ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠦᠬᠡᠷ ᠤᠷᠤᠯᠳᠤᠭᠤᠯᠬᠤ ᠨᠠᠶᠢᠷ ᠡᠬᠢᠯᠡᠪᠡ
ᠨᠡᠶᠢᠲᠡᠯᠡᠭᠰᠡᠨ ᠴᠠᠭ᠄
2020/9/28
     9 ᠳ᠋ᠦ᠋ᠭᠡᠷ ᠰᠠᠷ᠎ᠠ ᠶᠢᠨ 26᠎ ᠤ ᠡᠳᠦᠷ᠂ ᠦᠬᠡᠷ ᠤᠨ ᠰᠦᠷᠦᠭ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠦᠬᠡᠷ ᠤᠷᠤᠯᠳᠤᠭᠤᠯᠬᠤ ᠨᠠᠶᠢᠷ ᠳᠡᠭᠡᠷ᠎ᠡ ᠤᠷᠤᠯᠳᠤᠭᠠᠨ ᠳᠤ ᠣᠷᠣᠯᠴᠠᠬᠤ ᠪᠠᠷ ᠬᠦᠯᠢᠶᠡᠵᠦ ᠪᠠᠶᠢᠭ᠎ᠠ ᠎ ᠨᠢ ︵ᠵᠢᠯᠣᠭᠤᠴᠢ ᠥᠬᠡᠶ ᠨᠢᠰᠬᠡᠯ ᠢᠶᠠᠷ ᠰᠡᠭᠦᠳᠡᠷᠯᠡᠭᠰᠡᠨ ᠬᠡᠷᠡᠯ ᠵᠢᠷᠤᠭ︶᠃
     9 ᠳ᠋ᠦ᠋ᠭᠡᠷ ᠰᠠᠷ᠎ᠠ ᠶᠢᠨ 26᠎ ᠤ ᠡᠳᠦᠷ᠂ ᠮᠠᠯᠴᠢᠳ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠦᠬᠡᠷ ᠤᠷᠤᠯᠳᠤᠭᠤᠯᠬᠤ ᠨᠠᠶᠢᠷ ᠳᠡᠭᠡᠷ᠎ᠡ ᠦᠨᠢᠶ᠎ᠡ ᠰᠠᠭᠠᠬᠤ ᠤᠷᠤᠯᠳᠤᠭᠠᠨ ᠳᠤ ᠣᠷᠤᠯᠴᠠᠵᠤ ᠪᠠᠶᠢᠭ᠎ᠠ ᠨᠢ᠃
    9 ᠳ᠋ᠦ᠋ᠭᠡᠷ ᠰᠠᠷ᠎ᠠ ᠶᠢᠨ 26᠎ ᠤ ᠡᠳᠦᠷ᠂ ᠮᠠᠯᠴᠢᠨ ᠪᠣᠯᠣᠨ ᠬᠢᠨᠠᠭᠴᠢ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠦᠬᠡᠷ ᠤᠷᠤᠯᠳᠤᠭᠤᠯᠬᠤ ᠨᠠᠶᠢᠷ ᠤᠨ ᠦᠨᠢᠶ᠎ᠡ ᠰᠠᠭᠠᠬᠤ ᠤᠷᠤᠯᠳᠤᠭᠠᠨ ᠳᠠᠭᠤᠰᠤᠭᠰᠠᠨ ᠤ ᠳᠠᠷᠠᠭ᠎ᠠ ᠦᠨᠢᠶᠡᠨ ᠰᠦ ᠶᠢ ᠬᠡᠮᠵᠢᠵᠦ ᠪᠠᠶᠢᠭ᠎ᠠ ᠨᠢ᠃      9 ᠳ᠋ᠦ᠋ᠭᠡᠷ ᠰᠠᠷ᠎ᠠ ᠶᠢᠨ 26᠎ ᠤ ᠡᠳᠦᠷ᠂ ︽ᠲᠠᠯ᠎ᠠ ᠨᠤᠲᠤᠭ ᠤᠨ ᠰᠢᠯᠢᠳᠡᠭ ᠦᠬᠡᠷ︾ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠦᠬᠡᠷ ᠤᠷᠤᠯᠳᠤᠭᠤᠯᠬᠤ ᠨᠠᠶᠢᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠦᠰᠢᠶᠡᠲᠦ ᠮᠣᠷᠢᠨ ᠤᠷᠤᠯᠳᠤᠭᠠᠨ ᠤ ᠲᠠᠯᠠᠪᠠᠶ ᠳᠤ ᠡᠬᠢᠯᠡᠪᠡ᠃ ᠦᠨᠳᠦᠰᠦᠲᠡᠨ ᠤ ᠵᠠᠩ ᠠᠭᠠᠯᠢ ᠪᠢᠯᠬᠠᠭᠰᠠᠨ ᠡᠬᠢᠯᠡᠯᠲᠡ ᠶᠢᠨ ᠶᠣᠰᠣᠯᠠᠯ᠂ ᠦᠨᠢᠶ᠎ᠡ ᠰᠠᠭᠠᠬᠤ ᠤᠷᠤᠯᠳᠤᠭᠠᠨ᠂ ᠭᠦᠶᠦᠯᠲᠡ ᠶᠢᠨ ᠤᠷᠤᠯᠳᠤᠭᠠᠨ᠂ ᠳᠡᠭᠡᠰᠦ ᠲᠠᠲᠠᠬᠤ ᠤᠷᠤᠯᠳᠤᠭᠠᠨ ᠵᠡᠷᠭᠡ ᠨᠢ ᠦᠵᠡᠭᠴᠢᠳ ᠤᠨ ᠨᠢᠳᠦ ᠶᠢ ᠬᠤᠵᠢᠷᠯᠠᠪᠠ᠃ ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠥᠪᠥᠷ ᠮᠣᠩᠭᠤᠯ ᠤᠨ ᠦᠬᠡᠷ ᠤᠷᠤᠯᠳᠤᠭᠤᠯᠬᠤ ᠨᠠᠶᠢᠷ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ᠂ ᠲᠦᠩᠯᠢᠶᠣᠤ ᠬᠤᠲᠠ᠂ ᠰᠢᠯᠢ ᠶᠢᠨ ᠭᠤᠤᠯ ᠠᠶᠢᠮᠠᠭ ᠵᠡᠷᠭᠡ ᠠᠶᠢᠮᠠᠭ ᠬᠤᠲᠠ ᠪᠣᠯᠤᠨ ᠬᠢᠩᠭᠠᠨ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ᠂ ᠬᠡᠰᠡᠭ ᠰᠤᠮᠤ ᠰᠢᠶᠠᠩ ᠪᠠᠯᠭᠠᠰᠤ ᠠᠴᠠ ᠢᠷᠡᠭᠰᠡᠨ 22 ᠲᠥᠯᠥᠭᠡᠯᠡᠭᠴᠢᠳ ᠤᠨ ᠠᠩᠭᠢ ᠤᠷᠤᠯᠳᠤᠭᠠᠨ ᠳᠤ ᠣᠷᠣᠯᠴᠠᠵᠤ᠂ ᠬᠤᠶᠠᠷ ᠡᠳᠦᠷ ᠤᠨ ᠦᠬᠡᠷ ᠤᠷᠤᠯᠳᠤᠭᠤᠯᠬᠤ ᠨᠠᠶᠢᠷ ᠤᠨ ᠬᠤᠭᠤᠴᠠᠭᠠᠨ ᠳᠤ᠂ ᠪᠠᠰᠠ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠶᠠᠷᠢᠶᠠᠨ ᠤ ᠲᠠᠪᠴᠠᠩ᠂ ᠦᠬᠡᠷ ᠤᠨ ᠡᠭᠦᠯᠳᠡᠷ ᠰᠠᠶᠢᠵᠢᠷᠠᠭᠤᠯᠤᠭᠰᠠᠨ ᠦᠷ᠎ᠡ ᠪᠦᠲᠦᠭᠡᠯ ᠤᠨ ᠤᠷᠤᠯᠳᠤᠭᠠᠨ ᠵᠡᠷᠭᠡ ᠠᠵᠢᠯᠯᠠᠭ᠎ᠠ ᠥᠷᠨᠢᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号