ᠥᠪᠥᠷ ᠵᠠᠰᠠᠭ ᠠᠯᠪᠠᠨ ᠲᠠᠷᠬᠠᠭᠠᠭᠰᠠᠨ ﹇2020﹈ 20 ᠳ᠋ᠤᠭᠠᠷ ᠲᠣᠭᠠᠲᠤ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ︽ᠬᠢᠵᠢᠭ ᠤᠨ ᠨᠦᠯᠦᠭᠡ ᠶᠢ ᠢᠯᠠᠨ ᠳᠠᠪᠠᠵᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠬᠥᠭᠵᠢᠯᠲᠡ ᠪᠠᠨ ᠲᠦᠷᠭᠡᠨ ᠰᠡᠷᠭᠦᠭᠡᠬᠦ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ︾ ᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠳᠦᠭᠡᠢ᠃ | 2020 ᠣᠨ ᠤ 7 ᠳ᠋ᠤᠭᠠᠷ ᠰᠠᠷ᠎ᠠ ᠶᠢᠨ 30 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠬᠢᠵᠢᠭ ᠤᠨ ᠨᠥᠯᠥᠭᠡ ᠶᠢ ᠢᠯᠠᠨ ᠳᠠᠪᠠᠵᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠬᠥᠭᠵᠢᠯᠲᠡ ᠪᠠᠨ ᠲᠦᠷᠭᠡᠨ ᠰᠡᠷᠭᠦᠭᠡᠬᠦ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ | | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠠᠵᠢᠯ ᠢ | ᠨᠢᠭᠡᠳᠦᠯᠲᠡᠢ ᠲᠥᠯᠥᠪᠯᠡᠨ ᠠᠬᠢᠭᠤᠯᠬᠤ ᠲᠠᠯ᠎ᠠ ᠪᠠᠷ ᠬᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠪᠠᠶᠢᠷᠢᠯᠠᠭᠤᠯᠤᠯᠲᠠ ᠶᠢ ᠦᠨᠳᠦᠰᠦᠯᠡᠨ᠂ ᠪᠦᠬᠦ ᠣᠷᠣᠨ ᠤ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠳ ᠢ | ᠳᠡᠮᠵᠢᠵᠦ ᠬᠢᠵᠢᠭ ᠤᠨ ᠨᠦᠯᠦᠭᠡ ᠶᠢ ᠢᠯᠠᠨ ᠳᠠᠪᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠬᠥᠭᠵᠢᠯᠲᠡ ᠪᠠᠨ ᠰᠡᠷᠭᠦᠭᠡᠬᠦ ᠶᠢ ᠲᠦᠷᠭᠡᠳᠭᠡᠬᠦ ᠶᠢᠨ ᠲᠤᠰᠠᠳᠠ᠂ ᠡᠳᠦᠭᠡ ᠳᠣᠣᠷᠠᠬᠢ ᠠᠷᠭ᠎ᠠ ᠬᠡᠮᠵᠢᠶ᠎ᠡ ᠨᠦᠭᠦᠳ ᠢ | ᠲᠣᠭᠲᠠᠭᠠᠪᠠ᠃ | ᠨᠢᠭᠡ᠂ ᠠᠵᠤ ᠠᠬᠤᠶᠢᠯᠠᠯ ᠤᠨ ᠠᠵᠢᠯᠯᠠᠨ ᠡᠵᠡᠩᠨᠡᠬᠦ ᠥᠪᠡᠷ ᠤᠨ ᠦᠷᠲᠡᠭ ᠢ ᠪᠠᠭᠤᠷᠠᠭᠤᠯᠤᠨ᠎ᠠ | ︵ ᠨᠢᠭᠡ︶ ᠭᠡᠷ ᠤᠨ ᠳᠦᠷᠢᠶᠡᠰᠥ ᠶᠢ ᠨᠢ ᠬᠠᠰᠤᠵᠤ ᠬᠡᠯᠳᠦᠷᠢᠭᠦᠯᠦᠨ᠎ᠡ᠃ 2020 ᠣᠨ ᠳᠤ᠂ ᠠᠶᠢᠮᠠᠭ | ᠬᠤᠲᠠ ᠶᠢ ᠵᠣᠷᠢᠭᠵᠢᠭᠤᠯᠵᠤ ᠪᠠᠶᠢᠭᠠᠳ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠲᠦᠷᠢᠶᠡᠰᠦᠯᠡᠭᠰᠡᠨ | ᠤᠯᠤᠰ ᠤᠨ ᠦᠮᠴᠢᠯᠡᠯᠳᠦ ᠠᠵᠤ ᠠᠬᠤᠶᠢᠯᠠᠯ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ | ᠡᠵᠡᠩᠨᠡᠯᠲᠡ ᠶᠢᠨ ᠴᠢᠨᠠᠷᠲᠠᠶ ᠭᠡᠷ ᠬᠦᠷᠦᠩᠭᠡ ᠶᠢᠨ ᠳᠣᠤᠷ᠎ᠠ ᠬᠠᠭᠠᠰ ᠵᠢᠯ ᠤᠨ ᠭᠡᠷ ᠤᠨ ᠲᠦᠷᠢᠶᠡᠰᠦ ᠶᠢ ᠨᠢ ᠬᠠᠰᠤᠵᠤ | ᠬᠡᠯᠲᠦᠷᠢᠭᠦᠯᠦᠨ᠎ᠡ᠃ ︵ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠠᠯᠲᠤ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠦᠪᠯᠡᠯ ᠬᠠᠷᠢᠭᠤᠴᠠᠨ᠎ᠠ᠂ ᠳᠣᠣᠷᠠᠬᠢ ᠠᠷᠭ᠎ᠠ ᠬᠡᠮᠵᠢᠶ᠎ᠡ ᠨᠦᠭᠦᠳ ᠢ ᠴᠦᠮ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠨᠠᠶᠢᠳᠠᠪᠤᠷᠢᠵᠢᠭᠤᠯᠬᠤ ᠬᠡᠷᠡᠭᠲᠡᠢ᠂ ᠬᠠᠷᠢᠭᠤᠴᠠᠯᠭᠠᠲᠤ ᠨᠢᠭᠡᠴᠢ ᠶᠢᠨ | ᠬᠡᠰᠡᠭ ᠲᠤ ᠳᠠᠬᠢᠨᠲᠠ ᠳᠤᠷᠠᠳᠬᠤ ᠦᠭᠡᠢ︶ | ︵ ᠬᠤᠶᠠᠷ︶ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠦᠷᠲᠡᠭ ᠢ ᠨᠢ ᠪᠠᠭᠤᠷᠠᠭᠤᠯᠤᠨ᠎ᠠ᠃ | ᠡᠳᠦᠬᠡ ᠡᠩ ᠤᠨ ᠠᠵᠤ ᠦᠢᠯᠡᠳᠪᠦᠷᠢ ᠬᠤᠳᠠᠯᠳᠤᠭᠠᠨ ᠤ ᠦᠢᠯᠡᠰ ᠵᠢᠴᠢ ᠪᠣᠰᠣᠳ ᠴᠠᠬᠢᠯᠭᠠᠨ ᠤ ᠦᠨ᠎ᠡ᠂ ᠲᠣᠮᠣ | ᠠᠵᠤ ᠦᠢᠯᠡᠳᠪᠦᠷᠢ ᠶᠢᠨ ᠴᠠᠬᠢᠯᠭᠠᠨ ᠤ ᠦᠨ᠎ᠡ ᠪᠠᠷ ᠬᠡᠷᠡᠭᠵᠢᠭᠦᠯᠵᠦ ᠪᠠᠶᠢᠭ᠎ᠠ ᠰᠣᠶᠣᠯ ᠵᠢᠭᠤᠯᠴᠢᠯᠠᠯ ᠤᠨ ᠠᠵᠤ | ᠠᠬᠤᠶᠢᠯᠠᠯ ᠤᠨ 2020 ᠣᠨ ᠤ 2 ᠳ᠋ᠤᠭᠠᠷ ᠰᠠᠷ᠎ᠠ ᠶᠢᠨ 1 ᠤ ᠡᠳᠦᠷ ᠠᠴᠠ ᠵᠢᠯ ᠤᠨ ᠰᠡᠭᠦᠯᠴᠢ ᠬᠦᠷᠲᠡᠯ᠎ᠡ | ᠬᠡᠷᠡᠭᠯᠡᠬᠦ ᠴᠠᠬᠢᠯᠭᠠᠨ ᠤ ᠦᠨ᠎ᠡ ᠬᠠᠩᠰᠢ ᠶᠢ ᠡᠷᠦᠬᠡ ᠳᠤ ᠭᠦᠷᠬᠡᠭᠰᠡᠨ ᠴᠠᠬᠢᠯᠭᠠᠨ ᠤ ᠦᠨ᠎ᠡ ᠶᠢᠨ ᠬᠢᠷᠢ ᠲᠦᠪᠰᠢᠨ ᠤ | 95% ᠪᠠᠷ ᠳ᠋ᠦᠩᠨᠡᠵᠦ ᠪᠣᠳᠣᠨ᠎ᠠ᠃ ︵ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠪᠠ | ᠥᠭᠡᠷᠡᠴᠢᠯᠡᠯᠲᠡ ᠶᠢᠨ ᠵᠦᠪᠯᠡᠯ ᠬᠠᠷᠢᠭᠤᠴᠠᠨ᠎ᠠ︶ | ︵ ᠭᠤᠷᠪᠠ︶ ᠠᠵᠤ ᠠᠬᠤᠶᠢᠯᠠᠯ ᠤᠨ ᠭᠠᠶᠢᠯᠢ ᠰᠦᠢᠳᠭᠡᠯ ᠢ ᠨᠢ ᠬᠠᠰᠤᠵᠤ ᠬᠡᠯᠳᠦᠷᠢᠭᠦᠯᠦᠨ᠎ᠡ᠃ | 1. 2020 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠮᠠᠨ ᠤ ᠣᠷᠣᠨ ᠤ ᠰᠢᠨ᠎ᠡ | ᠲᠢᠲᠢᠮᠯᠢᠭ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠲᠠᠶᠢᠯᠤᠭᠰᠠᠨ ᠲᠣᠬᠠᠢ ᠶᠢᠨ ᠰᠠᠷ᠎ᠠ ᠬᠦᠷᠲᠡᠯ᠎ᠡ᠂ | ᠵᠢᠭᠤᠯᠴᠢᠯᠠᠯ ᠤᠨ ᠦᠢᠯᠡᠰ ︵ᠠᠶᠠᠨᠴᠢᠯᠠᠯ ᠤᠨ ᠭᠠᠵᠠᠷ ᠵᠢᠴᠢ ᠬᠠᠮᠢᠶ᠎ᠠ ᠪᠦᠬᠦᠢ ᠦᠢᠯᠡᠴᠢᠯᠡᠭᠡ᠂ ᠵᠤᠭᠠᠴᠠᠯ ᠤᠨ | ᠦᠵᠡᠮᠵᠢᠲᠦ ᠣᠷᠣᠨ ᠤ ᠬᠠᠮᠢᠶᠠᠷᠤᠯᠲᠠ ᠬᠤᠶᠠᠷ ᠲᠥᠷᠥᠯ ᠢ ᠪᠠᠭᠲᠠᠭᠠᠨ᠎ᠠ︶ ᠤᠨ ᠲᠤᠮᠳᠠ ᠵᠢᠵᠢᠭ ᠠᠵᠤ ᠠᠬᠤᠶᠢᠯᠠᠯ ᠢ | ᠭᠡᠷ ᠬᠦᠷᠦᠩᠭᠡ ᠶᠢᠨ ᠭᠠᠶᠢᠯᠢ ᠪᠣᠯᠣᠨ ᠬᠤᠲᠠ ᠪᠠᠯᠭᠠᠰᠤᠨ ᠤ ᠭᠠᠵᠠᠷ ᠰᠢᠷᠤᠢ ᠬᠡᠷᠡᠭᠯᠡᠬᠦ ᠭᠠᠶᠢᠯᠢ ᠠᠴᠠ | ᠬᠡᠯᠲᠦᠷᠢᠭᠦᠯᠦᠨ᠎ᠡ᠃ ︵ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠷᠢᠭᠤᠴᠠᠨ᠎ᠠ︶ | 2. ᠨᠦᠬᠦᠴᠡᠯ ᠳᠤ ᠨᠡᠶᠢᠴᠡᠭᠰᠡᠨ ᠠᠵᠢᠯᠲᠠᠨ ᠬᠠᠰᠤᠬᠤ ᠦᠭᠡᠢ ᠪᠣᠶᠤ ᠠᠵᠢᠯᠲᠠᠨ ᠴᠦᠬᠡᠨ ᠬᠠᠰᠤᠵᠤ | ᠳᠠᠭᠠᠳᠬᠠᠯ ᠳᠤ ᠣᠷᠣᠵᠤ ᠰᠦᠢᠳᠬᠡᠯ ᠲᠤᠰᠢᠶᠠᠭᠰᠠᠨ ᠵᠢᠭᠤᠯᠴᠢᠯᠠᠯ ᠤᠨ ᠠᠵᠤ ᠠᠬᠤᠶᠢᠯᠠᠯ ᠳᠤ᠂ ᠠᠵᠤ ᠠᠬᠤᠶᠢᠯᠠᠯ | ᠵᠢᠴᠢ ᠲᠡᠳᠡᠬᠡᠷ ᠤᠨ ᠠᠵᠢᠯᠲᠠᠨ ᠠᠵᠢᠯᠴᠢᠨ ᠤ ᠳᠡᠭᠡᠷ᠎ᠡ ᠬᠠᠭᠠᠰ ᠵᠢᠯ ᠳᠤ ᠪᠣᠳᠠᠲᠠᠢ ᠲᠤᠰᠢᠶᠠᠭᠰᠠᠨ ᠠᠵᠢᠯ | ᠠᠯᠳᠠᠭᠰᠠᠳ ᠤᠨ ᠳᠠᠭᠠᠳᠬᠠᠯ ᠤᠨ ᠵᠠᠷᠤᠳᠠᠯ ᠤᠨ ᠶᠡᠷᠦᠩᠬᠡᠢ ᠲᠣᠭᠠᠨ ᠤ 50% ᠪᠠᠷ ᠠᠵᠢᠯ ᠤᠨ ᠪᠠᠶᠢᠷᠢ ᠶᠢ | ᠲᠤᠨᠨᠳᠠᠪᠤᠷᠢᠵᠢᠭᠤᠯᠬᠤ ᠪᠠᠷ ᠪᠣᠴᠠᠭᠠᠵᠤ᠂ ᠡᠭᠦᠨ ᠳᠤ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠪᠣᠴᠠᠭᠠᠬᠤ | ᠬᠠᠷᠢᠴᠠᠯ ᠢ 100% ᠪᠤᠯᠳᠠᠯ᠎ᠠ ᠳᠡᠭᠡᠭᠰᠢᠯᠡᠭᠦᠯᠦᠨ᠎ᠡ᠃ ︵ ᠥᠪᠡᠷᠲᠡᠭᠡᠨ ᠵᠠᠰᠠᠬᠤ ᠣᠷᠣᠨ ᠤ ᠬᠦᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ | ᠬᠠᠷᠢᠭᠤᠴᠠᠨ᠎ᠠ︶ | 3. ᠬᠢᠵᠢᠭ ᠤᠨ ᠨᠦᠯᠦᠭᠡ ᠠᠴᠠ ᠪᠣᠯᠵᠤ ᠦᠢᠯᠡᠳᠪᠦᠷᠢᠯᠡᠯ ᠡᠵᠡᠩᠨᠡᠯᠲᠡ ᠳᠤ ᠨᠢ ᠬᠦᠨᠳᠦ ᠬᠡᠴᠡᠭᠦᠦ | ᠭᠦᠴᠢᠷᠳᠡᠯ ᠲᠤᠯᠭᠠᠷᠬᠠᠰᠠᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠨᠢ᠂ ᠬᠠᠷᠢᠶ᠎ᠠ ᠪᠦᠬᠦᠢ ᠲᠣᠭᠲᠠᠭᠠᠯ | ᠶᠣᠰᠤᠭᠠᠷ ᠨᠡᠶᠢᠭᠡᠮ ᠤᠨ ᠳᠠᠭᠠᠳᠬᠠᠯ ᠤᠨ ᠵᠠᠷᠤᠳᠠᠯ ᠢᠶᠠᠨ ᠬᠤᠶᠢᠰᠢᠯᠠᠭᠤᠯᠤᠨ ᠲᠤᠰᠢᠶᠠᠬᠤ ᠪᠠᠷ ᠭᠤᠶᠤᠴᠢᠯᠠᠵᠤ | ᠪᠣᠯᠣᠨ᠎ᠠ᠂ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠬᠤᠭᠤᠴᠠᠭ᠎ᠠ ᠰᠠᠭᠠᠲᠠᠭᠠᠭᠰᠠᠨ ᠮᠦᠩᠭᠦ ᠬᠤᠷᠢᠶᠠᠬᠤ | ᠦᠭᠡᠢ᠃ ᠠᠶᠢᠮᠠᠭ ᠬᠤᠲᠠ᠂ ᠬᠤᠰᠢᠭᠤ ᠰᠢᠶᠠᠨ ︵ ᠬᠤᠲᠠ᠂ ᠲᠣᠭᠤᠷᠢᠭ︶ ᠤ ᠳᠠᠭᠠᠳᠬᠠᠯ ᠳᠤ ᠣᠷᠣᠯᠴᠠᠭᠰᠠᠨ | ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠵᠠᠷᠤᠳᠠᠯ ᠢᠶᠠᠨ ᠬᠤᠶᠢᠰᠢᠯᠠᠭᠤᠯᠤᠨ ᠲᠤᠰᠢᠶᠠᠬᠤ ᠶᠢ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠦᠪᠰᠢᠶᠡᠷᠡᠨ᠎ᠡ︔ ᠥᠪᠡᠷᠲᠡᠭᠡᠨ ᠵᠠᠰᠠᠬᠤ | ᠣᠷᠣᠨ ᠤ ᠰᠢᠭᠤᠳ ᠬᠠᠷᠢᠶ᠎ᠠ ᠪᠦᠬᠦᠢ ᠳᠠᠭᠠᠳᠬᠠᠯ ᠳᠤ ᠣᠷᠣᠭᠰᠠᠨ ᠠᠵᠤ ᠠᠬᠤᠶᠢᠯᠠᠯ ᠤᠨ ᠬᠢ ᠶᠢ ᠪᠣᠯ ᠥᠪᠡᠷᠲᠡᠭᠡᠨ | ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ ᠵᠡᠷᠭᠡ ᠰᠠᠯᠠᠭ᠎ᠠ ᠮᠦᠴᠢᠷ ᠠᠴᠠ ᠬᠢᠨᠠᠨ ᠵᠦᠪᠰᠢᠶᠡᠷᠡᠨ᠎ᠡ᠃ ︵ ᠥᠪᠡᠷᠲᠡᠭᠡᠨ ᠵᠠᠰᠠᠬᠤ ᠣᠷᠣᠨ ᠤ | ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ | ᠬᠠᠷᠢᠭᠤᠴᠠᠨ᠎ᠠ︶ | 4. ᠬᠢᠵᠢᠭ ᠤᠨ ᠨᠥᠯᠥᠭᠡ ᠶᠢ ᠨᠡᠯᠢᠶᠡᠳ ᠬᠦᠨᠳᠦ ᠭᠦᠷᠳᠡᠭᠰᠡᠨ ᠪᠦᠭᠡᠳ ᠲᠤᠬᠠᠶ ᠶᠢᠨ ᠭᠠᠵᠠᠷ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ | ᠠᠵᠢᠯᠯᠠᠵᠦ ᠦᠢᠯᠡᠳᠪᠦᠷᠢᠯᠡᠬᠦ ᠪᠠᠨ ᠵᠣᠭᠰᠣᠭᠠᠭᠰᠠᠨ ᠰᠣᠶᠣᠯ ᠵᠢᠭᠤᠯᠴᠢᠯᠠᠯ ᠤᠨ ᠠᠵᠢᠯ ᠲᠥᠷᠥᠯ ᠳᠠᠬᠢ | ᠳᠠᠭᠠᠳᠬᠠᠯ ᠳᠤ ᠣᠷᠣᠯᠴᠠᠭᠰᠠᠨ ᠠᠶᠠᠨᠴᠢᠯᠠᠯ ᠤᠨ ᠭᠠᠵᠠᠷ ᠤᠨ ᠬᠠᠷᠢᠭᠤᠴᠠᠯᠭᠠᠲᠤ ᠳᠠᠭᠠᠳᠬᠠᠯ ᠢ ᠪᠣᠯ᠂ | ᠳᠠᠭᠠᠳᠬᠠᠯ ᠤᠨ ᠺᠣᠮᠫᠠᠨᠢ ᠶᠢ ᠵᠣᠷᠢᠭᠵᠢᠭᠤᠯᠵᠤ ᠪᠠᠶᠢᠭᠠᠳ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠤ ᠬᠠᠮᠢᠶ᠎ᠠ | ᠪᠦᠬᠦᠢ ᠰᠠᠯᠠᠭ᠎ᠠ ᠮᠥᠴᠢᠷ ᠤᠨ ᠲᠣᠭᠲᠠᠭᠠᠭᠰᠠᠨ ᠠᠵᠢᠯᠯᠠᠵᠦ ᠦᠢᠯᠡᠳᠪᠦᠷᠢᠯᠡᠬᠦ ᠶᠢ ᠨᠢ ᠵᠣᠭᠰᠣᠭᠠᠬᠤ ᠪᠠ ᠠᠵᠢᠯᠯᠠᠵᠦ | ᠦᠢᠯᠡᠳᠪᠦᠷᠢᠯᠡᠬᠦ ᠪᠠᠨ ᠰᠡᠷᠭᠦᠭᠡᠬᠦ ᠪᠤᠳᠠᠳᠠᠢ ᠴᠠᠭ ᠢ ᠨᠢ ᠦᠨᠳᠦᠰᠦᠯᠡᠨ ᠠᠵᠤ ᠠᠬᠤᠶᠢᠯᠠᠯ ᠳᠤ ᠵᠤᠬᠢᠬᠤ ᠬᠡᠮᠵᠢᠶ᠎ᠡ ᠪᠠᠷ | ᠳᠠᠭᠠᠳᠬᠠᠯ ᠤᠨ ᠵᠠᠷᠤᠳᠠᠯ ᠢ ᠬᠠᠰᠤᠵᠤ ᠬᠡᠯᠲᠦᠷᠢᠭᠦᠯᠦᠨ᠎ᠡ᠃ ︵ᠥᠪᠥᠷ ᠮᠣᠩᠭᠤᠯ ᠤᠨ ᠪᠠᠩᠭᠢ ᠳᠠᠭᠠᠳᠬᠠᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ᠬᠤᠶᠠᠷ᠂ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ ᠲᠡᠮᠵᠢᠯᠬᠡ ᠶᠢ ᠨᠡᠮᠡᠭᠳᠡᠭᠦᠯᠦᠨ᠎ᠡ | ︵ᠳᠥᠷᠪᠡ︶ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ | ᠪᠠᠭᠤᠷᠠᠭᠤᠯᠤᠨ᠎ᠠ᠃ | 1. ᠬᠢᠵᠢᠭ ᠤᠨ ᠪᠠᠶᠢᠳᠠᠯ ᠳᠤ ᠨᠡᠯᠢᠶᠡᠳ ᠶᠡᠭᠡ ᠨᠥᠯᠥᠭᠡᠯᠡᠭᠳᠡᠭᠰᠡᠨ᠂ ᠡᠵᠡᠩᠨᠡᠯᠲᠡ ᠳᠤ ᠨᠢ ᠲᠦᠷ ᠴᠠᠭ | ᠬᠦᠴᠢᠷᠳᠡᠯ ᠲᠤᠯᠭᠠᠷᠠᠭᠰᠠᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠳᠤ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠨᠢ ᠰᠣᠬᠤᠷ ᠪᠠᠯᠠᠶ ᠪᠠᠷ ᠵᠢᠭᠡᠯᠡᠯᠭᠡ ᠪᠠᠨ ᠲᠠᠳᠠᠬᠤ᠂ ᠵᠢᠭᠡᠯᠡᠯᠭᠡ ᠪᠠᠨ ᠵᠤᠨᠨᠰᠤᠭᠠᠬᠤ ᠪᠠ ᠵᠢᠭᠡᠯᠡᠯᠭᠡ ᠪᠠᠨ | ᠳᠠᠷᠤᠵᠤ ᠪᠣᠯᠬᠤ ᠦᠭᠡᠶ᠃ ᠵᠢᠭᠡᠯᠡᠯᠭᠡ ᠶᠢᠨ ᠵᠣᠭᠤᠰ ᠢᠶᠠᠨ ᠪᠤᠴᠠᠭᠠᠬᠤ ᠳᠤ ᠦᠨᠡᠨ ᠬᠦ ᠬᠦᠴᠢᠷᠳᠡᠯ ᠲᠠᠢ ᠪᠠᠶᠢᠭ᠎ᠠ | ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠬᠤᠭᠤᠴᠠᠭ᠎ᠠ ᠶᠢ | ᠨᠢ ᠤᠷᠲᠤᠳᠬᠠᠬᠤ ᠪᠤᠶᠤ ᠦᠷᠭᠦᠯᠵᠢᠯᠡᠨ ᠵᠢᠭᠡᠯᠡᠯᠭᠡ ᠥᠭᠴᠦ ᠪᠣᠯᠤᠨ᠎ᠠ᠃ ︵ᠥᠪᠥᠷ ᠮᠣᠩᠭᠤᠯ ᠤᠨ ᠪᠠᠩᠭᠢ | ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠭᠢ ᠶᠢᠨ ᠬᠦᠬᠡᠬᠤᠲᠠ ᠲᠥᠪ ᠰᠠᠯᠪᠤᠷᠢ | ᠪᠠᠩᠬᠢ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ | ᠣᠷᠣᠨ ᠨᠤᠲᠤᠭ ᠤᠨ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | 2. 2020 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ | ᠭᠦᠷᠳᠡᠯᠡᠬᠢ ᠬᠤᠭᠤᠴᠠᠭᠠᠨ ᠳᠤ ᠬᠤᠭᠤᠴᠠᠭ᠎ᠠ ᠲᠤᠯᠤᠭᠰᠠᠨ ᠲᠦᠭᠡᠮᠡᠯ ᠬᠠᠷᠠᠭᠠᠯᠵᠠᠯᠲᠤ ᠪᠠᠭ᠎ᠠ ᠪᠢᠴᠢᠯ ᠵᠢᠭᠡᠯᠡᠯᠭᠡ ᠶᠢᠨ | ᠡᠬᠡ ᠮᠥᠩᠭᠦ ᠪᠣᠯᠤᠨ ᠲᠦᠯᠦᠬᠦ ᠴᠢᠬᠤᠯᠠᠳᠠᠢ ᠬᠦᠤ ᠮᠥᠩᠭᠦ ᠶᠢ ᠪᠠᠩᠬᠢ ᠶᠢᠨ ᠦᠢᠯᠡᠰ ᠤᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠨᠢ ᠠᠵᠤ ᠠᠬᠤᠶᠢᠯᠠᠯ ᠤᠨ ᠬᠤᠭᠤᠴᠠᠭ᠎ᠠ ᠬᠤᠶᠢᠰᠢᠯᠠᠭᠤᠯᠤᠨ ᠡᠬᠡ ᠮᠥᠩᠭᠦ ᠪᠤᠴᠠᠭᠠᠬᠤ | ᠪᠠ ᠬᠦᠦ ᠮᠦᠩᠭᠦ ᠲᠦᠯᠦᠬᠦ ᠭᠤᠶᠤᠴᠢᠯᠠᠯ ᠢ ᠦᠨᠳᠦᠰᠦᠯᠡᠨ᠂ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠳᠤ | ᠨᠥᠯᠥᠭᠡᠯᠡᠭᠳᠡᠭᠰᠡᠨ ᠪᠠᠶᠢᠳᠠᠯ ᠪᠣᠯᠤᠨ ᠡᠵᠡᠩᠨᠡᠯᠲᠡ ᠶᠢᠨ ᠪᠠᠶᠢᠳᠠᠯ ᠲᠠᠢ ᠨᠢ ᠤᠶᠠᠯᠳᠤᠭᠤᠯᠵᠤ᠂ ᠠᠵᠤ ᠠᠬᠤᠶᠢᠯᠠᠯ ᠤᠨ | ᠡᠬᠡ ᠮᠥᠩᠭᠦ ᠪᠤᠴᠠᠭᠠᠬᠤ ᠪᠠ ᠬᠦᠤ ᠮᠥᠩᠭᠦ ᠲᠦᠯᠦᠬᠦ ᠬᠤᠭᠤᠴᠠᠭ᠎ᠠ ᠶᠢ ᠵᠤᠬᠢᠬᠤ ᠬᠡᠮᠵᠢᠶ᠎ᠡ ᠪᠠᠷ ᠤᠷᠳᠤᠳᠬᠠᠬᠤ | ᠲᠣᠬᠢᠷᠠᠭᠤᠯᠤᠯᠲᠠ ᠬᠢᠵᠦ᠂ ᠡᠬᠡ ᠮᠥᠩᠭᠦ ᠪᠤᠴᠠᠭᠠᠬᠤ ᠪᠠ ᠬᠦᠦ ᠮᠥᠩᠭᠦ ᠲᠦᠯᠦᠬᠦ ᠡᠳᠦᠷ ᠬᠤᠭᠤᠴᠠᠭ᠎ᠠ ᠶᠢ | ᠬᠠᠮᠤᠭ ᠤᠨ ᠤᠷᠲᠤ ᠳᠤ ᠪᠠᠨ 2021 ᠣᠨ ᠤ 3 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠤᠷᠲᠤᠳᠬᠠᠵᠤ᠂ | ᠲᠣᠷᠭᠠᠭᠤᠯᠢ ᠶᠢᠨ ᠬᠦᠦ ᠮᠥᠩᠭᠦ ᠬᠤᠷᠢᠶᠠᠬᠤ ᠠᠴᠠ ᠬᠡᠯᠳᠦᠷᠢᠭᠦᠯᠦᠨ᠎ᠠ᠃ ︵ᠥᠪᠥᠷ ᠮᠣᠩᠭᠤᠯ ᠤᠨ ᠪᠠᠩᠭᠢ | ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠭᠢ ᠶᠢᠨ ᠬᠦᠬᠡᠬᠤᠲᠠ ᠲᠥᠪ ᠰᠠᠯᠪᠤᠷᠢ | ᠪᠠᠩᠬᠢ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ | ᠣᠷᠣᠨ ᠨᠤᠲᠤᠭ ᠤᠨ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | 3. ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠲᠥᠷᠥ ᠶᠢᠨ | ᠪᠣᠳᠣᠯᠭ᠎ᠠ ᠶᠢᠨ ᠵᠦᠪᠰᠢᠶᠡᠷᠡᠬᠦ ᠬᠡᠪᠴᠢᠶᠡᠨ ᠳᠤ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠵᠢᠭᠡᠯᠡᠯᠭᠡ ᠶᠢᠨ | ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠵᠤ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠵᠢᠭᠡᠯᠡᠯᠭᠡ ᠶᠢᠨ | ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠦᠨ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠵᠢᠭᠡᠯᠡᠯᠭᠡ ᠶᠢᠨ | ᠶᠡᠷᠦᠩᠬᠡᠶᠢᠯᠡᠭᠰᠡᠨ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠢᠯᠡᠳᠲᠡ ᠪᠠᠭᠤᠷᠠᠭᠤᠯᠬᠤ ᠪᠠᠷ ᠴᠢᠷᠮᠠᠶᠢᠨ᠎ᠠ᠃ | ︵ᠥᠪᠥᠷ ᠮᠣᠩᠭᠤᠯ ᠤᠨ ᠪᠠᠩᠭᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ | ᠪᠠᠩᠭᠢ ᠶᠢᠨ ᠬᠦᠬᠡᠬᠤᠲᠠ ᠲᠥᠪ ᠰᠠᠯᠪᠤᠷᠢ ᠪᠠᠩᠬᠢ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠣᠷᠣᠨ ᠨᠤᠲᠤᠭ ᠤᠨ ᠮᠦᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ︵ ᠲᠠᠪᠤ︶ ᠠᠵᠤ ᠠᠬᠤᠶᠢᠯᠠᠯ ᠳᠤ ᠵᠢᠭᠡᠯᠡᠯᠭᠡ ᠶᠢᠨ ᠳᠡᠮ ᠬᠦᠤ ᠥᠭᠬᠦ ᠡᠷᠴᠢᠮ ᠢᠶᠠᠨ ᠨᠡᠮᠡᠭᠳᠡᠭᠦᠯᠦᠨ᠎ᠡ᠃ | ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠵᠢᠯ ᠤᠨ ᠰᠢᠨ᠎ᠡ ᠪᠠᠷ ᠨᠡᠮᠡᠭᠳᠡᠭᠰᠡᠨ ᠭᠦᠢᠯᠭᠡᠭᠡᠨ ᠤ ᠪᠡᠯᠡ ᠮᠦᠩᠭᠦ | ᠶᠢᠨ ᠵᠢᠭᠡᠯᠡᠯᠭᠡ ᠳᠤ 50% ᠪᠠᠷ ᠳᠠᠮ ᠬᠦᠤ ᠥᠭᠭᠦᠨ᠎ᠡ ︵ᠳᠠᠮ ᠬᠦᠤ ᠶᠢᠨ ᠨᠣᠷᠮ᠎ᠠ ᠨᠢ 5% ᠠᠴᠠ ᠦᠨᠳᠦᠷ | ᠪᠠᠶᠢᠵᠤ ᠪᠣᠯᠬᠤ ᠦᠭᠡᠶ︶᠃ ᠠᠳᠠᠯᠢ ᠨᠢᠭᠡᠨ ᠠᠵᠤ ᠠᠬᠤᠶᠢᠯᠠᠯ ᠤᠨ ᠠᠳᠠᠯᠢ ᠨᠢᠭᠡ ᠤᠳᠠᠭᠠᠨ ᠤ ᠵᠢᠭᠡᠯᠡᠯᠭᠡ ᠨᠢ | ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠤᠰᠤᠳ ᠵᠢᠭᠡᠯᠡᠯᠭᠡ ᠶᠢᠨ ᠳᠠᠮ ᠬᠦᠤ ᠶᠢᠨ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢ ᠬᠦᠷᠲᠡᠭᠰᠡᠨ ᠪᠣᠯ ᠳᠠᠬᠢᠨ ᠳᠠᠪᠳᠠᠨ ᠨᠥᠬᠦᠪᠥᠷᠢᠯᠡᠬᠦ ᠦᠭᠡᠶ᠃ ︵ ᠥᠪᠡᠷᠲᠡᠭᠡᠨ | ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶ | ᠭᠤᠷᠪᠠ᠂ ᠵᠢᠭᠤᠯᠴᠢᠯᠠᠯ ᠤᠨ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠦᠨ᠎ᠡ᠃ | ︵ ᠵᠢᠷᠭᠤᠭ᠎ᠠ︶ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ | ᠪᠣᠯᠭᠠᠨ᠎ᠠ᠃ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ | ᠴᠢᠩᠭᠠᠳᠬᠠᠵᠤ᠂ ᠰᠣᠶᠣᠯ ᠵᠢᠭᠤᠯᠴᠢᠯᠠᠯ᠂ ᠵᠠᠬ᠎ᠠ ᠳᠡᠯᠭᠡᠭᠦᠷ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ | ᠵᠡᠷᠭᠡ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠵᠢᠭᠤᠯᠴᠢᠯᠠᠯ ᠤᠨ ᠵᠠᠬ᠎ᠠ | ᠳᠡᠯᠭᠡᠭᠦᠷ ᠢ ᠴᠡᠭᠴᠡᠯᠡᠬᠦ ᠦᠨᠳᠦᠷ ᠲᠠᠷᠤᠯᠳᠠᠳᠤ ᠪᠠᠶᠢᠳᠠᠯ ᠢ ᠪᠠᠲᠤᠯᠠᠨ᠂ ︽ᠵᠦᠢ ᠵᠣᠬᠢᠰ ᠦᠭᠡᠢ ᠬᠢᠮᠳᠠ ᠦᠨ᠎ᠡ ᠶᠢᠨ | ᠵᠢᠭᠤᠯᠴᠢᠯᠠᠯ︾ ᠢ ᠵᠣᠬᠢᠶᠠᠨ ᠪᠠᠶᠢᠭᠤᠯᠤᠨ ᠬᠦᠯᠢᠶᠡᠨ ᠠᠪᠬᠤ᠂ ᠵᠢᠭᠤᠯᠴᠢᠯᠠᠭᠴᠢᠳ ᠢ ᠮᠡᠬᠡᠯᠡᠬᠦ ᠪᠤᠶᠤ ᠰᠦᠷᠳᠡᠬᠦᠯᠵᠦ | ᠪᠠᠶᠢᠭᠠᠳ ᠪᠠᠷᠠᠭ᠎ᠠ ᠬᠤᠳᠠᠯᠳᠤᠨ ᠠᠪᠤᠭᠤᠯᠬᠤ ᠵᠡᠷᠭᠡ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠰᠠᠮᠠᠭᠤᠷᠠᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠢᠭᠤᠯᠴᠢᠯᠠᠭᠴᠢᠳ ᠤᠨ ᠵᠠᠭᠠᠯᠳᠤᠯᠭ᠎ᠠ ᠶᠢ ᠴᠢᠨᠠᠷ | ᠰᠠᠶᠢᠲᠠᠶ ᠪᠥᠭᠡᠳ ᠲᠦᠷᠭᠡᠨ ᠰᠢᠢᠳᠪᠦᠷᠢᠯᠡᠵᠦ᠂ ᠵᠢᠭᠤᠯᠴᠢᠯᠠᠭᠴᠢᠳ ᠤᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠨ᠎ᠠ᠃ ︵ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠰᠣᠶᠣᠯ ᠪᠠ ᠵᠢᠭᠤᠯᠴᠢᠯᠠᠯ ᠤᠨ ᠲᠢᠩᠬᠢᠮ ᠬᠠᠷᠢᠭᠤᠴᠠᠨ᠎ᠠ︶ | ︵ ᠳᠣᠯᠤᠭ᠎ᠠ︶ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠰᠢᠨ᠎ᠡ ᠭᠢᠯᠠᠰ ᠴᠡᠭ ᠢ ᠡᠭᠦᠳᠦᠨ ᠴᠣᠭᠴᠠᠯᠠᠨ᠎ᠠ᠃ | 1. ᠵᠢᠭᠤᠯᠴᠢᠯᠠᠯ ᠤᠨ ᠬᠥᠭᠵᠢᠯᠲᠡᠢ ᠤᠯᠠᠷᠢᠯ ᠳᠤ ᠪᠦᠬᠦ ᠣᠷᠣᠨ ᠤ ᠰᠣᠳᠣᠨ ᠪᠦᠲᠦᠭᠡᠯ ᠤᠨ ᠤᠷᠠᠨ | ᠲᠣᠭᠯᠠᠯᠲᠠ᠂ ᠪᠣᠳᠠᠰ ᠤᠨ ᠪᠤᠰᠤ ᠰᠣᠶᠣᠯ ᠤᠨ ᠥᠪ ᠪᠠ ᠰᠣᠶᠣᠯ ᠤᠨ ᠪᠦᠲᠦᠭᠡᠯᠴᠢ ᠠᠵᠤ ᠦᠢᠯᠡᠰ ᠢ | ᠦᠵᠡᠮᠵᠢ ᠶᠢᠨ ᠣᠷᠣᠨ ᠳᠤ ᠣᠷᠤᠭᠤᠯᠬᠤ᠂ ᠨᠡᠶᠢᠭᠡᠮ ᠲᠣᠭᠤᠷᠢᠭ ᠲᠤ ᠣᠷᠤᠭᠤᠯᠬᠤ ᠠᠵᠢᠯᠯᠠᠭ᠎ᠠ ᠶᠢ ᠵᠣᠬᠢᠶᠠᠨ | ᠪᠠᠶᠢᠭᠤᠯᠵᠦ ᠡᠷᠬᠢᠯᠡᠨ᠂ ᠡᠯ᠎ᠡ ᠠᠶᠢᠮᠠᠭ ᠬᠤᠲᠠ ᠶᠢᠨ ᠬᠢᠨ ᠤ ᠣᠨᠴᠠᠯᠢᠭᠲᠤ ᠵᠡᠭᠡᠯᠢ ᠲᠣᠭᠤᠷᠢᠭ ᠡᠭᠦᠳᠦᠨ ᠪᠠᠶᠢᠭᠤᠯᠬᠤ᠂ | ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠬᠡᠯ ᠪᠠᠶᠢᠭᠤᠯᠬᠤ ᠵᠡᠷᠭᠡ ᠶᠢ ᠳᠠᠮᠵᠢᠵᠤ᠂ ᠥᠷᠭᠡᠨ ᠣᠯᠠᠨ | ᠠᠷᠠᠳ ᠲᠦᠮᠡᠨ ᠳᠤ ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠬᠠᠩᠭᠠᠨ᠎ᠠ᠃ ︵ ᠥᠪᠡᠷᠲᠡᠭᠡᠨ | ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠬᠠᠷᠢᠭᠤᠴᠠᠨ᠎ᠠ︶ | 2. ᠪᠦᠬᠦ ᠣᠷᠣᠨ ᠤ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠪᠠ ᠰᠣᠶᠣᠯ | ᠵᠢᠭᠤᠯᠴᠢᠯᠠᠯ ᠤᠨ ᠰᠣᠳᠣᠨ ᠪᠦᠲᠦᠭᠡᠭᠳᠡᠬᠦᠨ ᠢ ᠳᠡᠯᠭᠡᠨ ᠦᠵᠡᠭᠦᠯᠬᠦ ᠠᠵᠢᠯᠯᠠᠭ᠎ᠠ ᠶᠢ ᠡᠷᠬᠢᠯᠡᠨ᠂ ᠪᠥᠬᠦ ᠣᠷᠣᠨ ᠤ | ᠦᠨᠳᠦᠰᠦᠲᠡᠨ ᠤ ᠰᠣᠳᠣᠨ ᠭᠠᠷ ᠤᠷᠠᠯᠠᠯ ᠤᠨ ᠪᠦᠲᠦᠭᠡᠭᠳᠡᠬᠦᠨ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ | ᠮᠡᠷᠭᠡᠰᠢᠯ᠂ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠲᠠᠸᠠᠷ᠂ ᠥᠪᠥᠷ ᠮᠣᠩᠭᠤᠯ ᠤᠨ ᠳᠠᠭᠤᠤ ᠬᠦᠭᠵᠢᠮ᠂ | ᠥᠪᠥᠷ ᠮᠣᠩᠭᠤᠯ ᠤᠨ ᠦᠨᠦᠷ ᠠᠮᠲᠠ ᠵᠢᠴᠢ ᠥᠪᠥᠷ ᠮᠣᠩᠭᠤᠯ ᠤᠨ ᠰᠣᠳᠣᠨ ᠵᠢᠭᠤᠯᠴᠢᠯᠠᠯ ᠤᠨ ᠵᠠᠮ ᠱᠤᠭᠤᠮ ᠪᠠ | ᠥᠪᠡᠷᠮᠢᠴᠡ ᠣᠨᠴᠠᠯᠢᠭ ᠲᠠᠢ ᠵᠢᠭᠤᠯᠴᠢᠯᠠᠯ ᠤᠨ ᠪᠦᠲᠦᠭᠡᠭᠳᠡᠭᠦᠨ ᠵᠡᠷᠭᠡ ᠶᠢ ᠲᠥᠪᠯᠡᠷᠡᠭᠦᠯᠦᠨ ᠳᠡᠯᠭᠡᠨ ᠦᠵᠡᠭᠦᠯᠵᠦ᠂ | ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠰᠢᠨ᠎ᠡ ᠬᠢᠯᠠᠰ ᠴᠡᠭ ᠢ ᠪᠣᠶ ᠪᠣᠯᠭᠠᠨ᠎ᠠ᠃ ︵ ᠥᠪᠡᠷᠲᠡᠭᠡᠨ ᠵᠠᠰᠠᠬᠤ | ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠬᠠᠷᠢᠭᠤᠴᠠᠨ᠎ᠠ︶ | ᠳᠥᠷᠪᠡ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠨ᠎ᠡ | ︵ ᠨᠠᠢᠮᠠ︶ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠭᠦᠳᠡᠨ ᠪᠢᠯᠧᠲ ᠢ ᠬᠠᠰᠤᠵᠤ ᠬᠡᠯᠲᠦᠷᠢᠭᠦᠯᠦᠨ᠎ᠡ | 1. ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠵᠠᠰᠠᠬᠤ ᠳᠤ | ᠣᠷᠣᠯᠴᠠᠭᠰᠠᠨ ᠨᠢᠭᠡᠳᠦᠭᠡᠷ ᠹᠷᠣᠨᠲ ᠤᠨ ᠡᠮᠴᠢᠯᠡᠭᠡᠨ ᠤ ᠠᠵᠢᠯᠳᠠᠳ 2020 ᠣᠨ ᠳᠤ A ᠲᠠᠰ ᠠᠴᠠ ᠳᠡᠭᠡᠭᠰᠢᠬᠢ | ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠵᠢᠭᠤᠯᠴᠢᠯᠠᠬᠤ ᠳᠤ ᠲᠡᠳᠡᠨ ᠠᠴᠠ ᠴᠦᠮ ᠡᠭᠦᠳᠡᠨ ᠪᠢᠯᠧᠲ | ᠬᠤᠷᠢᠶᠠᠬᠤ ᠦᠭᠡᠢ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ | ᠬᠠᠷᠢᠭᠤᠴᠠᠨ᠎ᠠ︶ | 2. ᠲᠤᠬᠠᠶ ᠶᠢᠨ ᠵᠢᠯ ᠤᠨ ᠶᠡᠭᠡ ᠰᠤᠷᠭᠠᠭᠤᠯᠢ ᠶᠢᠨ ᠰᠢᠯᠭᠠᠯᠲᠠ ᠪᠣᠯᠣᠨ ᠦᠨᠳᠦᠷ ᠳᠤᠮᠳᠠᠲᠤ ᠶᠢᠨ | ᠰᠢᠯᠭᠠᠯᠲᠠ ᠳᠤ ᠣᠷᠣᠯᠴᠠᠭᠰᠠᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠵᠢᠯ ᠤᠨ ᠳᠣᠲᠣᠷ᠎ᠠ A ᠲᠠᠰ ᠠᠴᠠ | ᠳᠡᠭᠡᠭᠰᠢᠬᠢ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠵᠢᠭᠤᠯᠴᠢᠯᠠᠬᠤ ᠳᠤ ᠲᠡᠳᠡᠨ ᠠᠴᠠ ᠴᠥᠮ ᠡᠭᠦᠳᠡᠨ | ᠪᠢᠯᠧᠲ ᠬᠤᠷᠢᠶᠠᠬᠤ ᠦᠭᠡᠢ᠃ ᠬᠠᠰᠤᠵᠤ ᠬᠡᠯᠲᠡᠷᠡᠭᠦᠯᠦᠭᠰᠡᠨ ᠬᠡᠰᠡᠭ ᠢ ᠨᠢ ᠡᠯ᠎ᠡ ᠱᠠᠲᠤᠨ ᠤ ᠡᠳ᠋ ᠤᠨ ᠵᠠᠰᠠᠭ ᠠᠴᠠ | ᠨᠦᠭᠦᠪᠦᠷᠢᠯᠡᠨ᠎ᠠ ︵ᠪᠣᠳᠠᠲᠠᠶ ᠠᠷᠭ᠎ᠠ ᠶᠢ ᠠᠰ ᠲᠤ ᠨᠢ ᠲᠣᠭᠲᠠᠭᠠᠨ᠎ᠠ︶︔ ᠵᠠᠬ᠎ᠠ ᠳᠡᠯᠭᠡᠭᠦᠷ ᠤᠨ | ᠲᠣᠬᠢᠷᠠᠭᠤᠯᠭ᠎ᠠ ᠶᠢᠨ ᠦᠨ᠎ᠡ ᠶᠢ ᠬᠡᠷᠡᠭᠵᠢᠭᠦᠯᠵᠦ ᠪᠠᠶᠢᠭ᠎ᠠ A ᠳᠡᠰ ᠠᠴᠠ ᠳᠡᠭᠡᠭᠰᠢᠬᠢ ᠵᠢᠭᠤᠯᠴᠢᠯᠠᠯ ᠤᠨ | ᠦᠵᠡᠮᠵᠢ ᠶᠢᠨ ᠣᠷᠣᠨ ᠳᠤ ᠡᠭᠦᠳᠡᠨ ᠪᠢᠯᠧᠲ ᠤᠨ ᠬᠠᠷᠠᠭᠠᠯᠵᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠬᠦ ᠶᠢ | ᠵᠤᠷᠢᠨᠨᠵᠢᠭᠤᠯᠬᠤ ᠶᠢᠨ ᠬᠠᠮᠲᠤ ᠠᠳᠠᠯᠢ ᠲᠡᠭᠰᠢ ᠪᠠᠷ ᠨᠦᠬᠦᠪᠦᠷᠢ ᠣᠯᠭᠤᠮᠵᠢ ᠭᠦᠷᠳᠡᠬᠡᠨ᠎ᠠ᠃ ︵ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠰᠣᠶᠣᠯ ᠪᠠ | ᠵᠢᠭᠤᠯᠴᠢᠯᠠᠯ ᠤᠨ ᠲᠢᠩᠬᠢᠮ ᠬᠠᠷᠢᠭᠤᠴᠠᠨ᠎ᠠ︶ | 3. ᠵᠠᠰᠠᠭ ᠤᠨ ᠣᠷᠳᠣᠨ ᠤ ᠵᠢᠯᠣᠭᠤᠳᠤᠮᠵᠢ ᠶᠢᠨ ᠦᠨ᠎ᠡ ᠶᠢ ᠬᠡᠷᠡᠭᠵᠢᠭᠦᠯᠵᠦ ᠪᠠᠶᠢᠭ᠎ᠠ A ᠳᠡᠰ ᠠᠴᠠ | ᠳᠡᠭᠡᠭᠰᠢᠬᠢ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠵᠢᠯ ᠤᠨ ᠳᠣᠲᠣᠷ᠎ᠠ ᠡᠭᠦᠳᠡᠨ ᠪᠢᠯᠧᠲ ᠤᠨ ᠦᠨ᠎ᠡ ᠶᠢ | ᠴᠥᠮ 50% ᠪᠠᠷ ᠬᠠᠰᠤᠵᠤ ᠬᠡᠯᠲᠦᠷᠢᠭᠦᠯᠦᠨ᠎ᠡ᠃ ᠬᠠᠰᠤᠵᠤ ᠬᠡᠯᠲᠦᠷᠢᠭᠦᠯᠦᠭᠰᠡᠨ ᠬᠡᠰᠡᠭ ᠢ ᠡᠯ᠎ᠡ ᠱᠠᠲᠤᠨ ᠤ | ᠡᠳ᠋ ᠤᠨ ᠵᠠᠰᠠᠭ ᠠᠴᠠ ᠨᠦᠭᠦᠪᠦᠷᠢᠯᠡᠨ᠎ᠠ ︵ᠪᠣᠳᠠᠲᠠᠶ ᠠᠷᠭ᠎ᠠ ᠶᠢ ᠠᠰ ᠲᠤ ᠨᠢ ᠲᠣᠭᠲᠠᠭᠠᠨ᠎ᠠ︶︔ ᠵᠠᠬ᠎ᠠ | ᠳᠡᠯᠭᠡᠭᠦᠷ ᠤᠨ ᠲᠣᠬᠢᠷᠠᠭᠤᠯᠭ᠎ᠠ ᠶᠢᠨ ᠦᠨ᠎ᠡ ᠶᠢ ᠬᠡᠷᠡᠭᠵᠢᠭᠦᠯᠵᠦ ᠪᠠᠶᠢᠭ᠎ᠠ A ᠳᠡᠰ ᠠᠴᠠ ᠳᠡᠭᠡᠭᠰᠢᠬᠢ | ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠡᠭᠦᠳᠡᠨ ᠪᠢᠯᠧᠲ ᠤᠨ ᠬᠠᠷᠠᠭᠠᠯᠵᠠᠯ ᠢᠶᠠᠷ ᠯᠠᠪᠯᠠᠯᠲᠠ ᠪᠣᠯᠭᠠᠨ | ᠬᠡᠷᠡᠭᠵᠢᠭᠦᠯᠬᠦ ᠶᠢ ᠵᠤᠷᠢᠨᠨᠵᠢᠭᠤᠯᠬᠤ ᠶᠢᠨ ᠬᠠᠮᠲᠤ ᠠᠳᠠᠯᠢ ᠲᠡᠭᠰᠢ ᠪᠠᠷ ᠨᠦᠬᠦᠪᠦᠷᠢ ᠣᠯᠭᠤᠮᠵᠢ ᠭᠦᠷᠳᠡᠬᠡᠨ᠎ᠠ᠃ ︵ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ ᠬᠠᠷᠢᠭᠤᠴᠠᠨ᠎ᠠ︶ | 4.ᠠᠶᠠᠨᠴᠢᠯᠠᠯ ᠤᠨ ᠭᠠᠵᠠᠷ ᠠᠴᠠ ᠵᠣᠬᠢᠶᠠᠨ ᠪᠠᠶᠢᠭᠤᠯᠤᠭᠰᠠᠨ ᠵᠢᠭᠤᠯᠴᠢᠯᠠᠯ ᠤᠨ ᠪᠦᠯᠬᠦᠮ ᠢ ᠵᠢᠭᠤᠯᠴᠢᠯᠠᠬᠤ | ᠦᠵᠡᠮᠵᠢ ᠶᠢᠨ ᠣᠷᠣᠨ ᠤ ᠡᠭᠦᠳᠡᠨ ᠪᠢᠯᠧᠲ ᠠᠴᠠ ᠪᠦᠬᠦᠨ ᠢ ᠬᠡᠯᠲᠦᠷᠢᠭᠦᠯᠵᠦ᠂ ᠬᠡᠯᠲᠦᠷᠢᠭᠦᠯᠦᠭᠰᠡᠨ ᠬᠡᠰᠡᠭ ᠢ ᠡᠯ᠎ᠡ | ᠱᠠᠲᠤᠨ ᠤ ᠡᠳ᠋ ᠤᠨ ᠵᠠᠰᠠᠭ ᠠᠴᠠ ᠨᠦᠭᠦᠪᠦᠷᠢᠯᠡᠨ᠎ᠠ ︵ᠪᠣᠳᠠᠲᠠᠶ ᠠᠷᠭ᠎ᠠ ᠶᠢ ᠠᠰ ᠲᠤ ᠨᠢ ᠲᠣᠭᠲᠠᠭᠠᠨ᠎ᠠ︶᠃ ︵ | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠬᠠᠷᠢᠭᠤᠴᠠᠨ᠎ᠠ︶ | ︵ᠶᠢᠰᠦ︶ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠡᠷᠡᠭᠯᠡᠭᠡ ᠶᠢ ᠬᠥᠭᠵᠢᠭᠡᠨ᠎ᠡ᠃ | 1. ᠪᠦᠬᠦ ᠣᠷᠣᠨ ᠤ ᠰᠤᠳᠤᠯᠵᠦ ᠰᠤᠷᠤᠯᠴᠠᠬᠤ ᠦᠢᠯᠡᠳᠦᠯᠭᠡ ᠶᠢᠨ ᠵᠦᠭᠯᠡᠭᠦᠷ ᠢ ᠲᠣᠭᠲᠠᠭᠠᠵᠤ᠂ ᠰᠤᠳᠤᠯᠵᠦ | ᠰᠤᠷᠤᠯᠴᠠᠬᠤ ᠶᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ | ᠲᠥᠯᠥᠪᠯᠡᠭᠡ ᠳᠤ ᠣᠷᠣᠭᠤᠯᠵᠤ᠂ ᠭᠤᠤᠯᠳᠠᠯᠭ᠎ᠠ ᠲᠠᠢ ᠵᠢᠭᠤᠯᠴᠢᠯᠠᠬᠤ ᠦᠵᠡᠮᠵᠢ ᠶᠢᠨ ᠣᠷᠣᠨ ᠳᠤ ᠰᠤᠳᠤᠯᠵᠦ | ᠰᠤᠷᠤᠯᠴᠠᠬᠤ ᠰᠠᠭᠤᠷᠢᠨ ᠭᠠᠵᠠᠷ ᠡᠭᠦᠳᠦᠨ ᠪᠠᠶᠢᠭᠤᠯᠬᠤ ᠶᠢ ᠲᠡᠳᠭᠦᠵᠦ ᠲᠡᠮᠵᠢᠨ᠎ᠠ᠃ ︵ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ ᠬᠠᠷᠢᠭᠤᠴᠠᠨ᠎ᠠ︶ | 2. ᠴᠠᠯᠢᠩ ᠲᠠᠢ ᠠᠮᠠᠷᠠᠬᠤ ᠳᠦᠷᠢᠮ ᠢ ᠨᠠᠶᠢᠳᠠᠪᠤᠷᠢᠵᠢᠭᠤᠯᠵᠤ᠂ ᠺᠠᠳ᠋ᠷ ᠠᠵᠢᠯᠳᠠᠳ ᠤᠨ ᠴᠠᠭ ᠬᠤᠭᠤᠴᠠᠭ᠎ᠠ | ᠬᠤᠪᠢᠶᠠᠨ ᠠᠮᠠᠷᠠᠬᠤ᠂ ᠠᠵᠢᠯ ᠤᠨ ᠰᠤᠯᠠ ᠰᠠᠯᠠᠭᠦᠥ ᠴᠠᠭ ᠲᠤ ᠠᠮᠠᠷᠠᠬᠤ ᠶᠢ ᠵᠣᠷᠢᠭᠵᠢᠭᠤᠯᠵᠤ᠂ ᠬᠠᠤᠯᠢ ᠪᠠᠷ | ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠲᠠᠢ ᠤᠶᠠᠯᠳᠤᠭᠤᠯᠤᠨ ᠵᠢᠭᠤᠯᠴᠢᠯᠠᠬᠤ ᠠᠮᠠᠷᠠᠯᠲᠠ ᠶᠢᠨ | ᠴᠢᠯᠦᠭᠡ ᠪᠠᠨ ᠲᠣᠬᠢᠷᠠᠭᠤᠯᠬᠤ ᠶᠢ ᠰᠠᠨᠠᠭᠠᠴᠢᠯᠠᠨ᠎ᠠ᠃ ᠨᠥᠬᠦᠴᠡᠯ ᠲᠠᠢ ᠭᠠᠵᠠᠷ ᠣᠷᠣᠨ ᠪᠣᠯᠤᠨ ᠠᠯᠪᠠᠨ ᠪᠠᠶᠢᠭᠤᠯᠭ᠎ᠠ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠢ ᠵᠤᠨ ᠤ ᠤᠯᠠᠷᠢᠯ ᠤᠨ ᠠᠵᠢᠯᠯᠠᠵᠤ ᠠᠮᠠᠷᠠᠬᠤ ᠴᠠᠭ ᠢ ᠬᠠᠤᠯᠢ | ᠶᠣᠰᠣᠭᠠᠷ ᠰᠢᠯᠢᠳᠡᠭᠵᠢᠭᠦᠯᠦᠨ ᠲᠣᠬᠢᠷᠠᠭᠤᠯᠬᠤ ᠶᠢ ᠵᠣᠷᠢᠭᠵᠢᠭᠤᠯᠵᠤ᠂ ᠠᠵᠢᠯᠳᠠᠳ ᠤᠨ ᠭᠠᠷᠠᠭ ᠤᠨ ᠰᠡᠭᠦᠯᠴᠢ | ᠭᠠᠳᠠᠭᠰᠢ ᠭᠠᠷᠴᠤ ᠵᠢᠭᠤᠯᠴᠢᠯᠠᠬᠤ ᠳᠤ ᠠᠰᠢᠭᠲᠠᠢ ᠨᠥᠬᠦᠴᠡᠯ ᠢ ᠪᠦᠷᠢᠯᠳᠦᠭᠦᠯᠵᠦ ᠥᠭᠭᠦᠨ᠎ᠡ᠃ ︵ᠥᠪᠡᠷᠲᠡᠭᠡᠨ | ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠠᠷᠢᠭᠤᠴᠠᠨ᠎ᠠ︶ | 3. ᠡᠯ᠎ᠡ ᠲᠥᠷᠥᠯ ᠤᠨ ᠬᠤᠲᠠ ᠶᠢᠨ ᠰᠥᠨᠢ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠬᠥᠭᠵᠢᠭᠦᠯᠬᠦ ᠶᠢ | ᠵᠣᠷᠢᠭᠵᠢᠭᠤᠯᠤᠨ ᠳᠠᠮᠵᠢᠨ᠎ᠠ᠃ ᠬᠤᠲᠠ ᠶᠢᠨ ᠪᠦᠲᠦᠭᠡᠨ ᠪᠠᠶᠢᠭᠤᠯᠤᠨᠨᠰᠠᠨ ᠰᠣᠶᠣᠯ ᠵᠢᠭᠤᠯᠴᠢᠯᠠᠯ ᠤᠨ ᠵᠡᠭᠡᠯᠢ | ᠲᠣᠭᠤᠷᠢᠭ ᠲᠤ ᠳᠡᠮᠵᠢᠯᠭᠡ ᠦᠵᠡᠭᠦᠯᠵᠦ᠂ ᠬᠤᠲᠠ ᠶᠢᠨ ᠣᠨᠴᠠᠯᠢᠭᠲᠤ ᠵᠢᠭᠤᠯᠴᠢᠯᠠᠯ ᠤᠨ ᠵᠡᠭᠡᠯᠢ ᠲᠣᠭᠤᠷᠢᠭ ᠤᠨ | ᠰᠥᠨᠢ ᠶᠢᠨ ᠵᠤᠭᠠᠴᠠᠨ ᠲᠣᠭᠤᠷᠢᠬᠤ᠂ ᠢᠳᠡᠭᠡᠨ ᠤᠮᠳᠠᠭᠠᠨ᠂ ᠲᠠᠸᠠᠷ ᠬᠤᠳᠠᠯᠳᠤᠵᠦ ᠠᠪᠬᠤ᠂ ᠤᠷᠠᠨ ᠲᠣᠭᠯᠠᠯᠲᠠ | ᠵᠡᠷᠭᠡ ᠦᠢᠯᠡᠴᠢᠯᠡᠭᠡᠨ ᠢ ᠬᠥᠭᠵᠢᠭᠦᠯᠬᠦ ᠶᠢ ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ | ᠬᠠᠷᠢᠭᠤᠴᠠᠨ᠎ᠠ︶ | ᠲᠠᠪᠤ᠂ ᠵᠢᠭᠤᠯᠴᠢᠯᠠᠯ ᠤᠨ ᠤᠬᠠᠭᠤᠯᠤᠨ ᠳᠡᠯᠭᠡᠷᠡᠭᠦᠯᠬᠦ ᠶᠢ ᠴᠢᠩᠭᠠᠷᠠᠭᠤᠯᠤᠨ᠎ᠠ | ︵ᠠᠷᠪᠠ︶ ᠰᠣᠶᠣᠯ ᠵᠢᠭᠤᠯᠴᠢᠯᠠᠯ ᠤᠨ ᠳᠦᠷᠢ ᠲᠥᠷᠬᠦ ᠶᠢᠨ ᠨᠠᠷᠠᠲᠤ ᠲᠡᠮᠳᠡᠭᠲᠦ ᠶᠢ ᠪᠣᠶ ᠪᠣᠯᠭᠠᠨ᠎ᠠ᠃ | 1. ᠲᠥᠪ ᠤᠨ ᠲᠧᠯᠸᠢᠰ᠂ ᠥᠪᠥᠷ ᠮᠣᠩᠭᠤᠯ ᠤᠨ ᠣᠳᠣᠨ ᠲᠧᠯᠸᠢᠰ ᠪᠣᠯᠤᠨ ᠤᠯᠤᠰ ᠤᠨ | ᠳᠣᠲᠣᠭᠠᠳᠤ ᠶᠢᠨ ᠠᠶᠠᠨᠴᠢᠳ ᠤᠨ ᠢᠷᠡᠯᠲᠡ ᠶᠢᠨ ᠭᠤᠤᠯ ᠪᠣᠯᠬᠤ ᠬᠤᠲᠠ ᠳᠤ ᠵᠢᠭᠤᠯᠴᠢᠯᠠᠯ ᠤᠨ ᠳᠦᠷᠢ | ᠲᠥᠷᠬᠦ ᠶᠢᠨ ᠵᠠᠷ ᠮᠡᠳᠡᠭᠡ ᠲᠠᠯᠪᠢᠬᠤ ᠶᠢ ᠳᠠᠮᠵᠢᠨ᠎ᠠ᠃ ︽ᠡᠬᠡ ᠤᠯᠤᠰ ᠤᠨ ᠤᠮᠠᠷᠠᠲᠤ ᠣᠷᠣᠨ᠂ ᠦᠵᠡᠰᠬᠦᠯᠡᠩᠲᠦ | ᠰᠠᠶᠢᠬᠠᠨ ᠥᠪᠥᠷ ᠮᠣᠩᠭᠤᠯ︾ ᠢᠶᠠᠷ ᠭᠤᠣᠯ ᠰᠡᠳᠦᠪ ᠪᠣᠯᠭᠠᠵᠤ᠂ ᠠᠳᠠᠯᠢ ᠪᠤᠰᠤ ᠤᠯᠠᠷᠢᠯ᠂ ᠠᠳᠠᠯᠢ ᠪᠤᠰᠤ | ᠤᠬᠠᠭᠤᠯᠭ᠎ᠠ ᠶᠢᠨ ᠭᠤᠤᠯ ᠰᠡᠳᠦᠪ ᠢᠶᠠᠷ᠂ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠵᠠᠷ | ᠮᠡᠳᠡᠭᠡ ᠶᠢ ᠲᠥᠷᠥᠯ ᠬᠤᠪᠢᠶᠠᠨ ᠲᠦᠰᠦᠪᠯᠡᠵᠦ ᠲᠠᠯᠪᠢᠨ᠎ᠠ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ ᠠᠴᠠ ᠬᠠᠷᠢᠭᠤᠴᠠᠨ᠎ᠠ︶ | 2. ᠢᠨᠲ᠋ᠧᠷ ᠰᠦᠯᠵᠢᠶ᠎ᠡ ᠰᠢᠨ᠎ᠡ ᠵᠠᠭᠤᠴᠢᠯᠠᠭᠤᠷ ᠢ ᠠᠰᠢᠨᠨᠯᠠᠵᠦ ᠰᠠᠶᠢᠳᠤᠷ ᠤᠬᠠᠭᠤᠯᠤᠨ᠎ᠠ᠃ ᠲᠤᠰᠬᠠᠶ | ᠮᠡᠷᠭᠡᠵᠢᠯ ᠤᠨ ᠪᠦᠯᠬᠦᠮ ᠳᠤ ᠨᠠᠶᠢᠳᠠᠵᠤ ᠰᠡᠭᠦᠳᠡᠷᠯᠡᠭᠦᠯᠬᠦ᠂ ᠵᠢᠭᠤᠯᠴᠢᠯᠠᠯ ᠤᠨ ᠤᠷ᠎ᠠ ᠠᠪᠢᠶᠠᠰᠤᠲᠡᠨ ︵ᠰᠦᠯᠵᠢᠶᠡᠨ | ᠴᠤᠤᠲᠠᠨ︶ ᠢ ᠤᠷᠢᠵᠤ ᠰᠡᠭᠦᠳᠡᠷᠯᠡᠭᠦᠯᠬᠦ᠂ ᠨᠡᠶᠢᠭᠡᠮ ᠤᠨ ᠣᠯᠠᠨ ᠨᠡᠶᠢᠲᠡ ᠶᠢ ᠵᠣᠷᠢᠭᠵᠢᠭᠤᠯᠤᠨ ᠰᠡᠭᠦᠳᠡᠷᠯᠡᠭᠦᠯᠬᠦ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠵᠤᠭᠠᠴᠠᠯ ᠤᠨ | ᠲᠡᠮᠳᠡᠭᠯᠡᠯ᠂ ᠵᠢᠷᠤᠭ᠂ ᠣᠬᠤᠷ ᠸᠢᠳᠢᠣ᠋ ᠶᠢ ᠡᠯᠰᠡᠨ ᠴᠤᠭᠯᠠᠭᠤᠯᠵᠤ᠂ ᠸᠢᠴᠠᠲ᠂ ᠪᠢᠴᠢᠯ ᠪᠥᠷᠬᠡ᠂ ᠲᠢᠭ᠋ ᠲᠤᠭ ᠵᠡᠷᠭᠡ | ᠰᠢᠨ᠎ᠡ ᠵᠠᠭᠤᠴᠢᠯᠠᠭᠤᠷ ᠤᠨ ᠲᠠᠪᠴᠠᠩ ᠳᠤ ᠲᠦᠪᠯᠡᠷᠡᠭᠦᠯᠵᠦ ᠤᠬᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ | ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠬᠠᠷᠢᠭᠤᠴᠠᠨ᠎ᠠ︶ | 3. ᠲᠤᠰᠬᠠᠶ ᠵᠦᠢᠯ ᠤᠨ ᠡᠵᠡᠩᠨᠡᠨ ᠪᠣᠷᠣᠯᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠤᠯᠤᠰ ᠤᠨ ᠳᠣᠲᠣᠭᠠᠳᠤ ᠭᠠᠳᠠᠭᠠᠳᠤ ᠶᠢᠨ ᠨᠡᠷᠡᠲᠦ ᠵᠢᠭᠤᠯᠴᠢᠯᠠᠯ ᠤᠨ ᠬᠤᠳᠠᠯᠳᠤᠭᠠᠴᠢᠨ᠂ ᠨᠦᠯᠦᠬᠡ ᠶᠡᠬᠡᠳᠡᠢ | ᠲᠤᠰᠬᠠᠶ ᠮᠡᠷᠭᠡᠵᠢᠯᠲᠡᠨ᠂ ᠵᠢᠭᠤᠯᠴᠢᠯᠠᠯ ᠤᠨ ᠤᠷ᠎ᠠ ᠠᠪᠢᠶᠠᠰᠤᠲᠡᠨ ᠵᠡᠷᠭᠡ ᠶᠢ ᠥᠪᠥᠷ ᠮᠣᠩᠭᠤᠯ ᠳᠤ ᠢᠷᠡᠵᠦ | ᠪᠠᠶᠢᠳᠠᠯ ᠢ ᠣᠶᠢᠯᠠᠭᠠᠵᠤ ᠪᠣᠷᠣ ᠮᠠᠲ᠋ᠧᠷᠢᠶᠠᠯ ᠴᠤᠭᠯᠠᠭᠤᠯᠬᠤ ᠪᠠᠷ ᠤᠷᠢᠵᠤ᠂ ᠥᠪᠥᠷ ᠮᠣᠩᠭᠤᠯ ᠤᠨ ᠵᠢᠭᠤᠯᠴᠢᠯᠠᠯ ᠤᠨ | ᠰᠣᠨᠢᠷᠬᠠᠭᠤᠯᠬᠤ ᠬᠦᠴᠦᠨ ᠢ ᠳᠡᠭᠡᠭᠰᠢᠯᠡᠭᠦᠯᠦᠨ᠎ᠡ᠃ ᠤᠯᠤᠰ ᠤᠨ ᠳᠣᠲᠣᠭᠠᠳᠤ ᠶᠢᠨ ᠠᠶᠠᠨᠴᠢᠳ ᠤᠨ ᠢᠷᠡᠯᠲᠡ ᠶᠢᠨ | ᠭᠤᠤᠯ ᠭᠠᠵᠠᠷ ᠪᠣᠯᠬᠤ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ | ᠮᠥᠷᠡᠨ ᠤ ᠭᠤᠷᠪᠠᠯᠵᠢᠨ ᠬᠤᠶᠢᠭ ᠤᠨ ᠬᠤᠲᠠ ᠳᠤ ᠬᠦᠷᠴᠦ ᠲᠤᠰᠬᠠᠢ ᠰᠡᠳᠦᠪᠲᠦ ᠵᠢᠭᠤᠯᠴᠢᠯᠠᠯ ᠤᠨ ᠡᠵᠡᠩᠨᠡᠨ | ᠪᠣᠷᠣᠯᠠᠭᠤᠯᠤᠯᠲᠠ ᠬᠢᠬᠦ ᠶᠢ ᠵᠣᠬᠢᠶᠠᠨ ᠪᠠᠶᠢᠭᠤᠯᠵᠤ᠂ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠨᠥᠯᠥᠭᠡᠯᠡᠬᠦ | ᠬᠦᠴᠦᠨ ᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ | ᠲᠢᠩᠬᠢᠮ ᠠᠴᠠ ᠬᠠᠷᠢᠭᠤᠴᠠᠨ᠎ᠠ︶ |