ᠥᠪᠥᠷ ᠮᠣᠩᠭᠤᠯ ᠤᠨ ᠣᠨᠴᠠ ᠬᠦᠨᠳᠦ ᠶᠡᠭᠡ ᠡᠪᠡᠳᠴᠢᠨ ᠤ ᠨᠢᠭᠦᠯᠡᠰᠦᠩᠭᠦᠶ ᠶᠢᠨ ᠡᠮᠴᠢᠯᠡᠭᠡᠨ ᠤ ᠰᠢᠨ᠎ᠡ ᠠᠪᠤᠷᠠᠨ ᠲᠤᠰᠠᠯᠠᠯᠲᠠ᠄ ᠬᠦᠴᠢᠷᠳᠡᠯᠲᠡᠶ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠦᠨᠡᠨ ᠬᠦ ᠬᠥᠩᠭᠡᠷᠡᠭᠦᠯᠪᠡ
ᠨᠡᠶᠢᠲᠡᠯᠡᠭᠰᠡᠨ ᠴᠠᠭ᠄
2020/9/23
     ᠡᠪᠡᠳᠴᠢᠨ ᠠᠴᠠ ᠪᠣᠯᠵᠤ ᠶᠠᠳᠠᠭᠤᠷᠠᠭᠰᠠᠨ ᠣᠯᠠᠨ ᠲᠦᠮᠡᠨ ᠳᠤ ᠡᠮᠴᠢᠯᠡᠭᠡᠨ ᠤ ᠠᠪᠤᠷᠠᠨ ᠲᠤᠰᠠᠯᠠᠯᠲᠠ ᠪᠠᠷ ᠬᠠᠪᠰᠤᠷᠤᠨ ᠲᠡᠳᠬᠦᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠦ᠂ ᠣᠨᠴᠠ ᠶᠠᠳᠠᠭᠤ ᠬᠦᠴᠢᠷᠳᠡᠯᠲᠡᠶ ᠭᠠᠵᠠᠷ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠨᠢᠭᠦᠯᠡᠰᠦᠩᠭᠦᠶ ᠶᠢᠨ ᠦᠢᠯᠡᠰ ᠤᠨ ᠶᠡᠷᠦᠩᠬᠡᠶ ᠡᠪᠯᠡᠯ ᠬᠠᠮᠲᠤᠷᠠᠨ ︽2020 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠴᠠ ᠬᠦᠨᠳᠦ ᠶᠡᠭᠡ ᠡᠪᠡᠳᠴᠢᠨ ᠤ ᠨᠢᠭᠦᠯᠡᠰᠦᠩᠭᠦᠶ ᠶᠢᠨ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠲᠠᠷᠬᠠᠭᠠᠵᠤ᠂ ᠠᠪᠤᠷᠠᠨ ᠲᠤᠰᠠᠯᠠᠬᠤ ᠳᠤ ᠡᠬᠢᠯᠡᠬᠦ ᠲᠤᠰᠢᠶᠠᠬᠤ ᠪᠠᠷᠢᠮᠵᠢᠶ᠎ᠠ ᠶᠢ ᠪᠠᠭᠤᠷᠠᠭᠤᠯᠬᠤ᠂ ᠠᠪᠤᠷᠠᠨ ᠲᠤᠰᠠᠯᠠᠬᠤ ᠬᠠᠷᠢᠴᠠᠯ ᠢ ᠳᠡᠭᠡᠭᠰᠢᠯᠡᠭᠦᠯᠬᠦ᠂ ᠠᠪᠤᠷᠠᠨ ᠲᠤᠰᠠᠯᠠᠬᠤ ᠡᠪᠡᠳᠴᠢᠨ ᠤ ᠲᠥᠷᠥᠯ ᠢ ᠥᠷᠭᠡᠳᠬᠡᠬᠦ 3 ᠲᠠᠯ᠎ᠠ ᠪᠠᠷ ᠤᠯᠠᠮ ᠨᠢᠭᠡ ᠠᠯᠬᠤᠮ ᠨᠠᠷᠢᠯᠢᠭᠵᠢᠭᠤᠯᠤᠨ ᠵᠢᠷᠤᠮᠵᠢᠭᠤᠯᠪᠠ᠃      ︽ᠬᠡᠷᠡᠭᠵᠢᠭᠦᠯᠬᠦ ᠲᠥᠰᠦᠯ︾᠎ ᠳᠤ ᠲᠣᠳᠣᠷᠬᠠᠶ ᠲᠣᠭᠲᠠᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠣᠨᠴᠠ ᠬᠦᠨᠳᠦ ᠶᠡᠭᠡ ᠡᠪᠡᠳᠴᠢᠨ ᠤ ᠨᠢᠭᠦᠯᠡᠰᠦᠩᠭᠦᠶ ᠶᠢᠨ ᠡᠮᠴᠢᠯᠡᠭᠡᠨ ᠤ ᠠᠪᠤᠷᠠᠨ ᠲᠤᠰᠠᠯᠠᠬᠤ ᠶᠢ ᠬᠦᠷᠲᠡᠭᠰᠡᠳ ᠪᠣᠯ ᠥᠪᠥᠷ ᠮᠣᠩᠭᠤᠯ ᠤᠨ ᠡᠷᠦᠬᠡ ᠠᠮᠠ ᠶᠢᠨ ᠬᠠᠷᠢᠶ᠎ᠠ ᠲᠠᠢ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠮᠠᠯᠵᠢᠬᠤ ᠲᠠᠷᠢᠶᠠᠯᠠᠬᠤ ᠣᠷᠣᠨ ᠤ ᠲᠠᠪᠤᠨ ᠪᠠᠲᠤᠯᠠᠭ᠎ᠠ ᠶᠢᠨ ᠠᠰᠠᠷᠠᠨ ᠲᠡᠳᠬᠦᠭᠦᠯᠦᠭᠰᠡᠳ᠂ ᠣᠷᠣᠯᠭ᠎ᠠ ᠪᠠᠭᠠᠲᠠᠶ ᠭᠡᠷ ᠪᠦᠯᠢ ᠶᠢᠨ ᠣᠨᠴᠠ ᠬᠦᠨᠳᠦ ᠶᠡᠭᠡ ᠡᠪᠡᠳᠴᠢᠲᠡᠨ ᠪᠣᠶᠤ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ᠂ ᠠᠷᠠᠳ ᠤᠨ ᠶᠠᠪᠤᠳᠠᠯ᠂ ᠨᠢᠭᠦᠯᠡᠰᠦᠩᠭᠦᠶ ᠶᠢᠨ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠵᠤ ᠨᠤᠲᠠᠯᠠᠭᠰᠠᠨ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠪᠤᠰᠤᠳ ᠣᠨᠴᠠ ᠬᠦᠨᠳᠦ ᠶᠡᠭᠡ ᠡᠪᠡᠳᠴᠢᠲᠡᠨ ᠪᠣᠯᠤᠨ᠎ᠠ᠃ ᠠᠪᠤᠷᠠᠨ ᠲᠤᠰᠠᠯᠠᠬᠤ ᠳᠤ ᠡᠬᠢᠯᠡᠨ ᠲᠤᠰᠢᠶᠠᠬᠤ ᠪᠠᠷᠢᠮᠵᠢᠶ᠎ᠠ ᠶᠢᠨ ᠲᠠᠯ᠎ᠠ ᠪᠠᠷ᠂ ᠡᠯ᠎ᠡ ᠵᠦᠢᠯ ᠤᠨ ᠳᠠᠭᠠᠳᠬᠠᠯ ᠵᠢᠴᠢ ᠠᠪᠤᠷᠠᠨ ᠲᠤᠰᠠᠯᠠᠯᠲᠠ᠂ ᠨᠥᠬᠦᠪᠥᠷᠢ ᠶᠢ ᠰᠠᠭᠤᠯᠭᠠᠨ ᠠᠪᠤᠭᠰᠠᠨ ᠤ ᠳᠠᠷᠠᠭ᠎ᠠ ᠬᠤᠪᠢ ᠬᠦᠮᠦᠨ ᠤ ᠥᠪᠡᠷᠲᠡᠭᠡᠨ ᠡᠭᠦᠷᠭᠡᠯᠡᠬᠦ ᠬᠡᠰᠡᠭ ᠤᠨ ᠬᠠᠮᠤᠭ ᠤᠨ ᠳᠣᠤᠷ᠎ᠠ ᠡᠬᠢᠯᠡᠵᠦ ᠲᠤᠰᠢᠶᠠᠬᠤ ᠪᠠᠷᠢᠮᠵᠢᠶ᠎ᠠ ᠶᠢ ᠤᠤᠯ ᠎ ᠨᠢ 3 ᠲᠦᠮᠡᠨ ᠲᠥᠭᠦᠷᠢᠭ ᠪᠠᠶᠢᠭᠰᠠᠨ ᠢ 0.5 ᠲᠦᠮᠡᠨ ᠲᠥᠭᠦᠷᠢᠭ ᠪᠣᠯᠭᠠᠨ ᠪᠠᠭᠤᠷᠠᠭᠤᠯᠪᠠ᠃ ᠠᠪᠤᠷᠠᠨ ᠲᠤᠰᠠᠯᠠᠬᠤ ᠬᠠᠷᠢᠴᠠᠯ ᠤᠨ ᠲᠠᠯ᠎ᠠ ᠪᠠᠷ᠂ ᠬᠤᠲᠠ ᠬᠥᠳᠡᠭᠡ ᠶᠢᠨ ᠡᠮ ᠡᠮᠨᠡᠯᠭᠡ ᠶᠢᠨ ᠳᠠᠭᠠᠳᠬᠠᠯ ᠳᠤ ᠣᠷᠤᠯᠴᠠᠭᠰᠠᠳ ᠲᠤ᠂ ᠡᠯ᠎ᠡ ᠵᠦᠢᠯ ᠤᠨ ᠳᠠᠭᠠᠳᠬᠠᠯ ᠵᠢᠴᠢ ᠠᠪᠤᠷᠠᠨ ᠲᠤᠰᠠᠯᠠᠯᠲᠠ᠂ ᠨᠥᠬᠦᠪᠥᠷᠢ ᠶᠢ ᠰᠠᠭᠤᠯᠭᠠᠨ ᠠᠪᠤᠭᠰᠠᠨ ᠤ ᠳᠠᠷᠠᠭ᠎ᠠ᠂ ᠬᠤᠪᠢ ᠬᠦᠮᠦᠨ ᠤ ᠥᠪᠡᠷᠲᠡᠭᠡᠨ ᠡᠭᠦᠷᠭᠡᠯᠡᠬᠦ ᠬᠡᠰᠡᠭ ᠤᠨ ᠬᠠᠮᠤᠭ ᠤᠨ ᠳᠣᠤᠷ᠎ᠠ ᠳᠠᠩᠰᠠ ᠲᠠᠶᠢᠯᠬᠤ ᠬᠠᠷᠢᠴᠠᠯ ᠢ ᠤᠤᠯ ᠨᠢ 20% ᠪᠠᠶᠢᠭᠰᠠᠨ ᠢ 30% ᠪᠣᠯᠭᠠᠨ ᠳᠡᠭᠡᠭᠰᠢᠯᠡᠭᠦᠯᠵᠦ᠂ ᠬᠠᠮᠤᠭ ᠤᠨ ᠥᠨᠳᠥᠷ ᠲᠤ ᠪᠠᠨ 6 ᠲᠦᠮᠡᠨ ᠲᠥᠭᠦᠷᠢᠭ ᠤᠨ ᠲᠠᠩᠰᠠ ᠳᠡᠶᠢᠯᠵᠦ ᠪᠣᠯᠬᠤ ᠪᠣᠯᠭᠠᠪᠠ︔ ᠬᠤᠲᠠ ᠬᠥᠳᠡᠭᠡ ᠶᠢᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠦᠭᠡᠢ ᠬᠥᠮᠦᠰ ᠢ ᠬᠤᠲᠠ ᠬᠥᠳᠡᠭᠡ ᠶᠢᠨ ᠳᠠᠭᠠᠳᠬᠠᠯ ᠤᠨ ᠬᠠᠷᠢᠴᠠᠯ ᠵᠡᠷᠭᠡ ᠪᠠᠷ ᠲᠠᠶᠢᠯᠬᠤ ᠶᠣᠰᠣᠲᠠᠢ ᠵᠣᠭᠤᠰ ᠤᠨ ᠲᠤᠭ᠎ᠠ ᠶᠢ ᠬᠠᠰᠤᠭᠰᠠᠨ ᠤ ᠳᠠᠷᠠᠭ᠎ᠠ ᠠᠪᠤᠷᠠᠨ ᠲᠤᠰᠠᠯᠠᠯᠲᠠ ᠬᠢᠵᠦ᠂ ᠬᠥᠮᠦᠨ ᠪᠦᠷᠢ ᠵᠢᠯ ᠳᠤ 6 ᠲᠦᠮᠡᠨ ᠲᠥᠭᠦᠷᠢᠭ ᠠᠴᠠ ᠳᠠᠪᠠᠭᠤᠯᠬᠤ ᠦᠭᠡᠢ ᠠᠪᠤᠷᠠᠨ ᠲᠤᠰᠠᠯᠠᠯᠲᠠ ᠬᠢᠬᠦ ᠪᠣᠯᠭᠠᠪᠠ᠃ ᠠᠪᠤᠷᠠᠨ ᠲᠤᠰᠠᠯᠠᠬᠤ ᠡᠪᠡᠳᠴᠢᠨ ᠤ ᠲᠥᠷᠥᠯ ᠤᠨ ᠲᠠᠯ᠎ᠠ ᠪᠠᠷ᠂ ᠤᠤᠯ ᠳᠤ ᠪᠠᠨ 21 ᠲᠥᠷᠥᠯ ᠤᠨ ᠠᠪᠤᠷᠠᠨ ᠲᠤᠰᠠᠯᠠᠬᠤ ᠡᠪᠡᠳᠴᠢᠨ ᠤ ᠲᠥᠷᠥᠯ ᠪᠠᠶᠢᠭᠰᠠᠨ ᠢ 30 ᠲᠥᠷᠥᠯ ᠪᠣᠯᠭᠠᠨ ᠥᠷᠭᠡᠳᠬᠡᠵᠦ᠂ ᠨᠦᠢᠷ ᠤᠨ ᠪᠤᠯᠴᠢᠷᠬᠠᠶ ᠶᠢᠨ ᠥᠮᠡᠨ᠂ ᠥᠨᠳᠡᠭᠡᠪᠴᠢ ᠶᠢᠨ ᠥᠮᠡᠨ᠂ ᠳᠠᠪᠤᠰᠠᠩ ᠤᠨ ᠥᠮᠡᠨ ᠵᠡᠷᠭᠡ 9 ᠵᠦᠢᠯ ᠤᠨ ᠠᠪᠤᠷᠠᠨ ᠲᠤᠰᠠᠯᠠᠬᠤ ᠡᠪᠡᠳᠴᠢᠨ ᠤ ᠲᠥᠷᠥᠯ ᠢ ᠰᠢᠨ᠎ᠡ ᠪᠠᠷ ᠨᠡᠮᠡᠭᠳᠡᠭᠦᠯᠪᠡ᠃      ᠣᠶᠢᠯᠠᠭᠠᠭᠰᠠᠨ ᠢᠶᠠᠷ᠂ ᠣᠨᠴᠠ ᠬᠦᠨᠳᠦ ᠶᠡᠭᠡ ᠡᠪᠡᠳᠴᠢᠨ ᠤ ᠨᠢᠭᠦᠯᠡᠰᠦᠩᠭᠦᠶ ᠶᠢᠨ ᠡᠮᠴᠢᠯᠡᠭᠡᠨ ᠤ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠡᠪᠡᠳᠴᠢᠲᠡᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ᠂ ᠬᠦᠨᠳᠦ ᠡᠪᠡᠳᠴᠢᠨ ᠤ ᠡᠮ ᠡᠮᠨᠡᠯᠭᠡ ᠶᠢᠨ ᠳᠠᠭᠠᠳᠬᠠᠯ ᠪᠣᠯᠤᠨ ᠪᠤᠰᠤᠳ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠵᠢᠴᠢ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢ ᠬᠦᠷᠲᠡᠭᠰᠡᠨ ᠤ ᠳᠠᠷᠠᠭ᠎ᠠ᠂ ᠳᠠᠬᠢᠨᠲᠠ ᠣᠨᠴᠠ ᠬᠦᠨᠳᠦ ᠶᠡᠭᠡ ᠡᠪᠡᠳᠴᠢᠨ ᠤ ᠨᠢᠭᠦᠯᠡᠰᠦᠩᠭᠦᠶ ᠶᠢᠨ ᠡᠮᠴᠢᠯᠡᠭᠡᠨ ᠤ ᠠᠪᠤᠷᠠᠨ ᠲᠤᠰᠠᠯᠠᠯᠲᠠ ᠶᠢ ᠭᠤᠶᠤᠴᠢᠯᠠᠬᠤ ᠬᠡᠷᠡᠭᠲᠡᠶ᠃ ᠤᠯᠠᠨ ᠵᠦᠢᠯ ᠤᠨ ᠣᠨᠴᠠ ᠬᠦᠨᠳᠦ ᠶᠡᠭᠡ ᠡᠪᠡᠳᠴᠢᠨ ᠲᠠᠢ ᠡᠪᠡᠳᠴᠢᠲᠡᠨ ᠵᠥᠪᠬᠡᠨ ᠨᠢᠭᠡ ᠵᠦᠢᠯ ᠤᠨ ᠣᠨᠴᠠ ᠬᠦᠨᠳᠦ ᠶᠡᠭᠡ ᠡᠪᠡᠳᠴᠢᠨ ᠤ ᠪᠡᠯᠡ ᠮᠥᠩᠭᠦ ᠶᠢᠨ ᠲᠤᠰᠠᠯᠠᠮᠵᠢ ᠭᠤᠶᠤᠴᠢᠯᠠᠵᠤ ᠪᠣᠯᠣᠨ᠎ᠠ᠃      ᠣᠨᠴᠠ ᠬᠦᠨᠳᠦ ᠶᠡᠭᠡ ᠡᠪᠡᠳᠴᠢᠨ ᠤ ᠨᠢᠭᠦᠯᠡᠰᠦᠩᠭᠦᠶ ᠶᠢᠨ ᠡᠮᠴᠢᠯᠡᠭᠡᠨ ᠤ ᠠᠪᠤᠷᠠᠨ ᠲᠤᠰᠠᠯᠠᠯᠲᠠ ᠨᠢ ᠡᠮᠨᠡᠯᠭᠡ ᠳᠤ ᠰᠠᠭᠤᠯᠭᠠᠵᠤ ᠠᠪᠤᠷᠠᠨ ᠲᠤᠰᠠᠯᠠᠬᠤ ᠪᠠᠷ ᠭᠤᠤᠯ ᠪᠣᠯᠭᠠᠬᠤ ᠶᠢᠨ ᠬᠠᠮᠲᠤ ᠡᠭᠦᠳᠡᠨ ᠡᠮᠨᠡᠯᠭᠡ ᠶᠢᠨ ᠠᠪᠤᠷᠠᠨ ᠲᠤᠰᠠᠯᠠᠯᠲᠠ ᠶᠢ ᠬᠠᠪᠰᠤᠷᠭᠠᠨ᠎ᠠ᠃ ᠠᠪᠤᠷᠠᠨ ᠲᠤᠰᠠᠯᠠᠵᠤ ᠣᠨᠣᠰᠢᠯᠠᠨ ᠡᠮᠨᠡᠬᠦ ᠪᠠ ᠡᠮ ᠬᠡᠷᠡᠭᠯᠡᠬᠦ ᠬᠦᠷᠢᠶ᠎ᠡ ᠬᠡᠪᠴᠢᠶ᠎ᠡ ᠶᠢ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠪᠠ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠡᠮᠴᠢᠯᠡᠭᠡᠨ ᠤ ᠵᠠᠷᠤᠳᠠᠯ ᠤᠨ ᠳᠠᠩᠰᠠ ᠲᠠᠶᠢᠯᠬᠤ ᠭᠠᠷᠴᠠᠭ ᠢᠶᠠᠷ ᠯᠠᠪᠯᠠᠯᠲᠠ ᠪᠣᠯᠭᠠᠨ᠎ᠠ᠃ ᠡᠭᠦᠳᠡᠨ ᠡᠮᠨᠡᠯᠭᠡ ᠶᠢᠨ ᠡᠮᠴᠢᠯᠡᠭᠡᠨ ᠢᠶᠠᠷ ᠠᠪᠤᠷᠠᠨ ᠲᠤᠰᠠᠯᠠᠭᠤᠯᠬᠤ ᠳᠤ ᠦᠨᠳᠦᠰᠦᠨ ᠡᠮᠨᠡᠯᠭᠡ ᠶᠢᠨ ᠳᠠᠭᠠᠳᠬᠠᠯ ᠢᠶᠠᠷ ᠳᠠᠩᠰᠠ ᠲᠠᠶᠢᠯᠤᠭᠰᠠᠨ ᠤ ᠳᠠᠷᠠᠭᠠᠬᠢ ᠬᠦᠴᠦᠨ ᠪᠦᠬᠦᠢ ᠡᠮᠴᠢᠯᠡᠭᠡᠨ ᠤ ᠫᠢᠶᠣᠣ ᠪᠠᠷᠢᠮᠲᠠ ︵ᠲᠠᠩᠰᠠ ᠲᠠᠶᠢᠯᠤᠭᠰᠠᠨ ᠬᠠᠭᠤᠳᠠᠰᠤ︶᠎ ᠪᠠᠨ ᠬᠠᠩᠭᠠᠬᠤ ᠴᠢᠬᠤᠯᠠᠲᠠᠶ᠃      ᠲᠣᠰ ︽ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠤᠤᠯ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠴᠠ ᠬᠦᠨᠳᠦ ᠶᠡᠭᠡ ᠡᠪᠡᠳᠴᠢᠨ ᠤ ᠨᠢᠭᠦᠯᠡᠰᠦᠩᠭᠦᠶ ᠶᠢᠨ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾᠎ ᠢ ᠬᠦᠴᠦᠨ ᠥᠬᠡᠶ ᠪᠣᠯᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号