ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ︽ᠲᠠᠯ᠎ᠠ ᠨᠤᠲᠤᠭ ᠤᠨ ᠴᠢᠳᠠᠪᠤᠷᠢᠲᠠᠨ︾᠎ ᠤ ᠳᠡᠭᠡᠳᠦ ᠳᠡᠰ ᠤᠨ ᠴᠢᠳᠠᠪᠤᠷᠢᠲᠠᠨ ᠤ ᠬᠠᠮᠲᠤᠷᠠᠯᠴᠠᠭ᠎ᠠ ᠰᠣᠯᠢᠯᠴᠠᠭᠠᠨ ᠤ ᠬᠤᠷᠠᠯ ᠵᠢᠴᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠴᠢᠳᠠᠪᠤᠷᠢᠲᠠᠨ ᠤ ᠰᠢᠨ᠎ᠡ ᠶᠢ ᠡᠭᠦᠳᠤᠨ ᠦᠢᠯᠡᠰ ᠪᠤᠰᠬᠠᠬᠤ ᠭᠠᠷᠠᠭ ᠤᠨ ᠠᠵᠢᠯᠯᠠᠭ᠎ᠠ ᠡᠬᠢᠯᠡᠪᠡ  ᠸᠠᠩ ᠯᠢ ᠰᠢᠶᠠ  ᠶᠠᠩ ᠸᠧᠶ ᠳ᠋ᠦᠩ  ᠵᠧᠩ ᠬᠤᠩ ᠹᠠᠨ ᠣᠷᠣᠯᠴᠠᠪᠠ
ᠨᠡᠶᠢᠲᠡᠯᠡᠭᠰᠡᠨ ᠴᠠᠭ᠄
2020/9/27
     9 ᠰᠠᠷ᠎ᠠ ᠶᠢᠨ 25᠎ ᠤ ᠡᠳᠦᠷ᠂ ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ︽ᠲᠠᠯ᠎ᠠ ᠨᠤᠲᠤᠭ ᠎ ᠤᠨ ᠴᠢᠳᠠᠪᠤᠷᠢᠲᠠᠨ︾᠎ ᠤ ᠳᠡᠭᠡᠳᠦ ᠲᠠᠰ ᠤᠨ ᠴᠢᠳᠠᠪᠤᠷᠢᠲᠠᠨ ᠤ ᠬᠠᠮᠲᠤᠷᠠᠯᠴᠠᠭ᠎ᠠ ᠰᠣᠯᠢᠯᠴᠠᠭᠠᠨ ᠤ ᠬᠤᠷᠠᠯ ᠵᠢᠴᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠴᠢᠳᠠᠪᠤᠷᠢᠲᠠᠨ ᠤ ᠰᠢᠨ᠎ᠡ ᠶᠢ ᠡᠭᠦᠳᠦᠨ ᠦᠢᠯᠡᠰ ᠪᠤᠰᠬᠠᠬᠤ ᠭᠠᠷᠠᠭ ᠤᠨ ᠠᠵᠢᠯᠯᠠᠭ᠎ᠠ ᠶᠢᠨ ᠬᠥᠬᠡᠬᠤᠲᠠ ᠶᠢᠨ ᠭᠤᠤᠯ ᠲᠠᠯᠠᠪᠠᠶ ᠶᠢᠨ ᠠᠵᠢᠯᠯᠠᠭ᠎ᠠ ᠡᠬᠢᠯᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠎ ᠤᠨ ᠬᠤᠷᠢᠶᠠᠨ ᠤ ᠱᠦᠵᠢ ᠸᠠᠩ ᠯᠢ ᠰᠢᠶᠠ ᠤᠭᠲᠤᠬᠤ ᠦᠭᠡ ᠬᠡᠯᠡᠬᠦ ᠶᠢᠨ ᠬᠠᠮᠲᠤ 2020 ᠣᠨ ᠤ ︽ᠲᠠᠯ᠎ᠠ ᠨᠤᠲᠤᠭ ᠤᠨ ᠴᠢᠳᠠᠪᠤᠷᠢᠲᠠᠨ︾᠎ ᠤ ᠢᠨᠵᠧᠨᠧᠷᠢᠩ ᠤᠨ ᠰᠣᠩᠭᠤᠭᠳᠠᠭᠰᠠᠨ ᠪᠦᠯᠬᠦᠮ ᠤᠨ ᠲᠥᠯᠥᠭᠡᠯᠡᠭᠴᠢᠳ ᠲᠤ ᠱᠠᠩᠨᠠᠯ ᠤᠨ ᠫᠠᠶᠢᠰᠠ ᠣᠯᠭᠤᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠩ ᠸᠧᠢ ᠳ᠋ᠦᠩ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ ᠡᠬᠢᠯᠡᠯᠲᠡ ᠶᠢᠨ ᠶᠣᠰᠣᠯᠠᠯ ᠢ ᠡᠷᠭᠢᠯᠡᠪᠡ᠃      ᠸᠠᠩ ᠯᠢ ᠰᠢᠶᠠ᠂ ᠣᠳᠣᠬᠠᠨ ᠳᠤ᠂ ᠬᠥᠬᠡᠬᠤᠲᠠ ᠶᠢᠨ ᠬᠢᠨ ᠶᠠᠭ ᠶᠡᠷᠦᠩᠬᠡᠶ ᠱᠦᠵᠢ ᠰᠢ  ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠳᠤᠭᠤᠷᠢᠨ ᠳᠤ ᠴᠢᠨᠠᠷ ᠰᠠᠶᠢᠲᠠᠶ ᠬᠥᠭᠵᠢᠯᠲᠡ᠂ ᠥᠨᠳᠥᠷ ᠪᠦᠲᠦᠮᠵᠢᠲᠡᠶ ᠵᠠᠰᠠᠯᠲᠠ᠂ ᠴᠢᠨᠠᠷ ᠰᠠᠶᠢᠲᠠᠶ ᠠᠮᠢᠳᠤᠷᠠᠯ ᠲᠠᠢ ︽ᠦᠵᠡᠰᠬᠦᠯᠡᠩᠲᠦ ᠰᠠᠶᠢᠬᠠᠨ ᠬᠥᠬᠡᠬᠤᠲᠠ᠂ ᠲᠠᠯ᠎ᠠ ᠨᠤᠲᠤᠭ ᠤᠨ ᠬᠤᠲᠠ︾᠎ ᠶᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ ᠪᠠᠶᠢᠭ᠎ᠠ ᠪᠤᠯᠬᠤᠷ᠂ ᠥᠩᠭᠡᠷᠡᠭᠰᠡᠨ ᠤ ᠠᠯᠢ ᠴᠤ ᠦᠶ᠎ᠡ ᠶᠢᠨ ᠬᠢ ᠠᠴᠠ ᠢᠯᠡᠭᠦᠤ ᠴᠢᠳᠠᠪᠤᠷᠢᠳᠠᠨ ᠢ ᠪᠠᠴᠢᠮ ᠱᠠᠭᠠᠷᠳᠠᠵᠥ᠂ ᠴᠢᠳᠠᠪᠤᠷᠢᠲᠠᠨ ᠢ ᠬᠥᠭᠡᠭᠡᠴᠡᠯᠳᠦᠬᠦ ᠪᠣᠯᠵᠠᠶ᠃ ᠬᠥᠬᠡᠬᠤᠲᠠ ᠶᠢᠨ ᠬᠢᠨ ᠲᠣᠰ ᠤᠳᠠᠭᠠᠨ ᠤ ᠰᠢᠨ᠎ᠡ ᠶᠢ ᠡᠭᠦᠳᠬᠦ ᠦᠢᠯᠡᠰ ᠪᠣᠰᠬᠠᠬᠤ ᠭᠠᠷᠠᠭ ᠤᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠪᠦᠬᠦ ᠲᠠᠯ᠎ᠠ ᠶᠢᠨ᠂ ᠪᠦᠬᠦ ᠡᠯᠧᠮᠧᠨ᠋ᠲ ᠤᠨ᠂ ᠪᠦᠬᠦ ᠦᠶᠡᠯᠡᠯ ᠤᠨ ᠴᠢᠨᠠᠷᠳᠠᠢ ᠴᠢᠳᠠᠪᠤᠷᠢᠲᠠᠨ ᠤ ᠬᠥᠭᠵᠢᠯᠲᠡ ᠶᠢᠨ ᠠᠮᠢ ᠠᠬᠤᠢ ᠶᠢ ᠪᠦᠬᠦ ᠬᠦᠴᠦᠨ ᠢᠶᠠᠷ ᠪᠠᠶᠢᠭᠤᠯᠵᠤ᠂ ᠬᠦᠬᠡᠬᠤᠳᠠ ᠳᠤ ᠢᠷᠡᠵᠥ ᠰᠢᠨ᠎ᠡ ᠶᠢ ᠡᠭᠦᠳᠬᠦ ᠦᠢᠯᠡᠰ ᠪᠤᠰᠬᠠᠬᠤ ᠴᠢᠳᠠᠪᠤᠷᠢᠲᠠᠨ ᠳᠤ ᠥᠷᠭᠡᠨ ᠠᠭᠤᠳᠠᠮ ᠲᠠᠪᠴᠠᠩ ᠬᠠᠩᠭᠠᠬᠤ ᠪᠤᠯᠤᠨ᠎ᠠ ᠬᠡᠵᠥ ᠴᠢᠬᠤᠯᠠᠴᠢᠯᠠᠪᠠ᠃      ᠶᠠᠩ ᠸᠧᠶ ᠳ᠋ᠦᠩ ᠶᠠᠷᠢᠶᠠᠨ ᠳᠠᠭᠠᠨ᠂ ᠦᠢᠷ᠎ᠡ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠴᠢᠳᠠᠪᠤᠷᠢᠲᠠᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠨᠢᠬᠡ ᠳᠦᠪ ᠤᠯᠠᠨ ᠴᠡᠭ︾᠎ ᠤᠨ ᠴᠢᠳᠠᠪᠤᠷᠢᠲᠠᠨ ᠤ ᠠᠵᠢᠯ ᠤᠨ ᠰᠢᠨ᠎ᠡ ᠪᠠᠶᠢᠷᠢᠰᠢᠯ ᠢ ᠬᠦᠴᠦᠯᠡᠨ ᠴᠣᠭᠴᠠᠯᠠᠵᠤ᠂ ︽ᠲᠠᠯ᠎ᠠ ᠨᠤᠲᠤᠭ ᠤᠨ ᠴᠢᠳᠠᠪᠤᠷᠢᠲᠠᠨ︾᠎ ᠤ ᠢᠨᠵᠧᠨᠧᠷᠢᠩ ᠢ ᠪᠦᠬᠦ ᠬᠦᠴᠦᠨ ᠢᠶᠠᠷ ᠬᠡᠷᠡᠭᠵᠢᠬᠦᠯᠵᠥ᠂ ᠰᠡᠳᠬᠢᠴᠡ ᠠᠷᠭ᠎ᠠ ᠬᠢᠳᠡᠯ ᠢᠶᠠᠨ ᠲᠠᠰᠤᠷᠠᠯᠲᠠ ᠥᠬᠡᠶ ᠰᠢᠨᠡᠴᠢᠯᠡᠵᠥ᠂ ᠲᠠᠪᠴᠠᠩ ᠤᠨ ᠠᠴᠢᠶᠠᠯᠠᠪᠤᠷᠢ ᠶᠢ ᠪᠠᠶᠠᠯᠢᠭᠵᠢᠭᠤᠯᠪᠠ᠃ ᠡᠨᠡ ᠤᠳᠠᠭ᠎ᠠ ᠶᠢᠨ ᠴᠢᠳᠠᠪᠤᠷᠢᠲᠠᠨ ᠤ ᠰᠣᠯᠢᠯᠴᠠᠭᠠᠨ ᠤ ᠬᠤᠷᠠᠯ ᠨᠢ ᠥᠪᠥᠷ ᠮᠣᠩᠭᠤᠯ ᠳᠤ ᠪᠣᠯ ᠨᠢᠭᠡᠨ ᠤᠬᠠᠭᠤᠯᠤᠨ ᠳᠡᠯᠭᠡᠨ ᠦᠵᠡᠭᠦᠯᠬᠦ᠂ ᠡᠷᠳᠡᠮᠲᠡᠨ ᠮᠡᠷᠭᠡᠳ ᠢ ᠳᠠᠳᠠᠬᠤ ᠲᠠᠪᠴᠠᠩ ᠮᠥᠨ᠂ ᠳᠦᠷᠪᠡᠨ ᠵᠦᠭ ᠨᠠᠢᠮᠠᠨ ᠵᠣᠪᠬᠢᠰ ᠤᠨ ᠴᠢᠳᠠᠪᠤᠷᠢᠲᠠᠳ ᠤᠨ ᠥᠪᠥᠷ ᠮᠣᠩᠭᠤᠯ ᠳᠤ ᠢᠷᠡᠵᠦ ᠰᠢᠨ᠎ᠡ ᠶᠢ ᠡᠭᠦᠳᠴᠦ ᠦᠢᠯᠡᠰ ᠪᠤᠰᠬᠠᠵᠤ᠂ ᠰᠣᠯᠢᠯᠴᠠᠭ᠎ᠠ ᠬᠠᠮᠲᠤᠷᠠᠯᠴᠠᠭ᠎ᠠ ᠬᠢᠵᠥ᠂ ᠬᠥᠭᠵᠢᠯᠲᠡ ᠶᠢ ᠬᠠᠮᠲᠤ ᠪᠠᠷ ᠡᠷᠢᠯᠬᠢᠯᠡᠬᠦ ᠶᠢ ᠪᠠᠶᠠᠷᠯᠠᠨ ᠤᠭᠲᠤᠵᠤ ᠪᠠᠶᠢᠨ᠎ᠠ᠂ ᠪᠢᠳᠡ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠪᠠᠨ ᠬᠦᠴᠦᠯᠡᠨ ᠰᠢᠯᠢᠳᠡᠭᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠬᠦᠴᠦᠯᠡᠨ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢᠶᠠᠨ ᠰᠢᠯᠢᠳᠡᠭᠵᠢᠭᠦᠯᠵᠦ᠂ ᠡᠯ᠎ᠡ ᠲᠥᠷᠥᠯ ᠤᠨ ᠴᠢᠳᠠᠪᠤᠷᠢᠲᠠᠨ ᠢ ᠥᠪᠥᠷ ᠮᠣᠩᠭᠤᠯ ᠳᠤ ᠡᠷᠳᠡᠮ ᠴᠢᠳᠠᠯ ᠢᠶᠠᠨ ᠬᠡᠷᠡᠭᠯᠡᠬᠦ ᠭᠠᠵᠠᠷ ᠲᠠᠢ ᠪᠣᠯᠭᠠᠵᠤ᠂ ᠰᠠᠨᠠᠭᠠᠰᠢᠷᠠᠬᠤ ᠵᠦᠢᠯ ᠥᠬᠡᠶ ᠪᠣᠯᠭᠠᠨ᠎ᠠ᠃ ᠣᠯᠠᠨ ᠢᠶᠠᠷ ᠢᠶᠠᠨ ᠡᠨᠡ ᠬᠦ ᠲᠠᠪᠴᠠᠩ ᠢ ᠰᠠᠶᠢᠲᠤᠷ ᠠᠰᠢᠭᠯᠠᠵᠤ᠂ ᠬᠡᠷᠡᠭᠴᠡᠭᠡ ᠱᠠᠭᠠᠷᠳᠠᠯᠭ᠎ᠠ ᠶᠢᠨ ᠨᠡᠶᠢᠯᠡᠯᠲᠡ ᠶᠢᠨ ᠴᠡᠭ᠂ ᠬᠠᠮᠲᠤᠷᠠᠯᠴᠠᠭᠠᠨ ᠤ ᠵᠣᠯᠭᠠᠯᠲᠠ  ᠶᠢᠨ ᠴᠡᠭ᠂ ᠬᠠᠮᠲᠤ ᠪᠠᠷ ᠠᠰᠢᠭ ᠬᠦᠷᠳᠡᠬᠦ ᠰᠢᠨ᠎ᠡ ᠡᠬᠢᠯᠡᠯᠲᠡ ᠶᠢᠨ ᠴᠡᠭ ᠢ ᠡᠷᠢᠨ ᠣᠯᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠳᠦᠭᠡᠨ ᠪᠠᠶᠢᠭᠤᠯᠬᠤ ᠳᠤ ᠭᠤᠶᠢᠳᠠ ᠰᠠᠶᠢᠬᠠᠨ ᠢᠷᠠᠭᠤ ᠬᠠᠭᠤᠳᠠᠰᠤ ᠶᠢ ᠪᠢᠴᠢᠭᠯᠡᠬᠦ ᠶᠢ ᠬᠦᠰᠡᠵᠥ ᠪᠠᠶᠢᠨ᠎ᠠ ᠬᠡᠵᠥ ᠢᠯᠡᠳᠬᠡᠪᠡ᠃      ᠠᠵᠢᠯᠯᠠᠭ᠎ᠠ ᠶᠢᠨ ᠭᠠᠷᠠᠭ ᠤᠨ ᠬᠤᠭᠤᠴᠠᠭᠠᠨ ᠳᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠦᠷᠪᠡᠨ ᠭᠠᠵᠠᠷ ᠲᠤ ᠪᠠᠰᠠ ᠴᠢᠳᠠᠪᠤᠷᠢᠲᠠᠨ ᠤ ᠬᠥᠭᠵᠢᠯᠲᠡ ᠶᠢᠨ ᠲᠦᠷᠦᠭᠦᠴᠦᠳ ᠤᠨ ᠶᠠᠷᠢᠶᠠᠨ ᠤ ᠲᠠᠪᠴᠠᠩ᠂ ᠥᠪᠥᠷ ᠮᠣᠩᠭᠤᠯ ᠤᠨ ᠨᠠᠮᠤᠷ ᠤᠨ ᠤᠯᠠᠷᠢᠯ ᠤᠨ ᠴᠢᠳᠠᠪᠤᠷᠢᠳᠠᠨ ᠡᠯᠰᠡᠬᠦ ᠬᠤᠷᠠᠯ ᠵᠡᠷᠭᠡ 5 ᠶᠡᠭᠡ ᠲᠥᠷᠥᠯ ᠤᠨ 32 ᠵᠦᠢᠯ ᠎ ᠤᠨ ᠠᠵᠢᠯᠯᠠᠭ᠎ᠠ ᠶᠢ ᠡᠷᠭᠢᠯᠡᠬᠦ ᠪᠠᠷ ᠪᠣᠶ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号