ᠬᠢᠵᠢᠭ ᠤᠨ ᠨᠥᠯᠥᠭᠡ ᠶᠢ ᠢᠯᠠᠨ ᠳᠠᠪᠠᠵᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠪᠠᠨ ᠲᠥᠷᠭᠡᠨ ᠰᠡᠷᠭᠦᠭᠡᠬᠦ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2020/9/2
                 ᠥᠪᠥᠷ ᠵᠠᠰᠠᠭ ᠠᠯᠪᠠᠨ ᠲᠠᠷᠬᠠᠭᠠᠭᠰᠠᠨ ﹇2020﹈ 20  ᠳ᠋ᠤᠭᠠᠷ ᠲᠣᠭᠠᠲᠤ        ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ︽ᠬᠢᠵᠢᠭ ᠤᠨ ᠨᠦᠯᠦᠭᠡ ᠶᠢ ᠢᠯᠠᠨ ᠳᠠᠪᠠᠵᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠪᠠᠨ ᠲᠦᠷᠭᠡᠨ ᠰᠡᠷᠭᠦᠭᠡᠬᠦ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠳᠦᠭᠡᠢ᠃                             2020 ᠣᠨ ᠤ 7  ᠳ᠋ᠤᠭᠠᠷ ᠰᠠᠷ᠎ᠠ ᠶᠢᠨ 30  ᠤ ᠡᠳᠦᠷ         ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶            ᠬᠢᠵᠢᠭ ᠤᠨ ᠨᠥᠯᠥᠭᠡ ᠶᠢ ᠢᠯᠠᠨ ᠳᠠᠪᠠᠵᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ            ᠬᠥᠭᠵᠢᠯᠲᠡ ᠪᠠᠨ ᠲᠦᠷᠭᠡᠨ ᠰᠡᠷᠭᠦᠭᠡᠬᠦ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠬᠤ ᠲᠠᠯ᠎ᠠ ᠪᠠᠷ ᠬᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ  ᠪᠠᠶᠢᠷᠢᠯᠠᠭᠤᠯᠤᠯᠲᠠ ᠶᠢ ᠦᠨᠳᠦᠰᠦᠯᠡᠨ᠂ ᠪᠦᠬᠦ ᠣᠷᠣᠨ ᠤ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠳ ᠢ ᠳᠡᠮᠵᠢᠵᠦ ᠬᠢᠵᠢᠭ ᠤᠨ ᠨᠦᠯᠦᠭᠡ ᠶᠢ ᠢᠯᠠᠨ ᠳᠠᠪᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠪᠠᠨ ᠰᠡᠷᠭᠦᠭᠡᠬᠦ ᠶᠢ ᠲᠦᠷᠭᠡᠳᠭᠡᠬᠦ ᠶᠢᠨ ᠲᠤᠰᠠᠳᠠ᠂ ᠡᠳᠦᠭᠡ ᠳᠣᠣᠷᠠᠬᠢ ᠠᠷᠭ᠎ᠠ ᠬᠡᠮᠵᠢᠶ᠎ᠡ ᠨᠦᠭᠦᠳ ᠢ ᠲᠣᠭᠲᠠᠭᠠᠪᠠ᠃      ᠨᠢᠭᠡ᠂ ᠠᠵᠤ ᠠᠬᠤᠶᠢᠯᠠᠯ ᠤᠨ ᠠᠵᠢᠯᠯᠠᠨ ᠡᠵᠡᠩᠨᠡᠬᠦ ᠥᠪᠡᠷ ᠤᠨ ᠦᠷᠲᠡᠭ ᠢ ᠪᠠᠭᠤᠷᠠᠭᠤᠯᠤᠨ᠎ᠠ      ︵ ᠨᠢᠭᠡ︶ ᠭᠡᠷ ᠤᠨ ᠳᠦᠷᠢᠶᠡᠰᠥ ᠶᠢ ᠨᠢ ᠬᠠᠰᠤᠵᠤ ᠬᠡᠯᠳᠦᠷᠢᠭᠦᠯᠦᠨ᠎ᠡ᠃ 2020 ᠣᠨ ᠳᠤ᠂ ᠠᠶᠢᠮᠠᠭ ᠬᠤᠲᠠ ᠶᠢ ᠵᠣᠷᠢᠭᠵᠢᠭᠤᠯᠵᠤ ᠪᠠᠶᠢᠭᠠᠳ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠲᠦᠷᠢᠶᠡᠰᠦᠯᠡᠭᠰᠡᠨ ᠤᠯᠤᠰ ᠤᠨ ᠦᠮᠴᠢᠯᠡᠯᠳᠦ ᠠᠵᠤ ᠠᠬᠤᠶᠢᠯᠠᠯ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠡᠵᠡᠩᠨᠡᠯᠲᠡ ᠶᠢᠨ ᠴᠢᠨᠠᠷᠲᠠᠶ ᠭᠡᠷ ᠬᠦᠷᠦᠩᠭᠡ ᠶᠢᠨ ᠳᠣᠤᠷ᠎ᠠ ᠬᠠᠭᠠᠰ ᠵᠢᠯ ᠤᠨ ᠭᠡᠷ ᠤᠨ ᠲᠦᠷᠢᠶᠡᠰᠦ ᠶᠢ ᠨᠢ ᠬᠠᠰᠤᠵᠤ ᠬᠡᠯᠲᠦᠷᠢᠭᠦᠯᠦᠨ᠎ᠡ᠃ ︵ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠠᠯᠲᠤ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ ᠬᠠᠷᠢᠭᠤᠴᠠᠨ᠎ᠠ᠂ ᠳᠣᠣᠷᠠᠬᠢ ᠠᠷᠭ᠎ᠠ ᠬᠡᠮᠵᠢᠶ᠎ᠡ ᠨᠦᠭᠦᠳ ᠢ ᠴᠦᠮ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠠᠶᠢᠳᠠᠪᠤᠷᠢᠵᠢᠭᠤᠯᠬᠤ ᠬᠡᠷᠡᠭᠲᠡᠢ᠂ ᠬᠠᠷᠢᠭᠤᠴᠠᠯᠭᠠᠲᠤ ᠨᠢᠭᠡᠴᠢ ᠶᠢᠨ ᠬᠡᠰᠡᠭ ᠲᠤ ᠳᠠᠬᠢᠨᠲᠠ ᠳᠤᠷᠠᠳᠬᠤ ᠦᠭᠡᠢ︶      ︵ ᠬᠤᠶᠠᠷ︶ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠦᠷᠲᠡᠭ ᠢ ᠨᠢ ᠪᠠᠭᠤᠷᠠᠭᠤᠯᠤᠨ᠎ᠠ᠃  ᠡᠳᠦᠬᠡ ᠡᠩ ᠤᠨ ᠠᠵᠤ ᠦᠢᠯᠡᠳᠪᠦᠷᠢ ᠬᠤᠳᠠᠯᠳᠤᠭᠠᠨ ᠤ ᠦᠢᠯᠡᠰ ᠵᠢᠴᠢ ᠪᠣᠰᠣᠳ ᠴᠠᠬᠢᠯᠭᠠᠨ ᠤ ᠦᠨ᠎ᠡ᠂ ᠲᠣᠮᠣ ᠠᠵᠤ ᠦᠢᠯᠡᠳᠪᠦᠷᠢ ᠶᠢᠨ ᠴᠠᠬᠢᠯᠭᠠᠨ ᠤ ᠦᠨ᠎ᠡ ᠪᠠᠷ ᠬᠡᠷᠡᠭᠵᠢᠭᠦᠯᠵᠦ ᠪᠠᠶᠢᠭ᠎ᠠ ᠰᠣᠶᠣᠯ ᠵᠢᠭᠤᠯᠴᠢᠯᠠᠯ ᠤᠨ ᠠᠵᠤ ᠠᠬᠤᠶᠢᠯᠠᠯ  ᠤᠨ 2020 ᠣᠨ ᠤ 2  ᠳ᠋ᠤᠭᠠᠷ ᠰᠠᠷ᠎ᠠ ᠶᠢᠨ 1  ᠤ ᠡᠳᠦᠷ ᠠᠴᠠ ᠵᠢᠯ ᠤᠨ ᠰᠡᠭᠦᠯᠴᠢ ᠬᠦᠷᠲᠡᠯ᠎ᠡ ᠬᠡᠷᠡᠭᠯᠡᠬᠦ ᠴᠠᠬᠢᠯᠭᠠᠨ ᠤ ᠦᠨ᠎ᠡ ᠬᠠᠩᠰᠢ ᠶᠢ ᠡᠷᠦᠬᠡ ᠳᠤ ᠭᠦᠷᠬᠡᠭᠰᠡᠨ ᠴᠠᠬᠢᠯᠭᠠᠨ ᠤ ᠦᠨ᠎ᠡ ᠶᠢᠨ ᠬᠢᠷᠢ ᠲᠦᠪᠰᠢᠨ ᠤ 95% ᠪᠠᠷ ᠳ᠋ᠦᠩᠨᠡᠵᠦ ᠪᠣᠳᠣᠨ᠎ᠠ᠃ ︵ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠬᠠᠷᠢᠭᠤᠴᠠᠨ᠎ᠠ︶      ︵ ᠭᠤᠷᠪᠠ︶ ᠠᠵᠤ ᠠᠬᠤᠶᠢᠯᠠᠯ ᠤᠨ ᠭᠠᠶᠢᠯᠢ ᠰᠦᠢᠳᠭᠡᠯ ᠢ ᠨᠢ ᠬᠠᠰᠤᠵᠤ ᠬᠡᠯᠳᠦᠷᠢᠭᠦᠯᠦᠨ᠎ᠡ᠃      1. 2020 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠮᠠᠨ ᠤ ᠣᠷᠣᠨ ᠤ ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠲᠠᠶᠢᠯᠤᠭᠰᠠᠨ ᠲᠣᠬᠠᠢ ᠶᠢᠨ ᠰᠠᠷ᠎ᠠ ᠬᠦᠷᠲᠡᠯ᠎ᠡ᠂ ᠵᠢᠭᠤᠯᠴᠢᠯᠠᠯ ᠤᠨ ᠦᠢᠯᠡᠰ ︵ᠠᠶᠠᠨᠴᠢᠯᠠᠯ ᠤᠨ ᠭᠠᠵᠠᠷ ᠵᠢᠴᠢ ᠬᠠᠮᠢᠶ᠎ᠠ ᠪᠦᠬᠦᠢ ᠦᠢᠯᠡᠴᠢᠯᠡᠭᠡ᠂ ᠵᠤᠭᠠᠴᠠᠯ ᠤᠨ ᠦᠵᠡᠮᠵᠢᠲᠦ ᠣᠷᠣᠨ ᠤ ᠬᠠᠮᠢᠶᠠᠷᠤᠯᠲᠠ ᠬᠤᠶᠠᠷ ᠲᠥᠷᠥᠯ ᠢ ᠪᠠᠭᠲᠠᠭᠠᠨ᠎ᠠ︶ ᠤᠨ ᠲᠤᠮᠳᠠ ᠵᠢᠵᠢᠭ ᠠᠵᠤ ᠠᠬᠤᠶᠢᠯᠠᠯ ᠢ ᠭᠡᠷ ᠬᠦᠷᠦᠩᠭᠡ ᠶᠢᠨ ᠭᠠᠶᠢᠯᠢ ᠪᠣᠯᠣᠨ ᠬᠤᠲᠠ ᠪᠠᠯᠭᠠᠰᠤᠨ ᠤ ᠭᠠᠵᠠᠷ ᠰᠢᠷᠤᠢ ᠬᠡᠷᠡᠭᠯᠡᠬᠦ ᠭᠠᠶᠢᠯᠢ ᠠᠴᠠ ᠬᠡᠯᠲᠦᠷᠢᠭᠦᠯᠦᠨ᠎ᠡ᠃ ︵ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠷᠢᠭᠤᠴᠠᠨ᠎ᠠ︶      2. ᠨᠦᠬᠦᠴᠡᠯ ᠳᠤ ᠨᠡᠶᠢᠴᠡᠭᠰᠡᠨ ᠠᠵᠢᠯᠲᠠᠨ ᠬᠠᠰᠤᠬᠤ ᠦᠭᠡᠢ ᠪᠣᠶᠤ ᠠᠵᠢᠯᠲᠠᠨ ᠴᠦᠬᠡᠨ ᠬᠠᠰᠤᠵᠤ ᠳᠠᠭᠠᠳᠬᠠᠯ ᠳᠤ ᠣᠷᠣᠵᠤ ᠰᠦᠢᠳᠬᠡᠯ ᠲᠤᠰᠢᠶᠠᠭᠰᠠᠨ ᠵᠢᠭᠤᠯᠴᠢᠯᠠᠯ ᠤᠨ ᠠᠵᠤ ᠠᠬᠤᠶᠢᠯᠠᠯ ᠳᠤ᠂ ᠠᠵᠤ ᠠᠬᠤᠶᠢᠯᠠᠯ ᠵᠢᠴᠢ ᠲᠡᠳᠡᠬᠡᠷ ᠤᠨ ᠠᠵᠢᠯᠲᠠᠨ ᠠᠵᠢᠯᠴᠢᠨ ᠤ ᠳᠡᠭᠡᠷ᠎ᠡ ᠬᠠᠭᠠᠰ ᠵᠢᠯ ᠳᠤ ᠪᠣᠳᠠᠲᠠᠢ ᠲᠤᠰᠢᠶᠠᠭᠰᠠᠨ ᠠᠵᠢᠯ ᠠᠯᠳᠠᠭᠰᠠᠳ ᠤᠨ ᠳᠠᠭᠠᠳᠬᠠᠯ ᠤᠨ ᠵᠠᠷᠤᠳᠠᠯ ᠤᠨ ᠶᠡᠷᠦᠩᠬᠡᠢ ᠲᠣᠭᠠᠨ ᠤ 50% ᠪᠠᠷ ᠠᠵᠢᠯ ᠤᠨ ᠪᠠᠶᠢᠷᠢ ᠶᠢ ᠲᠤᠨᠨᠳᠠᠪᠤᠷᠢᠵᠢᠭᠤᠯᠬᠤ ᠪᠠᠷ ᠪᠣᠴᠠᠭᠠᠵᠤ᠂ ᠡᠭᠦᠨ ᠳᠤ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠪᠣᠴᠠᠭᠠᠬᠤ ᠬᠠᠷᠢᠴᠠᠯ ᠢ 100% ᠪᠤᠯᠳᠠᠯ᠎ᠠ ᠳᠡᠭᠡᠭᠰᠢᠯᠡᠭᠦᠯᠦᠨ᠎ᠡ᠃ ︵ ᠥᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ  ᠬᠠᠷᠢᠭᠤᠴᠠᠨ᠎ᠠ︶      3. ᠬᠢᠵᠢᠭ ᠤᠨ ᠨᠦᠯᠦᠭᠡ ᠠᠴᠠ ᠪᠣᠯᠵᠤ ᠦᠢᠯᠡᠳᠪᠦᠷᠢᠯᠡᠯ ᠡᠵᠡᠩᠨᠡᠯᠲᠡ ᠳᠤ ᠨᠢ ᠬᠦᠨᠳᠦ ᠬᠡᠴᠡᠭᠦᠦ ᠭᠦᠴᠢᠷᠳᠡᠯ ᠲᠤᠯᠭᠠᠷᠬᠠᠰᠠᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠨᠢ᠂ ᠬᠠᠷᠢᠶ᠎ᠠ ᠪᠦᠬᠦᠢ ᠲᠣᠭᠲᠠᠭᠠᠯ ᠶᠣᠰᠤᠭᠠᠷ ᠨᠡᠶᠢᠭᠡᠮ ᠤᠨ ᠳᠠᠭᠠᠳᠬᠠᠯ ᠤᠨ  ᠵᠠᠷᠤᠳᠠᠯ ᠢᠶᠠᠨ ᠬᠤᠶᠢᠰᠢᠯᠠᠭᠤᠯᠤᠨ ᠲᠤᠰᠢᠶᠠᠬᠤ ᠪᠠᠷ ᠭᠤᠶᠤᠴᠢᠯᠠᠵᠤ ᠪᠣᠯᠣᠨ᠎ᠠ᠂ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠬᠤᠭᠤᠴᠠᠭ᠎ᠠ ᠰᠠᠭᠠᠲᠠᠭᠠᠭᠰᠠᠨ ᠮᠦᠩᠭᠦ ᠬᠤᠷᠢᠶᠠᠬᠤ ᠦᠭᠡᠢ᠃ ᠠᠶᠢᠮᠠᠭ ᠬᠤᠲᠠ᠂ ᠬᠤᠰᠢᠭᠤ ᠰᠢᠶᠠᠨ ︵ ᠬᠤᠲᠠ᠂ ᠲᠣᠭᠤᠷᠢᠭ︶ ᠤ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠵᠠᠷᠤᠳᠠᠯ ᠢᠶᠠᠨ ᠬᠤᠶᠢᠰᠢᠯᠠᠭᠤᠯᠤᠨ ᠲᠤᠰᠢᠶᠠᠬᠤ ᠶᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠦᠪᠰᠢᠶᠡᠷᠡᠨ᠎ᠡ︔ ᠥᠪᠡᠷᠲᠡᠭᠡᠨ  ᠵᠠᠰᠠᠬᠤ ᠣᠷᠣᠨ ᠤ ᠰᠢᠭᠤᠳ ᠬᠠᠷᠢᠶ᠎ᠠ ᠪᠦᠬᠦᠢ ᠳᠠᠭᠠᠳᠬᠠᠯ ᠳᠤ ᠣᠷᠣᠭᠰᠠᠨ ᠠᠵᠤ ᠠᠬᠤᠶᠢᠯᠠᠯ ᠤᠨ ᠬᠢ ᠶᠢ ᠪᠣᠯ ᠥᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠦᠴᠢᠷ ᠠᠴᠠ ᠬᠢᠨᠠᠨ ᠵᠦᠪᠰᠢᠶᠡᠷᠡᠨ᠎ᠡ᠃ ︵ ᠥᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶      4.   ᠬᠢᠵᠢᠭ ᠤᠨ ᠨᠥᠯᠥᠭᠡ ᠶᠢ ᠨᠡᠯᠢᠶᠡᠳ ᠬᠦᠨᠳᠦ ᠭᠦᠷᠳᠡᠭᠰᠡᠨ ᠪᠦᠭᠡᠳ ᠲᠤᠬᠠᠶ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ ᠠᠵᠢᠯᠯᠠᠵᠦ ᠦᠢᠯᠡᠳᠪᠦᠷᠢᠯᠡᠬᠦ ᠪᠠᠨ ᠵᠣᠭᠰᠣᠭᠠᠭᠰᠠᠨ ᠰᠣᠶᠣᠯ ᠵᠢᠭᠤᠯᠴᠢᠯᠠᠯ ᠤᠨ ᠠᠵᠢᠯ ᠲᠥᠷᠥᠯ ᠳᠠᠬᠢ ᠳᠠᠭᠠᠳᠬᠠᠯ ᠳᠤ ᠣᠷᠣᠯᠴᠠᠭᠰᠠᠨ ᠠᠶᠠᠨᠴᠢᠯᠠᠯ ᠤᠨ ᠭᠠᠵᠠᠷ ᠤᠨ ᠬᠠᠷᠢᠭᠤᠴᠠᠯᠭᠠᠲᠤ ᠳᠠᠭᠠᠳᠬᠠᠯ ᠢ ᠪᠣᠯ᠂ ᠳᠠᠭᠠᠳᠬᠠᠯ ᠤᠨ ᠺᠣᠮᠫᠠᠨᠢ ᠶᠢ ᠵᠣᠷᠢᠭᠵᠢᠭᠤᠯᠵᠤ ᠪᠠᠶᠢᠭᠠᠳ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠣᠭᠲᠠᠭᠠᠭᠰᠠᠨ ᠠᠵᠢᠯᠯᠠᠵᠦ ᠦᠢᠯᠡᠳᠪᠦᠷᠢᠯᠡᠬᠦ ᠶᠢ ᠨᠢ ᠵᠣᠭᠰᠣᠭᠠᠬᠤ ᠪᠠ ᠠᠵᠢᠯᠯᠠᠵᠦ ᠦᠢᠯᠡᠳᠪᠦᠷᠢᠯᠡᠬᠦ ᠪᠠᠨ ᠰᠡᠷᠭᠦᠭᠡᠬᠦ ᠪᠤᠳᠠᠳᠠᠢ ᠴᠠᠭ ᠢ ᠨᠢ ᠦᠨᠳᠦᠰᠦᠯᠡᠨ ᠠᠵᠤ ᠠᠬᠤᠶᠢᠯᠠᠯ ᠳᠤ ᠵᠤᠬᠢᠬᠤ ᠬᠡᠮᠵᠢᠶ᠎ᠡ ᠪᠠᠷ ᠳᠠᠭᠠᠳᠬᠠᠯ ᠤᠨ ᠵᠠᠷᠤᠳᠠᠯ ᠢ ᠬᠠᠰᠤᠵᠤ ᠬᠡᠯᠲᠦᠷᠢᠭᠦᠯᠦᠨ᠎ᠡ᠃ ︵ᠥᠪᠥᠷ ᠮᠣᠩᠭᠤᠯ ᠤᠨ ᠪᠠᠩᠭᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶      ᠬᠤᠶᠠᠷ᠂ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ ᠲᠡᠮᠵᠢᠯᠬᠡ ᠶᠢ ᠨᠡᠮᠡᠭᠳᠡᠭᠦᠯᠦᠨ᠎ᠡ      ︵ᠳᠥᠷᠪᠡ︶  ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠤᠨ᠎ᠠ᠃      1. ᠬᠢᠵᠢᠭ ᠤᠨ ᠪᠠᠶᠢᠳᠠᠯ ᠳᠤ ᠨᠡᠯᠢᠶᠡᠳ ᠶᠡᠭᠡ ᠨᠥᠯᠥᠭᠡᠯᠡᠭᠳᠡᠭᠰᠡᠨ᠂ ᠡᠵᠡᠩᠨᠡᠯᠲᠡ ᠳᠤ ᠨᠢ ᠲᠦᠷ ᠴᠠᠭ ᠬᠦᠴᠢᠷᠳᠡᠯ ᠲᠤᠯᠭᠠᠷᠠᠭᠰᠠᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠰᠣᠬᠤᠷ ᠪᠠᠯᠠᠶ ᠪᠠᠷ ᠵᠢᠭᠡᠯᠡᠯᠭᠡ ᠪᠠᠨ ᠲᠠᠳᠠᠬᠤ᠂ ᠵᠢᠭᠡᠯᠡᠯᠭᠡ ᠪᠠᠨ ᠵᠤᠨᠨᠰᠤᠭᠠᠬᠤ ᠪᠠ ᠵᠢᠭᠡᠯᠡᠯᠭᠡ ᠪᠠᠨ ᠳᠠᠷᠤᠵᠤ ᠪᠣᠯᠬᠤ ᠦᠭᠡᠶ᠃ ᠵᠢᠭᠡᠯᠡᠯᠭᠡ ᠶᠢᠨ ᠵᠣᠭᠤᠰ ᠢᠶᠠᠨ ᠪᠤᠴᠠᠭᠠᠬᠤ ᠳᠤ ᠦᠨᠡᠨ ᠬᠦ ᠬᠦᠴᠢᠷᠳᠡᠯ ᠲᠠᠢ ᠪᠠᠶᠢᠭ᠎ᠠ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠬᠤᠭᠤᠴᠠᠭ᠎ᠠ ᠶᠢ  ᠨᠢ ᠤᠷᠲᠤᠳᠬᠠᠬᠤ ᠪᠤᠶᠤ ᠦᠷᠭᠦᠯᠵᠢᠯᠡᠨ ᠵᠢᠭᠡᠯᠡᠯᠭᠡ ᠥᠭᠴᠦ ᠪᠣᠯᠤᠨ᠎ᠠ᠃ ︵ᠥᠪᠥᠷ ᠮᠣᠩᠭᠤᠯ ᠤᠨ ᠪᠠᠩᠭᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠭᠢ ᠶᠢᠨ ᠬᠦᠬᠡᠬᠤᠲᠠ ᠲᠥᠪ ᠰᠠᠯᠪᠤᠷᠢ ᠪᠠᠩᠬᠢ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠣᠷᠣᠨ ᠨᠤᠲᠤᠭ ᠤᠨ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠬᠠᠷᠢᠭᠤᠴᠠᠨ᠎ᠠ︶      2. 2020 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠭᠦᠷᠳᠡᠯᠡᠬᠢ ᠬᠤᠭᠤᠴᠠᠭᠠᠨ ᠳᠤ ᠬᠤᠭᠤᠴᠠᠭ᠎ᠠ ᠲᠤᠯᠤᠭᠰᠠᠨ ᠲᠦᠭᠡᠮᠡᠯ ᠬᠠᠷᠠᠭᠠᠯᠵᠠᠯᠲᠤ ᠪᠠᠭ᠎ᠠ ᠪᠢᠴᠢᠯ ᠵᠢᠭᠡᠯᠡᠯᠭᠡ ᠶᠢᠨ ᠡᠬᠡ ᠮᠥᠩᠭᠦ ᠪᠣᠯᠤᠨ   ᠲᠦᠯᠦᠬᠦ ᠴᠢᠬᠤᠯᠠᠳᠠᠢ ᠬᠦᠤ ᠮᠥᠩᠭᠦ ᠶᠢ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠠᠵᠤ ᠠᠬᠤᠶᠢᠯᠠᠯ ᠤᠨ ᠬᠤᠭᠤᠴᠠᠭ᠎ᠠ ᠬᠤᠶᠢᠰᠢᠯᠠᠭᠤᠯᠤᠨ ᠡᠬᠡ ᠮᠥᠩᠭᠦ ᠪᠤᠴᠠᠭᠠᠬᠤ ᠪᠠ ᠬᠦᠦ ᠮᠦᠩᠭᠦ ᠲᠦᠯᠦᠬᠦ ᠭᠤᠶᠤᠴᠢᠯᠠᠯ ᠢ ᠦᠨᠳᠦᠰᠦᠯᠡᠨ᠂ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠪᠠᠶᠢᠳᠠᠯ ᠪᠣᠯᠤᠨ ᠡᠵᠡᠩᠨᠡᠯᠲᠡ ᠶᠢᠨ ᠪᠠᠶᠢᠳᠠᠯ ᠲᠠᠢ ᠨᠢ ᠤᠶᠠᠯᠳᠤᠭᠤᠯᠵᠤ᠂ ᠠᠵᠤ ᠠᠬᠤᠶᠢᠯᠠᠯ  ᠤᠨ ᠡᠬᠡ ᠮᠥᠩᠭᠦ ᠪᠤᠴᠠᠭᠠᠬᠤ ᠪᠠ ᠬᠦᠤ ᠮᠥᠩᠭᠦ ᠲᠦᠯᠦᠬᠦ ᠬᠤᠭᠤᠴᠠᠭ᠎ᠠ ᠶᠢ ᠵᠤᠬᠢᠬᠤ ᠬᠡᠮᠵᠢᠶ᠎ᠡ ᠪᠠᠷ ᠤᠷᠳᠤᠳᠬᠠᠬᠤ ᠲᠣᠬᠢᠷᠠᠭᠤᠯᠤᠯᠲᠠ ᠬᠢᠵᠦ᠂ ᠡᠬᠡ ᠮᠥᠩᠭᠦ ᠪᠤᠴᠠᠭᠠᠬᠤ ᠪᠠ ᠬᠦᠦ ᠮᠥᠩᠭᠦ ᠲᠦᠯᠦᠬᠦ ᠡᠳᠦᠷ ᠬᠤᠭᠤᠴᠠᠭ᠎ᠠ ᠶᠢ ᠬᠠᠮᠤᠭ ᠤᠨ ᠤᠷᠲᠤ ᠳᠤ ᠪᠠᠨ 2021 ᠣᠨ ᠤ 3 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠤᠷᠲᠤᠳᠬᠠᠵᠤ᠂ ᠲᠣᠷᠭᠠᠭᠤᠯᠢ ᠶᠢᠨ ᠬᠦᠦ ᠮᠥᠩᠭᠦ  ᠬᠤᠷᠢᠶᠠᠬᠤ ᠠᠴᠠ ᠬᠡᠯᠳᠦᠷᠢᠭᠦᠯᠦᠨ᠎ᠠ᠃ ︵ᠥᠪᠥᠷ ᠮᠣᠩᠭᠤᠯ ᠤᠨ ᠪᠠᠩᠭᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠭᠢ ᠶᠢᠨ ᠬᠦᠬᠡᠬᠤᠲᠠ ᠲᠥᠪ ᠰᠠᠯᠪᠤᠷᠢ ᠪᠠᠩᠬᠢ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠣᠷᠣᠨ ᠨᠤᠲᠤᠭ ᠤᠨ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠬᠠᠷᠢᠭᠤᠴᠠᠨ᠎ᠠ︶      3. ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠲᠥᠷᠥ ᠶᠢᠨ ᠪᠣᠳᠣᠯᠭ᠎ᠠ ᠶᠢᠨ  ᠵᠦᠪᠰᠢᠶᠡᠷᠡᠬᠦ ᠬᠡᠪᠴᠢᠶᠡᠨ ᠳᠤ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠵᠤ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠵᠢᠭᠡᠯᠡᠯᠭᠡ ᠶᠢᠨ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠦᠨ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠵᠢᠭᠡᠯᠡᠯᠭᠡ ᠶᠢᠨ ᠶᠡᠷᠦᠩᠬᠡᠶᠢᠯᠡᠭᠰᠡᠨ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠢᠯᠡᠳᠲᠡ ᠪᠠᠭᠤᠷᠠᠭᠤᠯᠬᠤ ᠪᠠᠷ ᠴᠢᠷᠮᠠᠶᠢᠨ᠎ᠠ᠃ ︵ᠥᠪᠥᠷ ᠮᠣᠩᠭᠤᠯ ᠤᠨ ᠪᠠᠩᠭᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠭᠢ ᠶᠢᠨ ᠬᠦᠬᠡᠬᠤᠲᠠ ᠲᠥᠪ ᠰᠠᠯᠪᠤᠷᠢ ᠪᠠᠩᠬᠢ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠣᠷᠣᠨ ᠨᠤᠲᠤᠭ ᠤᠨ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠬᠠᠷᠢᠭᠤᠴᠠᠨ᠎ᠠ︶      ︵ ᠲᠠᠪᠤ︶  ᠠᠵᠤ ᠠᠬᠤᠶᠢᠯᠠᠯ ᠳᠤ ᠵᠢᠭᠡᠯᠡᠯᠭᠡ ᠶᠢᠨ ᠳᠡᠮ ᠬᠦᠤ ᠥᠭᠬᠦ ᠡᠷᠴᠢᠮ ᠢᠶᠠᠨ ᠨᠡᠮᠡᠭᠳᠡᠭᠦᠯᠦᠨ᠎ᠡ᠃ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠵᠢᠯ ᠤᠨ ᠰᠢᠨ᠎ᠡ ᠪᠠᠷ ᠨᠡᠮᠡᠭᠳᠡᠭᠰᠡᠨ ᠭᠦᠢᠯᠭᠡᠭᠡᠨ ᠤ ᠪᠡᠯᠡ ᠮᠦᠩᠭᠦ  ᠶᠢᠨ ᠵᠢᠭᠡᠯᠡᠯᠭᠡ ᠳᠤ 50% ᠪᠠᠷ ᠳᠠᠮ ᠬᠦᠤ ᠥᠭᠭᠦᠨ᠎ᠡ ︵ᠳᠠᠮ ᠬᠦᠤ ᠶᠢᠨ ᠨᠣᠷᠮ᠎ᠠ ᠨᠢ 5% ᠠᠴᠠ ᠦᠨᠳᠦᠷ ᠪᠠᠶᠢᠵᠤ ᠪᠣᠯᠬᠤ ᠦᠭᠡᠶ︶᠃ ᠠᠳᠠᠯᠢ ᠨᠢᠭᠡᠨ ᠠᠵᠤ ᠠᠬᠤᠶᠢᠯᠠᠯ ᠤᠨ ᠠᠳᠠᠯᠢ ᠨᠢᠭᠡ ᠤᠳᠠᠭᠠᠨ ᠤ ᠵᠢᠭᠡᠯᠡᠯᠭᠡ ᠨᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠤᠰᠤᠳ ᠵᠢᠭᠡᠯᠡᠯᠭᠡ ᠶᠢᠨ ᠳᠠᠮ ᠬᠦᠤ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠬᠦᠷᠲᠡᠭᠰᠡᠨ ᠪᠣᠯ  ᠳᠠᠬᠢᠨ ᠳᠠᠪᠳᠠᠨ ᠨᠥᠬᠦᠪᠥᠷᠢᠯᠡᠬᠦ ᠦᠭᠡᠶ᠃  ︵ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶      ᠭᠤᠷᠪᠠ᠂ ᠵᠢᠭᠤᠯᠴᠢᠯᠠᠯ ᠤᠨ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠦᠨ᠎ᠡ᠃      ︵ ᠵᠢᠷᠭᠤᠭ᠎ᠠ︶ ᠵᠢᠭᠤᠯᠴᠢᠯᠠᠯ ᠤᠨ ᠵᠠᠬ᠎ᠠ ᠳᠡᠯᠭᠡᠭᠦᠷ ᠤᠨ  ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠨ᠎ᠠ᠃  ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠰᠣᠶᠣᠯ ᠵᠢᠭᠤᠯᠴᠢᠯᠠᠯ᠂ ᠵᠠᠬ᠎ᠠ ᠳᠡᠯᠭᠡᠭᠦᠷ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠵᠡᠷᠭᠡ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠢ ᠴᠡᠭᠴᠡᠯᠡᠬᠦ ᠦᠨᠳᠦᠷ ᠲᠠᠷᠤᠯᠳᠠᠳᠤ ᠪᠠᠶᠢᠳᠠᠯ ᠢ ᠪᠠᠲᠤᠯᠠᠨ᠂ ︽ᠵᠦᠢ ᠵᠣᠬᠢᠰ ᠦᠭᠡᠢ ᠬᠢᠮᠳᠠ ᠦᠨ᠎ᠡ ᠶᠢᠨ ᠵᠢᠭᠤᠯᠴᠢᠯᠠᠯ︾ ᠢ ᠵᠣᠬᠢᠶᠠᠨ ᠪᠠᠶᠢᠭᠤᠯᠤᠨ ᠬᠦᠯᠢᠶᠡᠨ ᠠᠪᠬᠤ᠂ ᠵᠢᠭᠤᠯᠴᠢᠯᠠᠭᠴᠢᠳ ᠢ ᠮᠡᠬᠡᠯᠡᠬᠦ ᠪᠤᠶᠤ ᠰᠦᠷᠳᠡᠬᠦᠯᠵᠦ ᠪᠠᠶᠢᠭᠠᠳ ᠪᠠᠷᠠᠭ᠎ᠠ ᠬᠤᠳᠠᠯᠳᠤᠨ ᠠᠪᠤᠭᠤᠯᠬᠤ ᠵᠡᠷᠭᠡ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠮᠠᠭᠤᠷᠠᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠢᠭᠤᠯᠴᠢᠯᠠᠭᠴᠢᠳ ᠤᠨ ᠵᠠᠭᠠᠯᠳᠤᠯᠭ᠎ᠠ ᠶᠢ ᠴᠢᠨᠠᠷ ᠰᠠᠶᠢᠲᠠᠶ ᠪᠥᠭᠡᠳ ᠲᠦᠷᠭᠡᠨ ᠰᠢᠢᠳᠪᠦᠷᠢᠯᠡᠵᠦ᠂ ᠵᠢᠭᠤᠯᠴᠢᠯᠠᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ︵ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠪᠠ ᠵᠢᠭᠤᠯᠴᠢᠯᠠᠯ ᠤᠨ ᠲᠢᠩᠬᠢᠮ  ᠬᠠᠷᠢᠭᠤᠴᠠᠨ᠎ᠠ︶      ︵ ᠳᠣᠯᠤᠭ᠎ᠠ︶ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠰᠢᠨ᠎ᠡ ᠭᠢᠯᠠᠰ ᠴᠡᠭ ᠢ ᠡᠭᠦᠳᠦᠨ ᠴᠣᠭᠴᠠᠯᠠᠨ᠎ᠠ᠃      1.  ᠵᠢᠭᠤᠯᠴᠢᠯᠠᠯ ᠤᠨ ᠬᠥᠭᠵᠢᠯᠲᠡᠢ ᠤᠯᠠᠷᠢᠯ ᠳᠤ ᠪᠦᠬᠦ ᠣᠷᠣᠨ ᠤ ᠰᠣᠳᠣᠨ ᠪᠦᠲᠦᠭᠡᠯ ᠤᠨ ᠤᠷᠠᠨ ᠲᠣᠭᠯᠠᠯᠲᠠ᠂ ᠪᠣᠳᠠᠰ ᠤᠨ ᠪᠤᠰᠤ ᠰᠣᠶᠣᠯ ᠤᠨ ᠥᠪ ᠪᠠ ᠰᠣᠶᠣᠯ ᠤᠨ ᠪᠦᠲᠦᠭᠡᠯᠴᠢ ᠠᠵᠤ ᠦᠢᠯᠡᠰ ᠢ ᠦᠵᠡᠮᠵᠢ ᠶᠢᠨ ᠣᠷᠣᠨ ᠳᠤ ᠣᠷᠤᠭᠤᠯᠬᠤ᠂ ᠨᠡᠶᠢᠭᠡᠮ ᠲᠣᠭᠤᠷᠢᠭ ᠲᠤ ᠣᠷᠤᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠦ ᠡᠷᠬᠢᠯᠡᠨ᠂ ᠡᠯ᠎ᠡ ᠠᠶᠢᠮᠠᠭ ᠬᠤᠲᠠ ᠶᠢᠨ ᠬᠢᠨ ᠤ ᠣᠨᠴᠠᠯᠢᠭᠲᠤ ᠵᠡᠭᠡᠯᠢ ᠲᠣᠭᠤᠷᠢᠭ ᠡᠭᠦᠳᠦᠨ ᠪᠠᠶᠢᠭᠤᠯᠬᠤ᠂ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠬᠡᠯ ᠪᠠᠶᠢᠭᠤᠯᠬᠤ ᠵᠡᠷᠭᠡ ᠶᠢ ᠳᠠᠮᠵᠢᠵᠤ᠂ ᠥᠷᠭᠡᠨ ᠣᠯᠠᠨ ᠠᠷᠠᠳ ᠲᠦᠮᠡᠨ ᠳᠤ ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠬᠠᠩᠭᠠᠨ᠎ᠠ᠃ ︵ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠬᠠᠷᠢᠭᠤᠴᠠᠨ᠎ᠠ︶      2.   ᠪᠦᠬᠦ ᠣᠷᠣᠨ ᠤ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠪᠠ ᠰᠣᠶᠣᠯ ᠵᠢᠭᠤᠯᠴᠢᠯᠠᠯ ᠤᠨ ᠰᠣᠳᠣᠨ ᠪᠦᠲᠦᠭᠡᠭᠳᠡᠬᠦᠨ ᠢ ᠳᠡᠯᠭᠡᠨ ᠦᠵᠡᠭᠦᠯᠬᠦ ᠠᠵᠢᠯᠯᠠᠭ᠎ᠠ ᠶᠢ ᠡᠷᠬᠢᠯᠡᠨ᠂ ᠪᠥᠬᠦ ᠣᠷᠣᠨ ᠤ ᠦᠨᠳᠦᠰᠦᠲᠡᠨ ᠤ ᠰᠣᠳᠣᠨ ᠭᠠᠷ ᠤᠷᠠᠯᠠᠯ ᠤᠨ ᠪᠦᠲᠦᠭᠡᠭᠳᠡᠬᠦᠨ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠰᠢᠯ᠂ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠲᠠᠸᠠᠷ᠂ ᠥᠪᠥᠷ ᠮᠣᠩᠭᠤᠯ ᠤᠨ ᠳᠠᠭᠤᠤ ᠬᠦᠭᠵᠢᠮ᠂ ᠥᠪᠥᠷ ᠮᠣᠩᠭᠤᠯ ᠤᠨ ᠦᠨᠦᠷ ᠠᠮᠲᠠ ᠵᠢᠴᠢ ᠥᠪᠥᠷ ᠮᠣᠩᠭᠤᠯ ᠤᠨ ᠰᠣᠳᠣᠨ ᠵᠢᠭᠤᠯᠴᠢᠯᠠᠯ ᠤᠨ ᠵᠠᠮ ᠱᠤᠭᠤᠮ ᠪᠠ ᠥᠪᠡᠷᠮᠢᠴᠡ ᠣᠨᠴᠠᠯᠢᠭ ᠲᠠᠢ ᠵᠢᠭᠤᠯᠴᠢᠯᠠᠯ ᠤᠨ ᠪᠦᠲᠦᠭᠡᠭᠳᠡᠭᠦᠨ ᠵᠡᠷᠭᠡ ᠶᠢ ᠲᠥᠪᠯᠡᠷᠡᠭᠦᠯᠦᠨ ᠳᠡᠯᠭᠡᠨ ᠦᠵᠡᠭᠦᠯᠵᠦ᠂ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠰᠢᠨ᠎ᠡ ᠬᠢᠯᠠᠰ ᠴᠡᠭ ᠢ ᠪᠣᠶ ᠪᠣᠯᠭᠠᠨ᠎ᠠ᠃ ︵ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠬᠠᠷᠢᠭᠤᠴᠠᠨ᠎ᠠ︶      ᠳᠥᠷᠪᠡ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠨ᠎ᠡ      ︵ ᠨᠠᠢᠮᠠ︶ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠭᠦᠳᠡᠨ ᠪᠢᠯᠧᠲ ᠢ ᠬᠠᠰᠤᠵᠤ ᠬᠡᠯᠲᠦᠷᠢᠭᠦᠯᠦᠨ᠎ᠡ      1. ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠵᠠᠰᠠᠬᠤ ᠳᠤ ᠣᠷᠣᠯᠴᠠᠭᠰᠠᠨ ᠨᠢᠭᠡᠳᠦᠭᠡᠷ ᠹᠷᠣᠨᠲ ᠤᠨ ᠡᠮᠴᠢᠯᠡᠭᠡᠨ ᠤ ᠠᠵᠢᠯᠳᠠᠳ 2020 ᠣᠨ ᠳᠤ A ᠲᠠᠰ ᠠᠴᠠ ᠳᠡᠭᠡᠭᠰᠢᠬᠢ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠵᠢᠭᠤᠯᠴᠢᠯᠠᠬᠤ ᠳᠤ ᠲᠡᠳᠡᠨ ᠠᠴᠠ ᠴᠦᠮ ᠡᠭᠦᠳᠡᠨ ᠪᠢᠯᠧᠲ ᠬᠤᠷᠢᠶᠠᠬᠤ ᠦᠭᠡᠢ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠬᠠᠷᠢᠭᠤᠴᠠᠨ᠎ᠠ︶      2. ᠲᠤᠬᠠᠶ ᠶᠢᠨ ᠵᠢᠯ ᠤᠨ ᠶᠡᠭᠡ ᠰᠤᠷᠭᠠᠭᠤᠯᠢ ᠶᠢᠨ ᠰᠢᠯᠭᠠᠯᠲᠠ ᠪᠣᠯᠣᠨ ᠦᠨᠳᠦᠷ ᠳᠤᠮᠳᠠᠲᠤ ᠶᠢᠨ ᠰᠢᠯᠭᠠᠯᠲᠠ ᠳᠤ ᠣᠷᠣᠯᠴᠠᠭᠰᠠᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠵᠢᠯ ᠤᠨ ᠳᠣᠲᠣᠷ᠎ᠠ A ᠲᠠᠰ ᠠᠴᠠ ᠳᠡᠭᠡᠭᠰᠢᠬᠢ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠵᠢᠭᠤᠯᠴᠢᠯᠠᠬᠤ ᠳᠤ ᠲᠡᠳᠡᠨ ᠠᠴᠠ ᠴᠥᠮ ᠡᠭᠦᠳᠡᠨ ᠪᠢᠯᠧᠲ ᠬᠤᠷᠢᠶᠠᠬᠤ ᠦᠭᠡᠢ᠃ ᠬᠠᠰᠤᠵᠤ ᠬᠡᠯᠲᠡᠷᠡᠭᠦᠯᠦᠭᠰᠡᠨ ᠬᠡᠰᠡᠭ  ᠢ ᠨᠢ ᠡᠯ᠎ᠡ ᠱᠠᠲᠤᠨ ᠤ ᠡᠳ᠋ ᠤᠨ ᠵᠠᠰᠠᠭ ᠠᠴᠠ  ᠨᠦᠭᠦᠪᠦᠷᠢᠯᠡᠨ᠎ᠠ ︵ᠪᠣᠳᠠᠲᠠᠶ ᠠᠷᠭ᠎ᠠ ᠶᠢ ᠠᠰ ᠲᠤ ᠨᠢ ᠲᠣᠭᠲᠠᠭᠠᠨ᠎ᠠ︶︔ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠶᠢᠨ ᠦᠨ᠎ᠡ ᠶᠢ ᠬᠡᠷᠡᠭᠵᠢᠭᠦᠯᠵᠦ ᠪᠠᠶᠢᠭ᠎ᠠ A ᠳᠡᠰ ᠠᠴᠠ ᠳᠡᠭᠡᠭᠰᠢᠬᠢ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠡᠭᠦᠳᠡᠨ ᠪᠢᠯᠧᠲ ᠤᠨ ᠬᠠᠷᠠᠭᠠᠯᠵᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠬᠦ ᠶᠢ ᠵᠤᠷᠢᠨᠨᠵᠢᠭᠤᠯᠬᠤ ᠶᠢᠨ ᠬᠠᠮᠲᠤ ᠠᠳᠠᠯᠢ ᠲᠡᠭᠰᠢ ᠪᠠᠷ ᠨᠦᠬᠦᠪᠦᠷᠢ ᠣᠯᠭᠤᠮᠵᠢ ᠭᠦᠷᠳᠡᠬᠡᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ  ᠬᠠᠷᠢᠭᠤᠴᠠᠨ᠎ᠠ︶      3.  ᠵᠠᠰᠠᠭ ᠤᠨ ᠣᠷᠳᠣᠨ ᠤ ᠵᠢᠯᠣᠭᠤᠳᠤᠮᠵᠢ ᠶᠢᠨ ᠦᠨ᠎ᠡ ᠶᠢ ᠬᠡᠷᠡᠭᠵᠢᠭᠦᠯᠵᠦ ᠪᠠᠶᠢᠭ᠎ᠠ A ᠳᠡᠰ ᠠᠴᠠ ᠳᠡᠭᠡᠭᠰᠢᠬᠢ  ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠵᠢᠯ ᠤᠨ ᠳᠣᠲᠣᠷ᠎ᠠ ᠡᠭᠦᠳᠡᠨ ᠪᠢᠯᠧᠲ ᠤᠨ ᠦᠨ᠎ᠡ ᠶᠢ ᠴᠥᠮ 50% ᠪᠠᠷ ᠬᠠᠰᠤᠵᠤ ᠬᠡᠯᠲᠦᠷᠢᠭᠦᠯᠦᠨ᠎ᠡ᠃ ᠬᠠᠰᠤᠵᠤ ᠬᠡᠯᠲᠦᠷᠢᠭᠦᠯᠦᠭᠰᠡᠨ ᠬᠡᠰᠡᠭ ᠢ ᠡᠯ᠎ᠡ ᠱᠠᠲᠤᠨ ᠤ ᠡᠳ᠋ ᠤᠨ ᠵᠠᠰᠠᠭ ᠠᠴᠠ  ᠨᠦᠭᠦᠪᠦᠷᠢᠯᠡᠨ᠎ᠠ ︵ᠪᠣᠳᠠᠲᠠᠶ ᠠᠷᠭ᠎ᠠ ᠶᠢ ᠠᠰ ᠲᠤ ᠨᠢ ᠲᠣᠭᠲᠠᠭᠠᠨ᠎ᠠ︶︔ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠶᠢᠨ ᠦᠨ᠎ᠡ ᠶᠢ ᠬᠡᠷᠡᠭᠵᠢᠭᠦᠯᠵᠦ ᠪᠠᠶᠢᠭ᠎ᠠ A ᠳᠡᠰ ᠠᠴᠠ ᠳᠡᠭᠡᠭᠰᠢᠬᠢ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠡᠭᠦᠳᠡᠨ ᠪᠢᠯᠧᠲ ᠤᠨ ᠬᠠᠷᠠᠭᠠᠯᠵᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠬᠦ  ᠶᠢ ᠵᠤᠷᠢᠨᠨᠵᠢᠭᠤᠯᠬᠤ ᠶᠢᠨ ᠬᠠᠮᠲᠤ ᠠᠳᠠᠯᠢ ᠲᠡᠭᠰᠢ   ᠪᠠᠷ ᠨᠦᠬᠦᠪᠦᠷᠢ ᠣᠯᠭᠤᠮᠵᠢ ᠭᠦᠷᠳᠡᠬᠡᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ ᠬᠠᠷᠢᠭᠤᠴᠠᠨ᠎ᠠ︶      4.ᠠᠶᠠᠨᠴᠢᠯᠠᠯ ᠤᠨ ᠭᠠᠵᠠᠷ ᠠᠴᠠ ᠵᠣᠬᠢᠶᠠᠨ ᠪᠠᠶᠢᠭᠤᠯᠤᠭᠰᠠᠨ ᠵᠢᠭᠤᠯᠴᠢᠯᠠᠯ ᠤᠨ ᠪᠦᠯᠬᠦᠮ ᠢ ᠵᠢᠭᠤᠯᠴᠢᠯᠠᠬᠤ ᠦᠵᠡᠮᠵᠢ ᠶᠢᠨ ᠣᠷᠣᠨ ᠤ ᠡᠭᠦᠳᠡᠨ ᠪᠢᠯᠧᠲ ᠠᠴᠠ ᠪᠦᠬᠦᠨ ᠢ ᠬᠡᠯᠲᠦᠷᠢᠭᠦᠯᠵᠦ᠂ ᠬᠡᠯᠲᠦᠷᠢᠭᠦᠯᠦᠭᠰᠡᠨ ᠬᠡᠰᠡᠭ ᠢ ᠡᠯ᠎ᠡ ᠱᠠᠲᠤᠨ ᠤ ᠡᠳ᠋ ᠤᠨ ᠵᠠᠰᠠᠭ ᠠᠴᠠ ᠨᠦᠭᠦᠪᠦᠷᠢᠯᠡᠨ᠎ᠠ ︵ᠪᠣᠳᠠᠲᠠᠶ ᠠᠷᠭ᠎ᠠ ᠶᠢ ᠠᠰ ᠲᠤ ᠨᠢ ᠲᠣᠭᠲᠠᠭᠠᠨ᠎ᠠ︶᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ  ᠬᠠᠷᠢᠭᠤᠴᠠᠨ᠎ᠠ︶      ︵ᠶᠢᠰᠦ︶ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠡᠷᠡᠭᠯᠡᠭᠡ ᠶᠢ ᠬᠥᠭᠵᠢᠭᠡᠨ᠎ᠡ᠃      1. ᠪᠦᠬᠦ ᠣᠷᠣᠨ ᠤ ᠰᠤᠳᠤᠯᠵᠦ ᠰᠤᠷᠤᠯᠴᠠᠬᠤ ᠦᠢᠯᠡᠳᠦᠯᠭᠡ ᠶᠢᠨ ᠵᠦᠭᠯᠡᠭᠦᠷ ᠢ ᠲᠣᠭᠲᠠᠭᠠᠵᠤ᠂ ᠰᠤᠳᠤᠯᠵᠦ ᠰᠤᠷᠤᠯᠴᠠᠬᠤ ᠶᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠲᠥᠯᠥᠪᠯᠡᠭᠡ ᠳᠤ ᠣᠷᠣᠭᠤᠯᠵᠤ᠂ ᠭᠤᠤᠯᠳᠠᠯᠭ᠎ᠠ ᠲᠠᠢ ᠵᠢᠭᠤᠯᠴᠢᠯᠠᠬᠤ ᠦᠵᠡᠮᠵᠢ ᠶᠢᠨ ᠣᠷᠣᠨ ᠳᠤ ᠰᠤᠳᠤᠯᠵᠦ ᠰᠤᠷᠤᠯᠴᠠᠬᠤ ᠰᠠᠭᠤᠷᠢᠨ ᠭᠠᠵᠠᠷ ᠡᠭᠦᠳᠦᠨ  ᠪᠠᠶᠢᠭᠤᠯᠬᠤ ᠶᠢ ᠲᠡᠳᠭᠦᠵᠦ ᠲᠡᠮᠵᠢᠨ᠎ᠠ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ ᠬᠠᠷᠢᠭᠤᠴᠠᠨ᠎ᠠ︶      2. ᠴᠠᠯᠢᠩ ᠲᠠᠢ ᠠᠮᠠᠷᠠᠬᠤ ᠳᠦᠷᠢᠮ ᠢ ᠨᠠᠶᠢᠳᠠᠪᠤᠷᠢᠵᠢᠭᠤᠯᠵᠤ᠂ ᠺᠠᠳ᠋ᠷ ᠠᠵᠢᠯᠳᠠᠳ ᠤᠨ ᠴᠠᠭ ᠬᠤᠭᠤᠴᠠᠭ᠎ᠠ ᠬᠤᠪᠢᠶᠠᠨ  ᠠᠮᠠᠷᠠᠬᠤ᠂ ᠠᠵᠢᠯ ᠤᠨ ᠰᠤᠯᠠ ᠰᠠᠯᠠᠭᠦᠥ ᠴᠠᠭ ᠲᠤ ᠠᠮᠠᠷᠠᠬᠤ ᠶᠢ ᠵᠣᠷᠢᠭᠵᠢᠭᠤᠯᠵᠤ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠲᠠᠢ ᠤᠶᠠᠯᠳᠤᠭᠤᠯᠤᠨ ᠵᠢᠭᠤᠯᠴᠢᠯᠠᠬᠤ ᠠᠮᠠᠷᠠᠯᠲᠠ ᠶᠢᠨ ᠴᠢᠯᠦᠭᠡ ᠪᠠᠨ ᠲᠣᠬᠢᠷᠠᠭᠤᠯᠬᠤ ᠶᠢ  ᠰᠠᠨᠠᠭᠠᠴᠢᠯᠠᠨ᠎ᠠ᠃ ᠨᠥᠬᠦᠴᠡᠯ ᠲᠠᠢ ᠭᠠᠵᠠᠷ ᠣᠷᠣᠨ ᠪᠣᠯᠤᠨ ᠠᠯᠪᠠᠨ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠢ ᠵᠤᠨ ᠤ ᠤᠯᠠᠷᠢᠯ ᠤᠨ ᠠᠵᠢᠯᠯᠠᠵᠤ ᠠᠮᠠᠷᠠᠬᠤ  ᠴᠠᠭ ᠢ ᠬᠠᠤᠯᠢ ᠶᠣᠰᠣᠭᠠᠷ ᠰᠢᠯᠢᠳᠡᠭᠵᠢᠭᠦᠯᠦᠨ ᠲᠣᠬᠢᠷᠠᠭᠤᠯᠬᠤ ᠶᠢ ᠵᠣᠷᠢᠭᠵᠢᠭᠤᠯᠵᠤ᠂ ᠠᠵᠢᠯᠳᠠᠳ ᠤᠨ ᠭᠠᠷᠠᠭ ᠤᠨ ᠰᠡᠭᠦᠯᠴᠢ ᠭᠠᠳᠠᠭᠰᠢ ᠭᠠᠷᠴᠤ ᠵᠢᠭᠤᠯᠴᠢᠯᠠᠬᠤ ᠳᠤ ᠠᠰᠢᠭᠲᠠᠢ ᠨᠥᠬᠦᠴᠡᠯ ᠢ ᠪᠦᠷᠢᠯᠳᠦᠭᠦᠯᠵᠦ ᠥᠭᠭᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠠᠷᠢᠭᠤᠴᠠᠨ᠎ᠠ︶      3. ᠡᠯ᠎ᠡ ᠲᠥᠷᠥᠯ ᠤᠨ ᠬᠤᠲᠠ ᠶᠢᠨ ᠰᠥᠨᠢ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠬᠥᠭᠵᠢᠭᠦᠯᠬᠦ ᠶᠢ ᠵᠣᠷᠢᠭᠵᠢᠭᠤᠯᠤᠨ ᠳᠠᠮᠵᠢᠨ᠎ᠠ᠃ ᠬᠤᠲᠠ ᠶᠢᠨ ᠪᠦᠲᠦᠭᠡᠨ ᠪᠠᠶᠢᠭᠤᠯᠤᠨᠨᠰᠠᠨ ᠰᠣᠶᠣᠯ ᠵᠢᠭᠤᠯᠴᠢᠯᠠᠯ ᠤᠨ ᠵᠡᠭᠡᠯᠢ ᠲᠣᠭᠤᠷᠢᠭ ᠲᠤ ᠳᠡᠮᠵᠢᠯᠭᠡ ᠦᠵᠡᠭᠦᠯᠵᠦ᠂ ᠬᠤᠲᠠ ᠶᠢᠨ ᠣᠨᠴᠠᠯᠢᠭᠲᠤ ᠵᠢᠭᠤᠯᠴᠢᠯᠠᠯ ᠤᠨ ᠵᠡᠭᠡᠯᠢ ᠲᠣᠭᠤᠷᠢᠭ ᠤᠨ ᠰᠥᠨᠢ ᠶᠢᠨ ᠵᠤᠭᠠᠴᠠᠨ ᠲᠣᠭᠤᠷᠢᠬᠤ᠂ ᠢᠳᠡᠭᠡᠨ ᠤᠮᠳᠠᠭᠠᠨ᠂ ᠲᠠᠸᠠᠷ ᠬᠤᠳᠠᠯᠳᠤᠵᠦ ᠠᠪᠬᠤ᠂ ᠤᠷᠠᠨ ᠲᠣᠭᠯᠠᠯᠲᠠ ᠵᠡᠷᠭᠡ ᠦᠢᠯᠡᠴᠢᠯᠡᠭᠡᠨ ᠢ ᠬᠥᠭᠵᠢᠭᠦᠯᠬᠦ ᠶᠢ  ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶      ᠲᠠᠪᠤ᠂ ᠵᠢᠭᠤᠯᠴᠢᠯᠠᠯ ᠤᠨ ᠤᠬᠠᠭᠤᠯᠤᠨ ᠳᠡᠯᠭᠡᠷᠡᠭᠦᠯᠬᠦ ᠶᠢ ᠴᠢᠩᠭᠠᠷᠠᠭᠤᠯᠤᠨ᠎ᠠ      ︵ᠠᠷᠪᠠ︶ ᠰᠣᠶᠣᠯ ᠵᠢᠭᠤᠯᠴᠢᠯᠠᠯ ᠤᠨ ᠳᠦᠷᠢ ᠲᠥᠷᠬᠦ ᠶᠢᠨ ᠨᠠᠷᠠᠲᠤ ᠲᠡᠮᠳᠡᠭᠲᠦ ᠶᠢ ᠪᠣᠶ ᠪᠣᠯᠭᠠᠨ᠎ᠠ᠃      1. ᠲᠥᠪ ᠤᠨ ᠲᠧᠯᠸᠢᠰ᠂ ᠥᠪᠥᠷ ᠮᠣᠩᠭᠤᠯ ᠤᠨ ᠣᠳᠣᠨ ᠲᠧᠯᠸᠢᠰ ᠪᠣᠯᠤᠨ ᠤᠯᠤᠰ ᠤᠨ ᠳᠣᠲᠣᠭᠠᠳᠤ ᠶᠢᠨ ᠠᠶᠠᠨᠴᠢᠳ ᠤᠨ ᠢᠷᠡᠯᠲᠡ ᠶᠢᠨ  ᠭᠤᠤᠯ ᠪᠣᠯᠬᠤ ᠬᠤᠲᠠ ᠳᠤ ᠵᠢᠭᠤᠯᠴᠢᠯᠠᠯ ᠤᠨ ᠳᠦᠷᠢ ᠲᠥᠷᠬᠦ ᠶᠢᠨ ᠵᠠᠷ ᠮᠡᠳᠡᠭᠡ ᠲᠠᠯᠪᠢᠬᠤ ᠶᠢ ᠳᠠᠮᠵᠢᠨ᠎ᠠ᠃ ︽ᠡᠬᠡ ᠤᠯᠤᠰ ᠤᠨ ᠤᠮᠠᠷᠠᠲᠤ ᠣᠷᠣᠨ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ︾ ᠢᠶᠠᠷ ᠭᠤᠣᠯ ᠰᠡᠳᠦᠪ ᠪᠣᠯᠭᠠᠵᠤ᠂ ᠠᠳᠠᠯᠢ ᠪᠤᠰᠤ ᠤᠯᠠᠷᠢᠯ᠂ ᠠᠳᠠᠯᠢ ᠪᠤᠰᠤ ᠤᠬᠠᠭᠤᠯᠭ᠎ᠠ ᠶᠢᠨ ᠭᠤᠤᠯ ᠰᠡᠳᠦᠪ ᠢᠶᠠᠷ᠂ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠵᠠᠷ ᠮᠡᠳᠡᠭᠡ ᠶᠢ ᠲᠥᠷᠥᠯ ᠬᠤᠪᠢᠶᠠᠨ ᠲᠦᠰᠦᠪᠯᠡᠵᠦ  ᠲᠠᠯᠪᠢᠨ᠎ᠠ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠬᠠᠷᠢᠭᠤᠴᠠᠨ᠎ᠠ︶      2. ᠢᠨᠲ᠋ᠧᠷ ᠰᠦᠯᠵᠢᠶ᠎ᠡ ᠰᠢᠨ᠎ᠡ ᠵᠠᠭᠤᠴᠢᠯᠠᠭᠤᠷ ᠢ ᠠᠰᠢᠨᠨᠯᠠᠵᠦ ᠰᠠᠶᠢᠳᠤᠷ ᠤᠬᠠᠭᠤᠯᠤᠨ᠎ᠠ᠃ ᠲᠤᠰᠬᠠᠶ ᠮᠡᠷᠭᠡᠵᠢᠯ ᠤᠨ ᠪᠦᠯᠬᠦᠮ ᠳᠤ ᠨᠠᠶᠢᠳᠠᠵᠤ ᠰᠡᠭᠦᠳᠡᠷᠯᠡᠭᠦᠯᠬᠦ᠂ ᠵᠢᠭᠤᠯᠴᠢᠯᠠᠯ  ᠤᠨ ᠤᠷ᠎ᠠ ᠠᠪᠢᠶᠠᠰᠤᠲᠡᠨ ︵ᠰᠦᠯᠵᠢᠶᠡᠨ ᠴᠤᠤᠲᠠᠨ︶  ᠢ ᠤᠷᠢᠵᠤ ᠰᠡᠭᠦᠳᠡᠷᠯᠡᠭᠦᠯᠬᠦ᠂ ᠨᠡᠶᠢᠭᠡᠮ ᠤᠨ ᠣᠯᠠᠨ ᠨᠡᠶᠢᠲᠡ ᠶᠢ ᠵᠣᠷᠢᠭᠵᠢᠭᠤᠯᠤᠨ ᠰᠡᠭᠦᠳᠡᠷᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠵᠤᠭᠠᠴᠠᠯ ᠤᠨ ᠲᠡᠮᠳᠡᠭᠯᠡᠯ᠂ ᠵᠢᠷᠤᠭ᠂ ᠣᠬᠤᠷ ᠸᠢᠳᠢᠣ᠋ ᠶᠢ ᠡᠯᠰᠡᠨ ᠴᠤᠭᠯᠠᠭᠤᠯᠵᠤ᠂ ᠸᠢᠴᠠᠲ᠂ ᠪᠢᠴᠢᠯ ᠪᠥᠷᠬᠡ᠂ ᠲᠢᠭ᠋ ᠲᠤᠭ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠳᠤ  ᠲᠦᠪᠯᠡᠷᠡᠭᠦᠯᠵᠦ  ᠤᠬᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠬᠠᠷᠢᠭᠤᠴᠠᠨ᠎ᠠ︶      3.  ᠲᠤᠰᠬᠠᠶ ᠵᠦᠢᠯ ᠤᠨ ᠡᠵᠡᠩᠨᠡᠨ ᠪᠣᠷᠣᠯᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠤᠯᠤᠰ ᠤᠨ ᠳᠣᠲᠣᠭᠠᠳᠤ ᠭᠠᠳᠠᠭᠠᠳᠤ ᠶᠢᠨ ᠨᠡᠷᠡᠲᠦ ᠵᠢᠭᠤᠯᠴᠢᠯᠠᠯ ᠤᠨ ᠬᠤᠳᠠᠯᠳᠤᠭᠠᠴᠢᠨ᠂ ᠨᠦᠯᠦᠬᠡ ᠶᠡᠬᠡᠳᠡᠢ ᠲᠤᠰᠬᠠᠶ ᠮᠡᠷᠭᠡᠵᠢᠯᠲᠡᠨ᠂ ᠵᠢᠭᠤᠯᠴᠢᠯᠠᠯ ᠤᠨ ᠤᠷ᠎ᠠ ᠠᠪᠢᠶᠠᠰᠤᠲᠡᠨ ᠵᠡᠷᠭᠡ ᠶᠢ ᠥᠪᠥᠷ ᠮᠣᠩᠭᠤᠯ ᠳᠤ ᠢᠷᠡᠵᠦ ᠪᠠᠶᠢᠳᠠᠯ ᠢ ᠣᠶᠢᠯᠠᠭᠠᠵᠤ ᠪᠣᠷᠣ ᠮᠠᠲ᠋ᠧᠷᠢᠶᠠᠯ ᠴᠤᠭᠯᠠᠭᠤᠯᠬᠤ ᠪᠠᠷ ᠤᠷᠢᠵᠤ᠂ ᠥᠪᠥᠷ ᠮᠣᠩᠭᠤᠯ ᠤᠨ ᠵᠢᠭᠤᠯᠴᠢᠯᠠᠯ ᠤᠨ ᠰᠣᠨᠢᠷᠬᠠᠭᠤᠯᠬᠤ ᠬᠦᠴᠦᠨ ᠢ ᠳᠡᠭᠡᠭᠰᠢᠯᠡᠭᠦᠯᠦᠨ᠎ᠡ᠃ ᠤᠯᠤᠰ ᠤᠨ ᠳᠣᠲᠣᠭᠠᠳᠤ ᠶᠢᠨ ᠠᠶᠠᠨᠴᠢᠳ ᠤᠨ ᠢᠷᠡᠯᠲᠡ ᠶᠢᠨ ᠭᠤᠤᠯ ᠭᠠᠵᠠᠷ ᠪᠣᠯᠬᠤ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠬᠤᠲᠠ ᠳᠤ ᠬᠦᠷᠴᠦ ᠲᠤᠰᠬᠠᠢ ᠰᠡᠳᠦᠪᠲᠦ ᠵᠢᠭᠤᠯᠴᠢᠯᠠᠯ ᠤᠨ ᠡᠵᠡᠩᠨᠡᠨ ᠪᠣᠷᠣᠯᠠᠭᠤᠯᠤᠯᠲᠠ ᠬᠢᠬᠦ ᠶᠢ ᠵᠣᠬᠢᠶᠠᠨ ᠪᠠᠶᠢᠭᠤᠯᠵᠤ᠂ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠬᠠᠷᠢᠭᠤᠴᠠᠨ᠎ᠠ︶
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号