ᠬᠠᠲᠤᠨ ᠭᠤᠤᠯ ᠤᠨ ᠰᠠᠪᠠ ᠭᠠᠵᠠᠷ ᠤᠨ ᠪᠤᠷᠤᠳᠤᠬᠤᠢ ᠶᠢᠨ ᠤᠰᠤᠯᠠᠯᠲᠠ ᠶᠢᠨ ᠤᠷᠤᠨ᠂ ᠹᠧᠨ ᠸᠧᠢ ᠲᠠᠯ᠎ᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠤᠯᠤᠨ ᠤᠳᠤ ᠦᠶ᠎ᠠ ᠶᠢᠨ ᠲᠠᠷᠢᠶᠠᠯᠠᠩ ᠤᠨ ᠴᠢᠨᠠᠷ ᠰᠠᠶᠢᠲᠠᠢ ᠬᠦᠭᠵᠢᠯᠲᠡ ᠶᠢᠨ ᠰᠤᠯᠢᠯᠴᠠᠭ᠎ᠠ ᠬᠠᠮᠵᠢᠯᠴᠠᠭᠠᠨ ᠤ ᠬᠤᠷᠠᠯ ᠬᠤᠷᠠᠯᠳᠤᠪᠠ ᠯᠢ ᠪᠢᠩ ᠷᠦᠩ ᠶᠠᠷᠢᠶ᠎ᠠ ᠲᠠᠯᠪᠢᠵᠤ ᠵᠧᠩ ᠹᠦ᠋ ᠲᠢᠶᠠᠨ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2020/9/21
     9 ᠰᠠᠷ᠎ᠠ ᠶᠢᠨ 16᠎ ᠠᠴᠠ 18᠎ ᠤ ᠡᠳᠦᠷ ᠪᠤᠯᠳᠠᠯ᠎ᠡ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠪᠠ ᠲᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠭᠦ ᠤᠬᠠᠭᠠᠨ ᠤ ᠬᠦᠷᠢᠶᠡᠯᠡᠩ ᠠᠴᠠ ᠬᠠᠮᠳᠤᠷᠠᠨ ᠭᠤᠤᠯᠯᠠᠨ ᠡᠷᠬᠢᠯᠡᠭᠰᠡᠨ ᠬᠠᠲᠤᠨ ᠭᠤᠤᠯ ᠤᠨ ᠰᠠᠪᠠ ᠭᠠᠵᠠᠷ ᠤᠨ ᠪᠤᠷᠤᠳᠤᠬᠤᠢ ᠶᠢᠨ ᠤᠰᠤᠯᠠᠯᠲᠠ ᠶᠢᠨ ᠤᠷᠤᠨ᠂ ᠹᠧᠨ ᠸᠧᠢ ᠲᠠᠯ᠎ᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠤᠯᠤᠨ ᠤᠳᠤ ᠦᠶ᠎ᠠ ᠶᠢᠨ ᠲᠠᠷᠢᠶᠠᠯᠠᠩ ᠤᠨ ᠴᠢᠨᠠᠷ ᠰᠠᠶᠢᠲᠠᠢ ᠬᠦᠭᠵᠢᠯᠲᠡ ᠶᠢᠨ ᠰᠤᠯᠢᠯᠴᠠᠭ᠎ᠠ ᠬᠠᠮᠵᠢᠯᠴᠠᠭᠠᠨ ᠤ ᠬᠤᠷᠠᠯ ᠪᠠᠶᠠᠨᠨᠠᠭᠤᠷ ᠬᠤᠲᠠ ᠳᠤ ᠶᠠᠪᠤᠬᠳᠠᠪᠡ᠃      ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠳᠤ ᠤᠷᠤᠯᠴᠠᠨ ᠶᠠᠷᠢᠶ᠎ᠠ ᠲᠠᠯᠪᠢᠵᠤ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠵᠧᠩ ᠹᠦ᠋ ᠲᠢᠶᠠᠨ ᠬᠤᠷᠠᠯ ᠳᠤ ᠤᠷᠤᠯᠴᠠᠪᠠ᠃      ᠲᠤᠰ ᠤᠳᠠᠭ᠎ᠠ ᠶᠢᠨ ᠬᠤᠷᠠᠯ ᠨᠢ ︽ᠬᠠᠲᠤᠨ ᠭᠤᠤᠯ ᠤᠨ ᠰᠠᠪᠠ ᠭᠠᠵᠠᠷ ᠤᠨ ᠲᠡᠭᠡᠳᠤ ᠲᠡᠰ ᠤᠨ ᠬᠠᠮᠠᠭᠠᠯᠠᠯᠲᠠ ᠳᠤ ᠭᠠᠷ ᠬᠤᠯᠪᠤᠯᠴᠠᠵᠤ ᠤᠳᠤ ᠦᠶ᠎ᠠ ᠶᠢᠨ ᠲᠠᠷᠢᠶᠠᠯᠠᠩ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ︾᠎ ᠪᠠᠷ ᠭᠤᠤᠯ ᠰᠡᠳᠦᠪ ᠪᠤᠯᠭᠠᠵᠤ᠂ ᠤᠯᠤᠰ ᠤᠨ ᠶᠠᠮᠤᠨ ᠵᠦᠪᠯᠡᠯ᠂ ᠡᠷᠳᠡᠮ ᠰᠢᠨᠵᠢᠯᠡᠭᠡᠨ ᠤ ᠬᠦᠷᠢᠶᠡᠯᠡᠩ ᠰᠠᠯᠪᠤᠷᠢ᠂ ᠶᠡᠭᠡ ᠳᠡᠭᠡᠳᠦ ᠰᠤᠷᠭᠠᠭᠤᠯᠢ ᠵᠡᠷᠭᠡ ᠬᠠᠮᠢᠶ᠎ᠠ ᠪᠦᠬᠦᠢ ᠡᠳᠡᠭᠡᠳ ᠤᠨ ᠡᠷᠭᠡ ᠰᠦᠷᠲᠦ ᠡᠷᠳᠡᠮᠲᠡᠨ ᠮᠡᠷᠭᠡᠵᠢᠯᠲᠡᠨ ᠵᠢᠴᠢ ᠬᠠᠲᠤᠨ ᠭᠤᠤᠯ ᠤᠨ ᠰᠠᠪᠠ ᠭᠠᠵᠠᠷ ᠤᠨ ᠱᠠᠨ ᠰᠢ᠂ ᠦᠪᠦᠷ ᠮᠤᠩᠭᠤᠯ᠂ ᠾᠧᠨᠠᠨ᠂ ᠱᠠᠨᠰᠢ᠂ ᠨᠢᠩᠰᠢᠶᠠ 5 ᠮᠤᠵᠢ ᠤᠷᠤᠨ ᠤ 22 ᠬᠤᠲᠠ ︵ᠲᠤᠭᠤᠷᠢᠭ︶ ᠪᠤᠯᠤᠨ 2 ᠤᠯᠤᠰ ᠤᠨ ᠳᠡᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠤᠷᠤᠨ ᠤ 200 ᠭᠠᠷᠤᠢ ᠲᠦᠯᠦᠭᠡᠯᠡᠭᠴᠢ ᠶᠢ ᠤᠷᠢᠵᠤ᠂ ᠬᠠᠮᠲᠤ ᠪᠠᠷ ᠪᠤᠷᠤᠳᠤᠬᠤᠢ ᠶᠢᠨ ᠤᠰᠤᠯᠠᠯᠲᠠ ᠶᠢᠨ ᠤᠷᠤᠨ᠂ ᠹᠧᠨ ᠸᠧᠢ ᠲᠠᠯ᠎ᠠ ᠭᠠᠵᠠᠷ ᠤᠨ ᠠᠮᠢ ᠠᠬᠤᠢ ᠎ ᠶᠢᠨ ᠬᠠᠮᠠᠭᠠᠯᠠᠯᠲᠠ ᠪᠤᠯᠤᠨ ᠤᠳᠤ ᠦᠶ᠎ᠠ ᠶᠢᠨ ᠲᠠᠷᠢᠶᠠᠯᠠᠩ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ᠂ ᠤᠷᠤᠨ ᠪᠦᠰᠡ ᠠᠯᠤᠰᠯᠠᠭᠰᠠᠨ ᠰᠤᠯᠢᠯᠴᠠᠭᠠᠨ ᠤ ᠲᠠᠪᠴᠠᠩ ᠪᠤᠯᠤᠨ ᠬᠠᠮᠵᠢᠯᠴᠠᠭᠠᠨ ᠤ ᠲᠤᠭᠲᠠᠯᠴᠠᠭ᠎ᠠ ᠶᠢ ᠴᠤᠭᠴᠠᠯᠠᠨ ᠪᠠᠶᠢᠭᠤᠯᠬᠤ ᠵᠡᠷᠭᠡ ᠰᠡᠳᠦᠪ ᠤᠨ ᠲᠤᠭᠤᠷᠢᠨ ᠳᠤ ᠰᠤᠳᠤᠯᠤᠨ ᠰᠢᠨᠵᠢᠯᠡᠬᠦ ᠶᠢᠨ ᠬᠠᠮᠲᠤ᠂ ︽ᠪᠠᠶᠠᠨᠨᠠᠭᠤᠷ ᠎ ᠤᠨ ᠬᠠᠮᠲᠤ ᠶᠢᠨ ᠲᠠᠨᠢᠯᠲᠠ︾᠎ ᠶᠢ ᠪᠦᠷᠢᠯᠳᠦᠭᠦᠯᠦᠭᠰᠡᠨ ᠪᠠᠶᠢᠨ᠎ᠠ᠃      ᠯᠢ ᠪᠢᠩ ᠷᠦᠩ ᠶᠠᠷᠢᠶᠠᠨ ᠳᠠᠭᠠᠨ᠂ ᠬᠠᠲᠤᠨ ᠭᠤᠤᠯ ᠢ ᠬᠠᠮᠠᠭᠠᠯᠠᠬᠤ᠂ ᠬᠠᠲᠤᠨ ᠭᠤᠤᠯ ᠢ ᠴᠡᠭᠴᠡᠯᠡᠨ ᠵᠠᠰᠠᠬᠤ᠂ ᠬᠠᠲᠤᠨ ᠭᠤᠤᠯ ᠤᠨ ᠰᠠᠪᠠ ᠭᠠᠵᠠᠷ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠨᠢ ᠦᠪᠦᠷ ᠮᠤᠩᠭᠤᠯ ᠤᠨ ᠵᠠᠶᠢᠯᠠᠭᠤᠯᠵᠤ ᠪᠤᠯᠤᠰᠢ ᠦᠭᠡᠢ ᠬᠠᠷᠢᠭᠤᠴᠠᠯᠭ᠎ᠠ ᠮᠦᠨ᠃ ᠲᠤᠰ ᠤᠳᠠᠭ᠎ᠠ ᠶᠢᠨ ᠬᠤᠷᠠᠯ ᠢᠶᠠᠷ ᠲᠠᠮᠵᠢᠭᠤᠯᠤᠨ᠂ ᠨᠢᠭᠡᠨ ᠦᠨᠳᠦᠷ ᠪᠦᠲᠦᠮᠵᠢᠲᠡᠢ ᠪᠤᠲᠠᠲᠤ ᠠᠵᠢᠯᠯᠠᠭ᠎ᠠ ᠪᠦᠬᠦᠢ ᠨᠡᠪᠲᠡᠷᠡᠯᠴᠡᠭᠡᠨ ᠤ ᠲᠠᠪᠴᠠᠩ ᠢ ᠴᠤᠭᠴᠠᠯᠠᠵᠤ᠂ ᠪᠤᠷᠤᠳᠤᠬᠤᠢ ᠶᠢᠨ ᠤᠰᠤᠯᠠᠯᠲᠠ ᠶᠢᠨ ᠤᠷᠤᠨ᠂ ᠹᠧᠨ ᠸᠧᠢ ᠲᠠᠯ᠎ᠠ ᠭᠠᠵᠠᠷ ᠤᠨ ᠦᠰᠦᠷᠤᠩᠬᠦᠢ ᠬᠦᠭᠵᠢᠯᠲᠡ ᠶᠢ ᠪᠡᠶᠡᠯᠡᠭᠦᠯᠬᠦ ᠶᠢ ᠭᠠᠷ ᠬᠤᠯᠪᠤᠯᠴᠠᠨ ᠠᠬᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠤᠯᠤᠨ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠬᠡᠪ ᠪᠠᠶᠢᠳᠠᠯ ᠢ ᠬᠠᠮᠲᠤ ᠪᠠᠷ ᠡᠭᠦᠳᠬᠦ ᠶᠢ ᠬᠦᠰᠡᠵᠦ ᠪᠠᠶᠢᠨ᠎ᠠ ᠬᠡᠵᠤ ᠵᠢᠭᠠᠵᠤ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号