9 ᠰᠠᠷ᠎ᠠ ᠶᠢᠨ 16 ᠤ ᠡᠳᠦᠷ᠂ ᠵᠢᠨᠢᠩ — ᠳ᠋ᠠᠲ᠋ᠦ᠋ᠩ — ᠶᠤᠸᠠᠨᠫᠢᠩ ᠤᠨ ᠲᠦᠷᠭᠡᠨ ᠤ ᠲᠡᠮᠦᠷ | ᠵᠠᠮ ᠤᠨ ᠴᠠᠬᠠᠷ ᠪᠠᠷᠠᠭᠤᠨ ᠭᠠᠷᠤᠨ ᠡᠮᠦᠨᠡᠳᠤ ᠬᠤᠰᠢᠭᠤᠨ ᠳᠠᠬᠢ ᠨᠦᠬᠡᠨ ᠵᠠᠮ ᠤᠨ ᠪᠠᠷᠢᠯᠭ᠎ᠠ ᠡᠬᠢᠯᠡᠭᠰᠡᠨ ᠶᠤᠰᠤᠯᠠᠯ | ᠤᠯᠠᠭᠠᠨᠴᠠᠪ ᠬᠤᠳᠠ ᠳᠤ ᠡᠬᠢᠯᠡᠵᠠᠢ᠃ | ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠠᠢ ᠯᠢ ᠬᠤᠸᠠ ᠪᠠᠷᠢᠯᠭ᠎ᠠ ᠡᠬᠢᠯᠡᠭᠰᠡᠨ ᠢ ᠵᠠᠷᠯᠠᠪᠠ᠃ | ᠰᠢᠨ᠎ᠠ ᠪᠠᠷ ᠪᠠᠶᠢᠭᠤᠯᠵᠤ ᠪᠠᠶᠢᠭ᠎ᠠ ᠵᠢᠨᠢᠩ ᠠᠴᠠ ᠳ᠋ᠠᠲ᠋ᠦ᠋ᠩ ᠪᠠ ᠶᠤᠸᠠᠨᠫᠢᠩ ᠬᠦᠷᠬᠦ ᠲᠦᠷᠭᠡᠨ ᠤ ᠲᠡᠮᠦᠷ ᠵᠠᠮ | ᠪᠤᠯ ᠤᠯᠤᠰ ᠤᠨ ᠳᠤᠮᠳᠠ ᠤᠷᠳᠤ ᠬᠤᠭᠤᠴᠠᠭᠠᠨ ᠤ ᠲᠡᠮᠦᠷ ᠵᠠᠮ ᠤᠨ ᠲᠤᠤᠷ ᠤᠨ ᠲᠦᠯᠦᠪᠵᠢᠭᠦᠯᠭᠡ ᠶᠢᠨ ︽ᠨᠠᠢᠮᠠᠨ | ᠭᠤᠯᠳᠤ ᠨᠠᠢᠮᠠᠨ ᠬᠦᠨᠳᠡᠯᠡᠨ︾ ᠲᠦᠷᠭᠡᠨ ᠤ ᠲᠡᠮᠦᠷ ᠵᠠᠮ ᠤᠨ ᠲᠤᠤᠷ ᠤᠨ ᠬᠦᠬᠡᠬᠤᠳᠠ ᠨᠠᠨᠨᠢᠩ ᠤᠨ ᠱᠤᠭᠤᠮ ᠤᠨ | ᠴᠢᠬᠤᠯᠠ ᠪᠦᠷᠢᠯᠳᠦᠭᠦᠨ ᠬᠡᠰᠡᠭ ᠮᠦᠨ᠂ ᠪᠦᠬᠦ ᠤᠷᠳᠤ ᠨᠢ 269.6 ᠺᠢᠯᠤᠮᠧᠲᠷ ᠪᠠᠶᠢᠵᠤ᠂ ᠪᠦᠲᠦᠭᠡᠨ | ᠪᠠᠶᠢᠭᠤᠯᠤᠯᠳᠠ ᠶᠢᠨ ᠬᠤᠭᠤᠴᠠᠭ᠎ᠠ ᠨᠢ 4.5 ᠵᠢᠯ ᠪᠤᠯᠤᠨ᠎ᠠ᠃ ᠪᠦᠬᠦ ᠱᠤᠭᠤᠮ ᠳᠤ ᠤᠯᠠᠭᠠᠨᠴᠠᠪ᠂ ᠹᠧᠩᠵᠧᠨ ᠤ | ᠪᠠᠷᠠᠭᠤᠨ᠂ ᠳ᠋ᠠᠲ᠋ᠦ᠋ᠩ ᠤᠨ ᠡᠮᠦᠨ᠎ᠠ᠂ ᠬᠤᠸᠠᠢ ᠷᠧᠨ ᠤ ᠵᠡᠭᠦᠨ᠂ ᠶᠢᠩ ᠰᠢᠶᠠᠨ ᠤ ᠪᠠᠷᠠᠭᠤᠨ᠂ ᠱᠠᠨ ᠶᠢᠨ ᠤ ᠡᠮᠦᠨ᠎ᠠ᠂ | ᠱᠦᠸᠧ ᠵᠸᠤ ᠶᠢᠨ ᠵᠡᠭᠦᠨ᠂ ᠳ᠋ᠠᠢ ᠰᠢᠶᠠᠨ ᠤ ᠪᠠᠷᠠᠭᠤᠨ ᠵᠡᠷᠭᠡ 8 ᠦᠷᠳᠡᠭᠡ ᠲᠤᠬᠢᠷᠠᠭᠤᠯᠵᠤ᠂ ᠲᠡᠮᠤᠷ ᠵᠠᠮ ᠤᠨ | ᠲᠦᠯᠦᠪᠯᠡᠭᠰᠡᠨ ᠬᠤᠷᠳᠤᠴᠠ ᠨᠢ 250 ᠺᠢᠯᠤᠮᠧᠲᠷ / ᠴᠠᠭ ᠪᠤᠯᠤᠨ᠎ᠠ᠃ ᠲᠤᠰ ᠲᠦᠷᠦᠯ ᠵᠦᠢᠯ ᠤᠨ ᠶᠡᠷᠦᠩᠬᠡᠢ | ᠪᠡᠯᠡ ᠤᠷᠤᠭᠤᠯᠤᠯᠳᠠ ᠨᠢ ᠪᠠᠷᠤᠭᠯᠠᠨ ᠪᠤᠳᠤᠭᠰᠠᠨ ᠢᠶᠠᠷ 339.3 ᠳ᠋ᠦᠩᠰᠢᠭᠤᠷ ᠲᠦᠭᠦᠷᠢᠭ ᠪᠠᠶᠢᠵᠤ᠂ ᠳᠤᠮᠳᠠᠳᠤ | ᠤᠯᠤᠰ ᠤᠨ ᠲᠡᠮᠦᠷ ᠵᠠᠮ ᠤᠨ ᠪᠦᠯᠦᠭᠯᠡᠯ ᠬᠢᠵᠠᠭᠠᠷᠳᠤ ᠺᠤᠮᠫᠠᠨᠢ ᠪᠤᠯᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ᠂ ᠱᠠᠨ ᠰᠢ ᠮᠤᠵᠢ ᠬᠠᠮᠳᠦ ᠪᠠᠷ ᠪᠦᠲᠦᠭᠡᠨ ᠪᠠᠶᠢᠭᠤᠯᠤᠨ᠎ᠠ᠃ | ᠵᠢᠨᠢᠩ — ᠳ᠋ᠠᠲ᠋ᠦ᠋ᠩ — ᠶᠤᠸᠠᠨᠫᠢᠩ ᠤᠨ ᠲᠦᠷᠭᠡᠨ ᠤ ᠲᠡᠮᠦᠷ ᠵᠠᠮ ᠤᠨ ᠪᠦᠲᠦᠭᠡᠨ ᠪᠠᠶᠢᠭᠤᠯᠤᠯᠳᠠ ᠨᠢ | ᠦᠪᠡᠷᠳᠡᠭᠡᠨ ᠵᠠᠰᠠᠬᠤ ᠤᠷᠤᠨ ᠤ ᠵᠠᠮ ᠬᠠᠷᠢᠯᠴᠠᠭᠠᠨ ᠤ ᠰᠠᠭᠤᠷᠢ ᠲᠦᠬᠦᠭᠡᠷᠤᠮᠵᠢ ᠶᠢᠨ ᠳᠤᠳᠠᠭᠤᠳᠠᠯ ᠢ ᠨᠦᠬᠦᠪᠦᠷᠢᠯᠡᠬᠦ᠂ | ᠭᠠᠵᠠᠷ ᠤᠷᠤᠨ ᠤ ᠠᠶᠠᠨᠴᠢᠳ ᠤᠨ ᠲᠡᠭᠡᠭᠡᠪᠦᠷᠢ ᠶᠢᠨ ᠲᠤᠤᠷ ᠢ ᠲᠡᠭᠦᠯᠳᠡᠷᠵᠢᠭᠦᠯᠬᠦ᠂ ᠲᠡᠭᠡᠭᠡᠪᠦᠷᠢ ᠶᠢᠨ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ᠂ ᠤᠷᠤᠨ ᠪᠦᠰᠡ ᠶᠢᠨ ᠬᠤᠯᠪᠤᠯᠳᠤᠨ ᠨᠡᠪᠳᠡᠷᠡᠯᠴᠡᠬᠦ ᠶᠢ | ᠴᠢᠩᠭᠠᠳᠬᠠᠬᠤ᠂ ᠱᠤᠭᠤᠮ ᠳᠠᠭᠠᠤ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠳᠤ | ᠴᠢᠬᠤᠯᠠ ᠠᠴᠢ ᠬᠤᠯᠪᠤᠭᠳᠠᠯ ᠲᠠᠢ ᠶᠤᠮ᠃ ᠴᠠᠬᠠᠷ ᠪᠠᠷᠠᠭᠤᠨ ᠭᠠᠷᠤᠨ ᠡᠮᠦᠨᠡᠳᠤ ᠬᠤᠰᠢᠭᠤᠨ ᠤ ᠨᠦᠬᠡᠨ ᠵᠠᠮ ᠤᠨ | ᠪᠠᠷᠢᠯᠭ᠎ᠠ ᠡᠬᠢᠯᠡᠭᠰᠡᠨ ᠨᠢ ᠵᠢᠨᠢᠩ — ᠳ᠋ᠠᠲ᠋ᠦ᠋ᠩ — ᠶᠤᠸᠠᠨᠫᠢᠩ ᠤᠨ ᠲᠦᠷᠭᠡᠨ ᠤ ᠲᠡᠮᠦᠷ ᠵᠠᠮ ᠤᠨ ᠦᠪᠦᠷ | ᠮᠤᠩᠭᠤᠯ ᠳᠠᠬᠢ ᠬᠡᠰᠡᠭ ᠪᠤᠳᠠᠳᠤ ᠴᠢᠨᠠᠷᠳᠠᠢ ᠪᠦᠲᠦᠭᠡᠨ ᠪᠠᠶᠢᠭᠤᠯᠤᠯᠳᠠ ᠶᠢᠨ ᠱᠠᠳᠤᠨ ᠳᠤ ᠤᠷᠤᠭᠰᠡᠨ ᠢ ᠬᠠᠷᠠᠭᠤᠯᠵᠤ | ᠪᠠᠶᠢᠨ᠎ᠠ᠃ |