9 ᠳ᠋ᠦ᠋ᠭᠡᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠬᠡᠷ ᠪᠥᠬᠦ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠰᠣᠨᠢᠨ ᠮᠡᠳᠡᠭᠡ | ᠨᠡᠶᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ | ᠪᠦᠬᠦᠯᠢ ᠴᠣᠭᠴᠠ ᠶᠢᠨ ᠪᠠᠶᠢᠳᠠᠯ ᠢ ᠲᠠᠨᠢᠯᠴᠠᠭᠤᠯᠪᠠ᠃ | ᠣᠶᠢᠯᠠᠭᠠᠭᠰᠠᠨ ᠢᠶᠠᠷ᠂ 2019 ᠣᠨ ᠤ 8 ᠳ᠋ᠤᠭᠠᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ | ᠣᠷᠣᠨ ︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠢ | ᠨᠡᠶᠢᠲᠡᠯᠡᠪᠡ᠃ ᠨᠢᠭᠡ ᠵᠢᠯ ᠤᠨ ᠲᠤᠷᠰᠢ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ | ᠰᠠᠨᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠦ ᠶᠢᠨ ᠭᠠᠷᠤᠯᠲᠠ ᠶᠢᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠡᠳ᠋ᠰᠢᠭᠦᠯᠬᠦ ᠠᠵᠤ ᠠᠬᠤᠶᠢᠯᠠᠯ ᠤᠨ ᠪᠦᠯᠦᠭᠯᠡᠯ ᠢ | ᠪᠠᠶᠢᠭᠤᠯᠵᠤ᠂ ᠰᠠᠭᠠᠯᠢᠴᠢᠨ ᠪᠣᠯᠤᠨ ᠠᠵᠤ ᠠᠬᠤᠶᠢᠯᠠᠯ ᠤᠨ ᠭᠤᠤᠯ ᠴᠣᠭᠴᠠ ᠶᠢᠨ ᠦᠢᠯᠡᠳᠦᠯ ᠢ ᠪᠠᠳᠠᠷᠠᠭᠤᠯᠤᠨ᠂ | ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ᠡᠨᠡ ᠵᠢᠯ | ᠥᠪᠡᠷᠲᠡᠭᠡᠨ ᠵᠠᠰᠠᠬᠤ ᠣᠷᠣᠨ 4 ᠳ᠋ᠦᠩᠰᠢᠭᠤᠷ ᠲᠥᠭᠦᠷᠢᠭ ᠤᠨ ᠲᠤᠰᠬᠠᠶ ᠪᠡᠯᠡ ᠮᠥᠩᠭᠦ ᠲᠣᠬᠢᠷᠠᠭᠤᠯᠵᠤ᠂ | ᠰᠠᠭᠠᠯᠢ ᠶᠢᠨ ᠦᠨᠢᠶ᠎ᠡ ᠶᠢᠨ ᠴᠢᠨᠠᠷ ᠰᠠᠶᠢᠲᠠᠶ ᠪᠦᠳᠦᠭᠦᠯᠢᠭ ᠪᠣᠷᠳᠤᠭ᠎ᠠ ᠳᠤ ᠪᠦᠷᠢᠨ ᠪᠦᠷᠬᠦᠭᠦᠯᠬᠦ ᠨᠥᠬᠦᠪᠥᠷᠢ ᠥᠭᠴᠦ᠂ | ᠴᠢᠨᠠᠷ ᠰᠠᠶᠢᠲᠠᠶ ᠡᠪᠡᠰᠦ ᠪᠣᠷᠳᠤᠭ᠎ᠠ ᠬᠠᠩᠭᠠᠬᠤ ᠴᠢᠳᠠᠪᠤᠷᠢ ᠶᠢ ᠦᠷᠭᠦᠯᠵᠢᠯᠡᠨ ᠨᠡᠮᠡᠭᠳᠡᠭᠦᠯᠪᠡ︔ ᠦᠷ᠎ᠡ ᠶᠢᠨ | ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠦᠵᠡᠭᠦᠯᠬᠦ ᠲᠡᠳᠬᠦᠮᠵᠢ ᠶᠢ ᠨᠡᠮᠡᠭᠳᠡᠭᠦᠯᠵᠦ᠂ | ᠰᠦ ᠶᠢᠨ ᠲᠠᠯᠠᠪᠠᠢ ᠨᠢᠭᠡᠴᠢ ᠶᠢᠨ ᠭᠠᠷᠤᠯᠲᠠ ᠶᠢᠨ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠪᠡ︔ ᠰᠠᠭᠠᠯᠢ ᠶᠢᠨ | ᠦᠨᠢᠶ᠎ᠡ ᠲᠡᠵᠢᠭᠡᠨ ᠦᠷᠡᠵᠢᠭᠦᠯᠬᠦ ᠳᠤᠮᠳᠠ ᠵᠢᠵᠢᠭ ᠲᠠᠯᠠᠪᠠᠢ ᠶᠢ ᠰᠠᠶᠢᠵᠢᠷᠠᠭᠤᠯᠤᠨ ᠥᠭᠡᠷᠡᠴᠢᠯᠡᠵᠦ ᠲᠡᠳᠬᠦᠬᠦ ᠶᠢ | ᠴᠢᠩᠭᠠᠳᠬᠠᠵᠤ᠂ ᠪᠠᠷᠢᠮᠵᠢᠶᠠᠵᠢᠭᠤᠯᠤᠭᠰᠠᠨ ᠬᠡᠪᠴᠢᠶᠡᠲᠦ ᠲᠡᠵᠢᠭᠡᠨ ᠦᠷᠡᠵᠢᠭᠦᠯᠬᠦ ᠶᠢ ᠠᠬᠢᠭᠤᠯᠪᠠ︔ | ᠦᠨᠳᠦᠰᠦᠲᠡᠨ ᠤ ᠴᠠᠭᠠᠨ ᠢᠳᠡᠭᠡᠨ ᠤ ᠵᠢᠵᠢᠭ ᠦᠢᠯᠡᠳᠬᠡᠯ ᠢ ᠪᠠᠷᠢᠮᠵᠢᠶᠠᠵᠢᠭᠤᠯᠤᠨ ᠳᠡᠰ ᠳᠡᠪᠰᠢᠭᠦᠯᠬᠦ | ᠦᠭᠡᠷᠡᠴᠢᠯᠡᠯᠲᠡ ᠶᠢ ᠳᠡᠮᠵᠢᠪᠡ᠃ ᠪᠣᠳᠠᠲᠠᠢ ᠪᠠᠶᠢᠳᠠᠯ ᠳᠤ ᠪᠠᠨ ᠲᠣᠬᠢᠷᠠᠭᠰᠠᠨ ᠲᠥᠷᠥ ᠶᠢᠨ ᠪᠣᠳᠣᠯᠭ᠎ᠠ ᠶᠢᠨ ᠡᠷᠴᠢᠮᠲᠡᠢ | ᠠᠷᠭ᠎ᠠ ᠬᠡᠮᠵᠢᠶ᠎ᠡ ᠶᠢ ᠲᠣᠭᠲᠠᠭᠠᠵᠤ᠂ ᠰᠦ ᠶᠢᠨ ᠭᠠᠷᠤᠯᠲᠠ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ | ᠡᠪᠡᠰᠦ ᠪᠣᠷᠳᠤᠭ᠎ᠠ ᠶᠢᠨ ᠦᠢᠯᠡᠳᠪᠦᠷᠢᠯᠡᠯ᠂ ᠪᠠᠷᠢᠮᠵᠢᠶᠠᠵᠢᠭᠤᠯᠤᠨ ᠡᠳ᠋ᠰᠢᠭᠦᠯᠬᠦ᠂ ᠨᠡᠷᠡᠲᠦ ᠲᠥᠷᠥᠯ ᠲᠡᠮᠳᠡᠭᠲᠦ ᠶᠢ | ᠪᠤᠶᠢᠵᠢᠭᠤᠯᠬᠤ ᠲᠠᠯ᠎ᠠ ᠪᠠᠷ ᠲᠡᠳᠬᠦᠨ ᠳᠡᠮᠵᠢᠬᠦ ᠪᠠᠨ ᠨᠡᠮᠡᠭᠳᠡᠭᠦᠯᠵᠦ᠂ ᠦᠨᠳᠦᠰᠦᠲᠡᠨ ᠤ ᠤᠯᠠᠮᠵᠢᠯᠠᠯᠲᠤ ᠴᠠᠭᠠᠨ | ᠢᠳᠡᠭᠡᠨ ᠡᠳ᠋ᠰᠢᠭᠦᠯᠬᠦ ᠠᠵᠢᠯ ᠤᠨ ᠳᠡᠰ ᠳᠡᠪᠰᠢᠭᠦᠯᠬᠦ ᠶᠢ ᠢᠳᠡᠪᠬᠢᠲᠡᠢ ᠲᠦᠯᠬᠢᠨ ᠠᠬᠢᠭᠤᠯᠪᠠ᠃ ᠢᠯᠢ ᠮᠧᠩ ᠨᠢᠤ | ᠵᠡᠷᠭᠡ ᠲᠣᠯᠣᠭᠠᠶᠢᠯᠠᠭᠴᠢ ᠴᠠᠭᠠᠨ ᠢᠳᠡᠭᠡᠨ ᠤ ᠠᠵᠤ ᠠᠬᠤᠶᠢᠯᠠᠯ ᠤᠨ ᠲᠠᠪᠤᠨ ᠶᠡᠭᠡ ᠳᠠᠪᠠᠭᠤᠯᠢᠭ ᠣᠷᠣᠨ ᠪᠦᠰᠡ ᠳᠤ | ᠥᠪᠡᠷ ᠤᠨ ᠪᠠᠶᠢᠭ᠎ᠠ ᠰᠦ ᠶᠢᠨ ᠭᠠᠷᠤᠯᠲᠠ ᠪᠣᠯᠤᠨ ᠡᠳ᠋ᠰᠢᠭᠦᠯᠬᠦ ᠰᠠᠭᠤᠷᠢᠨ ᠭᠠᠵᠠᠷ ᠪᠠᠶᠢᠭᠤᠯᠬᠤ ᠶᠢ ᠨᠢ ᠢᠳᠡᠪᠬᠢᠲᠡᠢ | ᠠᠬᠢᠭᠤᠯᠵᠤ᠂ ᠪᠦᠬᠦ ᠤᠯᠤᠰ ᠤᠨ ᠲᠡᠷᠢᠭᠦᠨ ᠤ ᠰᠦ ᠶᠢᠨ ᠦᠢᠯᠡᠰ ᠢ ᠲᠥᠪᠯᠡᠷᠡᠭᠦᠯᠦᠨ ᠬᠥᠭᠵᠢᠭᠦᠯᠬᠦ ᠳᠠᠪᠠᠭᠤᠯᠢᠭ | ᠣᠷᠣᠨ ᠢ ᠪᠦᠲᠦᠭᠡᠨ ᠪᠠᠶᠢᠭᠤᠯᠪᠠ᠃ ᠡᠭᠦᠨ ᠠᠴᠠ ᠭᠠᠳᠠᠨ᠎ᠠ᠂ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ | ᠶᠣᠰᠣᠭᠠᠷ᠂ ᠲᠦᠭᠦᠬᠡᠶ ᠰᠦ ᠶᠢᠨ ᠦᠢᠯᠡᠳᠪᠦᠷᠢᠯᠡᠯ᠂ ᠲᠦᠭᠦᠬᠡᠶ ᠰᠦ ᠬᠤᠳᠠᠯᠳᠤᠨ ᠠᠪᠴᠤ ᠲᠡᠭᠡᠭᠡᠪᠦᠷᠢᠯᠡᠬᠦ ᠪᠠ | ᠴᠠᠭᠠᠨ ᠢᠳᠡᠭᠡ ᠡᠳ᠋ᠰᠢᠭᠦᠯᠬᠦ ᠶᠠᠰᠤ ᠴᠢᠨᠠᠷ ᠤᠨ ᠠᠮᠤᠷ ᠲᠥᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠰᠦ ᠶᠢᠨ | ᠦᠢᠯᠡᠰ ᠤᠨ ᠬᠥᠭᠵᠢᠯᠲᠡ ᠶᠢ ᠬᠠᠮᠠᠭᠠᠯᠠᠪᠠ᠃ | ᠣᠶᠢᠯᠠᠭᠠᠭᠰᠠᠨ ᠢᠶᠠᠷ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠦᠬᠦ ᠣᠷᠣᠨ ᠤ ᠰᠠᠭᠠᠯᠢ ᠶᠢᠨ ᠦᠨᠢᠶ᠎ᠡ᠂ | ᠰᠦ ᠶᠢᠨ ᠭᠠᠷᠤᠯᠲᠠ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠬᠦ ᠪᠠᠨ ᠪᠠᠲᠤᠯᠠᠵᠤ᠂ ᠲᠥᠷᠥ ᠶᠢᠨ ᠪᠣᠳᠣᠯᠭ᠎ᠠ ᠶᠢᠨ | ᠨᠥᠯᠥᠭᠡᠯᠡᠯ ᠳᠣᠤᠷ᠎ᠠ ᠬᠡᠪᠴᠢᠶᠡᠲᠦ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠦᠭᠡᠳ ᠦᠨᠢᠶ᠎ᠡ ᠪᠦᠷᠢ ᠠᠴᠠ | ᠵᠢᠯ ᠳᠤ ᠳᠤᠮᠳᠠᠴᠢ ᠪᠠᠷ 5000 ᠲᠥᠭᠦᠷᠢᠭ ᠣᠷᠴᠢᠮ ᠤᠨ ᠠᠰᠢᠭ ᠣᠯᠵᠠᠪᠤᠷᠢ ᠣᠯᠪᠠ᠃ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ |