ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠣᠷᠣᠨ ᠤ ᠳᠡᠭᠡᠳᠦ ᠬᠤᠷᠳᠤ ᠶᠢᠨ | ᠵᠠᠰᠠᠮᠠᠯ ᠵᠠᠮ ᠨᠢ 10 ᠳ᠋ᠤᠭᠠᠷ ᠰᠠᠷ᠎ᠠ ᠶᠢᠨ 1 ᠤ ᠡᠳᠦᠷ ᠤᠨ ᠲᠡᠭ ᠴᠠᠭ ᠠᠴᠠ 10 ᠳ᠋ᠤᠭᠠᠷ ᠰᠠᠷ᠎ᠠ ᠶᠢᠨ 8 ᠤ | ᠡᠳᠦᠷ ᠤᠨ 24 ᠴᠠᠭ ᠪᠣᠯᠲᠠᠯ᠎ᠠ ᠳᠣᠯᠣᠭᠠᠨ ᠰᠠᠭᠤᠳᠠᠯ ᠲᠠᠢ ᠵᠢᠴᠢ ᠲᠡᠭᠦᠨ ᠠᠴᠠ ᠳᠣᠷᠣᠭᠰᠢᠬᠢ ᠪᠠᠭ᠎ᠠ ᠬᠡᠯᠪᠡᠷᠢ ᠶᠢᠨ | ᠮᠠᠰᠢᠨ ᠲᠡᠷᠭᠡᠨ ᠳᠤ ᠰᠦᠢᠳᠬᠡᠯ ᠬᠤᠷᠢᠶᠠᠬᠤ ᠥᠬᠡᠶ ᠪᠠᠷ ᠨᠡᠪᠲᠡᠷᠡᠭᠦᠯᠬᠦ ᠶᠢ ᠦᠷᠭᠦᠯᠵᠢᠯᠡᠨ ᠬᠡᠷᠡᠭᠵᠢᠭᠦᠯᠬᠦ | ᠪᠣᠯᠤᠨ᠎ᠠ᠃ | ᠥᠪᠥᠷ ᠮᠣᠩᠭᠤᠯ ᠤᠨ ᠳᠡᠭᠡᠳᠦ ᠬᠤᠷᠳᠣ ᠶᠢᠨ ᠵᠠᠰᠠᠮᠠᠯ ᠵᠠᠮ ᠤᠨ ᠺᠣᠮᠫᠠᠨᠢ ᠶᠢᠨ ᠠᠵᠢᠯᠲᠠᠨ ᠤ | ᠲᠠᠨᠢᠯᠴᠠᠭᠤᠯᠤᠭᠰᠠᠨ ᠢᠶᠠᠷ᠂ ᠥᠩᠭᠡᠷᠡᠭᠰᠡᠨ ᠤ ᠤᠯᠤᠰ ᠤᠨ ᠪᠠᠶᠠᠷ ᠤᠨ ᠠᠮᠠᠷᠠᠯᠲᠠ ᠪᠠᠷ ᠥᠪᠡᠰᠦᠪᠡᠨ ᠲᠡᠷᠭᠡ | ᠵᠢᠯᠣᠭᠤᠳᠤᠨ ᠭᠠᠳᠠᠭᠰᠢ ᠭᠠᠷᠴᠤ ᠠᠶᠠᠯᠠᠬᠤ ᠵᠢᠮ᠎ᠡ ᠶᠣᠰᠣ ᠶᠢ ᠦᠨᠳᠦᠰᠦᠯᠡᠪᠡᠯ᠂ ᠠᠮᠠᠷᠠᠯᠲᠠ ᠶᠢᠨ ᠬᠤᠭᠤᠴᠠᠭᠠᠨ ᠤ | 10 ᠳ᠋ᠤᠭᠠᠷ ᠰᠠᠷ᠎ᠠ ᠶᠢᠨ 1 ᠤ ᠡᠳᠦᠷ ᠪᠠ 2 ᠤᠨ ᠡᠳᠦᠷ ᠠᠶᠠᠯᠠᠯ ᠤᠨ ᠣᠷᠭᠢᠯ ᠦᠶ᠎ᠡ ᠪᠣᠯᠵᠤ᠂ ᠪᠤᠴᠠᠬᠤ ᠣᠷᠭᠢᠯ | ᠦᠶ᠎ᠡ ᠨᠢ 10 ᠳ᠋ᠤᠭᠠᠷ ᠰᠠᠷ᠎ᠠ ᠶᠢᠨ 7 ᠤ ᠡᠳᠦᠷ ᠪᠠ 8 ᠤ ᠡᠳᠦᠷ ᠪᠠᠶᠢᠵᠤ ᠮᠡᠳᠡᠨ᠎ᠡ᠃ ᠰᠦᠢᠳᠬᠡᠯ ᠬᠤᠷᠢᠶᠠᠬᠤ | ᠦᠭᠡᠢ ᠪᠠᠷ ᠨᠡᠪᠲᠡᠷᠡᠬᠦ ᠬᠤᠭᠤᠴᠠᠭᠠᠨ ᠳᠤ᠂ ᠳᠡᠭᠡᠳᠦ ᠬᠤᠷᠳᠣ ᠶᠢᠨ ᠵᠠᠰᠠᠮᠠᠯ ᠵᠠᠮ ᠢᠶᠠᠷ ᠠᠶᠠᠯᠠᠬᠤ ᠣᠷᠭᠢᠯ ᠤᠨ | ᠦᠶ᠎ᠡ ᠨᠢ ᠶᠡᠷᠦ ᠳᠤ ᠪᠠᠨ 8 ᠴᠠᠭ ᠠᠴᠠ 10 ᠴᠠᠭ ᠤᠨ ᠬᠤᠭᠤᠷᠤᠨᠲᠦ ᠲᠥᠪᠯᠡᠷᠡᠵᠦ᠂ 16 ᠴᠠᠭ ᠠᠴᠠ 18 ᠴᠠᠭ | ᠪᠣᠯᠬᠤ ᠳᠤ ᠴᠦᠭᠡᠬᠡᠷᠡᠳᠡᠭ᠃ ᠲᠡᠷᠭᠡᠨ ᠤᠷᠤᠰᠬᠠᠯ ᠤᠨ ᠣᠷᠭᠢᠯ ᠦᠶ᠎ᠡ ᠳᠤ ᠡᠯ᠎ᠡ ᠳᠡᠭᠡᠳᠦ ᠬᠤᠷᠳᠤ ᠶᠢᠨ ᠵᠠᠰᠠᠮᠠᠯ | ᠵᠠᠮ ᠤᠨ ᠰᠦᠢᠳᠬᠡᠯ ᠬᠤᠷᠢᠶᠠᠬᠤ ᠥᠷᠲᠡᠭᠡ ᠵᠠᠮ ᠬᠠᠷᠢᠯᠴᠠᠭᠠᠨ ᠤ ᠵᠢᠯᠣᠭᠤᠳᠤᠮᠵᠢ ᠪᠠᠨ ᠴᠢᠩᠭᠠᠳᠬᠠᠨ᠂ ᠰᠦᠢᠳᠬᠡᠯ | ᠬᠤᠷᠢᠶᠠᠬᠤ ᠲᠠᠯᠠᠪᠠᠶ ᠶᠢᠨ ᠣᠷᠣᠵᠤ ᠭᠠᠷᠬᠤ ᠡᠭᠦᠳᠡ ᠳᠤ ᠵᠢᠭᠠᠨ ᠵᠢᠯᠣᠭᠤᠳᠬᠤ ᠠᠵᠢᠯᠲᠠᠨ ᠨᠡᠮᠡᠵᠦ᠂ ᠰᠦᠢᠳᠬᠡᠯ | ᠬᠤᠷᠢᠶᠠᠬᠤ ᠥᠷᠲᠡᠭᠡ ᠪᠠᠷ ᠣᠷᠣᠵᠤ ᠭᠠᠷᠬᠤ ᠲᠡᠷᠭᠡ ᠶᠢ ᠲᠡᠷᠭᠡᠨ ᠬᠡᠯᠪᠡᠷᠢ ᠪᠠᠷ ᠨᠢ ᠣᠨᠣᠪᠴᠢᠲᠠᠶ ᠵᠢᠯᠣᠭᠤᠳᠴᠤ᠂ | ᠰᠦᠢᠳᠬᠡᠯ ᠬᠤᠷᠢᠶᠠᠬᠤ ᠦᠭᠡᠢ ᠲᠡᠷᠭᠡ ᠬᠥᠰᠬᠡ ᠪᠠ ᠰᠦᠢᠳᠬᠡᠯ ᠬᠤᠷᠢᠶᠠᠬᠤ ᠲᠡᠷᠭᠡ ᠬᠥᠰᠬᠡ ᠶᠢ ᠵᠠᠮ ᠬᠤᠪᠢᠶᠠᠨ | ᠡᠮᠬᠢ ᠵᠢᠷᠤᠮ ᠲᠠᠢ ᠪᠠᠷ ᠥᠩᠭᠡᠷᠡᠬᠦ ᠶᠢ ᠰᠠᠨᠠᠭᠤᠯᠤᠨ᠎ᠠ᠃ | |