ᠪᠦ᠋ ᠰᠢᠶᠤᠤ ᠯᠢᠨ ᠥᠪᠡᠷᠲᠡᠭᠡᠨ ᠵᠠᠰᠠᠬᠤ ᠣᠷᠣᠨ ᠤ ᠠᠵᠢᠯᠲᠠᠨ ᠠᠵᠢᠯᠴᠢᠨ ᠤ ᠠᠩᠬᠠᠳᠤᠭᠠᠷ ᠬᠤᠭᠤᠴᠠᠭᠠᠨ ᠎ ᠤ ᠮᠡᠷᠭᠡᠵᠢᠯ ᠤᠨ ᠰᠢᠨ᠎ᠡ ᠡᠭᠦᠳᠦᠯᠳᠡ ᠶᠢᠨ ᠦᠷ᠎ᠡ ᠪᠦᠲᠦᠭᠡᠯ ᠤᠨ ᠦᠵᠡᠭᠦᠯᠭᠡ ᠪᠠᠷ ᠲᠣᠭᠤᠷᠢᠨ ᠦᠵᠡᠬᠦ ᠳᠡᠭᠡᠨ ᠵᠢᠭᠠᠵᠤ ᠭᠠᠷᠭᠠᠭᠰᠠᠨ ᠨᠢ ᠰᠢᠨ᠎ᠡ ᠶᠢ ᠡᠭᠦᠳᠴᠤ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠤ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠬᠦ ᠬᠡᠷᠡᠭᠳᠠᠢ
ᠨᠡᠶᠢᠲᠡᠯᠡᠭᠰᠡᠨ ᠴᠠᠭ᠄
2020/9/28
     9 ᠰᠠᠷ᠎ᠠ ᠶᠢᠨ 27᠎ ᠤ ᠡᠳᠦᠷ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠢᠷᠡᠭᠡᠳᠦᠢ ᠶᠢ ᠴᠤᠭᠴᠠᠯᠠᠵᠤ ᠰᠢᠨ᠎ᠡ ᠶᠢ ᠡᠭᠦᠳᠬᠦ ᠪᠠᠷ ᠬᠦᠭᠵᠢᠯᠳᠡ ᠶᠢ ᠠᠬᠢᠭᠤᠯᠬᠤ︾᠎ ᠪᠠᠷ ᠭᠤᠣᠯ ᠰᠡᠳᠦᠪ ᠪᠣᠯᠭᠠᠭᠰᠠᠨ ᠥᠪᠡᠷᠲᠡᠭᠡᠨ ᠵᠠᠰᠠᠬᠤ ᠣᠷᠣᠨ ᠤ ᠠᠵᠢᠯᠳᠠᠨ ᠠᠵᠢᠯᠴᠢᠨ ᠤ ᠠᠩᠬᠠᠳᠤᠭᠠᠷ ᠬᠤᠭᠤᠴᠠᠭᠠᠨ ᠤ ᠮᠡᠷᠭᠡᠵᠢᠯ ᠤᠨ ᠰᠢᠨ᠎ᠡ ᠡᠭᠦᠳᠦᠯᠳᠡ ᠶᠢᠨ ᠦᠷ᠎ᠡ ᠪᠦᠲᠦᠭᠡᠯ ᠤᠨ ᠦᠵᠡᠭᠦᠯᠭᠡ ᠥᠪᠥᠷ ᠮᠣᠩᠭᠤᠯ ᠤᠨ ᠤᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠡᠬᠢᠯᠡᠪᠡ᠃ 9 ᠰᠠᠷ᠎ᠠ ᠶᠢᠨ 27᠎ ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠬᠦᠷᠴᠦ᠂ ᠠᠵᠢᠯᠲᠠᠨ ᠠᠵᠢᠯᠴᠢᠨ ᠤ ᠮᠡᠷᠭᠡᠵᠢᠯ ᠤᠨ ᠰᠢᠨ᠎ᠡ ᠡᠭᠦᠳᠦᠯᠳᠡ ᠶᠢᠨ ᠦᠷ᠎ᠡ ᠪᠦᠲᠦᠭᠡᠯ ᠢ ᠲᠣᠭᠤᠷᠢᠨ ᠦᠵᠡᠪᠡ᠃
     ᠦᠵᠡᠭᠦᠯᠭᠡ ᠶᠢᠨ ᠳᠠᠶᠢᠰᠠᠨ ᠤ ᠡᠮᠦᠨ᠎ᠡ᠂ ᠪᠦ᠋ ᠰᠢᠶᠣᠤ ᠯᠢᠨ ᠰᠢᠨ᠎ᠡ ᠡᠭᠦᠳᠦᠯᠳᠡ ᠶᠢᠨ ᠦᠷ᠎ᠡ ᠪᠦᠲᠦᠭᠡᠯ ᠤᠨ ᠦᠵᠡᠭᠦᠯᠭᠡ ᠶᠢ ᠨᠠᠷᠢᠨ ᠪᠠᠶᠢᠴᠠᠭᠠᠨ ᠦᠵᠡᠵᠦ᠂ ᠣᠯᠠᠨ ᠲᠠᠢ ᠰᠠᠨᠠᠯ ᠢᠶᠠᠨ ᠭᠦᠨᠵᠡᠭᠡᠶ ᠰᠤᠯᠢᠯᠴᠠᠨ᠂ ᠮᠡᠷᠭᠡᠵᠢᠯ ᠤᠨ ᠰᠢᠨ᠎ᠠ ᠡᠭᠦᠳᠦᠯᠳᠡ ᠶᠢᠨ ᠦᠷ᠎ᠡ ᠪᠦᠲᠦᠭᠡᠯ ᠢ ᠰᠤᠳᠤᠯᠤᠨ ᠨᠡᠭᠡᠭᠡᠵᠦ᠂ ᠬᠡᠷᠡᠭᠯᠡᠭᠡᠨ ᠳᠤ ᠤᠷᠤᠭᠤᠯᠵᠤ ᠪᠠᠶᠢᠭ᠎ᠠ ᠪᠠᠶᠢᠳᠠᠯ ᠵᠡᠷᠭᠡ ᠶᠢ ᠨᠠᠷᠢᠨ ᠣᠶᠢᠯᠠᠭᠠᠵᠤ᠂ ᠣᠯᠠᠨ ᠢ ᠬᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠴᠢᠳᠠᠪᠤᠷᠢ ᠶᠢ ᠰᠤᠷᠤᠯᠴᠠᠨ᠂ ᠰᠢᠨ᠎ᠡ ᠮᠡᠷᠭᠡᠵᠢᠯ ᠢ ᠰᠤᠳᠤᠯᠵᠤ᠂ ᠰᠢᠨ᠎ᠡ ᠶᠢ ᠡᠭᠦᠳᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠤᠨ᠂ ᠨᠠᠩ ᠣᠯᠠᠨ ᠨᠠᠩ ᠰᠠᠶᠢᠨ ᠰᠢᠨ᠎ᠡ ᠶᠢ ᠡᠭᠦᠳᠦᠭᠰᠡᠨ ᠦᠢᠯᠡᠳᠬᠦᠨ ᠭᠠᠷᠭᠠᠬᠤ ᠶᠢ ᠵᠤᠷᠢᠭᠵᠢᠭᠤᠯᠪᠠ᠃      ᠪᠦ᠋ ᠰᠢᠶᠤᠤ ᠯᠢᠨ᠂ ᠠᠵᠤ ᠠᠬᠤᠶᠢᠯᠠᠯ ᠪᠣᠯ ᠮᠡᠷᠭᠡᠵᠢᠯ ᠤᠨ ᠰᠢᠨ᠎ᠡ ᠶᠢ ᠡᠭᠦᠳᠬᠦ ᠭᠤᠤᠯ ᠴᠣᠭᠴᠠ ᠮᠥᠨ᠂ ᠠᠵᠢᠯᠲᠠᠨ ᠠᠵᠢᠯᠴᠢᠨ ᠪᠣᠯ ᠮᠡᠷᠭᠡᠵᠢᠯ ᠤᠨ ᠰᠢᠨ᠎ᠡ ᠶᠢ ᠡᠭᠦᠳᠬᠦ ᠭᠤᠤᠯ ᠬᠦᠴᠦᠨ ᠮᠥᠨ᠃ ᠮᠠᠨ ᠤ ᠣᠷᠣᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠬᠦ ᠶᠢ ᠠᠬᠢᠭᠤᠯᠬᠤ ᠪᠠᠷ ᠭᠤᠤᠯᠳᠠᠭᠤᠯᠵᠤ᠂ ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠭᠰᠠᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ᠂ ᠦᠢᠯᠡᠳᠪᠤᠷᠢᠯᠡᠬᠦ ᠵᠢᠭᠠᠬᠤ ᠰᠤᠳᠤᠯᠬᠤ ᠶᠢ ᠭᠦᠨᠵᠡᠭᠡᠢ ᠠᠭᠤᠰᠤᠯᠴᠠᠭᠤᠯᠤᠭᠰᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠬᠡᠯᠪᠡᠷᠢ ᠶᠢᠨ ᠳᠠᠭᠠᠭᠤᠯᠤᠭᠴᠢ ᠠᠵᠤ ᠠᠬᠤᠶᠢᠯᠠᠯ ᠢ ᠶᠡᠭᠡ ᠪᠠᠷ ᠪᠤᠶᠢᠵᠢᠭᠤᠯᠬᠤ ᠬᠡᠷᠡᠭᠳᠠᠢ᠃ ᠠᠵᠤ ᠠᠬᠤᠶᠢᠯᠠᠯ ᠤᠨ ᠮᠠᠨ ᠤ ᠣᠷᠣᠨ ᠤ ᠦᠪᠡᠷᠮᠢᠴᠠ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢᠨ ᠲᠤᠭᠤᠷᠢᠨ ᠳᠤ ᠰᠢᠨ᠎ᠡ ᠶᠢ ᠡᠭᠦᠳᠬᠦ ᠬᠡᠯᠪᠡᠷᠢ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠦᠮᠦᠵᠢᠭᠦᠯᠬᠦ ᠶᠢ ᠳᠡᠮᠵᠢᠵᠤ᠂ ᠵᠤᠷᠢᠭᠵᠢᠭᠤᠯᠬᠤ ᠲᠣᠭᠲᠠᠴᠠ ᠶᠢ ᠲᠡᠭᠦᠯᠳᠡᠷᠵᠢᠭᠦᠯᠤᠨ᠂ ᠠᠵᠢᠯᠲᠠᠨ ᠠᠵᠢᠯᠴᠢᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠴᠦ ᠰᠤᠳᠤᠯᠤᠨ ᠨᠡᠭᠡᠭᠡᠬᠦ ᠴᠢᠳᠠᠪᠤᠷᠢ ᠶᠢ ᠴᠢᠩᠭᠠᠷᠠᠭᠤᠯᠬᠤ ᠬᠡᠷᠡᠭᠳᠠᠢ᠃ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠬᠦᠴᠦᠯᠡᠨ ᠠᠷᠢᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠳᠡ ᠶᠢᠨ ᠦᠷ᠎ᠡ ᠪᠦᠲᠦᠭᠡᠯ ᠢ ᠳᠠᠷᠤᠢ ᠲᠦᠷᠭᠡᠨ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠬᠡᠷᠡᠭᠳᠠᠢ ᠭᠡᠵᠤ ᠵᠢᠭᠠᠵᠤ ᠭᠠᠷᠭᠠᠪᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠰᠢᠨ᠎ᠡ ᠡᠭᠦᠳᠦᠯᠳᠡ ᠶᠢᠨ ᠦᠷ᠎ᠡ ᠪᠦᠲᠦᠭᠡᠯ ᠤᠨ ᠦᠵᠡᠭᠦᠯᠭᠡ ᠳᠤ ᠪᠥᠬᠦ ᠣᠷᠣᠨ ᠤ 12 ᠠᠶᠢᠮᠠᠭ ᠬᠤᠲᠠ᠂ 6 ᠠᠵᠤ ᠦᠢᠯᠡᠰ ᠤᠨ ᠰᠢᠰᠲ᠋ᠧᠮ ᠤᠨ 155 ᠪᠠᠶᠢᠭᠤᠯᠭ᠎ᠠ ᠨᠢᠭᠡᠴᠢ ᠶᠢᠨ 468 ᠵᠦᠢᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠲᠤᠨᠤᠭᠯᠠᠯ ᠢ ᠲᠠᠰ ᠳᠡᠪᠰᠢᠭᠦᠯᠦᠨ ᠥᠭᠡᠷᠡᠴᠢᠯᠡᠬᠦ᠂ ᠤᠷᠭᠤᠮᠠᠯ ᠢ ᠵᠠᠶᠢᠯᠠᠵᠤ ᠤᠷᠭᠤᠭᠤᠯᠬᠤ ᠰᠤᠳᠤᠯᠭᠠᠨ᠂ ᠰᠢᠨ᠎ᠡ ᠬᠡᠯᠪᠡᠷᠢ ᠶᠢᠨ ᠦᠢᠯᠡᠳᠬᠦᠨ ᠢ ᠰᠤᠳᠤᠯᠤᠨ ᠨᠡᠭᠡᠭᠡᠬᠦ᠂ ᠬᠠᠮ ᠡᠳ᠋ᠰᠢᠭᠦᠯᠦᠨ ᠪᠣᠯᠪᠠᠰᠤᠷᠠᠭᠤᠯᠬᠤ ᠠᠷᠭ᠎ᠠ ᠵᠡᠷᠭᠡ ᠣᠯᠠᠨ ᠬᠦᠷᠢᠶ᠎ᠡ ᠶᠢ ᠬᠠᠮᠤᠷᠴᠠᠶ᠃ ᠡᠳᠡᠭᠡᠷ ᠰᠢᠨ᠎ᠡ ᠡᠭᠦᠳᠦᠯᠳᠡ ᠶᠢᠨ ᠦᠷ᠎ᠡ ᠪᠦᠲᠦᠭᠡᠯ ᠢ ᠦᠢᠯᠡᠳᠪᠦᠷᠢᠯᠡᠯ ᠳᠤ ᠠᠰᠢᠡᠡᠯᠠᠪᠠᠯ ᠠᠵᠤ ᠦᠢᠯᠡᠰ ᠤᠨ ᠬᠥᠭᠵᠢᠯᠲᠡ ᠳᠤ ᠰᠢᠨ᠎ᠡ ᠬᠥᠳᠡᠯᠭᠡᠭᠴᠢ ᠬᠦᠴᠦᠨ ᠨᠡᠮᠡᠷᠢᠯᠡᠬᠦ ᠨᠢ ᠳᠠᠮᠵᠢᠭ ᠦᠭᠡᠢ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠦ᠋ ᠲᠤᠸᠠᠨ ᠶᠢᠩ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号