ᠰᠢ ᠶᠢᠨ ᠫᠢᠩ ᠬᠠᠩᠭᠠᠨ ᠪᠣᠷᠣᠯᠠᠭᠤᠯᠬᠤ ᠬᠤᠷᠰᠢᠶᠠᠨ ᠤ ᠠᠵᠢᠯ ᠳᠤ ᠴᠢᠬᠤᠯᠠ ᠵᠢᠭᠠᠪᠤᠷᠢ ᠥᠭᠪᠡ
ᠨᠡᠶᠢᠲᠡᠯᠡᠭᠰᠡᠨ ᠴᠠᠭ᠄
2020/9/25
     ᠰᠢ ᠶᠢᠨ ᠫᠢᠩ ᠬᠠᠩᠭᠠᠨ ᠪᠣᠷᠣᠯᠠᠭᠤᠯᠬᠤ ᠬᠤᠷᠰᠢᠶᠠᠨ ᠤ ᠠᠵᠢᠯ ᠳᠤ ᠴᠢᠬᠤᠯᠠ ᠵᠢᠭᠠᠪᠤᠷᠢ ᠥᠭᠴᠦ ᠬᠦᠳᠡᠭᠡ ᠠᠵᠤ ᠠᠬᠤᠢ ᠬᠦᠳᠡᠭᠡ ᠲᠤᠰᠬᠤᠨ ᠳᠠᠷᠢᠶᠠᠴᠢᠨ ᠳᠤ ᠦᠢᠯᠡᠴᠢᠯᠡᠬᠦ ᠦᠨᠳᠦᠰᠦᠨ ᠵᠣᠷᠢᠯᠲᠠ ᠪᠠᠨ ᠪᠠᠲᠤ ᠴᠡᠭᠡᠵᠢᠯᠡᠵᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ                           ᠯᠢ ᠺᠧ ᠴᠢᠶᠠᠩ ᠴᠣᠬᠤᠯᠠᠪᠤᠷᠢ ᠥᠭᠴᠡᠢ      ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 24᠎ ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠢᠢᠷ᠎ᠠ ᠶᠢᠨ ᠡᠳᠦᠷ ᠬᠠᠩᠭᠠᠨ ᠪᠣᠷᠣᠯᠠᠭᠤᠯᠬᠤ ᠬᠤᠷᠰᠢᠶᠠᠨ ᠤ ᠠᠵᠢᠯ ᠳᠤ ᠴᠢᠬᠤᠯᠠ ᠵᠢᠭᠠᠪᠤᠷᠢ ᠦᠭᠬᠦ ᠳᠡᠭᠡᠨ᠂ ᠬᠠᠩᠭᠠᠨ ᠪᠣᠷᠣᠯᠠᠭᠤᠯᠬᠤ ᠬᠤᠷᠰᠢᠶ᠎ᠠ ᠪᠣᠯ ᠨᠠᠮ ᠤᠨ ᠤᠳᠤᠷᠢᠳᠤᠯᠭ᠎ᠠ ᠳᠣᠤᠷᠠᠬᠢ ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ ᠳᠤ ᠦᠢᠯᠡᠴᠢᠯᠡᠬᠦ ᠶᠡᠷᠦᠩᠬᠡᠶᠢᠯᠡᠭᠰᠡᠨ ᠴᠢᠨᠠᠷᠲᠠᠶ ᠬᠤᠷᠰᠢᠭᠰᠠᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠣᠯᠤᠨ᠎ᠠ᠂ ᠥᠨᠢ ᠤᠳᠠᠭᠠᠨ ᠲᠡᠤᠬᠡ ᠲᠠᠢ᠂ ᠢᠷᠠᠭᠤ ᠠᠯᠳᠠᠷᠲᠤ ᠤᠯᠠᠮᠵᠢᠯᠠᠯ ᠲᠠᠢ᠂ ᠮᠠᠨ ᠤ ᠤᠯᠤᠰ ᠤᠨ ᠬᠦᠳᠡᠭᠡ ᠠᠵᠤ ᠠᠬᠤᠢ ᠬᠥᠳᠡᠭᠡ ᠲᠣᠰᠬᠤᠨ ᠤ ᠬᠥᠭᠵᠢᠯᠲᠡ ᠶᠢ ᠠᠬᠢᠭᠤᠯᠬᠤ ᠨᠢᠭᠡᠨ ᠰᠠᠯᠠᠭ᠎ᠠ ᠴᠢᠬᠤᠯᠠ ᠬᠦᠴᠦᠨ ᠪᠤᠯᠤᠨ᠎ᠠ᠃ ᠤᠢᠢᠷ᠎ᠠ ᠶᠢᠨ ᠵᠢᠯ ᠠᠴᠠ ᠨᠠᠭᠠᠰᠢ᠂ ᠪᠦᠬᠦ ᠤᠯᠤᠰ ᠤᠨ ᠬᠠᠩᠭᠠᠨ ᠪᠣᠷᠣᠯᠠᠭᠤᠯᠬᠤ ᠬᠤᠷᠰᠢᠶᠠᠨ ᠤ ᠰᠢᠰᠲ᠋ᠧᠮ ᠤᠨ ᠬᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠳᠤ ᠦᠶ᠎ᠡ ᠶᠢᠨ ᠬᠦᠳᠡᠭᠡ ᠠᠵᠤ ᠠᠬᠤᠢ ᠶᠢᠨ ᠪᠦᠳᠦᠭᠡᠨ ᠪᠠᠶᠢᠭᠤᠯᠤᠯᠲᠠ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠭᠰᠡᠨ ᠪᠠᠶᠢᠨ᠎ᠠ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ᠂ ᠬᠥᠳᠡᠭᠡ ᠲᠣᠰᠬᠤᠨ ᠳᠠᠬᠢ ᠨᠠᠮ ᠤᠨ ᠲᠦᠷᠦ ᠪᠠᠷᠢᠬᠤ ᠰᠠᠭᠤᠷᠢ ᠶᠢ ᠪᠠᠬᠢᠵᠢᠭᠦᠯᠬᠦ ᠪᠠᠷ ᠭᠤᠤᠯᠳᠠᠭᠤᠯᠵᠤ᠂ ᠬᠠᠩᠭᠠᠨ ᠪᠣᠷᠣᠯᠠᠭᠤᠯᠬᠤ ᠬᠤᠷᠰᠢᠶ᠎ᠠ ᠶᠢ ᠦᠷᠭᠦᠯᠵᠢᠯᠡᠨ ᠰᠠᠶᠢᠲᠤᠷ ᠡᠷᠬᠢᠯᠡᠬᠦ ᠬᠡᠷᠡᠭᠳᠠᠢ᠃ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠢᠨ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾᠎ ᠤ ᠠᠵᠢᠯ ᠤᠨ ᠶᠡᠭᠡ ᠲᠠᠯ᠎ᠠ ᠠᠴᠠ ᠡᠭᠦᠰᠴᠦ᠂ ᠬᠦᠳᠡᠭᠡ ᠠᠵᠤ ᠠᠬᠤᠢ ᠬᠦᠳᠡᠭᠡ ᠲᠤᠰᠬᠤᠨ ᠳᠠᠷᠢᠶᠠᠴᠢᠨ ᠳᠤ ᠦᠢᠯᠡᠴᠢᠯᠡᠬᠦ ᠦᠨᠳᠦᠰᠦᠨ ᠵᠣᠷᠢᠯᠲᠠ ᠪᠠᠨ ᠪᠠᠲᠤ ᠴᠡᠭᠡᠵᠢᠯᠡᠵᠦ᠂ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠶᠢᠭᠤᠯᠤᠮᠵᠢ ᠲᠣᠭᠲᠠᠴᠠ ᠪᠠᠨ ᠲᠡᠭᠦᠯᠳᠡᠷᠵᠢᠭᠦᠯᠵᠦ᠂ ᠦᠢᠯᠡᠴᠢᠯᠡᠭᠡᠨ ᠤ ᠬᠦᠷᠢᠶ᠎ᠡ ᠪᠠᠨ ᠥᠷᠭᠡᠳᠬᠡᠵᠦ᠂ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠳᠤ ᠦᠢᠯᠡᠴᠢᠯᠡᠬᠦ ᠶᠡᠷᠦᠩᠬᠡᠶᠢᠯᠡᠭᠰᠡᠨ ᠲᠠᠪᠴᠠᠩ ᠪᠣᠯᠬᠤ ᠪᠠᠷ ᠱᠠᠯᠠᠪᠳᠠᠨ᠂ ᠨᠠᠮ ᠪᠣᠯᠤᠨ ᠵᠠᠰᠠᠭ ᠤᠨ ᠣᠷᠳᠣᠨ ᠤ ᠲᠠᠷᠢᠶᠠᠴᠢᠨ ᠲᠦᠮᠡᠨ ᠲᠠᠢ ᠨᠢᠭᠲᠠ ᠬᠠᠷᠢᠯᠴᠠᠬᠤ ᠬᠥᠭᠦᠷᠭᠡ ᠬᠤᠯᠪᠣᠭᠠᠰᠤ ᠪᠣᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠵᠤ᠂ ᠮᠠᠨ ᠤ ᠤᠯᠤᠰ ᠤᠨ ᠬᠠᠩᠭᠠᠨ ᠪᠣᠷᠣᠯᠠᠭᠤᠯᠬᠤ ᠬᠤᠷᠰᠢᠶᠠᠨ ᠤ ᠦᠢᠯᠡᠰ ᠤᠨ ᠰᠢᠨ᠎ᠡ ᠪᠠᠶᠢᠳᠠᠯ ᠢ ᠡᠭᠦᠳᠬᠦ ᠬᠡᠷᠡᠭᠲᠡᠶ ᠭᠡᠵᠤ ᠴᠢᠬᠤᠯᠠᠴᠢᠯᠠᠵᠠᠢ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠴᠣᠬᠤᠯᠠᠪᠤᠷᠢ ᠥᠭᠬᠦ ᠳᠡᠭᠡᠨ᠂ ᠬᠠᠩᠭᠠᠨ ᠪᠣᠷᠣᠯᠠᠭᠤᠯᠬᠤ ᠬᠤᠷᠰᠢᠶ᠎ᠠ ᠪᠣᠯ ᠤᠯᠤᠰ ᠤᠨ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾᠎ ᠤ ᠠᠵᠢᠯ ᠢ ᠠᠬᠢᠭᠤᠯᠬᠤ᠂ ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ ᠳᠤ ᠰᠢᠭᠤᠳ ᠦᠢᠯᠡᠴᠢᠯᠡᠬᠦ ᠴᠢᠬᠤᠯᠠ ᠠᠴᠢᠶᠠᠯᠠᠪᠤᠷᠢ ᠮᠦᠨ᠃ ᠤᠢᠢᠷ᠎ᠠ ᠶᠢᠨ ᠵᠢᠯ ᠠᠴᠠ ᠨᠠᠭᠠᠰᠢ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠬᠦᠳᠡᠭᠡ ᠠᠵᠤ ᠠᠬᠤᠢ ᠬᠥᠳᠡᠭᠡ ᠲᠣᠰᠬᠤᠨ ᠤ ᠬᠥᠭᠵᠢᠯᠲᠡ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ᠂ ᠬᠦᠲᠡᠭᠡ ᠠᠵᠦ ᠠᠬᠤᠢ ᠬᠦᠲᠡᠭᠡ ᠲᠤᠰᠬᠤᠨ ᠲᠠᠷᠢᠶᠠᠴᠢᠨ ᠳᠤ ᠦᠢᠯᠡᠴᠢᠯᠡᠬᠦ ᠵᠣᠷᠢᠯᠲᠠ ᠪᠠᠨ ᠢᠮᠠᠭᠳᠠ ᠦᠢᠯᠡᠳᠦᠯᠭᠡᠵᠢᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠵᠤ᠂ ︽ᠬᠦᠲᠡᠭᠡ ᠠᠵᠦ ᠠᠬᠤᠢ ᠬᠥᠳᠡᠭᠡ ᠲᠣᠰᠬᠤᠨ ᠲᠠᠷᠢᠶᠠᠴᠢᠠ︾᠎ ᠳᠤ ᠦᠢᠯᠡᠴᠢᠯᠡᠬᠦ ᠶᠡᠷᠦᠩᠬᠡᠶᠢᠯᠡᠭᠰᠡᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠤᠨ᠂ ᠬᠥᠳᠡᠭᠡ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡ᠂ ᠬᠥᠳᠡᠭᠡ ᠲᠣᠰᠬᠤᠨ ᠤ ᠣᠳᠣ ᠦᠶ᠎ᠡ ᠶᠢᠨ ᠭᠦᠢᠯᠭᠡᠭᠡ᠂ ᠲᠠᠷᠢᠶᠠᠴᠢᠳ ᠤᠨ ᠲᠤᠰᠬᠠᠶ ᠬᠤᠷᠰᠢᠶ᠎ᠠ ᠵᠡᠷᠭᠡ ᠭᠤᠤᠯᠳᠠᠯᠭ᠎ᠠ ᠲᠠᠢ ᠠᠵᠢᠯ ᠢ ᠤᠯᠠᠮ ᠨᠢᠭᠡ ᠠᠯᠬᠤᠮ ᠰᠠᠶᠢᠲᠤᠷ ᠠᠳᠬᠤᠨ ᠠᠬᠢᠭᠤᠯᠵᠤ᠂ ᠲᠠᠷᠢᠶᠠᠯᠠᠩ ᠤᠨ ᠴᠢᠬᠤᠯᠠ ᠦᠢᠯᠡᠳᠪᠦᠷᠢᠯᠡᠯ ᠤᠨ ᠬᠡᠷᠡᠭᠰᠡᠯ ᠪᠤᠯᠤᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠦᠢᠯᠡᠴᠢᠯᠡᠭᠡ ᠶᠢ ᠰᠢᠯᠢᠳᠡᠭᠵᠢᠭᠦᠯᠤᠨ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠦᠲᠡᠭᠡ ᠠᠵᠦ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ᠃      ᠲᠤᠮᠲᠠᠲᠤ ᠶᠢᠨ ᠪᠦᠬᠦ ᠤᠯᠤᠰ ᠤᠨ ᠬᠠᠩᠭᠠᠨ ᠪᠣᠷᠣᠯᠠᠭᠤᠯᠬᠤ ᠬᠤᠷᠰᠢᠶᠠᠨ ᠤ ᠳᠣᠯᠣᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ 24᠎ ᠤ ᠡᠳᠦᠷ ᠪᠡᠭᠡᠵᠢᠩ ᠳᠤ ᠬᠤᠷᠠᠯᠳᠤᠪᠠ᠃ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠤᠨ ᠯᠢ ᠺᠧ ᠴᠢᠶᠠᠩ ᠤᠨ ᠴᠣᠬᠤᠯᠠᠪᠤᠷᠢ ᠶᠢ ᠤᠯᠠᠮᠵᠢᠯᠠᠨ ᠰᠤᠷᠤᠯᠴᠠᠪᠠ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠬᠤ᠋ ᠴᠦᠨ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠬᠡᠳᠭᠡᠨ ᠠᠬᠢᠭᠤᠯᠬᠤ ᠨᠢ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠥᠭᠵᠢᠯᠲᠡ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠴᠤ᠂ ᠨᠡᠩ ᠥᠷᠭᠡᠨ ᠠᠭᠤᠳᠠᠮ ᠣᠷᠣᠨ ᠵᠠᠢ ᠶᠢ ᠨᠡᠭᠡᠭᠡᠪᠡ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ ᠂ ᠬᠦᠲᠡᠭᠡ ᠠᠵᠦ ᠠᠬᠤᠢ ᠬᠦᠲᠡᠭᠡ ᠲᠤᠰᠬᠤᠨ ᠲᠠᠷᠢᠶᠠᠴᠢᠠ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠲᠤ ᠡᠵᠡᠮᠳᠡᠵᠦ᠂ ᠬᠦᠲᠡᠭᠡ ᠠᠵᠦ ᠠᠬᠤᠢ ᠬᠦᠲᠡᠭᠡ ᠲᠤᠰᠬᠤᠨ ᠲᠠᠷᠢᠶᠠᠴᠢᠠ ᠳᠤ ᠦᠢᠯᠡᠴᠢᠯᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠡᠷᠴᠢᠮᠳᠠᠢ ᠭᠦᠨᠵᠡᠭᠡᠶᠢᠷᠡᠭᠦᠯᠤᠨ᠂ ᠳᠠᠪᠠᠭᠤᠯᠢᠭ ᠢᠶᠠᠨ ᠪᠠᠳᠠᠷᠠᠭᠤᠯᠤᠨ ᠲᠦᠷᠭᠡᠡ ᠬᠥᠭᠵᠢᠨ ᠪᠤᠵᠠᠭᠠᠶᠢᠷᠠᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠪᠥᠬᠦ ᠲᠠᠯ᠎ᠠ ᠪᠠᠷ ᠴᠢᠩᠭᠠᠳᠬᠠᠠ᠂ ᠬᠦᠲᠡᠭᠡ ᠠᠵᠦ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠭᠡᠨ ᠠᠬᠢᠭᠤᠯᠬᠤ ᠳᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠨ᠎ᠡ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠵᠢᠶ ᠪᠢᠩ ᠰᠢᠤᠸᠠᠨ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠴᠤᠸᠠᠨ ᠲᠠᠩ ᠬᠤᠷᠠᠯ ᠳᠤ ᠣᠷᠣᠯᠴᠠᠪᠠ᠃      ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠪᠦᠬᠦ ᠤᠯᠤᠰ ᠤᠨ ᠬᠠᠩᠭᠠᠨ ᠪᠣᠷᠣᠯᠠᠭᠤᠯᠬᠤ ᠬᠤᠷᠰᠢᠶᠠᠨ ᠤ ᠰᠢᠰᠲ᠋ᠧᠮ ᠤᠨ ᠲᠥᠯᠥᠭᠡᠯᠡᠭᠴᠢ ᠵᠡᠷᠭᠡ 600 ᠭᠠᠷᠤᠢ ᠬᠥᠮᠦᠨ ᠬᠤᠷᠠᠯ ᠳᠤ ᠣᠷᠣᠯᠴᠠᠪᠠ᠃      ᠡᠨᠡ ᠤᠳᠠᠭᠠᠨ ᠤ ᠶᠡᠭᠡ ᠬᠤᠷᠠᠯ ᠳᠤ ᠳᠤᠮᠳᠠᠳᠤ ᠶᠢᠨ ᠪᠦᠬᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠶ ᠬᠤᠷᠰᠢᠶᠠᠨ ᠤ ᠵᠢᠷᠭᠤᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠠᠵᠢᠯ ᠤᠨ ᠮᠡᠳᠡᠭᠦᠯᠦᠯᠳᠡ ᠪᠣᠯᠤᠨ ᠬᠢᠨᠠᠭᠴᠢᠳ ᠤᠨ ᠵᠥᠪᠯᠡᠯ ᠤᠨ ᠠᠵᠢᠯ ᠤᠨ ᠮᠡᠳᠡᠭᠦᠯᠦᠯᠳᠡ ᠶᠢ ᠰᠣᠨᠣᠰᠴᠤ ᠬᠢᠨᠠᠵᠤ ᠵᠦᠪᠯᠡᠨ᠂ ︽ᠳᠤᠮᠳᠠᠳᠤ ᠶᠢᠨ ᠪᠦᠬᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠶ ᠬᠤᠷᠰᠢᠶᠠᠨ ᠤ ᠲᠦᠷᠢᠮ︾᠎ ᠢ ᠬᠢᠨᠠᠨ ᠵᠦᠪᠯᠡᠵᠦ ᠵᠠᠰᠠᠪᠤᠷᠢ ᠣᠷᠣᠭᠤᠯᠵᠤ᠂ ᠶᠡᠷᠦᠩᠬᠡᠶ ᠬᠤᠷᠰᠢᠶᠠᠨ ᠤ ᠳᠣᠯᠣᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠪᠠ ᠬᠢᠨᠠᠭᠴᠢᠳ ᠤᠨ ᠵᠥᠪᠯᠡᠯ ᠢ ᠰᠣᠩᠭᠤᠵᠤ ᠭᠠᠷᠭᠠᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号