ᠯᠢ ᠺᠧ ᠴᠢᠶᠠᠩ ᠸᠠᠩ ᠬᠤ᠋ ᠨᠢᠩ ᠬᠠᠨ ᠵᠧᠩ ᠤᠷᠤᠯᠴᠠᠵᠠᠢ | | ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠳᠡᠷᠢᠬᠦᠯᠡᠭᠴᠢ᠂ ᠳᠦᠪ ᠤᠨ ᠦᠬᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠬᠦ | ᠵᠦᠪᠯᠡᠯ ᠤᠨ ᠡᠷᠬᠢᠯᠡᠭᠴᠢ ᠰᠢ ᠶᠢᠨ ᠫᠢᠩ 9 ᠰᠠᠷ᠎ᠠ ᠶᠢᠨ 1 ᠤ ᠦᠳᠡ ᠶᠢᠨ ᠬᠤᠶᠢᠨ᠎ᠠ ᠳᠦᠪ ᠤᠨ | ᠦᠬᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠬᠦ ᠵᠦᠪᠯᠡᠯ ᠤᠨ ᠠᠷᠪᠠᠨ ᠳᠠᠪᠤᠳᠤᠭᠠᠷ ᠤᠳᠠᠭ᠎ᠠ ᠶᠢᠨ ᠬᠤᠷᠠᠯ ᠢ | ᠡᠷᠬᠢᠯᠡᠨ ᠬᠤᠷᠠᠯᠳᠤᠭᠤᠯᠬᠤ ᠶᠢᠨ ᠬᠠᠮᠳᠤ ᠴᠢᠬᠤᠯᠠ ᠶᠠᠷᠢᠶ᠎ᠠ ᠳᠠᠯᠪᠢᠵᠠᠢ᠃ ᠳᠡᠷᠡ᠂ ᠤᠯᠤᠰ ᠤᠨ ᠳᠤᠳᠤᠭᠠᠳᠤ ᠶᠢᠨ | ᠶᠡᠭᠡ ᠤᠷᠴᠢᠯ ᠢᠶᠠᠷ ᠭᠤᠤᠯ ᠴᠤᠬᠴᠠ ᠪᠤᠯᠭᠠᠬᠰᠠᠨ᠂ ᠤᠯᠤᠰ ᠤᠨ ᠳᠤᠳᠤᠭᠠᠳᠤ ᠪᠠ ᠤᠯᠠᠨ ᠤᠯᠤᠰ ᠤᠨ ᠬᠤᠤᠰ | ᠤᠷᠴᠢᠯ ᠬᠠᠷᠢᠯᠴᠠᠨ ᠠᠬᠢᠭᠤᠯᠤᠬᠰᠠᠨ ᠰᠢᠨ᠎ᠡ ᠬᠦᠭᠵᠢᠯᠳᠡ ᠶᠢᠨ ᠳᠤᠬᠳᠠᠴᠠ ᠶᠢ ᠳᠦᠷᠬᠡᠳᠬᠡᠨ ᠪᠦᠷᠢᠯᠳᠦᠬᠦᠯᠬᠦ ᠪᠤᠯ | ᠮᠠᠨ ᠤ ᠤᠯᠤᠰ ᠤᠨ ᠬᠦᠭᠵᠢᠯᠳᠡ ᠶᠢᠨ ᠱᠠᠳᠤ᠂ ᠤᠷᠴᠢᠨ ᠳᠤᠭᠤᠷᠢᠨ᠂ ᠨᠦᠬᠦᠴᠡᠯ ᠤᠨ ᠬᠤᠪᠢᠷᠠᠯᠳᠠ ᠶᠢ | ᠦᠨᠳᠦᠰᠦᠯᠡᠨ ᠭᠠᠷᠭᠠᠬᠰᠠᠨ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠳᠤ ᠪᠤᠳᠤᠯᠭ᠎ᠠ ᠮᠦᠨ᠂ ᠪᠦᠬᠦ ᠳᠠᠯ᠎ᠠ ᠳᠤ | ᠬᠤᠯᠪᠤᠬᠳᠠᠬᠤ ᠰᠢᠰᠲ᠋ᠧᠮᠳᠤ ᠴᠢᠨᠠᠷᠳᠠᠢ ᠬᠦᠨ ᠳᠠᠪᠬᠤᠷᠭ᠎ᠠ ᠶᠢᠨ ᠬᠤᠪᠢᠰᠤᠯᠳᠠ ᠪᠤᠯᠤᠨ᠎ᠠ᠃ ᠦᠬᠡᠷᠡᠴᠢᠯᠡᠯᠳᠡ ᠬᠡᠬᠦ | ᠡᠨᠡ ᠬᠦ ᠵᠠᠩᠬᠢᠯᠠᠭ᠎ᠠ ᠶᠢᠨ ᠠᠷᠭ᠎ᠠ ᠶᠢ ᠦᠷᠬᠦᠯᠵᠢᠯᠡᠨ ᠬᠦᠢᠴᠡᠳ ᠰᠠᠶᠢᠳᠤᠷ ᠬᠡᠷᠡᠭᠯᠡᠵᠥ᠂ ᠴᠤᠴᠠᠯᠳᠠ ᠦᠬᠡᠢ | ᠤᠷᠤᠬᠰᠢᠯᠠᠬᠤ᠂ ᠬᠦᠴᠢᠷ ᠪᠡᠷᠬᠡ ᠶᠢ ᠢᠯᠠᠨ ᠳᠠᠪᠠᠭ᠋ᠤ ᠪᠠᠶᠢᠯᠳᠤᠬᠤ ᠪᠤᠳᠤᠯᠭ᠎ᠠ ᠶᠢᠨ ᠳᠤᠬᠳᠠᠯ ᠬᠦᠴᠦᠨ ᠢ ᠪᠠᠳᠤᠯᠠᠵᠥ᠂ | ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ ᠳᠡᠬᠦᠯᠳᠡᠷᠵᠢᠬᠦᠯᠬᠦ᠂ | ᠤᠯᠤᠰ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠶᠢᠨ | ᠳᠤᠭᠤᠷᠢᠨ ᠳᠤ ᠨᠡᠩ ᠬᠦᠨ ᠳᠠᠪᠬᠤᠷᠭ᠎ᠠ ᠶᠢᠨ ᠦᠬᠡᠷᠡᠴᠢᠯᠡᠯᠳᠡ ᠶᠢ ᠠᠬᠢᠭᠤᠯᠵᠥ᠂ ᠨᠡᠩ ᠦᠨᠳᠦᠷ ᠳᠦᠪᠰᠢᠨ ᠤ | ᠨᠡᠬᠡᠬᠡᠯᠳᠡ ᠶᠢ ᠬᠡᠷᠡᠭᠵᠢᠬᠦᠯᠵᠥ᠂ ᠰᠢᠨ᠎ᠡ ᠬᠦᠭᠵᠢᠯᠳᠡ ᠶᠢᠨ ᠪᠠᠶᠢᠷᠢᠰᠢᠯ ᠢ ᠴᠤᠭᠴᠠᠯᠠᠬᠤ ᠳᠤ ᠬᠦᠴᠦᠷᠬᠡᠭ ᠶᠡᠭᠡ | ᠬᠦᠳᠡᠯᠬᠡᠬᠦ ᠬᠦᠴᠦᠨ ᠬᠠᠩᠭᠠᠬᠤ ᠬᠡᠷᠡᠭᠳᠡᠢ ᠬᠡᠵᠥ ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠳᠡᠳ᠋ ᠡᠷᠬᠢᠯᠡᠭᠴᠢ ᠯᠢ ᠺᠧ ᠴᠢᠶᠠᠩ᠂ ᠸᠠᠩ | ᠬᠤ᠋ ᠨᠢᠩ᠂ ᠬᠠᠨ ᠵᠧᠩ ᠬᠤᠷᠠᠯ ᠳᠤ ᠣᠷᠣᠯᠴᠠᠪᠠ᠃ | ᠰᠢ ᠶᠢᠨ ᠫᠢᠩ ᠶᠠᠷᠢᠶᠠᠨ ᠳᠠᠭᠠᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠤᠭᠴᠠᠯᠠᠬᠤ ᠳᠤ ᠪᠢᠳᠡ | ᠢᠯᠡᠳᠲᠡ ᠪᠠᠶᠢᠭᠤᠯᠤᠯ ᠤᠨ ᠳᠠᠪᠠᠭᠤᠯᠢᠭ ᠪᠠ ᠪᠠᠲᠤ ᠪᠠᠬᠢ ᠥᠭᠡᠷᠡᠴᠢᠯᠡᠯᠲᠡ ᠶᠢᠨ ᠰᠠᠭᠤᠷᠢ ᠲᠠᠢ ᠪᠠᠶᠢᠭ᠎ᠠ ᠶᠤᠮ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ | ᠨᠠᠶᠢᠳᠠᠪᠤᠷᠢᠵᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠭᠠᠳᠠᠭᠠᠳᠤ ᠨᠡᠬᠡᠬᠡᠯᠳᠡ ᠶᠢ | ᠥᠷᠭᠡᠳᠬᠡᠬᠦ ᠶᠢᠨ ᠲᠣᠭᠤᠷᠢᠨ ᠳᠤ ᠠᠯᠢ ᠤᠯᠠᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠲᠣᠭᠲᠠᠭᠠᠵᠤ᠂ ᠠᠯᠢ ᠤᠯᠠᠨ ᠤᠨᠤᠯ ᠤᠨ ᠦᠷ᠎ᠡ ᠪᠦᠲᠦᠭᠡᠯ᠂ ᠲᠦᠷᠢᠮ ᠤᠨ ᠦᠷ᠎ᠡ ᠪᠦᠲᠦᠭᠡᠯ᠂ ᠦᠢᠯᠡᠳᠦᠯᠭᠡ ᠶᠢᠨ | ᠦᠷ᠎ᠡ ᠪᠦᠲᠦᠭᠡᠯ ᠢ ᠪᠦᠷᠢᠯᠳᠦᠭᠦᠯᠪᠡ᠃ ᠡᠳᠡᠭᠡᠷ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠰᠠᠶᠢᠲᠤᠷ ᠬᠡᠷᠡᠭᠯᠡᠵᠦ᠂ | ᠪᠣᠳᠠᠲᠠᠢ ᠳᠤ ᠨᠠᠶᠢᠳᠠᠪᠤᠷᠢᠵᠢᠭᠤᠯᠵᠤ ᠪᠣᠳᠠᠲᠠᠢ ᠦᠷ᠎ᠡ ᠪᠦᠲᠦᠮᠵᠢ ᠤᠯᠬᠤ ᠲᠠᠯ᠎ᠠ ᠪᠠᠷ ᠡᠷᠴᠢᠮ ᠢᠶᠠᠨ ᠴᠢᠩᠭᠠᠷᠠᠭᠤᠯᠵᠤ᠂ | ᠠᠬᠢᠴᠠ ᠪᠠᠨ ᠲᠦᠷᠭᠡᠳᠬᠡᠵᠦ᠂ ᠭᠦᠨᠴᠡ ᠶᠢ ᠥᠷᠭᠡᠳᠬᠡᠵᠦ᠂ ᠡᠯ᠎ᠡ ᠵᠦᠢᠯ ᠤᠨ ᠥᠭᠡᠷᠡᠴᠢᠯᠡᠯᠲᠡ ᠶᠢ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠲᠡᠶᠢᠰᠢ ᠲᠥᠪᠯᠡᠷᠡᠭᠦᠯᠦᠨ ᠬᠦᠴᠦᠯᠡᠬᠦ ᠬᠡᠷᠡᠭᠲᠡᠢ | ᠬᠡᠵᠥ ᠵᠢᠭᠠᠵᠥ ᠭᠠᠷᠭᠠᠪᠠ᠃ | ᠰᠢ ᠶᠢᠨ ᠫᠢᠩ᠂ ᠣᠳᠣᠬᠠᠨ ᠤ ᠪᠠᠶᠢᠳᠠᠯ ᠳᠣᠤᠷ᠎ᠠ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠤᠭᠴᠠᠯᠠᠬᠤ ᠳᠤ | ᠴᠥᠭᠡᠨ ᠪᠤᠰᠤ ᠰᠢᠨ᠎ᠡ ᠪᠠᠶᠢᠳᠠᠯ ᠰᠢᠨ᠎ᠡ ᠠᠰᠠᠭᠤᠳᠠᠯ ᠲᠤᠯᠭᠠᠷᠠᠵᠤ ᠪᠤᠢ᠂ ᠥᠭᠡᠷᠡᠴᠢᠯᠡᠯᠲᠡ ᠶᠢᠨ ᠰᠡᠳᠬᠢᠬᠦᠶ ᠪᠣᠯᠤᠨ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠴᠢᠳᠠᠮᠠᠭᠠᠶ ᠪᠠᠷ ᠬᠡᠷᠡᠭᠯᠡᠵᠥ᠂ ᠣᠬᠤᠷ ᠬᠤᠭᠤᠴᠠᠭᠠᠨ ᠤ ᠠᠷᠭᠠᠴᠠᠭᠠᠬᠤ ᠪᠠ | ᠳᠤᠮᠳᠠ ᠤᠷᠲᠤ ᠬᠤᠭᠤᠴᠠᠭᠠᠨ ᠤ ᠬᠥᠭᠵᠢᠯᠲᠡ ᠶᠢ ᠨᠢᠭᠡᠳᠦᠯᠲᠡᠶ ᠲᠥᠯᠥᠪᠵᠢᠬᠦᠯᠦᠨ ᠪᠣᠳᠣᠯᠬᠢᠯᠠᠵᠤ᠂ ᠪᠠᠶᠢᠯᠳᠤᠬᠤ | ᠪᠤᠳᠤᠯᠭ᠎ᠠ ᠶᠢᠨ ᠲᠠᠯ᠎ᠠ ᠪᠠᠷ ᠰᠠᠶᠢᠳᠤᠷ ᠪᠠᠶᠢᠷᠢᠰᠢᠭᠤᠯᠬᠤ ᠮᠥᠷᠲᠡᠭᠡᠨ ᠵᠠᠩᠭᠢᠯᠠᠭ᠎ᠠ ᠶᠢᠨ ᠭᠠᠵᠠᠷ ᠲᠤ ᠪᠠᠰᠠ ᠬᠦᠯᠭᠡ ᠪᠠᠨ | ᠰᠠᠶᠢᠬᠠᠨ ᠲᠠᠯᠪᠢᠬᠤ ᠬᠡᠷᠡᠭᠲᠡᠢ᠃ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠳᠤ | ᠠᠰᠢᠭᠲᠠᠢ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠳᠤ ᠠᠰᠢᠭᠲᠠᠢ᠂ ᠡᠯ᠎ᠡ | ᠲᠠᠯ᠎ᠠ ᠶᠢᠨ ᠢᠳᠡᠪᠬᠢᠵᠢᠯ ᠢ ᠳᠠᠶᠢᠴᠢᠯᠠᠬᠤ ᠳᠤ ᠠᠰᠢᠭᠲᠠᠢ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ | ᠭᠤᠣᠯᠳᠠᠯᠭ᠎ᠠ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ | ᠰᠢᠰᠲ᠋ᠧᠮᠳᠤ ᠬᠤᠷᠠᠮᠳᠤᠯ᠂ ᠬᠠᠮᠵᠢᠯᠴᠠᠭ᠎ᠠ ᠥᠨᠳᠥᠷ ᠪᠦᠲᠦᠮᠵᠢᠲᠡᠶ ᠪᠠᠶᠢᠬᠤ ᠶᠢ ᠴᠢᠩᠭᠠᠳᠬᠠᠵᠤ᠂ ᠪᠦᠭᠯᠡᠷᠡᠯ ᠭᠠᠵᠠᠷ | ᠲᠦᠭᠵᠢᠷᠡᠯ ᠴᠡᠭ ᠢ ᠨᠡᠪᠲᠡᠷᠡᠭᠦᠯᠵᠦ᠂ ᠪᠦᠬᠦᠯᠢ ᠴᠣᠭᠴᠠ ᠶᠢᠨ ᠦᠢᠯᠡᠳᠦᠯ ᠴᠢᠲᠠᠮᠵᠢ ᠶᠢ ᠬᠥᠭᠵᠢᠭᠡᠬᠦ ᠬᠡᠷᠡᠭᠳᠡᠢ᠃ | ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠤᠭᠴᠠᠯᠠᠬᠤ ᠶᠢ ᠤᠯᠤᠰ ᠤᠨ ᠣᠷᠣᠨ ᠪᠦᠰᠡ ᠶᠢᠨ ᠵᠣᠬᠢᠴᠠᠩᠭᠤᠶ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ | ᠣᠷᠣᠨ ᠢ ᠪᠠᠶᠢᠭᠤᠯᠬᠤ ᠵᠡᠷᠭᠡ ᠲᠠᠢ ᠵᠣᠯᠭᠠᠭᠤᠯᠵᠤ᠂ ᠨᠥᠬᠦᠴᠡᠯ ᠲᠠᠢ ᠣᠷᠣᠨ ᠪᠦᠰᠡ ᠳᠤ ᠰᠢᠨ᠎ᠡ ᠬᠥᠭᠵᠢᠯᠲᠡ ᠶᠢᠨ | ᠪᠠᠶᠢᠷᠢᠰᠢᠯ ᠢ ᠳᠦᠷᠦᠬᠦᠯᠡᠨ ᠰᠦᠪᠡᠭᠴᠢᠯᠡᠨ ᠪᠦᠷᠢᠯᠳᠦᠭᠦᠯᠵᠦ᠂ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ | ᠥᠨᠳᠦᠷᠯᠢᠭ ᠢ ᠪᠠᠶᠢᠭᠤᠯᠬᠤ ᠬᠡᠷᠡᠭᠳᠡᠢ᠃ ᠥᠭᠡᠷᠡᠴᠢᠯᠡᠯᠲᠡ ᠶᠢᠨ ᠤᠷᠢᠳᠴᠢᠯᠠᠯ ᠴᠢᠨᠠᠷᠲᠠᠶ ᠰᠤᠳᠤᠯᠭᠠᠨ ᠢ | ᠴᠢᠩᠭᠠᠳᠬᠠᠵᠤ᠂ ᠵᠥᠷᠢᠴᠡᠯ ᠤᠨ ᠬᠥᠳᠡᠯᠭᠡᠭᠡᠨ ᠤ ᠵᠢᠮ᠎ᠡ ᠶᠣᠰᠣ ᠶᠢ ᠡᠵᠡᠮᠰᠢᠵᠦ᠂ ᠲᠥᠪ ᠶᠣᠰᠣ ᠶᠢ ᠪᠠᠷᠢᠮᠲᠠᠯᠠᠨ | ᠰᠢᠨ᠎ᠡ ᠶᠢ ᠡᠭᠦᠳᠴᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠲᠣᠭᠲᠠᠭᠤᠨ ᠪᠤᠰᠤ ᠲᠣᠭᠲᠠᠭᠠᠯᠳᠤ ᠪᠤᠰᠤ ᠬᠦᠴᠦᠨ | ᠵᠦᠢᠯ ᠢ ᠨᠡᠩ ᠢᠳᠡᠪᠬᠢᠲᠡᠶ ᠪᠦᠲᠦᠮᠵᠢᠲᠡᠶ ᠠᠷᠭᠠᠴᠠᠭᠠᠵᠤ᠂ ᠲᠡᠮᠡᠴᠡᠯ ᠤᠨ ᠴᠢᠳᠠᠪᠤᠷᠢ ᠪᠠᠨ ᠨᠡᠮᠡᠭᠳᠡᠭᠦᠯᠵᠦ᠂ | ᠲᠥᠷᠥ ᠶᠢᠨ ᠪᠣᠳᠣᠯᠭ᠎ᠠ ᠶᠢᠨ ᠣᠷᠣᠨ ᠵᠠᠶ ᠶᠢ ᠥᠷᠭᠡᠳᠬᠡᠨ᠂ ᠳᠦᠷᠢᠮ ᠤᠨ ᠲᠡᠯᠡᠬᠦ ᠬᠦᠴᠦᠨ ᠢ ᠳᠡᠭᠡᠭᠰᠢᠯᠡᠭᠦᠯᠬᠦ | ᠬᠡᠷᠡᠭᠳᠡᠢ ᠬᠡᠵᠥ ᠴᠢᠬᠤᠯᠠᠴᠢᠯᠠᠪᠠ᠃ | ᠬᠤᠷᠠᠯ ᠠᠴᠠ ︽ᠭᠠᠳᠠᠭᠠᠳᠤ ᠠᠷᠠᠯᠵᠢᠶᠠᠨ ᠤ ᠰᠢᠨ᠎ᠠ ᠶᠢ ᠡᠬᠦᠳᠬᠦ ᠬᠦᠭᠵᠢᠯᠳᠠ ᠶᠢ ᠠᠬᠢᠭᠤᠯᠬᠤ ᠲᠤᠬᠠᠢ | ᠭᠡᠷᠡᠭᠵᠢᠬᠦᠯᠬᠦ ᠰᠠᠨᠠᠯ︾᠂ ︽ᠰᠢᠨ᠎ᠠ ᠴᠠᠬ ᠦᠶ᠎ᠠ ᠳᠤ ᠲᠤᠮᠳᠠ ᠪᠠᠷᠠᠭᠤᠨ ᠤᠷᠤᠨ ᠤ ᠳᠡᠬᠡᠳᠤ ᠵᠡᠷᠬᠡ ᠶᠢᠨ ᠰᠤᠷᠭᠠᠨ | ᠬᠦᠮᠤᠵᠢᠯ ᠢ ᠬᠦᠭᠵᠢᠬᠦᠯᠤᠨ ᠮᠠᠨᠳᠤᠭᠤᠯᠬᠤ ᠲᠤᠬᠠᠢ ᠰᠠᠨᠠᠯ ᠤᠳ︾᠂ ︽ᠠᠷᠠᠳ ᠠᠴᠠ ᠡᠷᠬᠢᠯᠡᠭᠰᠡᠨ ᠠᠯᠪᠠᠨ | ᠵᠢᠷᠤᠮ ᠤᠨ ᠰᠤᠷᠭᠠᠨ ᠬᠦᠮᠤᠵᠢᠯ ᠤᠨ ᠬᠦᠭᠵᠢᠯᠳᠠ ᠶᠢ ᠵᠢᠷᠤᠮᠵᠢᠭᠤᠯᠬᠤ ᠲᠤᠬᠠᠢ ᠭᠡᠷᠡᠭᠵᠢᠬᠦᠯᠬᠦ ᠰᠠᠨᠠᠯ︾᠂ ︽ | ᠡᠮᠴᠢᠯᠡᠬᠡᠨ ᠤ ᠠᠵᠢᠯᠯᠠᠭ᠎ᠠ ᠶᠢ ᠴᠢᠨᠠᠬᠰᠢᠳᠠ ᠵᠢᠷᠤᠮᠵᠢᠭᠤᠯᠵᠤ ᠵᠤᠬᠢᠰᠳᠠᠢ ᠡᠮᠴᠢᠯᠡᠬᠡᠨ ᠤ ᠪᠠᠶᠢᠴᠠᠭᠠᠯᠳᠠ ᠶᠢ | ᠠᠬᠢᠭᠤᠯᠬᠤ ᠲᠤᠬᠠᠢ ᠵᠢᠯᠤᠭᠤᠳᠬᠤ ᠰᠠᠨᠠᠯ︾᠂ ︽ᠠᠮᠢᠳᠤᠷᠠᠯ ᠤᠨ ᠬᠤᠬ ᠨᠤᠪᠰᠢ ᠶᠢ ᠲᠦᠷᠤᠯ ᠬᠤᠪᠢᠶᠠᠨ | ᠠᠩᠭᠢᠯᠠᠬᠤ ᠠᠵᠢᠯ ᠢ ᠴᠢᠨᠠᠬᠰᠢᠳᠠ ᠠᠬᠢᠭᠤᠯᠬᠤ ᠲᠤᠬᠠᠢ ᠰᠠᠨᠠᠯ ᠤᠳ︾ ᠢ ᠬᠢᠨᠠᠨ ᠵᠦᠪᠯᠡᠵᠥ ᠪᠠᠳᠤᠯᠠᠪᠠ᠃ | ᠬᠤᠷᠠᠯ ᠠᠴᠠ ᠪᠠᠰᠠ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠭᠤᠷᠪᠠᠳᠤᠭᠠᠷ ᠪᠦᠬᠦᠳᠠ | ᠬᠤᠷᠠᠯ ᠠᠴᠠ ᠨᠠᠭᠠᠰᠢᠬᠢ ᠬᠦᠳᠡᠭᠡ ᠲᠤᠰᠬᠤᠨ ᠤ ᠦᠬᠡᠷᠡᠴᠢᠯᠠᠯᠳᠠ ᠶᠢᠨ ᠠᠬᠢᠴᠠ ᠶᠢᠨ ᠪᠠᠶᠢᠳᠠᠯ ᠤᠨ ᠬᠠᠷᠢᠭᠤ | ᠮᠡᠳᠡᠬᠦᠯᠤᠯᠳᠠ ᠶᠢ ᠰᠤᠨᠤᠰᠪᠠ᠃ | ᠬᠤᠷᠠᠯ ᠠᠴᠠ᠂ ᠤᠳᠤᠬᠠᠨ ᠳᠤ ᠠᠵᠤ ᠠᠬᠤᠢ ᠶᠢᠨ ᠲᠡᠯᠡᠬᠡᠶᠢᠵᠢᠯᠳᠠ ᠰᠦᠷᠬᠡᠤ ᠤᠷᠤᠰᠬᠠᠯ ᠳᠤ ᠤᠴᠠᠷᠠᠵᠤ᠂ | ᠭᠠᠭᠴᠠ ᠲᠠᠯ᠎ᠠ ᠶᠢᠨ ᠦᠵᠡᠯ᠂ ᠬᠠᠮᠠᠭᠠᠯᠠᠬᠤ ᠦᠵᠡᠯ ᠲᠤᠯᠤᠭᠠᠢ ᠦᠨᠳᠡᠶᠢᠵᠤ ᠪᠤᠢ᠂ ᠪᠢᠳᠡ ᠰᠦᠷᠬᠡᠤ ᠤᠷᠤᠰᠬᠠᠯ | ᠪᠤᠯᠤᠨ ᠪᠤᠴᠠᠬᠤ ᠲᠠᠪᠠᠯᠭᠠᠨ ᠳᠤ ᠬᠠᠷᠰᠢᠯᠠᠬᠳᠠᠵᠤ ᠪᠤᠯᠬᠤ ᠦᠬᠡᠢ᠂ ᠲᠡᠤᠬᠡ ᠶᠢᠨ ᠵᠦᠪ ᠲᠠᠯ᠎ᠠ ᠳᠤ ᠵᠤᠬᠰᠤᠵᠥ᠂ | ᠡᠷᠡᠰ ᠭᠤᠶᠢᠪᠢᠰᠢ ᠦᠬᠡᠢ ᠪᠠᠷ ᠭᠠᠳᠠᠭᠠᠳᠤ ᠨᠡᠬᠡᠬᠡᠯᠳᠠ ᠶᠢ ᠦᠷᠬᠡᠳᠬᠡᠵᠤ᠂ ᠤᠯᠤᠰ ᠤᠨ ᠳᠤᠳᠤᠭᠠᠳᠤ | ᠭᠠᠳᠠᠭᠠᠳᠤ ᠶᠢᠨ ᠠᠵᠤ ᠠᠬᠤᠢ ᠶᠢᠨ ᠬᠤᠷᠰᠢᠯᠴᠠᠬᠤ ᠦᠷ᠎ᠠ ᠠᠰᠢᠬ ᠢ ᠨᠡᠮᠡᠭᠳᠡᠬᠦᠯᠵᠤ᠂ ᠬᠦᠭᠵᠢᠯᠳᠠ ᠪᠤᠯᠤᠨ ᠠᠮᠤᠷ | ᠲᠦᠪᠰᠢᠨ ᠢ ᠨᠢᠬᠡᠳᠤᠯᠳᠠᠢ ᠲᠦᠯᠤᠪᠵᠢᠬᠦᠯᠵᠤ᠂ ᠠᠶᠤᠯ ᠲᠦᠭᠰᠢᠬᠦᠷᠢ ᠦᠷᠢᠰᠤᠳᠤᠯᠬᠡᠨ ᠢ ᠪᠦᠬᠦ ᠲᠠᠯ᠎ᠠ ᠪᠠᠷ | ᠰᠡᠷᠬᠡᠶᠢᠯᠡᠬᠦ ᠭᠡᠷᠡᠭᠳᠠᠢ᠃ ᠭᠠᠳᠠᠭᠠᠳᠤ ᠠᠷᠠᠯᠵᠢᠶᠠᠨ ᠤ ᠰᠢᠨ᠎ᠠ ᠶᠢ ᠡᠬᠦᠳᠬᠦ ᠬᠦᠭᠵᠢᠯᠳᠠ ᠶᠢ ᠠᠬᠢᠭᠤᠯᠵᠤ᠂ ᠰᠢᠨ᠎ᠠ | ᠬᠦᠭᠵᠢᠯᠳᠠ ᠶᠢᠨ ᠤᠢᠢᠯᠠᠭᠠᠭᠳᠠᠬᠤᠨ ᠢ ᠨᠠᠶᠢᠳᠠᠪᠤᠷᠢᠵᠢᠭᠤᠯᠵᠤ᠂ ᠰᠢᠨ᠎ᠠ ᠬᠦᠭᠵᠢᠯᠳᠠ ᠶᠢᠨ ᠪᠠᠶᠢᠷᠢᠰᠢᠯ ᠢ | ᠴᠤᠭᠴᠠᠯᠠᠬᠤ ᠪᠠᠷ ᠭᠤᠤᠯᠯᠠᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠳᠤᠴᠠ ᠶᠢᠨ ᠴᠢᠨᠠᠷᠳᠠᠢ ᠦᠬᠡᠷᠡᠴᠢᠯᠠᠯᠳᠠ ᠪᠠᠷ | ᠭᠤᠤᠯ ᠱᠤᠭᠤᠮ ᠪᠤᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠠ ᠶᠢ ᠡᠬᠦᠳᠬᠦ᠂ ᠲᠦᠷᠢᠮ ᠤᠨ | ᠰᠢᠨ᠎ᠠ ᠶᠢ ᠡᠬᠦᠳᠬᠦ᠂ ᠡᠵᠡᠩᠨᠠᠯᠳᠠ ᠶᠢᠨ ᠬᠡᠯᠪᠡᠷᠢ ᠪᠤᠯᠤᠨ ᠵᠠᠬᠪᠤᠷ ᠤᠨ ᠰᠢᠨ᠎ᠠ ᠶᠢ ᠡᠬᠦᠳᠬᠦ ᠶᠢ ᠬᠦᠨᠵᠡᠬᠡᠶᠢᠷᠡᠬᠦᠯᠵᠤ᠂ | ᠠᠷᠠᠯᠵᠢᠶᠠᠨ ᠤ ᠶᠠᠰᠤ ᠴᠢᠨᠠᠷ ᠢ ᠲᠦᠷᠬᠡᠨ ᠲᠡᠭᠡᠭᠰᠢᠯᠡᠬᠦᠯᠵᠤ᠂ ᠠᠵᠤ ᠤᠢᠢᠯᠡᠰ ᠤᠨ ᠬᠡᠯᠬᠢᠶ᠎ᠠ ᠬᠠᠩᠭᠠᠯᠭ᠎ᠠ ᠶᠢᠨ | ᠬᠡᠯᠬᠢᠶ᠎ᠠ ᠶᠢ ᠲᠤᠭᠳᠠᠪᠤᠷᠢᠵᠢᠭᠤᠯᠵᠤ᠂ ᠭᠠᠳᠠᠭᠠᠳᠤ ᠠᠷᠠᠯᠵᠢᠶᠠᠨ ᠤ ᠰᠢᠨ᠎ᠠ ᠬᠦᠳᠡᠯᠬᠡᠬᠦ ᠡᠨᠧᠷᠬᠢ ᠶᠢ ᠪᠤᠶᠢᠵᠢᠭᠤᠯᠵᠤ᠂ | ᠠᠷᠠᠯᠵᠢᠶᠠᠨ ᠤ ᠲᠦᠬᠦᠮᠴᠢᠯᠠᠯᠳᠠ ᠶᠢ ᠠᠬᠢᠭᠤᠯᠵᠤ᠂ ᠭᠠᠳᠠᠭᠠᠳᠤ ᠠᠷᠠᠯᠵᠢᠶᠠᠨ ᠤ ᠬᠦᠭᠵᠢᠯᠳᠠ ᠶᠢᠨ ᠤᠷᠴᠢᠨ | ᠪᠠᠶᠢᠳᠠᠯ ᠢ ᠰᠢᠯᠢᠳᠡᠭᠵᠢᠬᠦᠯᠬᠦ ᠭᠡᠷᠡᠭᠳᠠᠢ ᠬᠡᠵᠤ ᠵᠢᠭᠠᠵᠤ ᠭᠠᠷᠭᠠᠪᠠ᠃ | ᠬᠤᠷᠠᠯ ᠠᠴᠠ᠂ ᠳᠤᠮᠳᠠ ᠪᠠᠷᠠᠭᠤᠨ ᠤᠷᠤᠨ ᠤ ᠲᠡᠭᠡᠳᠤ ᠵᠡᠷᠭᠡ ᠶᠢᠨ ᠰᠤᠷᠭᠠᠨ ᠬᠦᠮᠤᠵᠢᠯ ᠢ ᠬᠦᠭᠵᠢᠬᠦᠯᠤᠨ | ᠮᠠᠨᠳᠤᠭᠤᠯᠬᠤ ᠳᠤ ᠨᠠᠮ ᠤᠨ ᠶᠡᠭᠡ ᠲᠡᠭᠡᠳᠤ ᠰᠤᠷᠭᠠᠭᠤᠯᠢ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠬᠤ | ᠪᠠ ᠴᠢᠩᠭᠠᠳᠬᠠᠵᠤ᠂ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠰᠤᠷᠭᠠᠨ ᠬᠦᠮᠤᠵᠢᠯ ᠤᠨ | ᠬᠦᠭᠵᠢᠯᠳᠠ ᠶᠢᠨ ᠵᠠᠮ ᠢ ᠪᠠᠷᠢᠮᠳᠠᠯᠠᠵᠤ᠂ ᠨᠠᠮ ᠤᠨ ᠰᠤᠷᠭᠠᠨ ᠬᠦᠮᠤᠵᠢᠯ ᠤᠨ ᠴᠢᠭᠯᠡᠯᠳᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠶᠤᠰᠦ ᠰᠤᠷᠲᠠᠬᠤᠨ ᠢᠶᠠᠷ ᠬᠦᠮᠤᠨ ᠢ ᠬᠦᠮᠤᠵᠢᠬᠦᠯᠬᠦ ᠦᠨᠳᠤᠰᠤᠨ ᠡᠬᠦᠷᠬᠡ ᠶᠢ | ᠨᠠᠶᠢᠳᠠᠪᠤᠷᠢᠵᠢᠭᠤᠯᠵᠤ᠂ ᠠᠭᠤᠯᠤᠬᠳᠠᠬᠤᠨ ᠤ ᠮᠠᠶ᠋ᠢᠭ ᠤᠨ ᠬᠦᠭᠵᠢᠯᠳᠠ ᠶᠢ ᠪᠡᠶᠡᠯᠡᠬᠦᠯᠬᠦ ᠶᠢ ᠠᠬᠢᠭᠤᠯᠵᠤ᠂ ᠴᠢᠬᠤᠯᠠ | ᠶᠡᠭᠡ ᠤᠷᠤᠨ ᠪᠦᠰᠠ ᠶᠢᠨ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠯᠤᠭ᠎ᠠ ᠰᠠᠨᠠᠭᠠᠴᠢᠯᠠᠭ᠎ᠠ ᠠᠴᠠ ᠪᠠᠨ | ᠵᠤᠯᠭᠠᠭᠤᠯᠵᠤ᠂ ᠳᠤᠮᠳᠠᠳᠤ ᠤᠯᠤᠰ ᠤᠨ ᠡᠬᠡ ᠭᠠᠵᠠᠷ ᠲᠤ ᠰᠠᠭᠤᠷᠢᠯᠠᠨ ᠶᠡᠭᠡ ᠰᠤᠷᠭᠠᠭᠤᠯᠢ ᠡᠷᠬᠢᠯᠠᠵᠤ᠂ ᠲᠠᠪᠠᠭᠤᠯᠢᠬ | ᠦᠪᠡᠷᠮᠢᠴᠠ ᠤᠨᠴᠠᠯᠢᠬ ᠢ ᠲᠤᠪᠤᠶᠢᠯᠭᠠᠵᠤ᠂ ᠰᠤᠷᠭᠠᠭᠤᠯᠢ ᠡᠷᠬᠢᠯᠡᠬᠦ ᠡᠬᠢ ᠪᠠᠶᠠᠯᠢᠬ ᠢ ᠴᠤᠭᠯᠠᠷᠠᠭᠤᠯᠤᠨ᠂ ᠴᠢᠬᠤᠯᠠ | ᠡᠯᠧᠮᠧᠨ᠋ᠲ ᠤᠨ ᠬᠦᠢᠯᠬᠡᠬᠡ ᠶᠢ ᠠᠬᠢᠭᠤᠯᠵᠤ᠂ ᠳᠤᠮᠳᠠ ᠪᠠᠷᠠᠭᠤᠨ ᠤᠷᠤᠨ ᠤ ᠲᠡᠭᠡᠳᠤ ᠵᠡᠷᠭᠡ ᠶᠢᠨ ᠰᠤᠷᠭᠠᠨ | ᠬᠦᠮᠤᠵᠢᠯ ᠤᠨ ᠳᠤᠳᠤᠭᠠᠳᠤ ᠬᠦᠳᠡᠯᠬᠡᠬᠦ ᠬᠦᠴᠤᠨ ᠪᠤᠯᠤᠨ ᠬᠦᠭᠵᠢᠯᠳᠠ ᠶᠢᠨ ᠠᠮᠢᠵᠢᠷᠠᠯ ᠤᠨ ᠬᠦᠴᠤᠨ ᠢ | ᠪᠦᠳᠤᠮᠵᠢᠳᠠᠢ ᠬᠦᠭᠵᠢᠬᠡᠵᠤ᠂ ᠳᠤᠮᠳᠠ ᠪᠠᠷᠠᠭᠤᠨ ᠤᠷᠤᠨ ᠢ ᠨᠡᠬᠡᠬᠡᠨ ᠬᠦᠭᠵᠢᠬᠦᠯᠬᠦ ᠪᠠᠶᠢᠷᠢᠰᠢᠯ ᠯᠤᠭ᠎ᠠ | ᠵᠤᠬᠢᠴᠠᠯᠳᠤᠬᠤ ᠲᠡᠭᠡᠳᠤ ᠵᠡᠷᠭᠡ ᠶᠢᠨ ᠰᠤᠷᠭᠠᠨ ᠬᠦᠮᠤᠵᠢᠯ ᠤᠨ ᠰᠢᠰᠲ᠋ᠧᠮ ᠢ ᠪᠦᠷᠢᠯᠳᠤᠬᠦᠯᠬᠦ ᠶᠢ ᠠᠬᠢᠨᠭᠤᠯᠬᠤ | ᠭᠡᠷᠡᠭᠳᠠᠢ ᠬᠡᠵᠤ ᠴᠢᠬᠤᠯᠠᠴᠢᠯᠠᠪᠠ᠃ | ᠬᠤᠷᠠᠯ ᠠᠴᠠ᠂ ᠠᠷᠠᠳ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠦᠮᠤᠵᠢᠯ ᠤᠨ ᠬᠦᠭᠵᠢᠯᠳᠠ ᠶᠢ | ᠵᠢᠷᠤᠮᠵᠢᠭᠤᠯᠬᠤ ᠶᠢᠨ ᠵᠤᠷᠢᠯᠭ᠎ᠠ ᠪᠤᠯ ᠨᠠᠮ ᠤᠨ ᠰᠤᠷᠭᠠᠨ ᠬᠦᠮᠤᠵᠢᠯ ᠤᠨ ᠴᠢᠭᠯᠡᠯᠳᠡ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠨᠠᠮ ᠤᠨ ᠠᠯᠪᠠᠨ ᠵᠢᠷᠤᠮ ᠤᠨ ᠰᠤᠷᠭᠠᠨ ᠬᠦᠮᠤᠵᠢᠯ ᠳᠠᠬᠢ ᠪᠦᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠳᠠᠯᠠᠵᠤ᠂ ᠨᠡᠶᠢᠬᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠳᠠᠯᠠᠵᠤ᠂ | ᠬᠠᠤᠯᠢ ᠪᠠᠷ ᠰᠤᠷᠭᠠᠨ ᠬᠦᠮᠤᠵᠢᠯ ᠢ ᠵᠠᠰᠠᠬᠤ ᠶᠢ ᠪᠠᠷᠢᠮᠳᠠᠯᠠᠵᠤ᠂ ᠵᠠᠰᠠᠬ ᠤᠨ ᠤᠷᠳᠤᠨ ᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠲᠦᠷᠤᠯ ᠬᠤᠪᠢᠶᠠᠨ ᠵᠢᠯᠤᠭᠤᠳᠬᠤ ᠶᠢ ᠴᠢᠩᠭᠠᠳᠬᠠᠵᠤ᠂ ᠠᠷᠠᠳ ᠠᠴᠠ ᠡᠷᠬᠢᠯᠡᠭᠰᠡᠨ ᠠᠯᠪᠠᠨ | ᠵᠢᠷᠤᠮ ᠤᠨ ᠰᠤᠷᠭᠠᠨ ᠬᠦᠮᠤᠵᠢᠯ ᠢ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠵᠤ᠂ ᠶᠡᠭᠡ ᠰᠠᠶᠢᠨ ᠰᠤᠷᠭᠠᠨ | ᠬᠦᠮᠤᠵᠢᠯ ᠤᠨ ᠠᠮᠢ ᠠᠬᠤᠢ ᠶᠢ ᠪᠤᠢ ᠪᠤᠯᠭᠠᠵᠤ᠂ ᠰᠤᠷᠤᠬᠴᠢ ᠶᠢᠨ ᠪᠦᠬᠦ ᠲᠠᠯ᠎ᠠ ᠪᠠᠷ ᠬᠦᠭᠵᠢᠬᠦ᠂ ᠡᠷᠡᠬᠦᠯ ᠢᠶᠠᠷ | ᠦᠰᠤᠨ ᠪᠤᠶᠢᠵᠢᠬᠤ ᠶᠢ ᠠᠬᠢᠭᠤᠯᠬᠤ ᠶᠢᠨ ᠲᠦᠯᠤᠬᠡ ᠶᠤᠮ᠃ ᠡᠯ᠎ᠠ ᠱᠠᠳᠤᠨ ᠤ ᠨᠠᠮ ᠤᠨ ᠬᠤᠷᠢᠶ᠎ᠠ ᠪᠤᠯᠤᠨ | ᠵᠠᠰᠠᠬ ᠤᠨ ᠤᠷᠳᠤᠨ ᠤ ᠬᠢᠨ ᠤᠯᠤᠰ ᠠᠴᠠ ᠠᠯᠪᠠᠨ ᠵᠢᠷᠤᠮ ᠤᠨ ᠰᠤᠷᠭᠠᠨ ᠬᠦᠮᠤᠵᠢᠯ ᠢ ᠡᠷᠬᠢᠯᠡᠬᠦ ᠶᠢ ᠪᠠᠷᠢᠮᠳᠠᠯᠠᠵᠤ᠂ | ᠠᠯᠪᠠᠨ ᠵᠢᠷᠤᠮ ᠤᠨ ᠰᠤᠷᠭᠠᠨ ᠬᠦᠮᠤᠵᠢᠯ ᠤᠨ ᠨᠡᠶᠢᠳᠠ ᠶᠢᠨ ᠠᠰᠠᠷᠠᠮᠵᠢ ᠶᠢᠨ ᠬᠠᠷᠢᠶᠠᠯᠠᠯ ᠢ ᠪᠠᠳᠤᠯᠠᠵᠤ᠂ | ᠠᠯᠪᠠᠨ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠦᠮᠤᠵᠢᠯ ᠢ ᠰᠠᠶᠢᠳᠤᠷ ᠡᠷᠬᠢᠯᠡᠨ ᠬᠦᠴᠦᠷᠭᠡᠭᠵᠢᠬᠦᠯᠬᠦ | ᠭᠡᠷᠡᠭᠳᠠᠢ ᠬᠡᠵᠤ ᠵᠢᠭᠠᠵᠤ ᠭᠠᠷᠭᠠᠪᠠ᠃ | ᠬᠤᠷᠠᠯ ᠠᠴᠠ᠂ ᠡᠨᠡ ᠤᠳᠠᠭ᠎ᠠ ᠶᠢᠨ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ | ᠠᠷᠭᠠᠴᠠᠭᠠᠬᠤ ᠳᠤ᠂ ᠪᠢᠳᠠ ᠡᠪᠡᠳᠴᠢᠳᠠᠨ ᠢ ᠲᠦᠪᠯᠡᠷᠡᠬᠦᠯᠵᠤ᠂ ᠲᠤᠰᠬᠠᠢ ᠮᠡᠷᠬᠡᠵᠢᠯᠳᠡᠠ ᠢ ᠲᠦᠪᠯᠡᠷᠡᠬᠦᠯᠵᠤ᠂ ᠡᠬᠢ | ᠪᠠᠶᠠᠯᠢᠬ ᠢ ᠲᠦᠪᠯᠡᠷᠡᠬᠦᠯᠵᠤ᠂ ᠲᠦᠪᠯᠡᠷᠡᠬᠦᠯᠤᠨ ᠡᠮᠨᠡᠨ ᠵᠠᠰᠠᠬᠤ ᠵᠠᠷᠴᠢᠮ ᠢᠶᠠᠷ᠂ ᠰᠢᠨᠵᠢᠯᠡᠬᠦ ᠤᠬᠠᠭᠠᠨᠴᠢ ᠪᠠᠷ | ᠰᠡᠷᠬᠡᠶᠢᠯᠡᠨ ᠵᠠᠰᠠᠬᠤ᠂ ᠠᠷᠭ᠎ᠠ ᠪᠤᠳᠤᠯᠭ᠎ᠠ ᠶᠢ ᠤᠨᠤᠴᠠᠳᠠᠢ ᠭᠡᠷᠡᠭᠵᠢᠬᠦᠯᠬᠦ ᠶᠢ ᠪᠠᠷᠢᠮᠳᠠᠯᠠᠵᠤ᠂ ᠡᠮᠴᠢᠯᠡᠬᠡᠨ ᠤ | ᠲᠦᠰᠤᠯ ᠢᠶᠠᠨ ᠲᠠᠰᠤᠷᠠᠯᠳᠠ ᠦᠬᠡᠢ ᠲᠡᠬᠦᠯᠳᠡᠷᠵᠢᠬᠦᠯᠵᠤ᠂ ᠡᠮᠴᠢᠯᠡᠬᠡᠨ ᠤ ᠲᠡᠰ ᠲᠠᠷᠠᠭᠠᠯᠠᠯ᠂ ᠡᠮᠨᠡᠨ ᠵᠠᠰᠠᠬᠤ ᠡᠮ | ᠲᠠᠩ ᠪᠤᠯᠤᠨ ᠬᠦᠨᠳᠤ ᠡᠪᠡᠳᠴᠢᠳᠠᠨ ᠢ ᠠᠪᠤᠷᠠᠨ ᠡᠮᠨᠡᠬᠦ ᠠᠷᠭ᠎ᠠ ᠳᠤ ᠲᠤᠬᠢᠷᠠᠭᠤᠯᠤᠯᠳᠠ ᠬᠢᠬᠦ ᠪᠠ ᠰᠢᠯᠢᠳᠡᠭᠵᠢᠬᠦᠯᠵᠤ᠂ | ᠡᠮ ᠡᠮᠨᠡᠯᠬᠡ ᠶᠢᠨ ᠲᠠᠭᠠᠳᠬᠠᠯ ᠢ ᠤᠨᠳᠤᠤ ᠭᠠᠵᠠᠷ ᠲᠤ ᠴᠠᠬ ᠲᠤᠬᠠᠢ ᠳᠤᠨᠢ ᠳ᠋ᠦᠩᠨᠠᠨ ᠪᠤᠳᠤᠬᠤ ᠲᠦᠷᠢᠮ ᠢ | ᠲᠡᠬᠦᠯᠳᠡᠷᠵᠢᠬᠦᠯᠵᠤ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠰᠢᠰᠲ᠋ᠧᠮ ᠤᠨ ᠬᠢᠨ ᠴᠢᠬᠤᠯᠠ ᠤᠢᠢᠯᠡᠳᠤᠯ | ᠪᠠᠳᠠᠷᠠᠭᠤᠯᠪᠠ᠃ ᠦᠷᠬᠡᠨ ᠤᠯᠠᠨ ᠡᠮᠨᠡᠯᠬᠡ ᠶᠢᠨ ᠠᠵᠢᠯᠳᠠᠨ ᠡᠮᠴᠢ ᠶᠢᠨ ᠶᠤᠰᠤ ᠰᠤᠷᠲᠠᠬᠤᠨ ᠡᠮᠴᠢ ᠶᠢᠨ | ᠰᠤᠷᠳᠠᠯ ᠢᠶᠠᠨ ᠪᠠᠳᠤ ᠰᠠᠬᠢᠵᠤ᠂ ᠠᠵᠢᠯ ᠮᠡᠷᠬᠡᠵᠢᠯ ᠤᠨ ᠵᠢᠷᠤᠮᠵᠢᠯ ᠢᠶᠠᠨ ᠴᠢᠩᠭᠠᠳᠬᠠᠵᠤ᠂ ᠲᠡᠭᠡᠳᠤ ᠬᠡᠮᠵᠢᠶᠠᠨ ᠤ | ᠬᠠᠷᠢᠭᠤᠴᠠᠯᠭᠠᠳᠤ ᠰᠡᠳᠬᠢᠯᠬᠡ ᠪᠤᠯᠤᠨ ᠬᠠᠷᠠᠮ ᠦᠬᠡᠢ ᠵᠤᠷᠢᠭᠤᠯᠬᠤ ᠵᠤᠷᠢᠬ ᠰᠠᠨᠠᠭ᠎ᠠ ᠶᠢ ᠢᠯᠡᠷᠡᠭᠦᠯᠦᠭᠰᠡᠡ ᠪᠠᠶᠢᠨ᠎ᠠ᠃ | ᠡᠮᠴᠢᠯᠡᠬᠡᠨ ᠤ ᠠᠵᠢᠯᠯᠠᠭ᠎ᠠ ᠶᠢ ᠴᠢᠨᠠᠬᠰᠢᠳᠠ ᠵᠢᠷᠤᠮᠵᠢᠭᠤᠯᠵᠤ᠂ ᠵᠦᠢ ᠵᠤᠬᠢᠰᠳᠠᠢ ᠡᠮᠴᠢᠯᠡᠬᠡᠨ ᠤ ᠪᠠᠶᠢᠴᠠᠭᠠᠯᠳᠠ ᠶᠢ | ᠠᠬᠢᠭᠤᠯᠬᠤ ᠳᠤ᠂ ᠡᠮᠴᠢᠯᠡᠬᠡᠨ ᠤ ᠭᠤᠤᠯ ᠴᠤᠬᠴᠠ ᠶᠢᠨ ᠠᠵᠢᠯᠯᠠᠭ᠎ᠠ ᠶᠢ ᠵᠢᠷᠤᠮᠵᠢᠭᠤᠯᠬᠤ ᠠᠴᠠ ᠭᠠᠷᠳᠠᠵᠤ᠂ | ᠡᠮᠴᠢᠯᠡᠬᠡᠨ ᠤ ᠪᠠᠶᠢᠭᠤᠯᠤᠮᠵᠢ ᠪᠤᠯᠤᠨ ᠡᠮᠨᠡᠯᠬᠡ ᠶᠢᠨ ᠠᠵᠢᠯᠳᠠᠨ ᠤ ᠠᠵᠢᠯᠯᠠᠭ᠎ᠠ ᠳᠠᠬᠢ ᠬᠢᠨᠠᠯᠳᠠ ᠬᠠᠮᠢᠶᠠᠷᠤᠯᠳᠠ ᠪᠠᠨ | ᠴᠢᠩᠭᠠᠳᠬᠠᠵᠤ᠂ ᠮᠡᠷᠬᠡᠵᠢᠯ ᠤᠨ ᠰᠢᠨ᠎ᠠ ᠶᠢ ᠡᠬᠦᠳᠬᠦ ᠶᠢ ᠴᠢᠩᠭᠠᠳᠬᠠᠵᠤ᠂ ᠡᠬᠢ ᠪᠠᠶᠠᠯᠢᠬ ᠢ ᠬᠠᠮᠳᠤ ᠪᠠᠷ ᠡᠳ᠋ᠯᠡᠬᠦ ᠶᠢ | ᠠᠬᠢᠭᠤᠯᠵᠤ᠂ ᠡᠮᠴᠢᠯᠡᠬᠡᠨ ᠤ ᠬᠠᠮᠢᠶᠠᠷᠤᠯᠳᠠ ᠶᠢᠨ ᠪᠠᠶᠢᠭᠤᠯᠤᠮᠵᠢ᠂ ᠠᠵᠢᠯᠯᠠᠭᠠᠨ ᠤ ᠲᠤᠭᠳᠠᠴᠠ᠂ ᠤᠢᠢᠯᠡᠴᠢᠯᠡᠬᠡᠨ ᠤ | ᠦᠨ᠎ᠠ ᠬᠠᠩᠰᠢ᠂ ᠠᠵᠢᠯ ᠤᠨ ᠠᠮᠵᠢᠯᠳᠠ ᠶᠢᠨ ᠬᠤᠪᠢᠶᠠᠷᠢᠯᠠᠯᠳᠠ ᠵᠡᠷᠬᠡ ᠶᠠᠷᠤᠩᠬᠡᠶᠢᠯᠡᠭᠰᠡᠨ ᠴᠢᠨᠠᠷᠳᠠᠢ | ᠦᠬᠡᠷᠡᠴᠢᠯᠠᠯᠳᠠ ᠶᠢ ᠨᠢᠬᠡᠳᠤᠯᠳᠠᠢ ᠲᠦᠯᠤᠪᠵᠢᠬᠦᠯᠤᠨ ᠠᠬᠢᠭᠤᠯᠵᠤ᠂ ᠲᠤᠬᠠᠢᠢᠯᠠᠬᠰᠠᠨ ᠠᠵᠢᠯ ᠤᠨ ᠰᠤᠷᠳᠠᠯ ᠤᠨ | ᠪᠠᠶᠢᠭᠤᠯᠤᠯᠳᠠ ᠶᠢ ᠯᠠᠪᠳᠠᠭᠤᠨ ᠢᠶᠠᠷ ᠠᠬᠢᠭᠤᠯᠬᠤ ᠭᠡᠷᠡᠭᠳᠠᠢ ᠬᠡᠵᠤ ᠴᠢᠬᠤᠯᠠᠴᠢᠯᠠᠪᠠ᠃ | ᠬᠤᠷᠠᠯ ᠠᠴᠠ᠂ ᠠᠮᠢᠳᠤᠷᠠᠯ ᠤᠨ ᠬᠤᠭ ᠨᠤᠪᠰᠢ ᠶᠢ ᠲᠦᠷᠦᠯ ᠬᠤᠪᠢᠶᠠᠨ ᠠᠩᠭᠢᠯᠠᠬᠤ ᠨᠢ ᠤᠯᠡᠨ ᠲᠦᠮᠡᠨ ᠤ | ᠡᠳᠦᠷ ᠲᠤᠳᠤᠮ ᠤᠨ ᠠᠮᠢᠳᠤᠷᠠᠯ ᠯᠤᠭ᠎ᠠ ᠬᠤᠯᠪᠤᠬᠳᠠᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ | ᠠᠬᠢᠭᠤᠯᠬᠤ᠂ ᠨᠡᠶᠢᠭᠡᠮ ᠤᠨ ᠪᠤᠯᠪᠠᠰᠤᠨ ᠤ ᠬᠡᠮᠵᠢᠶ᠎ᠡ ᠶᠢ ᠲᠡᠭᠡᠭᠰᠢᠯᠡᠬᠦᠯᠬᠦ᠂ ᠦᠨᠳᠤᠰᠤᠨ ᠱᠠᠳᠤᠨ ᠤ ᠨᠡᠶᠢᠭᠡᠮ ᠤᠨ | ᠵᠠᠰᠠᠯᠳᠠ ᠶᠢᠨ ᠰᠢᠨ᠎ᠡ ᠶᠢ ᠡᠬᠦᠳᠬᠦ ᠳᠤ ᠴᠦᠮ ᠴᠢᠬᠤᠯᠠ ᠠᠴᠢ ᠬᠤᠯᠪᠤᠬᠳᠠᠯ ᠲᠠᠢ ᠶᠤᠮ᠃ ᠬᠤᠳᠠ ᠶᠢᠨ ᠭᠤᠤᠯ | ᠴᠤᠬᠴᠠ ᠶᠢᠨ ᠬᠠᠷᠢᠭᠤᠴᠠᠯᠭ᠎ᠠ ᠶᠢ ᠨᠡᠶᠢᠳᠠᠪᠤᠷᠢᠵᠢᠭᠤᠯᠬᠤ᠂ ᠤᠯᠠᠨ ᠲᠦᠮᠡᠨ ᠤ ᠵᠠᠩᠰᠢᠯ ᠲᠡᠳᠬᠠᠯ ᠪᠤᠯᠵᠤ | ᠪᠦᠷᠢᠯᠳᠦᠬᠦ ᠶᠢ ᠠᠬᠢᠭᠤᠯᠬᠤ᠂ ᠲᠦᠷᠦᠯ ᠬᠤᠪᠢᠶᠠᠨ ᠠᠩᠭᠢᠯᠠᠬᠤ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢ | ᠲᠦᠷᠭᠡᠳᠭᠡᠬᠦ᠂ ᠢᠵᠢ ᠪᠦᠷᠢᠨ ᠲᠠᠮᠵᠢᠬᠦ ᠲᠦᠷᠦ ᠶᠢᠨ ᠪᠤᠳᠤᠯᠭ᠎ᠠ ᠶᠢ ᠲᠡᠬᠦᠯᠳᠡᠷᠵᠢᠬᠦᠯᠬᠦ ᠵᠡᠷᠭᠡ ᠲᠠᠯ᠎ᠡ ᠠᠴᠠ | ᠭᠠᠷᠳᠠᠵᠤ᠂ ᠬᠠᠤᠯᠢᠵᠢᠯ ᠢᠶᠠᠷ ᠰᠠᠭᠤᠷᠢ ᠪᠤᠯᠭᠠᠬᠰᠡᠨ᠂ ᠵᠠᠰᠠᠭ ᠤᠨ ᠤᠷᠳᠤᠨ ᠠᠬᠢᠭᠤᠯᠤᠬᠰᠡᠨ᠂ ᠪᠦᠬᠦ | ᠠᠷᠠᠳ ᠢᠶᠠᠷ ᠢᠶᠠᠨ ᠤᠷᠤᠯᠴᠠᠬᠰᠡᠨ᠂ ᠬᠤᠳᠠ ᠬᠦᠳᠡᠭᠡ ᠶᠢ ᠨᠢᠭᠡᠳᠦᠯᠳᠠᠢ ᠲᠦᠯᠦᠪᠵᠢᠬᠦᠯᠦᠭᠰᠡᠨ᠂ ᠭᠠᠵᠠᠷ ᠤᠷᠤᠨ ᠤ | ᠪᠠᠶᠢᠳᠠᠯ ᠳᠤᠨᠢ ᠲᠤᠬᠢᠷᠠᠭᠤᠯᠤᠬᠰᠡᠨ ᠬᠤᠭ ᠨᠤᠪᠰᠢ ᠶᠢ ᠲᠦᠷᠦᠯ ᠬᠤᠪᠢᠶᠠᠨ ᠠᠩᠭᠢᠯᠠᠬᠤ ᠤᠷᠳᠤ ᠬᠤᠭᠤᠴᠠᠭᠠᠨ ᠤ | ᠪᠦᠳᠦᠮᠵᠢᠳᠠᠢ ᠲᠤᠬᠳᠠᠴᠠ ᠶᠢ ᠲᠦᠷᠭᠡᠳᠭᠡᠨ ᠪᠠᠶᠢᠭᠤᠯᠵᠤ᠂ ᠰᠢᠨᠵᠢᠯᠡᠬᠦ ᠤᠬᠠᠭᠠᠨᠴᠢ ᠤᠢᠢᠯᠠᠭᠠᠬᠳᠠᠬᠤᠨ ᠢ ᠪᠤᠢ | ᠪᠤᠯᠭᠠᠵᠤ᠂ ᠲᠦᠷᠦᠯ ᠬᠤᠪᠢᠶᠠᠨ ᠵᠢᠯᠤᠭᠤᠳᠴᠤ᠂ ᠪᠦᠬᠦ ᠬᠡᠯᠬᠢᠶ᠎ᠡ ᠶᠢᠨ ᠬᠠᠮᠢᠶᠠᠷᠤᠯᠳᠠ ᠶᠢ ᠴᠢᠩᠭᠠᠳᠬᠠᠬᠤ ᠭᠡᠷᠡᠭᠳᠠᠢ | ᠭᠡᠵᠤ ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠠᠷᠪᠡᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ | ᠪᠦᠬᠦᠳᠠ ᠬᠤᠷᠠᠯ ᠠᠴᠠ ᠨᠠᠭᠠᠰᠢ᠂ ᠪᠢᠳᠠ ᠬᠦᠳᠡᠭᠡ ᠠᠵᠤ ᠠᠬᠤᠢ ᠬᠦᠳᠡᠭᠡ ᠲᠤᠰᠬᠤᠨ ᠤ ᠦᠭᠡᠷᠡᠴᠢᠯᠡᠯᠳᠠ ᠶᠢ ᠪᠦᠬᠦ | ᠲᠠᠯ᠎ᠡ ᠪᠠᠷ ᠪᠠᠶᠢᠷᠢᠯᠠᠭᠤᠯᠤᠨ ᠰᠢᠰᠲ᠋ᠧᠮ ᠲᠠᠢ ᠠᠬᠢᠭᠤᠯᠵᠤ᠂ ᠬᠦᠳᠡᠭᠡ ᠠᠵᠤ ᠠᠬᠤᠢ ᠬᠦᠳᠡᠭᠡ ᠲᠤᠰᠬᠤᠨ ᠤ | ᠬᠦᠭᠵᠢᠯᠳᠠ ᠶᠢ ᠤᠷᠳᠤ ᠬᠤᠭᠤᠴᠠᠭ᠎ᠠ ᠪᠠᠷ ᠬᠢᠵᠠᠭᠠᠷᠯᠠᠵᠤ ᠪᠠᠶᠢᠬᠰᠡᠨ ᠨᠢᠭᠡ ᠪᠦᠯᠦᠭ ᠪᠠᠶᠢᠭᠤᠯᠤᠮᠵᠢ ᠲᠤᠬᠳᠠᠴᠠ ᠶᠢᠨ | ᠬᠠᠷᠰᠢ ᠰᠠᠭᠠᠳ ᠢ ᠠᠯᠬᠤᠮ ᠠᠯᠬᠤᠮ ᠢᠶᠠᠷ ᠠᠷᠢᠯᠭᠠᠨ᠂ ᠰᠠᠭᠤᠷᠢ ᠴᠢᠨᠠᠷᠳᠠᠢ ᠵᠠᠩᠭᠢᠯᠠᠭ᠎ᠠ ᠶᠢᠨ ᠴᠢᠨᠠᠷᠳᠠᠢ ᠲᠦᠷᠢᠮ ᠢ | ᠨᠡᠩ ᠲᠡᠬᠦᠯᠳᠡᠷᠵᠢᠬᠦᠯᠵᠤ᠂ ᠬᠦᠳᠡᠭᠡ ᠠᠵᠤ ᠠᠬᠤᠢ ᠬᠦᠳᠡᠭᠡ ᠲᠤᠰᠬᠤᠨ ᠢ ᠤᠷᠢᠳ ᠢᠶᠠᠷ ᠬᠦᠭᠵᠢᠬᠦᠯᠬᠦ ᠲᠦᠷᠢᠮ ᠤᠨ | ᠪᠤᠷᠤ ᠲᠦᠯᠦᠪ ᠪᠤᠯᠤᠨ ᠲᠦᠷᠦ ᠶᠢᠨ ᠪᠤᠳᠤᠯᠭ᠎ᠠ ᠶᠢᠨ ᠰᠢᠰᠲ᠋ᠧᠮ ᠠᠩᠬ᠎ᠠ ᠠᠯᠬᠤᠮ ᠪᠦᠷᠢᠯᠳᠦᠨ᠂ ᠬᠦᠳᠡᠭᠡ | ᠲᠤᠰᠬᠤᠨ ᠤ ᠨᠡᠶᠢᠭᠡᠮ ᠤᠨ ᠦᠢᠯᠡᠳᠪᠤᠷᠢᠯᠡᠯ ᠤᠨ ᠬᠦᠴᠤᠨ ᠢ ᠤᠯᠠᠮ ᠴᠢᠨᠠᠬᠰᠢᠳᠠ ᠴᠢᠯᠦᠭᠡᠯᠡᠨ ᠬᠦᠭᠵᠢᠬᠦᠯᠵᠤ᠂ | ᠬᠦᠳᠡᠭᠡ ᠠᠵᠤ ᠠᠬᠤᠢ ᠬᠦᠳᠡᠭᠡ ᠲᠤᠰᠬᠤᠨ ᠤ ᠠᠮᠢᠵᠢᠷᠠᠯ ᠤᠨ ᠬᠦᠴᠤᠨ ᠢ ᠨᠡᠮᠡᠭᠳᠡᠬᠦᠯᠤᠨ᠂ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠡᠯᠳᠠ ᠶᠢ ᠲᠠᠮᠠᠴᠡᠨ ᠤᠯᠬᠤ ᠳᠤ ᠴᠢᠬᠤᠯᠠ | ᠲᠦᠷᠢᠮ ᠤᠨ ᠲᠤᠯᠭᠠᠭᠤᠷᠢᠯᠠᠯ ᠬᠠᠨᠭ᠍ᠭᠠᠪᠠ᠃ ᠭᠠᠵᠠᠷ ᠰᠢᠷᠤᠢ ᠶᠢᠨ ᠨᠡᠶᠢᠳᠠ ᠶᠢᠨ ᠦᠮᠴᠢᠯᠡᠯ ᠤᠨ ᠰᠢᠨᠵᠢ ᠴᠢᠨᠠᠷ ᠢ | ᠬᠤᠪᠢᠷᠠᠭᠤᠯᠬᠤ ᠦᠭᠡᠢ ᠪᠠᠶᠢᠬᠤ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠰᠢᠪᠳᠤᠯᠬᠤ ᠦᠭᠡᠢ ᠪᠠᠶᠢᠬᠤ᠂ | ᠲᠠᠷᠢᠶᠠᠴᠢᠳ ᠤᠨ ᠠᠰᠢᠭ ᠲᠤᠰᠠ ᠶᠢ ᠬᠤᠬᠢᠷᠠᠭᠤᠯᠬᠤ ᠦᠭᠡᠢ ᠪᠠᠶᠢᠬᠤ ᠡᠨᠡ ᠬᠦ ᠭᠤᠷᠪᠡᠨ ᠬᠤᠷᠢᠭ᠎ᠠ ᠱᠤᠭᠤᠮ ᠢ | ᠪᠠᠳᠤ ᠰᠠᠬᠢᠵᠤ᠂ ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠬᠴᠤᠭᠠᠨ ᠤ ᠦᠭᠡᠷᠡᠴᠢᠯᠡᠯᠳᠠ ᠶᠢ | ᠦᠷᠬᠦᠯᠵᠢᠯᠡᠨ ᠰᠠᠶᠢᠳᠤᠷ ᠠᠳᠬᠤᠨ᠂ ᠨᠢᠭᠡᠳᠤᠯᠳᠠᠢ ᠲᠦᠯᠦᠪᠵᠢᠬᠦᠯᠵᠤ᠂ ᠴᠢᠭᠯᠡᠯ ᠢᠶᠠᠨ ᠯᠠᠪᠳᠠᠭᠤᠨ ᠪᠠᠲᠤᠲᠠᠢ | ᠡᠵᠡᠮᠳᠡᠵᠤ᠂ ᠪᠦᠬᠦ ᠬᠦᠴᠤᠨ ᠢᠶᠠᠷ ᠢᠶᠠᠨ ᠪᠤᠭᠤᠮᠳᠠ ᠰᠢᠪᠳᠤᠯᠬᠤ ᠭᠡᠷᠡᠭᠳᠠᠢ᠃ ᠠᠮᠤ ᠪᠤᠳᠠᠭᠠᠨ ᠤ ᠠᠮᠤᠷ ᠲᠦᠪᠰᠢᠨ ᠢ | ᠪᠠᠳᠤᠯᠠᠬᠤ ᠶᠢ ᠲᠤᠪᠤᠶᠢᠮ᠎ᠡ ᠪᠠᠶᠢᠷᠢᠨ ᠳᠤ ᠲᠠᠯᠪᠢᠵᠤ᠂ ᠠᠮᠤ ᠪᠤᠳᠠᠭᠠᠨ ᠤ ᠠᠮᠤᠷ ᠲᠦᠪᠰᠢᠨ ᠤ ᠲᠦᠷᠢᠮ ᠤᠨ | ᠰᠢᠰᠲ᠋ᠧᠮ ᠢ ᠪᠦᠷᠢᠨᠰᠢᠬᠦᠯᠤᠨ᠂ ᠬᠦᠳᠡᠭᠡ ᠠᠵᠤ ᠠᠬᠤᠢ ᠶᠢᠨ ᠬᠦᠭᠵᠢᠯᠳᠠ ᠶᠢᠨ ᠠᠷᠭ᠎ᠠ ᠬᠡᠯᠪᠡᠷᠢ ᠶᠢ ᠲᠦᠷᠭᠡᠳᠭᠡᠨ | ᠬᠤᠪᠢᠷᠠᠭᠤᠯᠵᠤ᠂ ᠤᠳᠤ ᠦᠶ᠎ᠡ ᠶᠢᠨ ᠬᠦᠳᠡᠭᠡ ᠠᠵᠤ ᠠᠬᠤᠢ ᠶᠢᠨ ᠬᠦᠭᠵᠢᠯᠳᠠ ᠶᠢ ᠬᠠᠶᠢᠨ ᠰᠦᠪᠡᠭᠴᠢᠯᠡᠬᠦ ᠵᠠᠮ | ᠲᠡᠭᠡᠷ᠎ᠡ ᠨᠡᠩ ᠤᠯᠠᠨ ᠲᠤᠷᠰᠢᠯᠭ᠎ᠠ ᠡᠬᠦᠳᠬᠦ ᠭᠡᠷᠡᠭᠳᠠᠢ᠃ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ | ᠲᠦᠷᠢᠮ ᠪᠤᠯᠤᠨ ᠡᠯᠧᠮᠧᠨ᠋ᠲ ᠤᠨ ᠵᠠᠬ᠎ᠠ ᠲᠡᠯᠭᠡᠬᠦᠷᠴᠢᠯᠡᠭᠰᠡᠨ ᠲᠤᠬᠢᠷᠠᠭᠤᠯᠭ᠎ᠠ ᠶᠢ ᠲᠡᠬᠦᠯᠳᠡᠷᠵᠢᠬᠦᠯᠵᠤ᠂ ᠬᠦᠳᠡᠭᠡ | ᠲᠤᠰᠬᠤᠨ ᠤ ᠭᠠᠵᠠᠷ ᠰᠢᠷᠤᠢ᠂ ᠪᠡᠯᠡ ᠮᠦᠡᠭᠭᠦ᠂ ᠴᠢᠳᠠᠪᠤᠷᠢᠳᠠᠨ᠂ ᠮᠡᠷᠭᠡᠵᠢᠯ ᠵᠡᠷᠭᠡ ᠡᠯ᠎ᠡ ᠲᠦᠷᠦᠯ ᠤᠨ | ᠡᠯᠧᠮᠧᠨ᠋ᠲ ᠤᠨ ᠲᠤᠬᠢᠷᠠᠭᠤᠯᠭ᠎ᠠ ᠶᠢᠨ ᠠᠰᠢᠬᠯᠠᠮᠵᠢ ᠶᠢ ᠲᠡᠭᠡᠭᠰᠢᠯᠡᠬᠦᠯᠤᠨ᠂ ᠬᠦᠳᠡᠭᠡ ᠲᠤᠰᠬᠤᠨ ᠤ ᠲᠤᠳᠤᠭᠠᠳᠤ | ᠠᠮᠢᠵᠢᠷᠠᠯ ᠤᠨ ᠬᠦᠴᠤᠨ ᠢ ᠬᠦᠭᠵᠢᠭᠡᠬᠦ ᠭᠡᠷᠡᠭᠳᠠᠢ᠃ ᠬᠦᠳᠡᠭᠡ ᠠᠵᠤ ᠠᠬᠤᠢ ᠶᠢ ᠲᠡᠮᠵᠢᠬᠦ ᠬᠠᠮᠠᠭᠠᠯᠬᠤ ᠲᠦᠷᠢᠮ ᠢ | ᠪᠦᠷᠢᠨᠰᠢᠬᠦᠯᠵᠤ᠂ ᠲᠦᠷᠦ ᠶᠢᠨ ᠪᠤᠳᠤᠯᠭ᠎ᠠ ᠶᠢᠨ ᠤᠨᠤᠪᠴᠢᠳᠤ ᠴᠢᠨᠠᠷ᠂ ᠴᠢᠭᠯᠡᠬᠦᠯᠦᠯᠳᠤ ᠴᠢᠨᠠᠷ ᠪᠤᠯᠤᠨ ᠪᠤᠳᠠᠳᠤ | ᠦᠷ᠎ᠡ ᠪᠦᠳᠦᠮᠵᠢᠳᠤ ᠴᠢᠨᠠᠷ ᠢ ᠲᠡᠭᠡᠭᠰᠢᠯᠡᠬᠦᠯᠵᠤ᠂ ᠬᠦᠳᠡᠭᠡ ᠠᠵᠤ ᠠᠬᠤᠢ ᠶᠢᠨ ᠬᠦᠭᠵᠢᠯᠳᠠ ᠶᠢ ᠤᠨᠠᠯᠳᠠ ᠶᠢ | ᠨᠡᠮᠡᠭᠳᠡᠬᠦᠯᠬᠦ ᠪᠠᠷ ᠤᠳᠤᠷᠢᠳᠤᠮᠵᠢ ᠪᠤᠯᠭᠠᠵᠤ ᠪᠠᠶᠢᠭᠰᠠᠠ ᠠᠴᠠ ᠶᠠᠰᠦ ᠴᠢᠨᠠᠷ ᠢ ᠲᠡᠭᠡᠭᠰᠢᠯᠡᠬᠦᠯᠬᠦ ᠪᠠᠷ ᠤᠳᠤᠷᠢᠳᠤᠮᠵᠢ | ᠪᠤᠯᠭᠠᠬᠤ ᠲᠠᠶᠢᠰᠢ ᠬᠤᠪᠢᠷᠠᠬᠤ ᠶᠢ ᠬᠦᠳᠤᠯᠤᠨ ᠲᠠᠭᠠᠭᠤᠯᠬᠤ ᠭᠡᠷᠡᠭᠳᠠᠢ᠃ ᠬᠦᠳᠡᠭᠡ ᠲᠤᠰᠬᠤᠨ ᠢ ᠬᠦᠭᠵᠢᠬᠦᠯᠤᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠶᠡᠭᠡ ᠬᠦᠴᠤᠨ ᠢᠶᠠᠷ ᠭᠡᠷᠡᠭᠵᠢᠬᠦᠯᠵᠤ᠂ ᠬᠤᠳᠠ ᠬᠦᠳᠡᠭᠡ ᠶᠢ | ᠠᠭᠤᠰᠤᠯᠴᠠᠭᠤᠯᠤᠨ ᠬᠦᠭᠵᠢᠬᠦᠯᠬᠦ ᠪᠠᠶᠢᠭᠤᠯᠤᠮᠵᠢ ᠲᠤᠬᠳᠠᠴᠠ ᠪᠠ ᠲᠦᠷᠦ ᠶᠢᠨ ᠪᠤᠳᠤᠯᠭ᠎ᠠ ᠶᠢᠨ ᠰᠢᠰᠲ᠋ᠧᠮ ᠢ | ᠪᠦᠷᠢᠨᠰᠢᠬᠦᠯᠬᠦ ᠭᠡᠷᠡᠭᠳᠠᠢ᠃ ᠦᠭᠡᠷᠡᠴᠢᠯᠡᠯᠳᠠ ᠶᠢᠨ ᠰᠢᠰᠲ᠋ᠧᠮᠲᠦ ᠴᠤᠬᠯᠠᠷᠠᠯ ᠪᠤᠯᠬᠤ ᠶᠢ ᠴᠢᠩᠭᠠᠳᠬᠠᠨ᠂ ᠡᠯ᠎ᠡ | ᠵᠦᠢᠯ ᠤᠨ ᠲᠦᠷᠢᠮ ᠤᠨ ᠬᠠᠷᠢᠯᠴᠠᠨ ᠵᠤᠯᠭᠠᠯᠴᠠᠵᠤ᠂ ᠬᠠᠮᠳᠤᠷᠠᠯ ᠬᠦᠴᠤᠨ ᠢ ᠪᠦᠷᠢᠯᠳᠦᠬᠦᠯᠬᠦ ᠶᠢ ᠠᠬᠢᠭᠤᠯᠬᠤ | ᠭᠡᠷᠡᠭᠳᠠᠢ᠃ ᠦᠨᠡᠨ ᠠᠴᠠ ᠵᠦᠪ ᠢ ᠡᠷᠢᠵᠤ᠂ ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠤᠨ᠂ ᠬᠠᠤᠯᠢ | ᠲᠤᠬᠳᠠᠭᠠᠯ ᠶᠤᠰᠤᠭᠠᠷ᠂ ᠯᠠᠪᠳᠠᠭᠤᠨ ᠪᠠᠳᠤᠳᠠᠢ ᠬᠢᠨᠠᠭᠤᠷ ᠪᠤᠯᠭᠤᠮᠵᠢᠳᠠᠢ ᠪᠠᠶᠢᠵᠤ᠂ ᠡᠯ᠎ᠡ ᠵᠦᠢᠯ ᠤᠨ ᠠᠵᠢᠯ ᠤᠨ | ᠴᠠᠭ ᠬᠡᠮᠵᠢᠶ᠎ᠡ ᠦᠷ᠎ᠡ ᠪᠦᠳᠦᠮᠵᠢ ᠶᠢ ᠰᠠᠶᠢᠳᠤᠷ ᠡᠵᠡᠮᠳᠡᠨ᠂ ᠯᠠᠪᠳᠠᠭᠤᠨ ᠪᠠᠳᠤᠳᠠᠢ ᠪᠠᠷ ᠠᠷᠠᠳ ᠲᠦᠮᠡᠨ ᠤ | ᠶᠠᠪᠤᠳᠠᠯ ᠢ ᠪᠦᠳᠦᠭᠡᠵᠤ᠂ ᠠᠷᠠᠳ ᠲᠦᠮᠡᠨ ᠳᠤ ᠪᠤᠶᠠᠨ ᠦᠢᠯᠡᠳᠬᠦ ᠭᠡᠷᠡᠭᠳᠠᠢ ᠭᠡᠵᠤ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠠᠷᠪᠡᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ | ᠪᠦᠬᠦᠳᠠ ᠬᠤᠷᠠᠯ ᠠᠴᠠ᠂ 2020 ᠤᠨ ᠪᠤᠯᠬᠤ ᠳᠤ ᠭᠤᠤᠯᠳᠠᠯᠭ᠎ᠠ ᠲᠠᠢ ᠬᠦᠷᠢᠶ᠎ᠡ ᠪᠠ ᠵᠠᠩᠬᠢᠯᠠᠭ᠎ᠠ ᠶᠢᠨ | ᠭᠤᠬᠴᠤᠭᠠᠨ ᠳᠠᠬᠢ ᠦᠭᠡᠷᠡᠴᠢᠯᠡᠯᠳᠠ ᠳᠤ ᠰᠢᠢᠳᠪᠤᠷᠢᠯᠡᠬᠦ ᠴᠢᠨᠠᠷᠳᠠᠢ ᠦᠷ᠎ᠡ ᠪᠦᠳᠦᠭᠡᠯ ᠤᠯᠬᠤ ᠭᠡᠷᠡᠭᠳᠠᠢ ᠭᠡᠵᠤ | ᠲᠤᠷᠠᠳᠪᠠ᠃ ᠡᠳᠡᠭᠡᠷ ᠵᠢᠯ ᠳᠤ᠂ ᠦᠭᠡᠷᠡᠴᠢᠯᠡᠯᠳᠠ ᠶᠢ ᠪᠦᠬᠦ ᠲᠠᠯ᠎ᠡ ᠪᠠᠷ ᠬᠦᠨᠵᠡᠭᠡᠶᠢᠷᠡᠬᠦᠯᠬᠦ ᠨᠢ ᠰᠠᠭᠤᠷᠢ ᠪᠠᠨ | ᠪᠠᠬᠢᠵᠢᠬᠦᠯᠬᠦ᠂ ᠲᠤᠯᠭᠠᠭᠤᠷᠢ ᠪᠤᠰᠬᠠᠵᠤ ᠨᠢᠷᠤᠭᠤ ᠲᠠᠯᠪᠢᠬᠤ ᠠᠴᠠ ᠪᠦᠬᠦ ᠲᠠᠯ᠎ᠡ ᠪᠠᠷ ᠠᠬᠢᠭᠤᠯᠬᠤ᠂ ᠰᠠᠭᠤᠷᠢ ᠪᠠᠨ | ᠪᠠᠬᠢᠵᠢᠬᠦᠯᠤᠨ ᠬᠠᠨᠳᠤᠰᠢ ᠪᠠᠨ ᠲᠤᠬᠳᠠᠭᠠᠬᠰᠡᠨ ᠠᠴᠠ ᠲᠠᠬᠢᠨ ᠰᠢᠰᠲ᠋ᠧᠮ ᠲᠠᠢ ᠬᠤᠷᠠᠮᠳᠤᠭᠤᠯᠵᠤ᠂ ᠬᠠᠮᠵᠢᠯᠴᠠᠭ᠎ᠠ ᠶᠢ | ᠦᠨᠳᠤᠷ ᠦᠷ᠎ᠡ ᠪᠦᠳᠦᠮᠵᠢᠳᠠᠢ ᠪᠤᠯᠭᠠᠬᠤ ᠬᠦᠷᠲᠡᠯ᠎ᠡ᠂ ᠵᠠᠮ ᠲᠤᠵᠢ ᠵᠤᠭᠰᠤᠯ ᠦᠭᠡᠢ ᠤᠷᠤᠭᠰᠢᠯᠠᠨ᠂ | ᠵᠤᠷᠢᠭᠲᠠᠢ ᠪᠠᠷ ᠦᠢᠯᠡᠳᠦᠯᠭᠡᠵᠢᠬᠦᠯᠦᠨ᠂ ᠰᠢᠨ᠎ᠡ ᠭᠠᠷᠤᠭ᠎ᠠ ᠳᠤ ᠰᠢᠨ᠎ᠡ ᠰᠢᠪᠳᠤᠯᠤᠯᠳᠠ ᠶᠢ ᠪᠠᠶᠠᠯᠡᠬᠦᠯᠪᠡ᠃ ᠡᠯ᠎ᠡ | ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠬᠠᠷᠢᠭᠤᠴᠠᠯᠭ᠎ᠠ ᠡᠬᠦᠷᠭᠡᠯᠡᠯ ᠢᠶᠠᠨ ᠴᠢᠩᠭᠠᠳᠬᠠᠵᠤ᠂ ᠲᠤᠯᠭᠠᠮ | ᠪᠤᠳᠤᠯ ᠢᠶᠠᠨ ᠴᠢᠩᠭᠠᠳᠬᠠᠨ᠂ ᠡᠷᠴᠢ ᠵᠤᠷᠢᠭ ᠢᠶᠠᠨ ᠬᠦᠪᠴᠢᠯᠡᠵᠤ᠂ ᠨᠠᠮ ᠤᠨ ᠲᠦᠪ ᠬᠤᠷᠢᠶᠠᠨ ᠤ | ᠪᠠᠶᠢᠷᠢᠯᠠᠭᠤᠯᠤᠬᠰᠡᠨ ᠦᠭᠡᠷᠡᠴᠢᠯᠡᠯᠳᠠ ᠶᠢᠨ ᠡᠬᠦᠷᠭᠡ ᠶᠢ ᠪᠦᠬᠦ ᠬᠦᠴᠤᠨ ᠢᠶᠠᠷ ᠢᠶᠠᠨ ᠪᠠᠶᠠᠯᠡᠬᠦᠯᠬᠦ ᠭᠡᠷᠡᠭᠳᠠᠢ᠃ | ᠨᠠᠮ ᠤᠨ ᠠᠷᠪᠡᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠠᠴᠠ | ᠨᠠᠭᠠᠰᠢᠬᠢ ᠦᠭᠡᠷᠡᠴᠢᠯᠡᠯᠳᠠ ᠶᠢᠨ ᠡᠬᠦᠷᠭᠡ ᠶᠢ ᠨᠠᠶᠢᠳᠠᠪᠤᠷᠢᠵᠢᠭᠤᠯᠤᠬᠰᠡᠨ ᠪᠠᠶᠢᠳᠠᠯ ᠤᠨ ᠳ᠋ᠦᠡᠭᠨᠡᠯᠲᠡ ᠦᠨᠡᠯᠡᠯᠳᠠ ᠶᠢ | ᠰᠠᠶᠢᠳᠤᠷ ᠬᠢᠵᠤ᠂ ᠳ᠋ᠦᠡᠭᠨᠡᠯᠲᠡ ᠦᠨᠡᠯᠡᠯᠳᠠ ᠪᠠᠨ ︽ᠠᠷᠪᠡᠨ ᠲᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ | ᠦᠭᠡᠷᠡᠴᠢᠯᠡᠯᠳᠠ ᠶᠢ ᠲᠦᠯᠦᠪᠵᠢᠬᠦᠯᠬᠦ ᠰᠡᠳᠬᠢᠴᠠ ᠯᠦᠭᠡ ᠤᠶᠠᠯᠳᠤᠭᠤᠯᠵᠤ᠂ ᠦᠭᠡᠷᠡᠴᠢᠯᠡᠯᠳᠠ ᠶᠢ ᠬᠦᠨᠵᠡᠭᠡᠶᠢᠷᠠᠬᠦᠯᠬᠦ | ᠬᠦᠴᠤᠷᠭᠡᠭ ᠶᠡᠭᠡ ᠬᠦᠴᠤᠨ ᠴᠢᠳᠠᠯ ᠢ ᠬᠤᠷᠠᠮᠳᠤᠭᠤᠯᠬᠤ ᠯᠤᠭ᠎ᠠ ᠤᠶᠠᠯᠳᠤᠭᠤᠯᠤᠨ᠂ ᠦᠭᠡᠷᠡᠴᠢᠯᠡᠯᠳᠠ ᠶᠢᠨ | ᠤᠯᠤᠬᠰᠡᠨ ᠴᠢᠬᠤᠯᠠ ᠠᠮᠵᠢᠯᠲᠡ ᠪᠠ ᠡᠷᠬᠢᠮ ᠨᠠᠨᠳᠢᠨ ᠲᠤᠷᠰᠢᠯᠭ᠎ᠠ ᠶᠢ ᠪᠦᠬᠦ ᠲᠠᠯ᠎ᠡ ᠪᠠᠷ ᠢᠯᠡᠷᠡᠬᠦᠯᠵᠤ᠂ ᠡᠯ᠎ᠡ | ᠲᠠᠯ᠎ᠡ ᠶᠢᠨ ᠦᠭᠡᠷᠡᠴᠢᠯᠡᠯᠳᠠ ᠶᠢ ᠬᠦᠨᠵᠡᠭᠡᠶᠢᠷᠠᠬᠦᠯᠬᠦ ᠵᠤᠷᠢᠭ ᠪᠠ ᠢᠳᠡᠭᠡᠯ ᠢ ᠪᠠᠳᠤᠳᠬᠠᠨ᠂ ᠨᠡᠶᠢᠭᠡᠮ ᠵᠢᠷᠤᠮ ᠤᠨ | ᠤᠳᠤᠬᠢᠴᠢᠯᠠᠬᠰᠡᠨ ᠤᠯᠤᠰ ᠢ ᠪᠦᠬᠦ ᠲᠠᠯ᠎ᠡ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠬᠦᠯᠬᠦ ᠳᠤ ᠬᠦᠴᠤᠨ | ᠴᠢᠳᠠᠯ ᠬᠤᠷᠠᠮᠳᠤᠭᠤᠯᠬᠤ ᠭᠡᠷᠡᠭᠳᠠᠢ ᠭᠡᠵᠤ ᠵᠢᠭᠠᠵᠤ ᠭᠠᠷᠭᠠᠪᠠ᠃ | ᠲᠦᠪ ᠤᠨ ᠦᠭᠡᠷᠡᠴᠢᠯᠡᠯᠳᠠ ᠶᠢ ᠪᠦᠬᠦ ᠲᠠᠯ᠎ᠡ ᠪᠠᠷ ᠬᠦᠨᠵᠡᠭᠡᠶᠢᠷᠠᠬᠦᠯᠬᠦ ᠵᠦᠪᠯᠡᠯ ᠤᠨ ᠭᠡᠰᠢᠬᠦᠳ ᠬᠤᠷᠠᠯ ᠳᠤ | ᠤᠷᠤᠯᠴᠠᠵᠤ᠂ ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ | ᠬᠠᠷᠢᠭᠤᠴᠠᠯᠭᠠᠳᠠᠨ ᠨᠦᠬᠦᠳ ᠬᠤᠷᠠᠯ ᠳᠤ ᠰᠤᠯᠠ ᠤᠷᠤᠯᠴᠠᠵᠠᠢ᠃ |