠬᠡ ᠪᠠᠨ ᠪᠠᠲᠤ ᠴᠡᠭᠡᠵᠢᠯᠡᠬᠦ ᠶᠢᠨ ᠲᠥᠯᠥᠭᠡ᠂ 9 ᠳ᠋ᠦ᠋ᠭᠡᠷ ᠰᠠᠷ᠎ᠠ ᠶᠢᠨ 18 ᠤ ᠡᠳᠦᠷ ᠤᠨ | ᠦᠳᠡ ᠶᠢᠨ ᠡᠮᠦᠨ᠎ᠡ᠂ ᠪᠦᠬᠦ ᠣᠷᠣᠨ ᠤ 12 ᠠᠶᠢᠮᠠᠭ ᠬᠤᠲᠠ ᠶᠢᠨ ᠪᠤᠢ ᠪᠦᠬᠦᠢ ᠰᠡᠷᠡᠮᠵᠢ ᠶᠢᠨ ᠳᠣᠬᠢᠶᠠᠨ ᠤ | ᠮᠠᠰᠢᠨ ᠵᠡᠷᠭᠡᠪᠡᠷ ᠬᠠᠩᠭᠢᠨᠠᠵᠤ᠂ ᠬᠥᠮᠦᠰ ᠢ ᠲᠡᠤᠬᠡ ᠪᠠᠨ ᠪᠠᠲᠤ ᠴᠡᠭᠡᠵᠢᠯᠡᠵᠦ᠂ ᠤᠯᠤᠰ ᠤᠨ ᠢᠴᠢᠭᠦᠷᠢ | ᠭᠤᠲᠤᠮᠰᠢᠭ ᠢᠶᠠᠨ ᠦᠯᠦ ᠤᠮᠠᠷᠳᠠᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠣᠯᠤᠨ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠦᠵᠡᠯ ᠤᠬᠠᠮᠰᠠᠷ ᠢᠶᠠᠨ ᠴᠢᠩᠭᠠᠳᠬᠠᠬᠤ ᠶᠢ ᠰᠠᠨᠠᠭᠤᠯᠪᠠ᠃ | ᠲᠣᠰ ᠤᠳᠠᠭᠠᠨ ᠤ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠶᠢ ᠤᠷᠢᠳᠴᠢᠯᠠᠨ ᠰᠡᠷᠡᠮᠵᠢ ᠶᠢᠨ | ᠳᠣᠬᠢᠶ᠎ᠠ ᠲᠠᠯᠪᠢᠬᠤ᠂ ᠠᠭᠠᠷ ᠤᠨ ᠳᠠᠭᠠᠷᠢᠯᠲᠠ ᠶᠢᠨ ᠰᠡᠷᠡᠮᠵᠢ ᠶᠢᠨ ᠳᠣᠬᠢᠶ᠎ᠠ ᠲᠠᠯᠪᠢᠬᠤ᠂ ᠰᠡᠷᠡᠮᠵᠢ ᠶᠢᠨ ᠳᠣᠬᠢᠶ᠎ᠠ ᠶᠢ | ᠬᠦᠴᠦᠨ ᠥᠬᠡᠶ ᠪᠣᠯᠭᠠᠬᠤ ᠭᠤᠷᠪᠠᠨ ᠱᠠᠲᠤ ᠪᠠᠷ ᠶᠠᠪᠤᠭᠳᠠᠭᠤᠯᠪᠠ᠃ ᠡᠭᠦᠨ ᠳᠤ᠂ ᠤᠷᠢᠳᠴᠢᠯᠠᠨ ᠰᠡᠷᠡᠮᠵᠢᠯᠡᠭᠦᠯᠬᠦ | ᠳᠣᠬᠢᠶ᠎ᠠ ᠨᠢ᠄ 36 ᠰᠧᠺᠦ᠋ᠨ᠋ᠳ᠋ ᠬᠠᠩᠭᠢᠨᠠᠨ᠂ 24 ᠰᠧᠺᠦ᠋ᠨ᠋ᠳ᠋ ᠵᠣᠭᠰᠣᠵᠤ᠂ ᠨᠢᠭᠡ ᠦᠶᠡᠯᠡᠯ ᠳᠤ 3 ᠤᠳᠠᠭ᠎ᠠ ᠳᠠᠬᠢᠨ | ᠳᠠᠪᠲᠠᠵᠤ᠂ 3 ᠮᠢᠨᠦ᠋ᠲ ᠥᠷᠭᠦᠯᠵᠢᠯᠡᠭᠰᠡᠨ ᠢᠶᠠᠷ ᠢᠶᠠᠨ ︽ᠣᠷᠳᠣ ᠴᠠᠭ ᠢᠶᠠᠷ ᠵᠠᠪᠰᠠᠷᠯᠠᠬᠤ︾ ᠣᠨᠴᠠᠯᠢᠭ ᠲᠠᠢ | ᠪᠣᠯᠵᠠᠢ᠃ ᠠᠭᠠᠷ ᠤᠨ ᠳᠠᠭᠠᠷᠢᠯᠲᠠ ᠶᠢᠨ ᠰᠡᠷᠡᠮᠵᠢ ᠶᠢᠨ ᠳᠣᠬᠢᠶ᠎ᠠ ᠨᠢ᠄ 6 ᠰᠧᠺᠦ᠋ᠨ᠋ᠳ᠋ ᠬᠠᠩᠭᠢᠨᠠᠨ᠂ 6 ᠰᠧᠺᠦ᠋ᠨ᠋ᠳ᠋ | ᠵᠣᠭᠰᠣᠵᠤ᠂ ᠨᠢᠭᠡ ᠦᠶᠡᠯᠡᠯ ᠳᠤ 15 ᠤᠳᠠᠭ᠎ᠠ ᠳᠠᠬᠢᠨ ᠳᠠᠪᠲᠠᠵᠤ᠂ 3 ᠮᠢᠨᠦ᠋ᠲ ᠥᠷᠭᠦᠯᠵᠢᠯᠡᠭᠰᠡᠨ ᠢᠶᠠᠷ ᠢᠶᠠᠨ | ︽ᠣᠬᠤᠷ ᠴᠠᠭ ᠢᠶᠠᠷ ᠵᠠᠪᠰᠠᠷᠯᠠᠬᠤ︾ ᠣᠨᠴᠠᠯᠢᠭ ᠲᠠᠢ ᠪᠣᠯᠵᠠᠢ᠃ ᠰᠡᠷᠡᠮᠵᠢ ᠶᠢᠨ ᠳᠣᠬᠢᠶ᠎ᠠ ᠶᠢ ᠬᠦᠴᠦᠨ ᠦᠭᠡᠢ | ᠪᠣᠯᠭᠠᠬᠤ ᠨᠢ᠄ ᠵᠠᠯᠭᠠᠭ᠎ᠠ ᠪᠠᠷ ᠨᠢᠭᠡ ᠤᠷᠲᠤ ᠬᠠᠩᠭᠢᠨᠠᠨ᠂ 3 ᠮᠢᠨᠦ᠋ᠲ ᠥᠷᠭᠦᠯᠵᠢᠯᠡᠭᠰᠡᠨ ᠢᠶᠠᠷ ᠢᠶᠠᠨ ︽ᠥᠯᠥ | ᠵᠠᠪᠰᠠᠷᠯᠠᠬᠤ︾ ᠣᠨᠴᠠᠯᠢᠭ ᠲᠠᠢ ᠪᠣᠯᠵᠠᠢ᠃ | ᠪᠦᠬᠦ ᠣᠷᠣᠨ ᠤ ᠡᠯ᠎ᠡ ᠭᠠᠵᠠᠷ ᠲᠤ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ | ᠬᠠᠩᠭᠢᠨᠠᠭᠤᠯᠬᠤ ᠠᠴᠠ ᠭᠠᠳᠠᠨ᠎ᠠ᠂ ᠪᠠᠰᠠ ᠠᠭᠤᠳᠠᠮ ᠲᠠᠯᠠᠪᠠᠶ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ᠂ | ᠰᠤᠷᠭᠠᠭᠤᠯᠢ ᠳᠤ ᠣᠯᠠᠨ ᠬᠡᠯᠪᠡᠷᠢ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠬᠠᠭᠤᠯᠭ᠎ᠠ ᠪᠣᠯᠤᠨ ᠪᠠᠴᠢᠮ | ᠪᠠᠶᠢᠳᠠᠯ ᠢ ᠠᠷᠭᠠᠴᠠᠭᠠᠬᠤ ᠰᠣᠷᠢᠯᠲᠠ ᠬᠢᠵᠦ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠦᠵᠡᠯᠲᠡ ᠶᠢ ᠬᠥᠭᠵᠢᠭᠡᠵᠦ᠂ ᠠᠭᠠᠷ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠶᠢ ᠢᠯᠭᠠᠨ ᠲᠠᠨᠢᠬᠤ | ᠴᠢᠳᠠᠪᠤᠷᠢ ᠶᠢ ᠨᠢ ᠳᠡᠭᠡᠭᠰᠢᠯᠡᠭᠦᠯᠪᠡ᠃ ᠡᠭᠦᠨ ᠳᠤ᠂ ᠬᠥᠬᠡᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠠᠯᠪᠠᠨ ᠭᠡᠷ ᠥᠪᠥᠷ ᠮᠣᠩᠭᠤᠯ ᠤᠨ ᠮᠦᠽᠧᠶ ᠶᠢᠨ ᠡᠮᠦᠨ᠎ᠡ ᠲᠠᠯ᠎ᠠ ᠶᠢᠨ ᠠᠭᠤᠳᠠᠮ ᠲᠠᠯᠠᠪᠠᠶ ᠳᠤ ᠤᠬᠠᠭᠤᠯᠭ᠎ᠠ ᠶᠢᠨ | ᠠᠵᠢᠯᠯᠠᠭ᠎ᠠ ᠶᠠᠪᠤᠭᠳᠠᠭᠤᠯᠵᠤ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠤᠷᠢᠶ᠎ᠠ ᠡᠯᠭᠦᠬᠦ᠂ | ︽ᠠᠭᠠᠷ ᠤᠨ ᠰᠡᠷᠭᠡᠶᠢᠯᠡᠯᠲᠡ ᠪᠠ ᠭᠠᠮᠰᠢᠭ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ︾ | ᠲᠠᠷᠬᠠᠭᠠᠬᠤ ᠵᠢᠴᠢ ᠬᠠᠤᠯᠢ ᠴᠠᠭᠠᠵᠠ ᠶᠢᠨ ᠯᠠᠪᠯᠠᠯᠭ᠎ᠠ ᠶᠢᠨ ᠲᠠᠪᠴᠠᠩ ᠭᠠᠷᠭᠠᠬᠤ ᠵᠡᠷᠭᠡ ᠬᠡᠯᠪᠡᠷᠢ ᠪᠠᠷ ᠥᠷᠭᠡᠨ ᠣᠯᠠᠨ | ᠬᠤᠲᠠ ᠶᠢᠨ ᠠᠷᠠᠳ ᠲᠤ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠮᠰᠢᠭ ᠢ ᠰᠡᠷᠭᠡᠶᠢᠯᠡᠵᠦ ᠥᠪᠡᠷ ᠢ ᠪᠠᠨ | ᠠᠪᠤᠷᠠᠬᠤ᠂ ᠬᠥᠮᠦᠰ ᠤᠨ ᠪᠠᠴᠢᠮ ᠪᠠᠶᠢᠳᠠᠯ ᠢ ᠠᠷᠭᠠᠴᠠᠭᠠᠵᠤ ᠲᠠᠷᠬᠠᠭᠠᠨ ᠳᠠᠯᠳᠠᠯᠠᠬᠤ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠵᠢᠴᠢ ᠬᠠᠮᠢᠶ᠎ᠠ ᠪᠦᠬᠦᠢ ᠮᠡᠳᠡᠯᠭᠡ ᠶᠢ ᠪᠦᠬᠦ ᠲᠠᠯ᠎ᠠ ᠪᠠᠷ ᠤᠬᠠᠭᠤᠯᠤᠨ ᠲᠦᠭᠡᠮᠡᠯᠵᠢᠭᠦᠯᠪᠡ᠃ |