ᠥᠪᠥᠷ ᠮᠣᠩᠭᠤᠯ ᠨᠡᠶᠢᠭᠡᠮ ᠤᠨ ᠳᠠᠭᠠᠳᠬᠠᠯ ᠤᠨ ᠺᠠᠷᠲ ᠤᠨ ︽ᠨᠢᠭᠡ ᠥᠷᠲᠡᠭᠡ ᠮᠠᠶ᠋ᠢᠭ︾᠎ ᠤᠨ ᠦᠢᠯᠡᠴᠢᠯᠡᠭᠡᠨ ᠤ ᠲᠣᠤᠷ ᠴᠡᠭ ᠢ 2165 ᠪᠠᠶᠢᠭᠤᠯᠪᠠ
ᠨᠡᠶᠢᠲᠡᠯᠡᠭᠰᠡᠨ ᠴᠠᠭ᠄
2020/9/25
     9 ᠳ᠋ᠦ᠋ᠭᠡᠷ ᠰᠠᠷ᠎ᠠ ᠶᠢᠨ 24᠎ ᠤ ᠡᠳᠦᠷ ᠣᠶᠢᠯᠠᠭᠠᠭᠰᠠᠨ ᠢᠶᠠᠷ᠂ ᠪᠥᠬᠦ ᠣᠷᠣᠨ ᠤ ︽ᠨᠢᠭᠡ ᠰᠦᠯᠵᠢᠶ᠎ᠡ ᠨᠢᠭᠡ ᠡᠭᠦᠳᠡ ᠨᠢᠭᠡ ᠯᠡ ᠤᠳᠠᠭ᠎ᠠ︾᠎ ᠶᠢᠨ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠳᠥᠯᠭᠢᠨ ᠠᠬᠢᠭᠤᠯᠵᠤ᠂ ᠠᠵᠢᠯ ᠶᠠᠪᠤᠳᠠᠯ ᠭᠦᠢᠴᠡᠳᠬᠡᠬᠦ ᠥᠷᠭᠡᠨ ᠣᠯᠠᠨ ᠲᠦᠮᠡᠨ ᠳᠤ ᠨᠠᠩ ᠳᠥᠭᠦᠮ ᠳᠥᠲᠡ ᠨᠡᠶᠢᠭᠡᠮ ᠤᠨ ᠳᠠᠭᠠᠳᠬᠠᠯ ᠤᠨ ᠺᠠᠷᠲ ᠢ ᠭᠦᠢᠴᠡᠳᠬᠡᠬᠦ ᠦᠢᠯᠡᠴᠢᠯᠡᠭᠡ ᠬᠠᠩᠭᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠨᠢ ᠨᠡᠶᠢᠭᠡᠮ ᠤᠨ ᠳᠠᠭᠠᠳᠬᠠᠯ ᠤᠨ ᠺᠠᠷᠲ ᠤᠨ ᠬᠤᠷᠰᠢᠭᠰᠠᠨ ᠪᠠᠩᠬᠢ ᠲᠠᠢ ᠢᠳᠡᠪᠬᠢᠲᠡᠢ ᠨᠡᠪᠲᠡᠷᠡᠯᠴᠡᠵᠦ᠂ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ︽ᠨᠢᠭᠡ ᠥᠷᠲᠡᠭᠡ ᠮᠠᠶ᠋ᠢᠭ︾᠎ ᠤᠨ ᠦᠢᠯᠡᠴᠢᠯᠡᠭᠡᠨ ᠤ ᠲᠣᠤᠷ ᠴᠡᠭ ᠪᠠ ︽ᠺᠠᠷᠲ ᠢ ᠲᠦᠷᠭᠡᠨ ᠣᠯᠭᠤᠬᠤ︾ ᠦᠢᠯᠡᠴᠢᠯᠡᠭᠡᠨ ᠤ ᠲᠣᠤᠷ ᠴᠡᠭ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠳᠥᠯᠭᠢᠨ ᠠᠬᠢᠭᠤᠯᠵᠤ᠂ ᠤᠤᠯ ᠨᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠪᠣᠯᠣᠨ ᠪᠠᠩᠬᠢ ᠶᠢᠨ ᠪᠠᠶᠢᠭᠤᠯᠤᠮᠵᠢ ᠶᠢᠨ ᠲᠣᠰ ᠲᠣᠰ ᠬᠠᠷᠢᠭᠤᠴᠠᠵᠤ ᠪᠠᠶᠢᠭᠰᠠᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠲᠤᠬᠠᠶᠢᠯᠠᠭᠰᠠᠨ ᠠᠵᠢᠯ ᠭᠦᠢᠴᠡᠳᠬᠡᠬᠦ ᠲᠥᠪᠯᠡᠷᠡᠩᠭᠦᠶ ᠮᠠᠶ᠋ᠢᠭ ᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠰᠢᠰᠲ᠋ᠧᠮ ᠢ ᠪᠠᠩᠬᠢ ᠶᠢᠨ ᠴᠣᠩᠬᠤᠪᠴᠢ ᠳᠤ ᠨᠢᠭᠡᠳᠦᠯᠲᠡᠶ ᠨᠡᠶᠢᠯᠡᠭᠦᠯᠦᠨ ᠨᠢᠭᠡ ᠯᠡ ᠤᠳᠠᠭ᠎ᠠ ᠳᠤ ᠭᠦᠢᠴᠡᠳᠬᠡᠬᠦ ᠪᠣᠯᠭᠠᠪᠠ᠃      ᠣᠶᠢᠯᠠᠭᠠᠭᠰᠠᠨ ᠢᠶᠠᠷ᠂ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ︽ᠨᠢᠭᠡ ᠥᠷᠲᠡᠭᠡ ᠮᠠᠶ᠋ᠢᠭ︾᠎ ᠤᠨ ᠦᠢᠯᠡᠴᠢᠯᠡᠭᠡᠨ ᠤ ᠲᠣᠣᠷ ᠴᠡᠭ ᠨᠢ ᠪᠠᠷᠢᠮᠵᠢᠶᠠᠵᠢᠭᠰᠠᠨ ᠦᠢᠯᠡᠴᠢᠯᠡᠭᠡᠨ ᠤ ᠴᠤᠪᠤᠷᠠᠯ᠂ ᠡᠯᠧᠺᠲᠷᠣᠨᠴᠢᠯᠡᠭᠰᠡᠨ ᠠᠯᠪᠠᠯᠠᠬᠤ ᠵᠠᠭᠪᠤᠷ᠂ ᠤᠶᠤᠨᠴᠢᠯᠠᠭᠰᠠᠨ ᠠᠵᠢᠯ ᠤᠨ ᠲᠥᠬᠦᠭᠡᠷᠦᠮᠵᠢ ᠶᠢ ᠬᠡᠷᠡᠭᠯᠡᠨ᠂ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠦᠢᠯᠡᠴᠢᠯᠡᠭᠡ ᠶᠢ ︽ᠳᠠᠷᠦ᠋ᠢᠬᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠣᠶᠢᠷ᠎ᠠ ᠬᠠᠪᠢ ᠳᠤ ᠨᠢ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾᠎ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠮᠡᠳᠡᠭᠡ ᠵᠠᠩᠭᠢ ᠴᠤᠭᠯᠠᠭᠤᠯᠬᠤ᠂ ᠲᠤᠬᠠᠶ ᠶᠢᠨ ᠲᠠᠯᠠᠪᠤᠷ ᠲᠤ ᠬᠦᠴᠦᠨ ᠲᠠᠢ ᠪᠣᠯᠭᠠᠬᠤ᠂ ᠨᠢᠭᠤᠴᠠ ᠨᠣᠮᠧᠷ ᠲᠤ ᠵᠠᠰᠠᠪᠤᠷᠢ ᠬᠢᠬᠦ᠂ ᠠᠯᠳᠠᠭᠰᠠᠨ ᠢᠶᠠᠨ ᠮᠡᠳᠡᠭᠦᠯᠬᠦ ᠪᠠ ᠲᠠᠶᠢᠯᠬᠤ᠂ ᠨᠢᠭᠡᠳᠦᠯᠲᠡᠶ ᠲᠥᠯᠥᠪᠯᠡᠬᠦ ᠲᠣᠭᠤᠷᠢᠭ ᠢ ᠰᠢᠯᠵᠢᠭᠦᠯᠬᠦ ᠵᠡᠷᠭᠡ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠪᠦᠬᠦ ᠬᠦᠴᠦᠨ ᠪᠦᠬᠦᠢ ᠦᠶᠡᠯᠡᠯ ᠤᠨ ᠬᠤᠭᠤᠴᠠᠭᠠᠨ ᠳᠤ ︽ᠨᠢᠭᠡ ᠥᠷᠲᠡᠭᠡ ᠮᠠᠶ᠋ᠢᠭ︾᠎ ᠢᠶᠠᠷ ᠭᠦᠢᠴᠡᠳᠬᠡᠬᠦ ᠶᠢ ᠪᠡᠶᠡᠯᠡᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢ 10 ᠠᠵᠢᠯᠯᠠᠬᠤ ᠡᠳᠦᠷ ᠤᠨ ᠳᠣᠲᠣᠷ᠎ᠠ ᠣᠯᠭᠤᠬᠤ ᠠᠮᠠᠯᠠᠯᠲᠠ ᠶᠢ ᠪᠡᠶᠡᠯᠡᠭᠦᠯᠬᠦ ᠪᠣᠯᠪᠠ᠃ ᠣᠳᠣᠬᠠᠨ ᠳᠤ᠂ ᠪᠥᠬᠦ ᠣᠷᠣᠨ ᠳᠤ ᠨᠢᠭᠡᠨᠲᠡ ︽ᠨᠢᠭᠡ ᠥᠷᠲᠡᠭᠡ ᠮᠠᠶ᠋ᠢᠭ︾᠎ ᠤᠨ ᠦᠢᠯᠡᠴᠢᠯᠡᠭᠡᠨ ᠤ ᠲᠣᠤᠷ ᠴᠡᠭ ᠢ 2165 ᠪᠠᠶᠢᠭᠤᠯᠪᠠ᠃ ᠡᠭᠦᠨ ᠠᠴᠠ ᠭᠠᠳᠠᠨ᠎ᠠ᠂ ᠬᠡᠰᠡᠭ ᠬᠥᠮᠦᠰ ᠤᠨ ᠨᠡᠶᠢᠭᠡᠮ ᠤᠨ ᠳᠠᠭᠠᠳᠬᠠᠯ ᠤᠨ ᠺᠠᠷᠲ ᠢ ᠪᠠᠴᠢᠮ ᠬᠡᠷᠡᠭᠯᠡᠬᠦ ᠪᠠᠶᠢᠳᠠᠯ ᠢ ᠰᠢᠢᠳᠪᠦᠷᠢᠯᠡᠬᠦ ᠶᠢᠨ ᠲᠥᠯᠥᠭᠡ᠂ ᠮᠠᠨ ᠤ ᠣᠷᠣᠨ ᠪᠠᠰᠠ ᠬᠤᠷᠰᠢᠭᠰᠠᠨ ᠪᠠᠩᠬᠢ ᠨᠢ ᠦᠢᠯᠡᠴᠢᠯᠡᠭᠡᠨ ᠤ ᠭᠠᠵᠠᠷ ᠣᠷᠣᠨ ᠤ ᠬᠤᠰᠢᠭᠤ ᠰᠢᠶᠠᠨ ᠲᠣᠭᠤᠷᠢᠭ ᠨᠢᠭᠡᠪᠦᠷᠢ ᠳᠤ ᠠᠳᠠᠭ ᠪᠠᠭ᠎ᠠ ᠳᠤ ᠪᠠᠨ ᠨᠢᠭᠡ ︽ᠺᠠᠷᠲ ᠢ ᠲᠦᠷᠭᠡᠨ ᠣᠯᠭᠤᠬᠤ︾ ᠦᠢᠯᠡᠴᠢᠯᠡᠭᠡᠨ ᠤ ᠲᠣᠤᠷ ᠴᠡᠭ ᠪᠠᠶᠢᠭᠤᠯᠵᠤ᠂ ᠰᠢᠷᠡᠭᠡᠨ ᠳᠡᠭᠡᠷ᠎ᠡ ᠺᠠᠷᠲ ᠦᠢᠯᠡᠳᠬᠦ ᠪᠡᠯᠡᠳᠬᠡᠮᠵᠢ᠂ ᠥᠪᠡᠷᠲᠡᠭᠡᠨ ᠺᠠᠷᠲ ᠬᠢᠬᠦ ᠪᠡᠯᠡᠳᠬᠡᠮᠵᠢ᠂ ᠨᠢᠭᠡ ᠥᠷᠲᠡᠭᠡ ᠮᠠᠶ᠋ᠢᠭ ᠤᠨ ᠭᠡᠷᠡᠯ ᠵᠢᠷᠤᠭ ᠤᠨ ᠲᠥᠬᠦᠭᠡᠷᠦᠮᠵᠢ ᠲᠣᠬᠢᠷᠠᠭᠤᠯᠤᠨ᠂ ᠲᠤᠭ᠎ᠠ ᠪᠠᠷᠢᠮᠲᠠ ᠴᠤᠭᠯᠠᠭᠤᠯᠬᠤ᠂ ᠭᠡᠷᠡᠯ ᠵᠢᠷᠤᠭ ᠴᠤᠭᠯᠠᠭᠤᠯᠬᠤ ᠠᠴᠠ ᠺᠠᠷᠲ ᠵᠣᠬᠢᠶᠠᠵᠤ ᠣᠯᠭᠤᠬᠤ ᠪᠦᠬᠦ ᠶᠠᠪᠤᠴᠠ ᠶᠢᠨ ᠲᠤᠬᠠᠶᠢᠯᠠᠭᠰᠠᠨ ᠠᠵᠢᠯ ᠢ ᠨᠢᠭᠡ ᠯᠡ ᠤᠳᠠᠭ᠎ᠠ ᠳᠡᠭᠡᠷ᠎ᠡ ᠭᠦᠢᠴᠡᠳᠬᠡᠵᠦ ᠳᠠᠭᠤᠰᠬᠠᠨ᠂ ᠨᠡᠶᠢᠭᠡᠮ ᠤᠨ ᠳᠠᠭᠠᠳᠬᠠᠯ ᠤᠨ ᠺᠠᠷᠲ ᠢ ᠲᠤᠬᠠᠶ ᠶᠢᠨ ᠭᠠᠵᠠᠷ ᠲᠤ ᠨᠢ ᠵᠣᠬᠢᠶᠠᠵᠤ᠂ ᠳᠠᠷᠤᠶ ᠲᠦᠷᠭᠡᠨ ᠣᠯᠭᠤᠬᠤ ᠶᠢ ᠪᠡᠶᠡᠯᠡᠭᠦᠯᠪᠡ᠃ ᠣᠳᠣᠬᠠᠨ ᠳᠤ᠂ ᠪᠥᠬᠦ ᠣᠷᠣᠨ ᠳᠤ ᠨᠢᠭᠡᠨᠲᠡ ︽ ᠺᠠᠷᠲ ᠢ ᠲᠦᠷᠭᠡᠨ ᠣᠯᠭᠤᠬᠤ︾ ᠲᠣᠤᠷ ᠴᠡᠭ ᠢ 883 ᠪᠠᠶᠢᠭᠤᠯᠪᠠ᠃      ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ︽ᠨᠢᠭᠡ ᠥᠷᠲᠡᠭᠡ ᠮᠠᠶ᠋ᠢᠭ︾ ᠪᠠ ︽ᠺᠠᠷᠲ ᠢ ᠲᠦᠷᠭᠡᠨ ᠣᠯᠭᠤᠬᠤ︾ ᠦᠢᠯᠡᠴᠢᠯᠡᠭᠡᠨ ᠤ ᠲᠣᠤᠷ ᠴᠡᠭ ᠤᠨ ᠨᠡᠷᠡᠰ ᠢ ︽ᠥᠪᠥᠷ ᠮᠣᠩᠭᠤᠯ ᠤᠨ 12333︾ ᠸᠢᠴᠠᠲ ᠤᠨ ᠣᠯᠠᠨ ᠨᠡᠶᠢᠲᠡ ᠶᠢᠨ ᠨᠣᠮᠧᠷ ᠢᠶᠠᠷ ᠳᠠᠮᠵᠢᠭᠤᠯᠤᠨ ᠪᠠᠶᠢᠴᠠᠭᠠᠨ ᠯᠠᠪᠯᠠᠵᠤ ᠪᠣᠯᠤᠨ᠎ᠠ᠃ ᠣᠯᠠᠨ ᠲᠦᠮᠡᠨ ᠺᠠᠷᠲ ᠵᠣᠬᠢᠶᠠᠬᠤ ᠪᠠᠩᠬᠢ ᠶᠢ ᠬᠤᠪᠢ ᠬᠥᠮᠦᠨ ᠤ ᠬᠦᠰᠡᠯ ᠰᠠᠨᠠᠭ᠎ᠠ ᠪᠠᠨ ᠦᠨᠳᠦᠰᠦᠯᠡᠨ ᠡᠵᠡᠨ ᠮᠡᠳᠡᠨ ᠰᠣᠩᠭᠤᠵᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠰᠢᠨ᠎ᠡ ᠪᠠᠷ ᠭᠤᠶᠤᠴᠢᠯᠠᠨ ᠠᠪᠬᠤ ᠪᠤᠶᠤ ᠨᠥᠬᠦᠵᠦ ᠰᠣᠯᠢᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠤᠨ᠎ᠠ᠃ ᠨᠡᠶᠢᠭᠡᠮ ᠤᠨ ᠪᠠᠲᠤᠯᠠᠭ᠎ᠠ ᠶᠢᠨ ᠺᠠᠷᠲ ᠭᠤᠶᠤᠴᠢᠯᠠᠨ ᠠᠪᠤᠭᠰᠠᠨ ᠬᠥᠮᠦᠰ᠂ ᠠᠯᠢ ᠨᠢᠭᠡᠨ ᠬᠤᠷᠰᠢᠭᠰᠠᠨ ᠪᠠᠩᠬᠢ ᠶᠢᠨ ᠨᠡᠶᠢᠭᠡᠮ ᠤᠨ ᠳᠠᠭᠠᠳᠬᠠᠯ ᠤᠨ ᠺᠠᠷᠲ ᠲᠠᠢ ᠪᠠᠶᠢᠭᠰᠠᠨ ᠴᠤ ᠪᠦᠷ ᠬᠡᠪ ᠤᠨ ᠶᠣᠰᠣᠭᠠᠷ ᠬᠡᠷᠡᠭᠯᠡᠵᠦ ᠪᠣᠯᠤᠨ᠎ᠠ᠂ ᠪᠤᠰᠤᠳ ᠪᠠᠩᠬᠢ ᠶᠢᠨ ᠨᠡᠶᠢᠭᠡᠮ ᠤᠨ ᠳᠠᠭᠠᠳᠬᠠᠯ ᠤᠨ ᠺᠠᠷᠲ ᠢ ᠰᠣᠯᠢᠬᠤ ᠴᠢᠬᠤᠯᠠ ᠦᠭᠡᠢ ᠶᠤᠮ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号