ᠬᠡᠷᠡᠭᠯᠡᠭᠴᠢᠳ ᠨᠢ 300 ᠲᠦᠮᠡ ᠶᠢ ᠳᠠᠪᠠᠭᠰᠠᠨ ︽ᠮᠥᠩᠬᠡ ᠰᠤᠪᠠᠭ︾ APP ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ︽ᠬᠤᠷᠳᠤᠴᠠ︾᠎ ᠪᠠᠨ ᠨᠡᠮᠡᠪᠡ
ᠨᠡᠶᠢᠲᠡᠯᠡᠭᠰᠡᠨ ᠴᠠᠭ᠄
2020/9/22
     ︽ᠮᠥᠩᠬᠡ ᠰᠤᠪᠠᠭ︾ APP ᠣᠳᠣ ᠪᠣᠯᠲᠠᠯ᠎ᠠ 200 ᠭᠠᠷᠤᠶ ᠡᠳᠦᠷ ᠡᠵᠡᠩᠨᠡᠭᠡᠳ᠂ ᠳᠠᠩᠰᠠᠯᠠᠭᠤᠯᠤᠭᠰᠠᠨ ᠬᠡᠷᠡᠭᠯᠡᠭᠴᠢ ᠶᠢᠨ ᠶᠡᠷᠦᠩᠬᠡᠶ ᠲᠤᠭ᠎ᠠ ᠨᠢ 300 ᠲᠦᠮᠡ ᠶᠢ ᠳᠠᠪᠠᠵᠤ᠂ ᠬᠡᠷᠡᠭᠯᠡᠭᠡᠨ ᠤ ᠣᠩᠰᠢᠭᠰᠠᠨ ᠬᠡᠮᠵᠢᠶ᠎ᠡ ᠨᠢ 4000 ᠲᠦᠮᠡᠨ ᠬᠥᠮᠦᠨ ᠤᠳᠠᠭ᠎ᠠ ᠳᠤ ᠬᠦᠷᠴᠦ᠂ ᠡᠳᠦᠷ ᠪᠦᠷᠢ ᠶᠢᠨ ᠬᠥᠭᠵᠢᠶᠡᠨᠲᠡᠶ ᠬᠡᠷᠡᠭᠯᠡᠭᠴᠢ 10 ᠲᠦᠮᠡ ᠶᠢ ᠳᠠᠪᠠᠵᠠᠢ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ︽ᠡᠷᠡᠭᠦᠯ ᠮᠡᠨᠳᠦ ᠶᠢᠨ ᠺᠣᠳ᠋︾᠎ ᠤᠨ ᠴᠢᠬᠤᠯᠠ ᠭᠤᠶᠤᠴᠢᠯᠠᠨ ᠠᠪᠬᠤ ᠲᠠᠪᠴᠠᠩ ᠪᠣᠯᠤᠭᠰᠠᠨ ᠤ ᠬᠤᠪᠢ ᠳᠤ ︽ᠮᠥᠩᠬᠡ ᠰᠤᠪᠠᠭ︾᠎ ᠨᠢ ᠨᠡᠶᠢᠲᠡ 2500 ᠭᠠᠷᠤᠶ ᠲᠦᠮᠡᠨ ᠤᠳᠠᠭ᠎ᠠ ᠺᠣᠳ᠋ ᠣᠯᠭᠤᠨ᠂ ᠰᠠᠭᠤᠭᠠᠯᠢ ᠠᠷᠠᠳ ᠤᠨ ᠡᠳᠦᠷ ᠲᠤᠲᠤᠮ ᠤᠨ ᠶᠠᠪᠤᠵᠤ ᠰᠠᠭᠤᠬᠤ ᠡᠷᠬᠡᠪᠰᠢ ᠪᠡᠯᠡᠳᠬᠡᠬᠦ ᠪᠠᠭᠠᠵᠢ ᠪᠣᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠠᠷᠠᠳ ᠤᠨ ᠬᠡᠷᠡᠭᠴᠡᠭᠡ ᠶᠢ ᠬᠠᠩᠭᠠᠵᠤ᠂ ᠠᠷᠠᠳ ᠤᠨ ᠲᠥᠯᠥᠭᠡ ᠬᠡᠷᠡᠭᠯᠡᠬᠦ︾᠎ ᠶᠢ ᠦᠨᠡᠨ ᠬᠦ ᠪᠡᠶᠡᠯᠡᠭᠦᠯᠪᠡ᠃      ᠲᠠᠨᠢᠯᠴᠠᠭᠤᠯᠤᠭᠰᠠᠨ ᠢᠶᠠᠷ᠂ ︽ᠮᠥᠩᠬᠡ ᠰᠤᠪᠠᠭ︾ APP᠎ ᠳᠤ ᠵᠠᠰᠠᠭ ᠤᠨ ᠣᠷᠳᠣᠨ ᠤ 1235 ᠰᠠᠯᠠᠭ᠎ᠠ ᠮᠦᠴᠢᠷ ᠢ ᠰᠢᠨ᠎ᠡ ᠪᠠᠷ ᠵᠣᠯᠭᠠᠭᠤᠯᠵᠤ᠂ ᠰᠦᠯᠵᠢᠶᠡᠨ ᠳᠡᠭᠡᠷ᠎ᠡ ᠭᠤᠶᠤᠴᠢᠯᠠᠨ ᠠᠪᠴᠤ ᠪᠣᠯᠬᠤ ᠡᠯᠧᠺᠲᠷᠣᠨ ᠥᠨᠡᠮᠯᠡᠯ ᠢ 8 ᠵᠦᠢᠯ ᠪᠠᠶᠢᠭᠰᠠᠨ ᠠᠴᠠ ᠨᠢ 14 ᠵᠦᠢᠯ ᠪᠣᠯᠭᠠᠨ ᠥᠷᠭᠡᠳᠬᠡᠵᠡᠶ᠃ ᠰᠠᠭᠤᠭᠠᠯᠢ ᠠᠷᠠᠳ ᠤᠨ ᠦᠨᠳᠦᠷ ᠳᠠᠪᠲᠠᠮᠵᠢ ᠪᠠᠷ ᠬᠡᠷᠡᠭᠯᠡᠳᠡᠭ ︽ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠭᠠᠷ ᠦᠵᠦᠭᠦᠷᠯᠢᠭ︾᠎ ᠤᠨ ᠦᠢᠯᠡᠴᠢᠯᠡᠭᠡᠨ ᠤ ᠬᠡᠰᠡᠭ ᠢ ᠴᠦ ᠪᠥᠬᠦ ᠲᠠᠯ᠎ᠠ ᠪᠠᠷ ᠲᠠᠰ ᠳᠡᠪᠰᠢᠭᠦᠯᠵᠡᠢ︔ ᠵᠡᠮᠳᠡᠭ ᠤᠨ ᠣᠯᠭᠤᠮᠵᠢ ᠠᠪᠬᠤ᠂ ᠵᠠᠰᠠᠭ ᠵᠠᠬᠢᠷᠭᠠᠨ ᠢᠶᠠᠷ ᠳᠠᠬᠢᠨ ᠵᠦᠪᠯᠡᠬᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠡᠷᠢᠵᠦ ᠦᠢᠯᠡᠰ ᠴᠣᠭᠴᠠᠯᠠᠬᠤ ᠨᠥᠬᠦᠪᠥᠷᠢ ᠭᠤᠶᠤᠴᠢᠯᠠᠨ ᠠᠪᠬᠤ᠂ ᠣᠨᠳᠣᠤ ᠭᠠᠵᠠᠷ ᠲᠤ ᠰᠠᠭᠤᠵᠤ ᠡᠮᠨᠡᠭᠦᠯᠬᠦ ᠭᠤᠶᠤᠴᠢᠯᠠᠯ ᠢ ᠨᠤᠲᠠᠯᠠᠬᠤ ᠵᠡᠷᠭᠡ 42 ᠵᠦᠢᠯ ᠤᠨ ᠴᠢᠬᠤᠯᠠ ᠠᠵᠢᠯ ᠶᠠᠪᠤᠳᠠᠯ ᠭᠦᠢᠴᠡᠳᠬᠡᠬᠦ ᠲᠤᠬᠠᠶᠢᠯᠠᠭᠰᠠᠨ ᠠᠵᠢᠯ ᠢᠶᠠᠨ ᠴᠥᠮ ᠭᠠᠷ ᠦᠵᠦᠭᠦᠷᠯᠢᠭ ᠢᠶᠠᠷ ᠭᠤᠶᠤᠴᠢᠯᠠᠨ ᠮᠡᠳᠡᠭᠦᠯᠬᠦ ᠶᠢ ᠪᠡᠶᠡᠯᠡᠭᠦᠯᠵᠦ᠂ ᠰᠠᠭᠤᠭᠠᠯᠢ ᠠᠷᠠᠳ ᠵᠥᠪᠬᠡᠨ ︽ᠮᠥᠩᠬᠡ ᠰᠤᠪᠠᠭ︾ APP᠎ ᠪᠠᠷ ᠳᠠᠮᠵᠢᠨ ᠡᠯ᠎ᠡ ᠲᠥᠷᠥᠯ ᠤᠨ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠪᠠᠯ᠂ ᠠᠵᠢᠯᠲᠠᠳ ᠠᠷᠤ ᠲᠠᠪᠴᠠᠩ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠴᠠᠭ ᠲᠤᠬᠠᠶ ᠳᠤ ᠨᠢ ᠬᠠᠷᠢᠭᠤ ᠲᠤᠰᠬᠠᠵᠤ᠂ ᠬᠡᠷᠡᠭᠰᠡᠬᠦ ᠮᠠᠲ᠋ᠧᠷᠢᠶᠠᠯ ᠨᠢ ᠪᠦᠷᠢᠨ ᠭᠦᠢᠴᠡᠳ ᠪᠣᠯᠣᠭᠰᠠᠨ ᠤᠷᠢᠲᠠᠯ ᠳᠣᠤᠷ᠎ᠠ᠂ ᠰᠠᠭᠤᠭᠠᠯᠢ ᠠᠷᠠᠳ ᠵᠥᠪᠬᠡᠨ ᠨᠢᠭᠡ ᠯᠡ ᠤᠳᠠᠭ᠎ᠠ ᠠᠵᠢᠯ ᠶᠠᠪᠤᠳᠠᠯ ᠭᠦᠢᠴᠡᠳᠬᠡᠬᠦ ᠲᠢᠩᠬᠢᠮ ᠳᠤ ᠣᠴᠢᠪᠠᠯ ᠳᠠᠷᠤᠶ ᠲᠤᠬᠠᠶᠢᠯᠠᠭᠰᠠᠨ ᠠᠵᠢᠯ ᠢᠶᠠᠨ ᠥᠨᠳᠥᠷ ᠪᠦᠲᠦᠮᠵᠢᠲᠡᠶ ᠲᠦᠷᠭᠡᠨ ᠭᠦᠢᠴᠡᠳᠬᠡᠵᠦ ᠴᠢᠳᠠᠬᠤ ᠪᠣᠯᠵᠠᠢ᠃      ᠦᠨᠳᠦᠷ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠪᠠ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ᠂ ︽ᠮᠥᠩᠬᠡ ᠰᠤᠪᠠᠭ︾᠎ APP᠎ ᠨᠢ ᠰᠤᠷᠭᠠᠨ ᠬᠥᠮᠦᠵᠢᠯ ᠤᠨ ᠬᠦᠷᠢᠶᠡᠨ ᠳᠤ ᠪᠠᠰᠠ ᠰᠢᠨ᠎ᠡ ᠲᠤᠷᠰᠢᠯᠲᠠ ᠬᠢᠵᠡᠶ᠃ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠣᠶᠢᠷᠠᠳᠬᠤ ᠦᠶ᠎ᠡ᠂ ᠲᠠᠪᠴᠠᠩ ᠨᠢ ᠪᠥᠬᠦ ᠣᠷᠣᠨ ᠤ ᠠᠶᠢᠮᠠᠭ ᠬᠤᠲᠠ ᠳᠤ ᠬᠠᠨᠳᠤᠭᠤᠯᠤᠨ ︽ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠲᠤᠰᠬᠠᠶ ᠪᠣᠯᠣᠩ︾ ᠭᠠᠷᠭᠠᠵᠤ᠂ ᠰᠢᠯᠭᠠᠭᠤᠯᠤᠭᠴᠢᠳ ᠲᠤ ᠰᠢᠯᠭᠠᠯᠲᠠ ᠳᠤ ᠪᠡᠯᠡᠳᠬᠡᠬᠦ ᠵᠦᠭᠯᠡᠭᠦᠷ᠂ ᠬᠢᠷᠢ ᠪᠦᠲᠦᠮᠵᠢ ᠶᠢ ᠪᠠᠶᠢᠴᠠᠭᠠᠨ ᠯᠠᠪᠯᠠᠬᠤ᠂ ᠡᠷᠡᠮᠡᠯᠵᠡᠯ ᠲᠠᠭᠯᠠᠬᠤ ᠪᠥᠬᠦ ᠶᠠᠪᠤᠴᠠ ᠶᠢᠨ ᠦᠢᠯᠡᠴᠢᠯᠡᠭᠡ ᠬᠠᠩᠭᠠᠪᠠ᠃ ᠬᠢᠷᠢ ᠪᠦᠲᠦᠮᠵᠢ ᠶᠢ ᠨᠡᠶᠢᠲᠡᠯᠡᠭᠰᠡᠨ ᠲᠡᠷᠡ ᠡᠳᠦᠷ᠂ 65000 ᠭᠠᠷᠤᠶ ᠰᠢᠯᠭᠠᠭᠤᠯᠤᠭᠴᠢ ︽ᠮᠥᠩᠬᠡ ᠰᠤᠪᠠᠭ︾᠎ ᠢᠶᠠᠷ ᠳᠠᠮᠵᠢᠨ ᠥᠪᠡᠷ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠬᠤᠪᠢ ᠪᠠᠨ ᠬᠠᠮᠤᠭ ᠤᠨ ᠲᠡᠷᠢᠭᠦᠨ ᠳᠤ ᠪᠠᠶᠢᠴᠠᠭᠠᠨ ᠮᠡᠳᠡᠪᠡ᠃ ᠦᠨᠳᠦᠷ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠳᠠᠭᠤᠰᠤᠭᠰᠠᠨ ᠤ ᠳᠠᠷᠠᠭ᠎ᠠ᠂ ᠤᠯᠠᠭᠠᠨᠬᠠᠳᠠ᠂ ᠤᠯᠠᠭᠠᠨᠴᠠᠪ᠂ ᠦᠬᠠᠶ᠂ ᠣᠷᠳᠣᠰ᠂ ᠰᠢᠯᠢ ᠶᠢᠨ ᠭᠤᠤᠯ ᠠᠶᠢᠮᠠᠭ᠂ ᠬᠢᠩᠭᠠᠨ ᠠᠶᠢᠮᠠᠭ᠂ ᠡᠷᠢᠶᠡᠨ ᠬᠤᠲᠠ᠂ ᠠᠯᠠᠱᠠ ᠠᠶᠢᠮᠠᠭ ᠵᠡᠷᠭᠡ ᠭᠠᠵᠠᠷ ᠤᠳ ︽ᠮᠥᠩᠬᠡ ᠰᠤᠪᠠᠭ︾ APP᠎ ᠪᠠᠷ ᠦᠨᠳᠦᠷ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠬᠦ ᠲᠠᠪᠴᠠᠩ ᠪᠣᠯᠭᠠᠵᠤ᠂ ᠶᠡᠷᠦᠩᠬᠡᠢ ᠬᠡᠷᠡᠭᠯᠡᠭᠳᠡᠭᠰᠡᠨ ᠤᠳᠠᠭ᠎ᠠ ᠨᠢ ᠨᠡᠶᠢᠲᠡ 57000 ᠤᠳᠠᠭ᠎ᠠ ᠶᠢ ᠳᠠᠪᠠᠵᠠᠶ᠃      ᠣᠳᠣᠬᠠᠨ ᠳᠤ᠂ 5791 ᠰᠠᠯᠠᠭ᠎ᠠ ᠮᠥᠴᠢᠷ ᠤᠨ 50504 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠦᠨᠡᠨ ᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠬᠤᠷᠤᠭᠤᠨ ᠦᠵᠦᠭᠦᠷᠯᠢᠭ︾᠎ ᠲᠤ ᠨᠠᠶᠢᠳᠠᠪᠤᠷᠢᠵᠢᠭᠤᠯᠪᠠ᠃ ᠨᠡᠶᠢᠭᠡᠮ ᠤᠨ ᠪᠠᠲᠤᠯᠠᠭ᠎ᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠪᠠᠶᠢᠴᠠᠭᠠᠨ ᠯᠠᠪᠯᠠᠬᠤ᠂ ᠬᠠᠤᠯᠢ ᠴᠠᠭᠠᠵᠠ ᠶᠢᠨ ᠠᠯᠪᠠᠨ ᠭᠡᠷᠡᠴᠢᠯᠡᠭᠡ ᠬᠢᠯᠭᠡᠬᠦ ᠵᠡᠷᠭᠡ 32 ᠵᠦᠢᠯ ᠤᠨ ᠥᠨᠳᠥᠷ ᠳᠠᠪᠲᠠᠮᠵᠢ ᠪᠦᠬᠦᠢ ᠵᠠᠰᠠᠭ ᠤᠨ ᠶᠠᠪᠤᠳᠠᠯ ᠤᠨ ᠬᠡᠷᠡᠭᠯᠡᠯᠲᠡ︔ ᠵᠢᠯᠣᠭᠤᠴᠢ ᠶᠢᠨ ᠦᠨᠡᠮᠯᠡᠯ ᠰᠣᠯᠢᠵᠤ ᠠᠪᠬᠤ᠂ ᠵᠠᠮ ᠬᠠᠷᠢᠯᠴᠠᠭᠠᠨ ᠤ ᠲᠣᠷᠭᠠᠭᠤᠯᠢ ᠶᠢᠨ ᠮᠥᠩᠭᠦ ᠲᠤᠰᠢᠶᠠᠬᠤ ᠵᠡᠷᠭᠡ 16 ᠵᠦᠢᠯ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡ︔ ᠠᠮᠢᠳᠤᠷᠠᠯ ᠤᠨ ᠰᠦᠢᠳᠬᠡᠯ ᠲᠤᠰᠢᠶᠠᠬᠤ᠂ ᠢᠲᠡᠭᠡᠮᠵᠢ ᠶᠢᠨ ᠺᠠᠷᠲ ᠪᠠᠷ ᠵᠢᠭᠡᠯᠡᠯᠭᠡ ᠪᠤᠴᠠᠭᠠᠬᠤ᠂ ᠲᠦᠷᠭᠡᠨ ᠢᠯᠡᠭᠡᠯᠲᠡ ᠶᠢ ᠪᠠᠶᠢᠴᠠᠭᠠᠨ ᠯᠠᠪᠯᠠᠬᠤ ᠵᠡᠷᠭᠡ ᠠᠷᠠᠳ ᠲᠤ ᠳᠥᠭᠦᠮ ᠦᠵᠡᠭᠦᠯᠬᠦ 12 ᠵᠦᠢᠯ ᠤᠨ ᠦᠢᠯᠡᠴᠢᠯᠡᠭᠡ ᠨᠢ ᠪᠦᠬᠦ ᠣᠷᠣᠨ ᠤ ᠰᠠᠭᠤᠭᠠᠯᠢ ᠠᠷᠠᠳ ᠤᠨ ᠭᠡᠷ ᠠᠴᠠ ᠪᠠᠨ ᠭᠠᠷᠬᠤ ᠦᠭᠡᠢ ᠪᠠᠷ ᠭᠦᠢᠴᠡᠳᠬᠡᠬᠦ ᠣᠶᠤᠨᠴᠢ ᠠᠮᠢᠳᠤᠷᠠᠯ ᠢ ᠡᠬᠢᠯᠡᠭᠦᠯᠪᠡ᠃      ᠬᠤᠵᠢᠮ᠂ ︽ᠮᠥᠩᠬᠡ ᠰᠤᠪᠠᠭ︾ APP᠎ ᠨᠢ ᠡᠯ᠎ᠡ ᠲᠥᠷᠥᠯ ᠤᠨ ᠵᠠᠰᠠᠭ ᠤᠨ ᠶᠠᠪᠤᠳᠠᠯ᠂ ᠨᠡᠶᠢᠭᠡᠮ ᠤᠨ ᠡᠬᠢ ᠪᠠᠶᠠᠯᠢᠭ ᠢ ᠠᠭᠤᠰᠤᠯᠴᠠᠭᠤᠯᠤᠨ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ︽ᠨᠢᠭᠡ ᠯᠡ ᠥᠷᠲᠡᠭᠡᠨ ᠤ ᠮᠠᠶ᠋ᠢᠭ︾᠎ ᠤᠨ ᠬᠤᠷᠤᠭᠤᠨ ᠦᠨᠳᠡᠭᠡ ᠪᠠᠷ ᠪᠠᠶᠢᠴᠠᠭᠠᠨ ᠯᠠᠪᠯᠠᠬᠤ᠂ ᠤᠷᠢᠳᠴᠢᠯᠠᠨ ᠪᠣᠯᠵᠣᠬᠤ᠂ ᠦᠨᠡᠯᠡᠬᠦ ᠵᠢᠱᠢᠬᠦ ᠪᠥᠬᠦ ᠴᠤᠪᠤᠷᠠᠯ ᠤᠨ ᠠᠵᠢᠯ ᠶᠠᠪᠤᠳᠠᠯ ᠭᠦᠢᠴᠡᠳᠬᠡᠬᠦ ᠵᠠᠭᠪᠤᠷ ᠢ ᠳᠡᠯᠭᠡᠷᠡᠭᠦᠯᠬᠦ ᠪᠠᠷ ᠳᠠᠮᠵᠢᠭᠤᠯᠤᠨ᠂ ︽ᠢᠨᠲ᠋ᠧᠷ ᠰᠦᠯᠵᠢᠶ᠎ᠡ +︾ ᠵᠠᠰᠠᠭ ᠤᠨ ᠣᠷᠳᠣᠨ ᠤ ᠦᠢᠯᠡᠴᠢᠯᠡᠭᠡᠨ ᠤ ᠣᠨᠣᠯᠵᠢᠬᠤᠨ ᠢ ᠬᠥᠮᠦᠰ ᠤᠨ ᠰᠡᠳᠬᠢᠯ ᠳᠤ ᠭᠦᠨ ᠬᠠᠲᠡᠩᠰᠢᠭᠤᠯᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号