ᠳᠤᠮᠳᠠᠳᠤ ᠶᠢᠨ ᠵᠡᠭᠦᠳᠦ 2020 ᠣᠨ ᠤ ᠤᠷᠠᠯᠢᠭ ᠲᠠᠯ᠎ᠠ ᠨᠤᠲᠤᠭ ᠪᠦᠬᠦ ᠤᠯᠤᠰ ᠤᠨ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ ᠮᠠᠨ ᠤ ᠣᠷᠣᠨ ᠳᠤ ᠬᠥᠰᠢᠶ᠎ᠡ ᠪᠠᠨ ᠰᠡᠬᠦᠯ᠎ᠡ
ᠨᠡᠶᠢᠲᠡᠯᠡᠭᠰᠡᠨ ᠴᠠᠭ᠄
2020/9/22
     ᠣᠶᠢᠷ᠎ᠠ ᠳᠤ᠂ ᠳᠤᠮᠳᠠᠳᠤ ᠶᠢᠨ ᠵᠡᠭᠦᠳᠦ 2020 ᠣᠨ ᠤ ᠤᠷᠠᠯᠢᠭ ᠲᠠᠯ᠎ᠠ ᠨᠤᠲᠤᠭ ᠪᠦᠬᠦ ᠤᠯᠤᠰ ᠤᠨ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ ᠤᠯᠠᠭᠠᠨᠴᠠᠪ ᠬᠤᠲᠠ ᠳᠤ ᠡᠬᠢᠯᠡᠪᠡ᠃ ᠪᠥᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠤᠷᠠᠨ ᠪᠢᠴᠢᠯᠭᠡ ᠵᠢᠷᠤᠭᠴᠢᠳ ᠲᠠᠯ᠎ᠠ ᠨᠤᠲᠤᠭ ᠲᠤ ᠴᠤᠭᠯᠠᠷᠠᠵᠤ᠂ ᠤᠷᠠᠯᠢᠭ ᠤᠨ ᠲᠣᠬᠠᠢ ᠠᠭᠤᠵᠢᠷᠠᠲᠠᠯ᠎ᠠ ᠶᠠᠷᠢᠯᠴᠠᠵᠤ᠂ ᠪᠢᠷ ᠪᠡᠭᠡ ᠶᠢᠨ ᠷᠢᠳᠢ ᠰᠢᠳᠢ ᠶᠢ ᠥᠬᠦᠯᠡᠨ ᠶᠠᠷᠢᠴᠠᠭᠠᠪᠠ᠃      ᠲᠤᠰ ᠤᠳᠠᠭᠠᠨ ᠤ ᠪᠦᠲᠦᠭᠡᠯ ᠤᠨ ᠦᠵᠡᠰᠬᠦᠯᠡᠩ ᠨᠢ ︽ᠳᠤᠮᠳᠠᠳᠤ ᠤᠯᠤᠰ ᠤᠨ 2020 ᠣᠨ ᠤ ᠤᠷᠠᠯᠢᠭ ᠲᠠᠯ᠎ᠠ ᠨᠤᠲᠤᠭ︾᠎ ᠢᠶᠠᠷ ᠭᠤᠤᠯ ᠰᠡᠳᠦᠪ ᠪᠣᠯᠭᠠᠨ᠂ ︽ᠲᠠᠯ᠎ᠠ ᠨᠤᠲᠤᠭ ᠤᠨ ᠰᠣᠶᠣᠯ ᠢ ᠪᠠᠳᠠᠷᠠᠭᠤᠯᠵᠤ᠂ ᠤᠷᠠᠯᠢᠭ ᠤᠨ ᠰᠣᠳᠣᠨ ᠪᠦᠲᠦᠭᠡᠯ ᠢ ᠳᠡᠯᠭᠡᠨ ᠦᠵᠡᠭᠦᠯᠵᠦ᠂ ᠰᠣᠶᠣᠯ ᠤᠨ ᠬᠥᠭᠵᠢᠯᠲᠡ ᠶᠢ ᠠᠬᠢᠭᠤᠯᠬᠤ︾᠎ ᠪᠠᠷ ᠵᠣᠷᠢᠯᠲᠠ ᠪᠣᠯᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠰᠢᠢᠳᠪᠦᠷᠢᠲᠦ ᠢᠯᠠᠯᠲᠠ ᠶᠢ ᠤᠯᠬᠤ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠪᠠᠶᠠᠷᠯᠠᠭᠤᠰᠢᠲᠠᠶ ᠠᠬᠢᠴᠠ ᠵᠢᠴᠢ ᠪᠣᠯᠪᠠᠰᠤᠨ ᠪᠠᠶᠠᠨ ᠬᠦᠴᠦᠷᠬᠡᠭ ᠴᠡᠴᠡᠭᠯᠡᠭᠰᠡᠨ ᠴᠢᠨᠡᠭᠡᠯᠢᠭᠵᠢᠬᠦ ᠵᠠᠮ ᠢᠶᠠᠷ ᠤᠷᠤᠭᠰᠢᠯᠠᠭᠰᠠᠨ ᠲᠡᠮᠡᠴᠡᠯ ᠤᠨ ᠥᠩᠭᠡᠷᠡᠯᠲᠡ ᠶᠢ ᠣᠯᠠᠨ ᠬᠠᠷᠠᠭᠠᠰᠤ ᠠᠴᠠ ᠲᠤᠰᠬᠠᠨ ᠢᠯᠡᠷᠡᠭᠦᠯᠪᠡ᠃ ᠲᠣᠰ ᠤᠳᠠᠭᠠᠨ ᠤ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ ᠳᠤ ᠨᠡᠶᠢᠲᠡ 268 ᠪᠦᠲᠦᠭᠡᠯ ᠳᠡᠯᠭᠡᠨ ᠦᠵᠡᠭᠦᠯᠦᠭᠰᠡᠨ ᠪᠥᠭᠡᠳ 10 ᠳ᠋ᠤᠭᠠᠷ ᠰᠠᠷ᠎ᠠ ᠳᠤ ᠬᠥᠬᠡᠬᠤᠲᠠ ᠶᠢᠨ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠲᠣᠭᠤᠷᠢᠨ ᠦᠵᠡᠭᠦᠯᠭᠡ ᠬᠢᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号