ᠮᠠᠨ ᠤ ᠣᠷᠣᠨ ᠤ ᠭᠤᠤᠯᠳᠠᠯᠭ᠎ᠠ ᠲᠠᠢ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠤ ᠥᠭᠡᠷᠡᠴᠢᠯᠡᠯᠲᠡ ᠤᠯᠤᠰ ᠤᠨ ᠰᠢᠯᠭᠠᠯᠲᠠ ᠳᠤ ᠪᠠᠲᠤᠯᠠᠭᠳᠠᠪᠠ
ᠨᠡᠶᠢᠲᠡᠯᠡᠭᠰᠡᠨ ᠴᠠᠭ᠄
2020/9/24
     9 ᠳ᠋ᠦ᠋ᠭᠡᠷ ᠰᠠᠷ᠎ᠠ ᠶᠢᠨ 22᠎ ᠤᠨ ᠡᠳᠦᠷ᠂ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠰᠧᠨ ᠭᠥᠩ ᠪᠦᠯᠦᠭᠯᠡᠯ ᠠᠴᠠ ᠣᠶᠢᠯᠠᠭᠠᠭᠰᠠᠨ ᠢᠶᠠᠷ᠂ ᠲᠦᠷᠦᠭᠦᠬᠡᠨ᠂ ᠤᠯᠤᠰ ᠤᠨ ᠰᠢᠯᠭᠠᠨ ᠬᠤᠷᠢᠶᠠᠬᠤ ᠳᠤᠭᠤᠶᠢᠯᠠᠩ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠭᠤᠤᠯᠳᠠᠯᠭ᠎ᠠ ᠲᠠᠢ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠤ ᠥᠭᠡᠷᠡᠴᠢᠯᠡᠯᠲᠡ ᠶᠢᠨ ᠪᠠᠶᠢᠳᠠᠯ ᠳᠤ ᠲᠤᠬᠠᠶ ᠶᠢᠨ ᠭᠠᠵᠠᠷ ᠲᠤ ᠨᠢ ᠰᠢᠯᠭᠠᠨ ᠬᠤᠷᠢᠶᠠᠬᠤ ᠠᠵᠢᠯ ᠥᠷᠨᠢᠭᠦᠯᠪᠡ᠃ ᠤᠯᠤᠰ ᠤᠨ ᠰᠢᠯᠭᠠᠨ ᠬᠤᠷᠢᠶᠠᠬᠤ ᠠᠵᠢᠯ ᠤᠨ ᠳᠤᠭᠤᠶᠢᠯᠠᠩ ᠨᠢ ᠮᠠᠨ ᠤ ᠣᠷᠣᠨ ᠤ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠤ ᠥᠭᠡᠷᠡᠴᠢᠯᠡᠯᠲᠡ ᠳᠤ 98.8 ᠬᠤᠪᠢ ᠣᠯᠭᠤᠨ᠂ ᠶᠡᠷᠦᠩᠬᠡᠶ ᠳᠤ ᠨᠢ ︽ᠰᠢᠯᠢᠳᠡᠭ︾᠎ ᠢᠶᠠᠷ ᠦᠨᠡᠯᠡᠵᠦ᠂ ᠤᠯᠤᠰ ᠤᠨ ᠥᠭᠡᠷᠡᠴᠢᠯᠡᠯᠲᠡ ᠶᠢᠨ ᠰᠢᠯᠭᠠᠯᠲᠠ ᠳᠤ ᠤᠷᠤᠭᠰᠢᠲᠠᠶ ᠪᠠᠲᠤᠯᠠᠭᠳᠠᠪᠠ᠃      ᠤᠯᠤᠰ ᠤᠨ ᠥᠮᠴᠢᠯᠡᠯ ᠤᠨ ᠣᠢ ᠰᠢᠭᠤᠶ ᠶᠢᠨ ᠲᠠᠯᠠᠪᠠᠢ ᠪᠣᠯᠤᠨ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠤ ᠥᠭᠡᠷᠡᠴᠢᠯᠡᠯᠲᠡ ᠶᠢᠨ ᠠᠵᠢᠯ ᠤᠨ ᠳᠤᠭᠤᠶᠢᠯᠠᠩ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 2020 ᠣᠨ ᠤ 9 ᠳ᠋ᠦ᠋ᠭᠡᠷ ᠰᠠᠷ᠎ᠠ ᠶᠢᠨ 7᠎ ᠠᠴᠠ 10᠎ ᠤ ᠡᠳᠦᠷ ᠪᠣᠯᠲᠠᠯ᠎ᠠ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠵᠢᠯᠲᠠᠳ ᠢᠶᠠᠷ ᠪᠦᠷᠢᠯᠳᠦᠭᠰᠡᠨ ᠤᠯᠤᠰ ᠤᠨ ᠰᠢᠯᠭᠠᠨ ᠬᠤᠷᠢᠶᠠᠬᠤ ᠳᠤᠭᠤᠶᠢᠯᠠᠩ ᠮᠠᠨ ᠤ ᠣᠷᠣᠨ ᠤ ᠶᠡᠭᠡ ᠬᠢᠩᠭᠠᠨ ᠳᠠᠪᠠᠭ᠎ᠠ ᠶᠢᠨ ᠭᠤᠤᠯᠳᠠᠯᠭ᠎ᠠ ᠲᠠᠢ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠳᠤ ᠭᠦᠨᠵᠡᠭᠡᠶᠢᠷᠡᠵᠦ᠂ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠤ ᠥᠭᠡᠷᠡᠴᠢᠯᠡᠯᠲᠡ ᠶᠢᠨ ᠪᠠᠶᠢᠳᠠᠯ ᠳᠤ ᠲᠤᠬᠠᠶ ᠶᠢᠨ ᠭᠠᠵᠠᠷ ᠲᠤ ᠨᠢ ᠰᠢᠯᠭᠠᠨ ᠬᠤᠷᠢᠶᠠᠬᠤ ᠠᠵᠢᠯ ᠥᠷᠨᠢᠭᠦᠯᠪᠡ᠃ ᠰᠢᠯᠭᠠᠨ ᠬᠤᠷᠢᠶᠠᠬᠤ ᠳᠤᠭᠤᠶᠢᠯᠠᠩ ᠤᠨ ᠦᠵᠡᠬᠦ ᠪᠠᠷ᠂ ᠥᠪᠥᠷ ᠮᠣᠩᠭᠤᠯ ᠤᠨ ᠭᠤᠤᠯᠳᠠᠯᠭ᠎ᠠ ᠲᠠᠢ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠤ ᠥᠭᠡᠷᠡᠴᠢᠯᠡᠯᠲᠡ ᠳᠤ ︽ᠭᠤᠷᠪᠠᠨ ᠬᠢᠯᠠᠰ ᠴᠡᠭ︾ ᠲᠣᠳᠣᠷᠠᠵᠠᠢ᠂ ᠲᠤᠬᠠᠶᠢᠯᠠᠪᠠᠯ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠬᠦᠴᠦᠲᠡᠶ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠳᠠᠲᠠᠶᠢᠵᠢᠵᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠢᠯᠡᠳᠲᠡ ᠪᠠᠶᠢᠨ᠎ᠠ ᠭᠡᠪᠡ᠃      ᠭᠤᠣᠯᠳᠠᠯᠭ᠎ᠠ ᠲᠠᠢ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠤ ᠥᠭᠡᠷᠡᠴᠢᠯᠡᠯᠲᠡ ᠡᠬᠢᠯᠡᠭᠰᠡᠨ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠲᠥᠪ ᠤᠨ 6 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ᠂ ︽ᠲᠡᠷᠢᠭᠦᠨ ᠳᠤ ᠨᠢ ᠤᠷᠤᠭᠰᠢᠯᠠᠵᠤ᠂ ᠦᠯᠢᠭᠡᠷ ᠳᠠᠭᠤᠷᠢᠶᠠᠯ ᠪᠣᠯᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠣᠢ ᠰᠢᠭᠤᠶ ᠶᠢᠨ ᠡᠬᠢ ᠪᠠᠶᠠᠯᠢᠭ ᠢ ᠬᠠᠮᠠᠭᠠᠯᠠᠬᠤ ᠪᠠ ᠪᠤᠶᠢᠵᠢᠭᠤᠯᠬᠤ ᠶᠠᠪᠤᠳᠠᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠠᠪᠤᠳᠠᠯ ᠢᠶᠠᠷ ᠦᠨᠳᠦᠰᠦᠨ ᠤᠷᠢᠲᠠᠯ ᠪᠣᠯᠭᠠᠵᠤ᠂ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠂ ᠣᠭᠲᠣᠯᠬᠤ ᠶᠢ ᠵᠣᠭᠰᠣᠭᠠᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠣᠭᠲᠣᠯᠬᠤ ᠶᠢ ᠵᠣᠭᠰᠣᠭᠠᠭᠰᠠᠨ 5 ᠵᠢᠯ ᠤᠨ ᠳᠣᠲᠣᠷ᠎ᠠ᠂ ᠰᠢᠭᠤᠶᠢᠲᠤ ᠣᠷᠣᠨ ᠤ ᠣᠭᠲᠣᠯᠬᠤ ᠶᠢ ᠵᠣᠭᠰᠣᠭᠠᠭᠰᠠᠨ ᠶᠡᠷᠦᠩᠬᠡᠢ ᠮᠣᠳᠣᠨ ᠤ ᠭᠠᠷᠤᠯᠲᠠ ᠨᠢ 583 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠤᠢ ᠰᠢᠭᠤᠶ ᠶᠢᠨ ᠡᠬᠢ ᠪᠠᠶᠠᠯᠢᠭ ᠤᠨ ᠬᠤᠷᠣᠭᠳᠠᠯ ᠢ ᠪᠠᠷᠤᠭ 1065 ᠲᠦᠮᠡᠨ ᠪᠣᠰᠤᠭ᠎ᠠ ᠳᠥᠷᠪᠡᠯᠵᠢᠨ ᠮᠧᠲᠷ ᠪᠠᠭᠠᠰᠬᠠᠪᠠ᠃ ᠰᠢᠭᠤᠶᠢᠲᠤ ᠣᠷᠣᠨ ᠤ ᠬᠡᠭᠡᠷ᠎ᠡ ᠶᠢᠨ ᠠᠮᠢᠲᠠᠨ ᠢᠯᠡᠳᠲᠡ ᠨᠡᠮᠡᠭᠳᠡᠵᠦ᠂ ᠠᠮᠢ ᠠᠬᠤᠶ ᠶᠢᠨ ᠴᠢᠳᠠᠮᠵᠢ ᠢᠯᠡᠳᠲᠡ ᠳᠡᠭᠡᠭᠰᠢᠯᠡᠪᠡ᠃ ᠰᠢᠭᠤᠶᠢᠲᠤ ᠣᠷᠣᠨ ᠤ ᠨᠡᠶᠢᠭᠡᠮ ᠤᠨ ᠬᠥᠭᠵᠢᠯᠲᠡ ᠠᠯᠬᠤᠮ ᠠᠯᠬᠤᠮ ᠢᠶᠠᠷ ᠣᠷᠣᠨ ᠨᠤᠲᠤᠭ ᠲᠤ ᠠᠭᠤᠰᠤᠯᠴᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号