ᠰᠢ ᠶᠢᠨ ᠫᠢᠩ ᠭᠤᠷᠪᠠᠳᠤᠭᠠᠷ ᠤᠳᠠᠭ᠎ᠠ ᠶᠢᠨ ᠳᠦᠪ ᠤᠨ ᠰᠢᠨᠵᠢᠶᠠᠩ ᠤᠨ ᠠᠵᠢᠯ ᠤᠨ ᠳᠤᠬᠠᠢ ᠶᠠᠷᠢᠯᠴᠠᠬᠤ | ᠬᠤᠷᠠᠯ ᠳᠡᠬᠡᠷ᠎ᠡ ᠴᠢᠬᠤᠯᠠᠴᠢᠯᠠᠬᠰᠠᠨ ᠨᠢ ᠬᠠᠤᠯᠢ ᠪᠠᠷ ᠰᠢᠨᠵᠢᠶᠠᠩ ᠢ ᠵᠠᠰᠠᠬᠤ ᠪᠦᠯᠬᠦᠮᠳᠠᠯ ᠢᠶᠠᠷ ᠰᠢᠨᠵᠢᠶᠠᠩ ᠢ | ᠳᠤᠬᠳᠠᠪᠤᠷᠢᠵᠢᠭᠤᠯᠬᠤ ᠰᠤᠶᠤᠯ ᠢᠶᠠᠷ ᠰᠢᠨᠵᠢᠶᠠᠩ ᠢ ᠤᠮᠳᠠᠯᠠᠬᠤ ᠠᠷᠠᠳ ᠢ ᠪᠠᠶᠠᠵᠢᠭᠤᠯᠤᠨ ᠰᠢᠨᠵᠢᠶᠠᠩ ᠢ | ᠮᠠᠨᠳᠤᠭᠤᠯᠬᠤ ᠤᠷᠳᠤ ᠬᠤᠭᠤᠴᠠᠭ᠎ᠠ ᠪᠠᠷ ᠰᠢᠨᠵᠢᠶᠠᠩ ᠢ ᠪᠦᠳᠦᠬᠡᠨ ᠪᠠᠶᠢᠭᠤᠯᠬᠤ ᠶᠢ ᠪᠠᠷᠢᠮᠳᠠᠯᠠᠵᠥ ᠰᠢᠨ᠎ᠠ ᠴᠠᠬ | ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠰᠢᠨᠵᠢᠶᠠᠩ ᠢ ᠴᠢᠷᠮᠠᠶᠢᠨ ᠪᠦᠳᠦᠬᠡᠨ | ᠪᠠᠶᠢᠭᠤᠯᠬᠤ ᠬᠡᠷᠡᠭᠳᠡᠢ | ᠯᠢ ᠺᠧ ᠴᠢᠶᠠᠩ ᠬᠤᠷᠠᠯ ᠢ ᠡᠷᠬᠢᠯᠡᠵᠥ ᠯᠢ ᠵᠠᠨ ᠱᠤ᠋ ᠸᠠᠩ ᠬᠤ᠋ ᠨᠢᠩ ᠵᠤᠤ ᠯᠧ ᠵᠢᠢ ᠬᠠᠨ ᠵᠧᠩ | ᠤᠷᠤᠯᠴᠠᠪᠠ ᠸᠠᠩ ᠶᠠᠩ ᠶᠠᠷᠢᠶ᠎ᠠ ᠳᠠᠯᠪᠢᠵᠠᠢ | | | ᠭᠤᠷᠪᠠᠳᠤᠭᠠᠷ ᠤᠳᠠᠭ᠎ᠠ ᠶᠢᠨ ᠲᠥᠪ ᠤᠨ ᠰᠢᠨᠵᠢᠶᠠᠩ ᠤᠨ ᠠᠵᠢᠯ ᠤᠨ ᠳᠤᠬᠠᠢ ᠶᠠᠷᠢᠯᠴᠠᠬᠤ ᠬᠤᠷᠠᠯ 9 | ᠰᠠᠷ᠎ᠠ ᠶᠢᠨ 25 ᠠᠴᠠ 26 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶᠠᠨ ᠤ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ | ᠰᠢ ᠶᠢᠨ ᠫᠢᠩ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ᠂ ᠣᠳᠣᠬᠠᠨ | ᠪᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠳᠤ ᠰᠢᠨᠵᠢᠶᠠᠩ ᠤᠨ ᠠᠵᠢᠯ ᠢ ᠰᠠᠶᠢᠲᠤᠷ ᠬᠢᠬᠦ ᠳᠤ᠂ ᠰᠢᠨ᠎ᠡ ᠴᠠᠭ | ᠦᠶ᠎ᠡ ᠶᠢᠨ ᠨᠠᠮ ᠤᠨ ᠰᠢᠨᠵᠢᠶᠠᠩ ᠢ ᠵᠠᠰᠠᠬᠤ ᠠᠷᠭ᠎ᠠ ᠪᠣᠳᠣᠯᠭ᠎ᠠ ᠶᠢ ᠪᠦᠷᠢᠨ ᠪᠦᠲᠦᠨ ᠣᠨᠣᠪᠴᠢᠲᠠᠶ | ᠲᠤᠭᠤᠰᠢᠯᠠᠭᠤᠯᠵᠤ᠂ ᠰᠢᠨᠵᠢᠶᠠᠩ ᠤᠨ ᠠᠵᠢᠯ ᠤᠨ ᠶᠡᠷᠦᠩᠬᠡᠶ ᠬᠠᠷᠠᠯᠲᠠ ᠶᠢ ᠪᠠᠲᠤ ᠡᠵᠡᠮᠳᠡᠵᠦ᠂ ᠬᠠᠤᠯᠢ ᠪᠠᠷ | ᠰᠢᠨᠵᠢᠶᠠᠩ ᠢ ᠵᠠᠰᠠᠵᠤ᠂ ᠪᠦᠯᠬᠦᠮᠳᠠᠯ ᠢᠶᠠᠷ ᠰᠢᠨᠵᠢᠶᠠᠩ ᠢ ᠳᠤᠬᠳᠠᠪᠤᠷᠢᠵᠢᠭᠤᠯᠵᠥ᠂ ᠰᠤᠶᠤᠯ ᠢᠶᠠᠷ ᠰᠢᠨᠵᠢᠶᠠᠩ ᠢ | ᠤᠮᠳᠠᠯᠠᠵᠤ᠂ ᠠᠷᠠᠳ ᠢ ᠪᠠᠶᠠᠵᠢᠭᠤᠯᠤᠨ ᠰᠢᠨᠵᠢᠶᠠᠩ ᠢ ᠮᠠᠨᠳᠤᠭᠤᠯᠵᠤ᠂ ᠤᠷᠳᠤ ᠬᠤᠭᠤᠴᠠᠭ᠎ᠠ ᠪᠠᠷ ᠰᠢᠨᠵᠢᠶᠠᠩ ᠢ | ᠪᠦᠳᠦᠬᠡᠨ ᠪᠠᠶᠢᠭᠤᠯᠵᠥ᠂ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠠᠬᠢᠭᠤᠯᠬᠤ ᠪᠠᠷ ᠪᠠᠲᠤᠯᠠᠭ᠎ᠠ ᠪᠣᠯᠭᠠᠨ᠂ ᠠᠯᠤᠰ ᠬᠡᠲᠦ ᠶᠢᠨ ᠠᠷᠭ᠎ᠠ ᠪᠣᠳᠣᠯᠭ᠎ᠠ ᠶᠢ ᠢᠯᠡᠭᠦᠬᠡᠨ ᠰᠦᠪᠡᠭᠴᠢᠯᠡᠵᠦ᠂ | ᠦᠨᠳᠦᠰᠦ ᠪᠠᠨ ᠪᠠᠬᠢᠵᠢᠭᠦᠯᠬᠦ ᠠᠷᠭ᠎ᠠ ᠬᠡᠮᠵᠢᠶ᠎ᠡ ᠶᠢ ᠢᠯᠡᠭᠦᠬᠡᠨ ᠬᠡᠷᠡᠭᠵᠢᠭᠦᠯᠵᠦ᠂ ᠪᠦᠯᠬᠦᠮᠳᠡᠯ ᠲᠠᠢ ᠡᠶ᠎ᠡ | ᠵᠣᠬᠢᠴᠠᠯ ᠲᠠᠢ᠂ ᠴᠡᠴᠡᠭᠯᠡᠨ ᠬᠥᠭᠵᠢᠭᠰᠡᠨ ᠪᠠᠶᠠᠨ ᠴᠢᠨᠡᠭᠡᠯᠢᠭ᠂ ᠪᠣᠯᠪᠠᠰᠤᠨ ᠳᠠᠪᠰᠢᠭᠰᠠᠨ᠂ ᠠᠮᠤᠷ ᠲᠠᠶᠢᠪᠤᠩ ᠠᠵᠤ | ᠲᠦᠷᠦᠭᠦ᠂ ᠠᠮᠢ ᠠᠬᠤᠶ ᠰᠠᠶᠢᠨ ᠰᠠᠶᠢᠬᠠᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠰᠢᠨᠵᠢᠶᠠᠩ ᠢ ᠴᠢᠷᠮᠠᠶᠢᠨ ᠪᠠᠶᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃ | | | | 9 ᠰᠠᠷ᠎ᠠ ᠶᠢᠨ 25 ᠠᠴᠠ 26 ᠤ ᠡᠳᠦᠷ ᠪᠣᠯᠲᠠᠯ᠎ᠠ᠂ ᠭᠤᠷᠪᠠᠳᠤᠭᠠᠷ ᠤᠳᠠᠭ᠎ᠠ ᠶᠢᠨ ᠲᠥᠪ ᠤᠨ | ᠰᠢᠨᠵᠢᠶᠠᠩ ᠤᠨ ᠠᠵᠢᠯ ᠤᠨ ᠳᠤᠬᠠᠢ ᠶᠠᠷᠢᠯᠴᠠᠬᠤ ᠬᠤᠷᠠᠯ ᠪᠡᠭᠡᠵᠢᠩ ᠳᠤ ᠬᠤᠷᠠᠯᠳᠤᠪᠠ᠃ ᠨᠠᠮ ᠤᠨ ᠲᠥᠪ | ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ | | ᠯᠢ ᠺᠧ ᠴᠢᠶᠠᠩ ᠬᠤᠷᠠᠯ ᠢ ᠡᠷᠭᠢᠯᠡᠪᠡ᠃ ᠯᠢ ᠵᠠᠨ ᠱᠤ᠋᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ | ᠬᠤᠷᠠᠯ ᠳᠤ ᠣᠷᠣᠯᠴᠠᠪᠠ᠃ ᠸᠠᠩ ᠶᠠᠩ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃ | ᠰᠢ ᠶᠢᠨ ᠫᠢᠩ ᠶᠠᠷᠢᠶᠠᠨ ᠳᠠᠭᠠᠨ᠂ ᠬᠤᠶᠠᠳᠤᠭᠠᠷ ᠤᠳᠠᠭ᠎ᠠ ᠶᠢᠨ ᠲᠥᠪ ᠤᠨ ᠰᠢᠨᠵᠢᠶᠠᠩ ᠤᠨ ᠠᠵᠢᠯ ᠤᠨ | ᠳᠤᠬᠠᠢ ᠶᠠᠷᠢᠯᠴᠠᠬᠤ ᠬᠤᠷᠠᠯ ᠠᠴᠠ ᠨᠠᠭᠠᠰᠢ᠂ ᠡᠯ᠎ᠡ ᠲᠠᠯ᠎ᠠ ᠶᠢᠨ ᠴᠢᠷᠮᠠᠶᠢᠯᠭ᠎ᠠ ᠪᠠᠷ ᠳᠠᠮᠵᠢᠨ᠂ ᠰᠢᠨᠵᠢᠶᠠᠩ ᠤᠨ ᠠᠵᠢᠯ | ᠴᠢᠬᠤᠯᠠ ᠶᠡᠭᠡ ᠠᠮᠵᠢᠯᠲᠠ ᠪᠦᠲᠦᠮᠵᠢ ᠣᠯᠵᠠᠶ᠃ ᠰᠢᠨᠵᠢᠶᠠᠩ ᠤᠨ ᠠᠵᠤ ᠠᠬᠤᠶ ᠨᠡᠶᠢᠭᠡᠮ ᠤᠨ ᠬᠥᠭᠵᠢᠯᠲᠡ ᠪᠠ | ᠠᠷᠠᠳ ᠤᠨ ᠠᠮᠢᠳᠤᠷᠠᠯ ᠤᠨ ᠰᠠᠶᠢᠵᠢᠷᠠᠯᠲᠠ ᠤᠷᠢᠳ ᠡᠮᠦᠨ᠎ᠡ ᠪᠠᠶᠢᠭ᠎ᠠ ᠦᠭᠡᠢ ᠠᠮᠵᠢᠯᠲᠠ ᠣᠯᠵᠤ᠂ | ᠦᠨᠳᠦᠰᠦᠳᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ | ᠲᠦᠪᠰᠢᠨ ᠤ ᠲᠦᠷᠦᠭᠳᠡᠯ ᠲᠠᠰᠤᠷᠠᠯᠲᠠ ᠦᠭᠡᠢ ᠴᠢᠩᠭᠠᠷᠠᠭᠰᠠᠨ ᠪᠠᠶᠢᠨ᠎ᠠ᠃ ᠨᠢᠭᠡ ᠳᠤ ᠠᠵᠤ ᠠᠬᠤᠶ ᠶᠢᠨ | ᠬᠥᠭᠵᠢᠯᠲᠡ ᠦᠷᠭᠦᠯᠵᠢᠯᠡᠨ ᠰᠠᠶᠢᠵᠢᠷᠠᠪᠠ᠃ 2014 ᠣᠨ ᠠᠴᠠ 2019 ᠣᠨ ᠪᠣᠯᠲᠠᠯ᠎ᠠ᠂ ᠰᠢᠨᠵᠢᠶᠠᠩ ᠤᠨ | ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ 9195.9 ᠳ᠋ᠦᠩᠰᠢᠭᠤᠷ ᠲᠥᠭᠦᠷᠢᠭ | ᠪᠠᠶᠢᠭᠰᠠᠨ ᠠᠴᠠ ᠨᠡᠮᠡᠭᠳᠡᠭᠡᠳ 13597.1 ᠳ᠋ᠦᠩᠰᠢᠭᠤᠷ ᠲᠥᠭᠦᠷᠢᠭ ᠪᠣᠯᠵᠤ᠂ ᠵᠢᠯ ᠳᠤᠮᠳᠠᠴᠢ ᠪᠠᠷ 7.2% ᠪᠠᠷ | ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 1282.3 ᠳ᠋ᠦᠩᠰᠢᠭᠤᠷ ᠲᠥᠭᠦᠷᠢᠭ | ᠪᠠᠶᠢᠭᠰᠠᠨ ᠠᠴᠠ ᠨᠡᠮᠡᠭᠳᠡᠭᠡᠳ 1577.6 ᠳ᠋ᠦᠩᠰᠢᠭᠤᠷ ᠲᠥᠭᠦᠷᠢᠭ ᠪᠤᠯᠵᠤ᠂ ᠵᠢᠯ ᠳᠤᠮᠳᠠᠴᠢ ᠪᠠᠷ 5.7% ᠪᠠᠷ | ᠨᠡᠮᠡᠭᠳᠡᠪᠡ᠃ ᠰᠠᠭᠤᠷᠢ ᠲᠥᠬᠦᠭᠡᠷᠦᠮᠵᠢ ᠲᠠᠰᠤᠷᠠᠯᠲᠠ ᠦᠭᠡᠢ ᠲᠡᠭᠦᠯᠳᠡᠷᠵᠢᠵᠦ᠂ ᠪᠤᠢ ᠪᠦᠬᠦᠢ ᠲᠤᠰᠬᠠᠶ ᠣᠷᠣᠨ ᠵᠧᠤ | ᠬᠤᠲᠠ ᠲᠦᠷᠭᠡᠨ ᠤ ᠵᠠᠮ ᠤᠨ ᠴᠠᠭ ᠦᠶ᠎ᠡ ᠳᠤ ᠣᠷᠣᠪᠠ᠃ ᠬᠤᠶᠠᠷ ᠲᠤ ᠠᠷᠠᠳ ᠤᠨ ᠠᠮᠢᠳᠤᠷᠠᠯ ᠮᠡᠳᠡᠭᠳᠡᠮ᠎ᠠ | ᠰᠠᠶᠢᠵᠢᠷᠠᠪᠠ᠃ 2014 ᠣᠨ ᠠᠴᠠ 2019 ᠣᠨ ᠪᠣᠯᠲᠠᠯ᠎ᠠ᠂ ᠰᠢᠨᠵᠢᠶᠠᠩ ᠤᠨ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠢᠯ ᠳᠤᠮᠳᠠᠴᠢ ᠪᠠᠷ 9.1% ᠪᠠᠷ ᠨᠡᠮᠡᠭᠳᠡᠪᠡ᠃ ᠬᠥᠳᠡᠭᠡ | ᠲᠣᠰᠬᠤᠨ ᠤ ᠠᠮᠤᠭᠤᠯᠠᠩ ᠣᠷᠣᠨ ᠰᠠᠭᠤᠴᠠ ᠶᠢᠨ ᠢᠨᠵᠧᠨᠧᠷᠢᠩ ᠢᠶᠠᠷ 169 ᠲᠦᠮᠡ ᠭᠠᠷᠤᠶ ᠢᠵᠢ ᠤᠷᠤᠨ | ᠰᠠᠭᠤᠴᠠ ᠪᠠᠶᠢᠭᠤᠯᠵᠤ᠂ ᠬᠤᠲᠠ ᠪᠠᠯᠭᠠᠰᠤᠨ ᠤ ᠪᠠᠲᠤᠯᠠᠭ᠎ᠠ ᠶᠢᠨ ᠴᠢᠨᠠᠷᠲᠠᠶ ᠠᠮᠤᠭᠤᠯᠠᠩ ᠣᠷᠣᠨ ᠰᠠᠭᠤᠴᠠ ᠶᠢᠨ | ᠢᠨᠵᠧᠨᠧᠷᠢᠩ ᠢᠶᠠᠷ 156 ᠲᠦᠮᠡ ᠭᠠᠷᠤᠶ ᠢᠵᠢ ᠤᠷᠤᠨ ᠰᠠᠭᠤᠴᠠ ᠪᠠᠶᠢᠭᠤᠯᠵᠤ᠂ 1000 ᠭᠠᠷᠤᠶ ᠲᠦᠮᠡᠨ | ᠤᠯᠠᠨ ᠲᠦᠮᠡᠨ ᠪᠠᠶᠠᠷ ᠲᠠᠢ ᠪᠠᠷ ᠰᠢᠨ᠎ᠡ ᠣᠷᠣᠨ ᠰᠠᠭᠤᠴᠠ ᠳᠠᠭᠠᠨ ᠨᠡᠭᠦᠭᠰᠡᠨ ᠪᠠᠶᠢᠨ᠎ᠠ᠃ ᠬᠤᠲᠠ ᠬᠥᠳᠡᠭᠡ ᠶᠢᠨ | ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠵᠦ᠂ ᠪᠦᠬᠦ ᠠᠷᠠᠳ ᠲᠤ ᠰᠦᠢᠳᠬᠡᠯ ᠬᠤᠷᠢᠶᠠᠬᠤ ᠦᠭᠡᠢ | ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ ᠦᠭᠭᠦᠨ᠂ ᠮᠠᠯᠵᠢᠬᠤ ᠲᠠᠷᠢᠶᠠᠯᠠᠬᠤ ᠣᠷᠣᠨ ᠤ ᠡᠮ ᠡᠮᠴᠢᠯᠡᠭᠡᠨ ᠤ | ᠲᠥᠬᠦᠭᠡᠷᠦᠮᠵᠢ ᠪᠠ ᠨᠥᠬᠦᠴᠡᠯ ᠢᠯᠡᠳᠲᠡ ᠰᠠᠶᠢᠵᠢᠷᠠᠵᠤ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ | ᠪᠠ ᠳᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠪᠠᠷᠢᠮᠵᠢᠶᠠᠵᠢᠭᠰᠠᠨ ᠨᠣᠷᠮ᠎ᠠ ᠪᠦᠷ 100% ᠳᠤ ᠬᠦᠷᠴᠤ᠂ | ᠰᠠᠭᠤᠭᠠᠯᠢ ᠠᠷᠠᠳ ᠤᠨ ᠦᠨᠳᠦᠰᠦᠨ ᠡᠮ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠨᠣᠷᠮ᠎ᠠ 99.7% ᠳᠤ | ᠬᠦᠷᠪᠡ᠃ ᠭᠤᠷᠪᠠ ᠳᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠰᠢᠢᠳᠪᠦᠷᠢᠲᠦ ᠴᠢᠨᠠᠷᠲᠠᠶ | ᠠᠮᠵᠢᠯᠲᠠ ᠤᠯᠪᠠ᠃ 2014 ᠣᠨ ᠳᠤ᠂ ᠰᠢᠨᠵᠢᠶᠠᠩ ᠳᠤ ᠺᠠᠷᠲᠯᠠᠵᠥ ᠳᠠᠩᠰᠠᠯᠠᠬᠰᠠᠨ ᠶᠠᠳᠠᠭᠤ ᠬᠦᠴᠢᠷᠳᠡᠯᠳᠡᠢ | ᠬᠦᠮᠦᠨ ᠠᠮᠠ 77.9 ᠲᠦᠮᠡᠨ ᠡᠷᠦᠬᠡ᠂ 308.9 ᠲᠦᠮᠡᠨ ᠬᠥᠮᠦᠨ ᠪᠠᠶᠢᠵᠤ᠂ ᠶᠠᠳᠠᠭᠤ ᠬᠦᠴᠢᠷᠳᠡᠯᠳᠡᠢ | ᠲᠣᠰᠬᠤᠨ 3666᠂ ᠶᠠᠳᠠᠭᠤ ᠬᠦᠴᠢᠷᠳᠡᠯᠲᠡᠶ ᠰᠢᠶᠠᠨ 32 ᠪᠠᠶᠢᠪᠠ᠃ 2019 ᠣᠨ ᠪᠣᠯᠬᠤ ᠳᠤ᠂ ᠪᠦᠬᠦ | ᠰᠢᠨᠵᠢᠶᠠᠩ ᠳᠤ 292.32 ᠲᠦᠮᠡᠨ ᠬᠥᠮᠦᠨ ᠶᠠᠳᠠᠭᠤ ᠠᠴᠠ ᠠᠩᠭᠢᠵᠢᠷᠠᠵᠤ᠂ 3107 ᠶᠠᠳᠠᠭᠤ ᠬᠦᠴᠢᠷᠳᠡᠯᠲᠡᠢ | ᠲᠣᠰᠬᠤᠨ ᠵᠠᠳᠠᠭᠤ ᠬᠦᠴᠢᠷᠳᠡᠯ ᠠᠴᠠ ᠰᠠᠯᠵᠤ᠂ 22 ᠶᠠᠳᠠᠭᠤ ᠬᠦᠴᠢᠷᠳᠡᠯᠲᠡᠢ ᠰᠢᠶᠠᠨ ᠶᠠᠳᠠᠭᠤ ᠮᠠᠯᠠᠭᠠᠢ ᠪᠠᠨ | ᠳᠠᠶᠠᠭᠳᠠᠵᠤ᠂ ᠶᠠᠳᠠᠭᠤᠷᠠᠯ ᠡᠬᠦᠰᠬᠦ ᠨᠤᠷᠮ᠎ᠠ 2014 ᠣᠨ ᠤ 19.4% ᠪᠠᠶᠢᠭᠰᠠᠨ ᠠᠴᠠ ᠪᠠᠨ ᠪᠠᠭᠤᠷᠠᠭᠠᠳ 1. | 24% ᠪᠤᠯᠪᠠ᠃ ᠡᠭᠦᠨ ᠳᠤ᠂ ᠡᠮᠦᠨᠡᠳᠦ ᠰᠢᠨᠵᠢᠶᠠᠩ ᠤᠨ 4 ᠲᠤᠰᠬᠠᠢ ᠣᠷᠣᠨ ᠵᠧᠦ ᠶᠢᠨ 251.16 ᠲᠦᠮᠡᠨ | ᠬᠥᠮᠦᠨ ᠤᠷᠢᠳ ᠬᠤᠵᠢᠳ ᠶᠠᠳᠠᠭᠤ ᠠᠴᠠ ᠠᠩᠭᠢᠵᠢᠷᠠᠵᠤ᠂ 2683 ᠶᠠᠳᠠᠭᠤ ᠬᠦᠴᠢᠷᠳᠡᠯᠲᠡᠢ ᠲᠣᠰᠬᠤᠨ ᠵᠠᠳᠠᠭᠤ | ᠬᠦᠴᠢᠷᠳᠡᠯ ᠠᠴᠠ ᠰᠠᠯᠵᠤ᠂ 16 ᠶᠠᠳᠠᠭᠤ ᠬᠦᠴᠢᠷᠳᠡᠯᠲᠡᠢ ᠰᠢᠶᠠᠨ ᠶᠠᠳᠠᠭᠤ ᠮᠠᠯᠠᠭᠠᠢ ᠪᠠᠨ ᠳᠠᠶᠠᠭᠳᠠᠵᠤ᠂ ᠶᠠᠳᠠᠭᠤᠷᠠᠯ | ᠡᠭᠦᠰᠬᠦ ᠨᠤᠷᠮ᠎ᠠ 2014 ᠣᠨ ᠤ 29.1% ᠪᠠᠶᠢᠭᠰᠠᠨ ᠠᠴᠠ ᠪᠠᠨ ᠪᠠᠭᠤᠷᠠᠭᠠᠳ 2.21% ᠪᠤᠯᠪᠠ᠃ ︽ | ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠲᠣᠪᠤᠶᠢᠮ᠎ᠠ ᠠᠰᠠᠭᠤᠳᠠᠯ ᠢ ᠦᠨᠳᠦᠰᠦᠨ ᠳᠡᠭᠡᠨ | ᠰᠢᠢᠳᠪᠦᠷᠢᠯᠡᠵᠦ᠂ ᠶᠠᠳᠠᠭᠤ ᠬᠦᠴᠢᠷᠳᠡᠯᠲᠡᠢ ᠭᠡᠷ ᠪᠦᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠱᠠᠳᠤᠨ ᠤ ᠬᠡᠦᠬᠡᠳ ᠤᠨ ᠶᠠᠳᠠᠭᠤ ᠠᠴᠠ ᠪᠣᠯᠵᠤ ᠰᠤᠷᠤᠯᠭ᠎ᠠ ᠠᠯᠳᠠᠵᠤ ᠰᠤᠷᠤᠯᠭ᠎ᠠ ᠪᠠᠨ ᠳᠣᠷᠭᠤᠨ ᠵᠣᠭᠰᠣᠬᠤ | ᠶᠠᠪᠤᠳᠠᠯ ᠢ ᠴᠠᠭ ᠲᠤᠬᠠᠢ ᠳᠤᠨᠢ ᠦᠭᠡᠶᠢᠰᠭᠡᠬᠦ ᠶᠢ ᠪᠡᠶᠡᠯᠡᠭᠦᠯᠵᠦ᠂ ᠶᠠᠳᠠᠭᠤ ᠬᠦᠴᠢᠷᠳᠡᠯᠲᠡᠢ ᠬᠥᠮᠦᠨ ᠠᠮᠠ ᠶᠢᠨ | ᠦᠨᠳᠦᠰᠦᠨ ᠡᠮ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠳᠤ ᠣᠷᠣᠯᠴᠠᠭᠰᠠᠨ ᠨᠣᠷᠮ᠎ᠠ | ᠴᠥᠮ 100% ᠳᠤ ᠬᠦᠷᠴᠤ᠂ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠡᠭᠦᠷᠭᠡ ᠶᠢ ᠪᠦᠬᠦ | ᠲᠠᠯ᠎ᠠ ᠪᠠᠷ ᠪᠡᠶᠡᠯᠡᠭᠦᠯᠵᠦ᠂ ᠶᠠᠳᠠᠭᠤ ᠬᠦᠴᠢᠷᠳᠡᠯᠲᠡᠶ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ | ᠶᠡᠭᠡ ᠪᠠᠷ ᠰᠠᠶᠢᠵᠢᠷᠠᠪᠠ᠃ ᠳᠥᠷᠪᠡ ᠳᠤ ᠲᠥᠪ ᠠᠴᠠ ᠳᠡᠮᠵᠢᠬᠦ ᠪᠠ ᠪᠦᠬᠦ ᠤᠯᠤᠰ ᠤᠨ ᠡᠯ᠎ᠠ ᠭᠠᠵᠠᠷ ᠤᠨ ᠠᠵᠢᠯ | ᠲᠥᠷᠥᠯ ᠢᠶᠠᠷ ᠢᠶᠠᠨ ᠰᠢᠨᠵᠢᠶᠠᠩ ᠢ ᠲᠤᠰᠠᠯᠠᠬᠤ ᠡᠷᠴᠢᠮ ᠲᠠᠰᠤᠷᠠᠯᠲᠠ ᠦᠭᠡᠢ ᠴᠢᠩᠭᠠᠷᠠᠪᠠ᠃ 2014 ᠣᠨ ᠠᠴᠠ | 2019 ᠣᠨ ᠪᠣᠯᠲᠠᠯ᠎ᠠ᠂ ᠲᠥᠪ ᠤᠨ ᠡᠳ᠋ ᠤᠨ ᠵᠠᠰᠠᠭ ᠠᠴᠠ ᠰᠢᠨᠵᠢᠶᠠᠩ ᠤᠨ ᠥᠪᠡᠷᠲᠡᠭᠡᠨ ᠵᠠᠰᠠᠬᠤ ᠣᠷᠣᠨ ᠪᠠ | ᠪᠢᠩᠲ᠋ᠤᠸᠠᠨ ᠳᠤ ᠰᠢᠯᠵᠢᠭᠦᠯᠦᠨ ᠥᠭᠬᠦ ᠵᠠᠷᠤᠯᠭ᠎ᠠ 2636.9 ᠳ᠋ᠦᠩᠰᠢᠭᠤᠷ ᠲᠥᠭᠦᠷᠢᠭ ᠪᠠᠶᠢᠭᠰᠠᠨ ᠠᠴᠠ 4224. | 8 ᠳ᠋ᠦᠩᠰᠢᠭᠤᠷ ᠲᠥᠭᠦᠷᠢᠭ ᠪᠤᠯᠤᠨ ᠨᠡᠮᠡᠭᠳᠡᠵᠤ᠂ ᠵᠢᠯ ᠳᠤᠮᠳᠠᠴᠢ ᠪᠠᠷ 10.4% ᠪᠠᠷ ᠨᠡᠮᠡᠭᠳᠡᠨ᠂ 6 ᠵᠢᠯ ᠳᠤ | ᠰᠢᠨᠵᠢᠶᠠᠩ ᠢ 2 ᠲᠦᠮᠡ ᠭᠠᠷᠤᠶ ᠳ᠋ᠦᠩᠰᠢᠭᠤᠷ ᠲᠥᠭᠦᠷᠢᠭ ᠳᠡᠮᠵᠢᠪᠡ᠃ ᠰᠢᠨᠵᠢᠶᠠᠩ ᠢ ᠳᠤᠰᠠᠯᠠᠬᠤ 19 ᠮᠣᠵᠢ | ᠬᠤᠲᠠ ᠪᠦᠬᠦ ᠲᠠᠯ᠎ᠠ ᠪᠠᠷ ᠠᠵᠢᠯ ᠲᠥᠷᠥᠯ ᠢᠶᠠᠷ ᠢᠶᠠᠨ ᠲᠤᠰᠠᠯᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠤᠷᠢᠳ | ᠬᠤᠵᠢᠳ ᠨᠡᠶᠢᠳᠡ 964 ᠳ᠋ᠦᠩᠰᠢᠭᠤᠷ ᠲᠥᠭᠦᠷᠢᠭ ᠤᠨ ᠰᠢᠨᠵᠢᠶᠠᠩ ︵ᠪᠢᠩᠲ᠋ᠤᠸᠠᠨ ᠢ ᠪᠠᠭᠳᠠᠭᠠᠨ᠎ᠠ︶ ᠢ ᠲᠤᠰᠠᠯᠠᠬᠤ | ᠪᠡᠯᠡ ᠮᠥᠩᠭᠦ ᠣᠷᠣᠭᠤᠯᠵᠤ᠂ ᠰᠢᠨᠵᠢᠶᠠᠩ ᠢ ᠲᠤᠰᠠᠯᠠᠬᠤ ᠲᠥᠷᠥᠯ ᠵᠦᠶ᠋ᠯ ᠢ ᠲᠦᠮᠡ ᠭᠠᠷᠤᠶ ᠬᠡᠷᠡᠭᠵᠢᠭᠦᠯᠵᠤ᠂ | ᠰᠢᠨᠵᠢᠶᠠᠩ ᠢ ᠲᠤᠰᠠᠯᠠᠬᠤ ᠮᠤᠵᠢ ᠬᠤᠳᠠ ᠶᠢᠨ ᠠᠵᠤ ᠠᠬᠤᠶᠢᠯᠠᠯ ᠤᠨ ᠪᠡᠯᠡ ᠮᠥᠩᠭᠦ ᠶᠢ 16840 ᠳ᠋ᠦᠩᠰᠢᠭᠤᠷ | ᠲᠥᠭᠦᠷᠢᠭ ᠤᠷᠤᠭᠤᠯᠤᠨ ᠠᠪᠴᠢᠷᠠᠵᠤ᠂ ᠲᠥᠪ ᠤᠨ ᠠᠵᠤ ᠠᠬᠤᠶᠢᠯᠠᠯ ᠤᠨ ᠪᠡᠯᠡ ᠣᠷᠣᠭᠤᠯᠤᠯᠲᠠ 7000 | ᠳ᠋ᠦᠩᠰᠢᠭᠤᠷ ᠲᠥᠭᠦᠷᠢᠭ ᠢ ᠳᠠᠪᠠᠪᠠ᠃ ᠶᠡᠷᠦᠩᠬᠡᠢ ᠳᠤᠨᠢ ᠠᠪᠴᠤ ᠦᠵᠡᠪᠡᠯ᠂ ᠰᠢᠨᠵᠢᠶᠠᠩ ᠳᠤ ᠨᠡᠶᠢᠭᠡᠮ ᠲᠣᠭᠲᠠᠭᠤᠨ᠂ | ᠠᠷᠠᠳ ᠲᠦᠮᠡᠨ ᠠᠮᠤᠷ ᠵᠢᠮᠦᠷ ᠠᠵᠤ ᠲᠦᠷᠦᠭᠦ ᠰᠠᠶᠢᠨ ᠰᠠᠶᠢᠬᠠᠨ ᠪᠠᠶᠢᠳᠠᠯ ᠢᠯᠡᠷᠡᠵᠦ᠂ ᠥᠨᠢ ᠤᠳᠠᠭᠠᠨ ᠤ ᠠᠮᠤᠷ | ᠳᠤᠭᠳᠠᠭᠤᠨ ᠪᠤᠯᠬᠤ ᠳᠤ ᠪᠠᠲᠤ ᠪᠠᠬᠢ ᠰᠠᠭᠤᠷᠢ ᠲᠠᠯᠪᠢᠭᠰᠠᠨ ᠪᠠᠶᠢᠨ᠎ᠠ᠃ ᠮᠠᠨ ᠤ ᠤᠯᠤᠰ ᠤᠨ ᠦᠨᠳᠦᠰᠦᠲᠡᠨ ᠤ | ᠳᠤᠬᠠᠢ ᠠᠵᠢᠯ ᠪᠤᠯ ᠠᠮᠵᠢᠯᠲᠠ ᠲᠠᠢ ᠭᠡᠳᠡᠭ ᠢ ᠪᠣᠳᠠᠲᠤ ᠶᠠᠪᠤᠳᠠᠯ ᠭᠦᠢᠴᠡᠳ ᠭᠡᠷᠡᠴᠢᠯᠡᠵᠦ ᠪᠠᠶᠢᠨ᠎ᠠ᠃ ᠡᠳᠡᠭᠡᠷ | ᠠᠮᠵᠢᠯᠳᠠ ᠪᠦᠳᠦᠮᠵᠢ ᠪᠣᠯ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ | ᠪᠦᠬᠦ ᠨᠠᠮ ᠪᠦᠬᠦ ᠤᠯᠤᠰ ᠤᠨ ᠠᠷᠠᠳ ᠲᠦᠮᠡᠨ ᠤ ᠬᠠᠮᠲᠤ ᠪᠠᠷ ᠲᠡᠮᠡᠴᠡᠭᠰᠡᠨ ᠤ ᠦᠷ᠎ᠡ ᠳ᠋ᠦᠩ ᠪᠣᠯᠬᠤ ᠪᠥᠭᠡᠳ | ᠰᠢᠨᠵᠢᠶᠠᠩ ᠤᠨ 2500 ᠭᠠᠷᠤᠢ ᠲᠦᠮᠡᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠤᠶᠤᠨ | ᠤᠬᠠᠭᠠᠨ ᠪᠠ ᠬᠦᠴᠦ ᠬᠥᠯᠥᠰᠥ ᠰᠢᠩᠭᠡᠵᠦ ᠪᠠᠶᠢᠨ᠎ᠠ ᠭᠡᠵᠥ ᠵᠢᠭᠠᠵᠥ ᠭᠠᠷᠭᠠᠪᠠ᠃ ᠰᠢ ᠶᠢᠨ ᠫᠢᠩ ᠨᠠᠮ ᠤᠨ ᠲᠥᠪ | ᠬᠤᠷᠢᠶᠠᠨ ᠤ ᠡᠮᠦᠨ᠎ᠡ ᠠᠴᠠ᠂ ᠰᠢᠨᠵᠢᠶᠠᠩ ᠤᠨ ᠠᠵᠢᠯ ᠳᠤ ᠣᠷᠣᠯᠴᠠᠭᠰᠠᠨ ᠪᠠ ᠳᠡᠮᠵᠢᠭᠰᠡᠨ ᠡᠯ᠎ᠠ ᠹᠷᠤᠨᠲ ᠤᠨ | ᠨᠥᠬᠦᠳ ᠲᠤ᠂ ᠰᠢᠨᠵᠢᠶᠠᠩ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠳᠤ᠂ ᠦᠨᠳᠦᠰᠦᠨ ᠱᠠᠲᠤᠨ ᠤ | ᠨᠢᠭᠡᠳᠦᠭᠡᠷ ᠹᠷᠣᠨᠲ ᠲᠤ ᠰᠢᠷᠭᠠᠭᠤ ᠠᠵᠢᠯᠯᠠᠵᠤ ᠪᠠᠶᠢᠭ᠎ᠠ ᠥᠷᠭᠡᠨ ᠤᠯᠠᠨ ᠺᠠᠳ᠋ᠷ ᠠᠵᠢᠯᠴᠢᠳ ᠢ ᠴᠢᠩ | ᠰᠡᠳᠬᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃ | ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ | ᠰᠢᠨᠵᠢᠶᠠᠩ ᠢ ᠵᠠᠰᠠᠬᠤ ᠵᠢᠮ᠎ᠡ ᠶᠣᠰᠣ ᠶᠢᠨ ᠲᠤᠬᠠᠶ ᠲᠠᠨᠢᠯᠲᠠ ᠪᠠ ᠡᠵᠡᠮᠳᠡᠯ ᠢᠶᠠᠨ ᠭᠦᠨᠵᠡᠭᠡᠶᠢᠷᠡᠭᠦᠯᠵᠦ᠂ ᠰᠢᠨ᠎ᠡ ᠴᠠᠭ | ᠦᠶ᠎ᠡ ᠶᠢᠨ ᠨᠠᠮ ᠤᠨ ᠰᠢᠨᠵᠢᠶᠠᠩ ᠢ ᠵᠠᠰᠠᠬᠤ ᠠᠷᠭ᠎ᠠ ᠪᠣᠳᠣᠯᠭ᠎ᠠ ᠶᠢ ᠪᠦᠷᠢᠯᠳᠦᠭᠦᠯᠵᠤ᠂ ᠪᠠᠶᠢᠯᠳᠤᠬᠤ ᠪᠣᠳᠣᠯᠭ᠎ᠠ ᠶᠢᠨ | ᠲᠠᠯ᠎ᠠ ᠠᠴᠠ ᠰᠢᠨᠵᠢᠶᠠᠩ ᠤᠨ ᠠᠵᠢᠯ ᠢ ᠬᠢᠨᠠᠨ ᠦᠵᠡᠬᠦ ᠪᠠ ᠲᠦᠯᠦᠪᠯᠡᠬᠦ ᠶᠢ ᠪᠠᠷᠢᠮᠲᠠᠯᠠᠵᠤ᠂ ᠨᠡᠶᠢᠭᠡᠮ ᠤᠨ ᠠᠮᠦᠷ | ᠲᠣᠭᠲᠠᠭᠤᠨ ᠪᠠ ᠥᠨᠢ ᠤᠳᠠᠭᠠᠨ ᠤ ᠠᠮᠤᠷ ᠳᠤᠭᠳᠠᠭᠤᠨ ᠢ ᠰᠢᠨᠵᠢᠶᠠᠩ ᠤᠨ ᠠᠵᠢᠯ ᠤᠨ ᠶᠡᠷᠦᠩᠬᠡᠶ ᠬᠠᠷᠠᠯᠲᠠ | ᠪᠣᠯᠭᠠᠬᠤ ᠶᠢ ᠪᠠᠷᠢᠮᠲᠠᠯᠠᠵᠤ᠂ ᠬᠦᠮᠦᠨ ᠤ ᠰᠡᠳᠬᠢᠯ ᠢ ᠨᠢᠭᠲᠠᠷᠠᠭᠤᠯᠬᠤ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠪᠠᠷᠢᠮᠳᠠᠯᠠᠵᠥ᠂ | ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠨᠡᠶᠢᠭᠡᠮ | ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠠᠳᠠᠷᠠᠭᠤᠯᠬᠤ ᠪᠠ ᠪᠤᠢ ᠪᠤᠯᠭᠠᠬᠤ ᠶᠢ ᠪᠠᠷᠢᠮᠲᠠᠯᠠᠵᠤ᠂ | ᠠᠷᠠᠳ ᠤᠨ ᠠᠮᠢᠳᠤᠷᠠᠯ ᠲᠠᠢ ᠨᠢᠭᠲᠠ ᠤᠶᠠᠯᠳᠤᠭᠤᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ | ᠪᠠᠷᠢᠮᠲᠠᠯᠠᠵᠤ᠂ ᠰᠢᠨᠵᠢᠶᠠᠩ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠶᠢ ᠪᠠᠷᠢᠮᠳᠠᠯᠠᠪᠠ᠃ | ᠰᠢᠨ᠎ᠡ ᠴᠠᠭ ᠦᠶ᠎ᠡ ᠶᠢᠨ ᠨᠠᠮ ᠤᠨ ᠰᠢᠨᠵᠢᠶᠠᠩ ᠢ ᠵᠠᠰᠠᠬᠤ ᠠᠷᠭ᠎ᠠ ᠪᠤᠳᠤᠯᠭ᠎ᠠ ᠪᠦᠷᠢᠮᠦᠰᠦᠨ ᠵᠥᠪ ᠪᠠᠶᠢᠨ᠎ᠠ᠂ | ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠶ ᠪᠠᠶᠢᠨ᠎ᠠ ᠭᠡᠳᠡᠭ ᠢ ᠦᠢᠯᠡᠳᠦᠯᠭᠡ ᠭᠡᠷᠡᠴᠢᠯᠡᠵᠠᠢ᠃ ᠪᠦᠬᠦ | ᠨᠠᠮ ᠢᠶᠠᠷ ᠢᠶᠠᠨ ᠰᠢᠨ᠎ᠡ ᠴᠠᠭ ᠦᠶ᠎ᠡ ᠶᠢᠨ ᠨᠠᠮ ᠤᠨ ᠰᠢᠨᠵᠢᠶᠠᠩ ᠢ ᠵᠠᠰᠠᠬᠤ ᠠᠷᠭ᠎ᠠ ᠪᠣᠳᠣᠯᠭ᠎ᠠ ᠶᠢ | ᠲᠤᠭᠤᠰᠢᠯᠠᠭᠤᠯᠬᠤ ᠶᠢ ᠨᠢᠭᠡ ᠵᠦᠢᠯ ᠤᠨ ᠤᠯᠤᠰ ᠲᠥᠷᠥ ᠶᠢᠨ ᠡᠭᠦᠷᠭᠡ ᠪᠣᠯᠭᠠᠵᠤ᠂ ᠪᠦᠷᠢᠨ ᠪᠦᠲᠦᠨ ᠣᠨᠣᠪᠴᠢᠲᠠᠶ | ᠲᠤᠭᠤᠰᠢᠯᠠᠭᠤᠯᠬᠤ ᠳᠡᠭᠡᠷ᠎ᠡ ᠬᠦᠴᠦ ᠲᠠᠯᠪᠢᠨ᠂ ᠰᠢᠨᠵᠢᠶᠠᠩ ᠤᠨ ᠠᠵᠢᠯ ᠢᠮᠠᠭᠳᠠ ᠵᠥᠪ ᠤᠯᠤᠰ ᠲᠥᠷᠥ ᠶᠢᠨ | ᠴᠢᠭᠯᠡᠯ ᠢ ᠪᠠᠷᠢᠮᠳᠠᠯᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠪᠠ᠃ | ᠰᠢ ᠶᠢᠨ ᠫᠢᠩ᠂ ᠰᠢᠨᠵᠢᠶᠠᠩ ᠤᠨ ᠨᠡᠶᠢᠭᠡᠮ ᠤᠨ ᠶᠡᠭᠡ ᠲᠠᠯ᠎ᠠ ᠶᠢᠨ ᠦᠷᠭᠦᠯᠵᠢ ᠶᠢᠨ ᠲᠣᠭᠲᠠᠭᠤᠨ ᠤᠷᠳᠤ | ᠬᠤᠭᠤᠴᠠᠭ᠎ᠠ ᠪᠠᠷ ᠲᠤᠭᠳᠠᠭᠤᠨ ᠪᠠᠶᠢᠬᠤ ᠶᠢ ᠪᠠᠲᠤᠯᠠᠬᠤ ᠳᠤ ᠨᠡᠶᠢᠭᠡᠮ ᠵᠢᠷᠤᠮ ᠤᠨ ᠬᠠᠤᠯᠢᠵᠢᠯ ᠤᠨ ᠲᠤᠭ ᠢ ᠥᠨᠳᠥᠷ | ᠮᠠᠨᠳᠤᠭᠤᠯᠵᠤ᠂ ᠬᠠᠤᠯᠢᠵᠢᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠪᠦᠬᠦ ᠲᠠᠯ᠎ᠠ ᠪᠠᠷ ᠬᠠᠤᠯᠢ ᠪᠠᠷ ᠤᠯᠤᠰ ᠢ | ᠵᠠᠰᠠᠬᠤ ᠱᠠᠭᠠᠷᠳᠠᠯᠭ᠎ᠠ ᠶᠢ ᠰᠢᠨᠵᠢᠶᠠᠩ ᠤᠨ ᠠᠵᠢᠯ ᠤᠨ ᠡᠯ᠎ᠡ ᠬᠦᠷᠢᠶᠡᠨ ᠳᠤ ᠨᠠᠶᠢᠳᠠᠪᠤᠷᠢᠵᠢᠭᠤᠯᠬᠤ ᠬᠡᠷᠡᠭᠳᠠᠢ᠃ | ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠬᠠᠷᠢᠭᠤᠴᠠᠬᠤ᠂ ᠨᠡᠶᠢᠭᠡᠮ ᠤᠨ ᠬᠢᠨ ᠬᠠᠮᠵᠢᠯᠴᠠᠬᠤ᠂ | ᠣᠯᠠᠨ ᠨᠡᠶᠢᠲᠡ ᠪᠠᠷ ᠢᠶᠠᠨ ᠣᠷᠣᠯᠴᠠᠬᠤ᠂ ᠬᠠᠤᠯᠢᠵᠢᠯ ᠢᠶᠠᠷ ᠪᠠᠲᠤᠯᠠᠬᠤ ᠨᠡᠶᠢᠭᠡᠮ ᠤᠨ ᠵᠠᠰᠠᠯᠲᠠ ᠶᠢᠨ ᠪᠠᠶᠢᠭᠤᠯᠤᠯ ᠢ | ᠪᠦᠬᠦ ᠲᠠᠯ᠎ᠠ ᠪᠠᠷ ᠪᠦᠷᠢᠯᠳᠦᠭᠦᠯᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ | ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠪᠠᠶᠢᠭᠤᠯᠬᠤ ᠬᠡᠷᠡᠭᠳᠠᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠢ ᠲᠠᠰᠤᠷᠠᠯᠳᠠ | ᠦᠭᠡᠢ ᠪᠠᠬᠢᠵᠢᠭᠦᠯᠬᠦ ᠬᠡᠷᠡᠭᠲᠡᠢ᠃ ᠰᠢᠨᠵᠢᠶᠠᠩ ᠡᠷᠲᠡᠨ ᠠᠴᠠ ᠠᠪᠤᠭᠠᠳ ᠤᠯᠠᠨ ᠦᠨᠳᠦᠰᠦᠲᠡᠨ ᠲᠥᠪᠯᠡᠷᠡᠨ | ᠰᠠᠭᠤᠷᠢᠰᠢᠭᠰᠠᠨ ᠭᠠᠵᠠᠷ ᠣᠷᠣᠨ ᠮᠥᠨ᠂ ᠰᠢᠨᠵᠢᠶᠠᠩ ᠤᠨ ᠦᠨᠳᠦᠰᠦᠲᠡᠨ ᠨᠦᠭᠦᠳ ᠪᠣᠯ ᠳᠤᠮᠳᠠᠳᠤ ᠶᠢᠨ | ᠦᠨᠳᠦᠰᠦᠲᠡᠨ ᠤ ᠴᠢᠰᠤ ᠮᠢᠬᠠᠨ ᠤ ᠪᠠᠷᠢᠯᠳᠤᠯᠭ᠎ᠠ ᠲᠠᠢ ᠭᠡᠷ ᠪᠦᠯᠢ ᠶᠢᠨ ᠪᠦᠷᠢᠯᠳᠦᠬᠦᠨ ᠮᠥᠨ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠡᠤᠬᠡ᠂ ᠳᠤᠮᠳᠠᠳᠤ ᠶᠢᠨ ᠦᠨᠳᠦᠰᠦᠲᠡᠨ ᠤ ᠣᠯᠠᠨ ᠡᠰᠢᠳᠦ ᠨᠢᠭᠡ | ᠴᠣᠭᠴᠠᠵᠢᠭᠰᠠᠨ ᠪᠠᠶᠢᠷᠢᠰᠢᠯ ᠤᠨ ᠰᠤᠳᠤᠯᠭᠠᠨ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠬᠥᠮᠦᠵᠢᠯ ᠢ ᠰᠢᠨᠵᠢᠶᠠᠩ ᠤᠨ ᠺᠠᠳ᠋ᠷ ᠤᠨ ᠬᠥᠮᠦᠵᠢᠯ᠂ ᠵᠠᠯᠠᠭᠤᠴᠤᠳ ᠪᠠᠭᠠᠴᠤᠳ ᠤᠨ | ᠬᠥᠮᠦᠵᠢᠯ᠂ ᠨᠡᠶᠢᠭᠡᠮ ᠤᠨ ᠬᠥᠮᠦᠵᠢᠯ ᠳᠤ ᠣᠷᠣᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ | ᠬᠦᠮᠦᠵᠢᠭᠦᠯᠦᠨ ᠵᠢᠯᠤᠭᠤᠳᠴᠤ ᠪᠠᠶᠢᠭᠠᠳ ᠵᠥᠪ ᠤᠯᠤᠰ ᠤᠨ ᠦᠵᠡᠯᠲᠡ᠂ ᠲᠡᠤᠬᠡ ᠶᠢᠨ ᠦᠵᠡᠯᠲᠡ᠂ | ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠲᠠᠢ ᠪᠤᠯᠭᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠰᠡᠳᠬᠢᠯ ᠵᠢᠷᠦᠭᠡᠨ ᠳᠤᠨᠢ ᠭᠦᠨ | ᠦᠨᠳᠦᠰᠦᠯᠡᠭᠦᠯᠬᠦ ᠬᠡᠷᠡᠭᠳᠠᠢ᠃ ᠦᠨᠳᠦᠰᠦᠳᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠶᠢᠨ | ᠰᠣᠯᠢᠯᠴᠠᠭ᠎ᠠ᠂ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ᠰᠢᠨᠵᠢᠶᠠᠩ ᠤᠨ ᠢᠰᠯᠠᠮ ᠤᠨ ᠱᠠᠰᠢᠨ ᠢ | ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠱᠠᠰᠢᠨ ᠰᠤᠷᠲᠠᠬᠤᠨ ᠤ ᠡᠷᠡᠭᠦᠯ ᠢᠶᠠᠷ ᠬᠥᠭᠵᠢᠬᠦ ᠶᠢ ᠪᠡᠶᠡᠯᠡᠭᠦᠯᠬᠦ | ᠬᠡᠷᠡᠭᠲᠡᠶ᠃ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠠᠵᠢᠯ ᠢ ᠭᠦᠨᠵᠡᠭᠡᠶ ᠰᠠᠶᠢᠲᠤᠷ ᠬᠢᠵᠦ᠂ ᠰᠤᠶᠤᠯ ᠢᠶᠠᠷ | ᠰᠢᠨᠵᠢᠶᠠᠩ ᠢ ᠤᠮᠳᠠᠯᠠᠬᠤ ᠢᠨᠵᠧᠨᠧᠷᠢᠩ ᠢ ᠭᠦᠨᠵᠡᠭᠡᠶ ᠥᠷᠨᠢᠭᠦᠯᠬᠦ ᠬᠡᠷᠡᠭᠲᠡᠶ ᠭᠡᠵᠤ ᠴᠢᠬᠤᠯᠠᠴᠢᠯᠠᠵᠠᠢ᠃ | ᠰᠢ ᠶᠢᠨ ᠫᠢᠩ᠂ ᠬᠥᠭᠵᠢᠯᠲᠡ ᠪᠣᠯ ᠰᠢᠨᠵᠢᠶᠠᠩ ᠤᠨ ᠥᠨᠢ ᠤᠳᠠᠭᠠᠨ ᠠᠮᠤᠷ ᠳᠤᠭᠳᠠᠭᠤᠨ ᠪᠠᠶᠢᠬᠤ ᠶᠢᠨ | ᠴᠢᠬᠤᠯᠠ ᠰᠠᠭᠤᠷᠢ ᠮᠥᠨ᠃ ᠰᠢᠨᠵᠢᠶᠠᠩ ᠤᠨ ᠣᠷᠣᠨ ᠪᠠᠶᠢᠷᠢ ᠶᠢᠨ ᠳᠠᠪᠠᠭᠤᠯᠢᠭ ᠢ ᠪᠠᠳᠠᠷᠠᠭᠤᠯᠵᠤ᠂ ᠲᠣᠷᠭᠠᠨ | ᠵᠠᠮ ᠤᠨ ᠠᠵᠤ ᠠᠬᠤᠶ ᠶᠢᠨ ᠪᠦᠰᠡ ᠶᠢᠨ ᠭᠤᠤᠯ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠠᠷ | ᠬᠥᠳᠡᠯᠭᠡᠭᠦᠷ ᠪᠣᠯᠭᠠᠵᠤ᠂ ᠰᠢᠨᠵᠢᠶᠠᠩ ᠤᠨ ᠲᠤᠰ ᠪᠡᠶ᠎ᠡ ᠶᠢᠨ ᠣᠷᠣᠨ ᠪᠦᠰᠡ ᠶᠢᠨ ᠴᠢᠨᠠᠷᠲᠠᠶ ᠨᠡᠭᠡᠭᠡᠯᠲᠡ ᠶᠢᠨ | ᠪᠠᠶᠢᠯᠳᠤᠬᠤ ᠪᠣᠳᠣᠯᠭ᠎ᠠ ᠶᠢ ᠤᠯᠤᠰ ᠤᠨ ᠪᠠᠷᠠᠭᠤᠨᠰᠢ ᠨᠡᠭᠡᠭᠡᠯᠲᠡ ᠬᠢᠬᠦ ᠶᠡᠷᠦᠩᠬᠡᠶ ᠪᠠᠶᠢᠷᠢᠰᠢᠭᠤᠯᠤᠯᠳᠠ ᠳᠤ | ᠣᠷᠣᠭᠤᠯᠵᠤ᠂ ᠭᠠᠳᠠᠭᠰᠢ ᠨᠡᠭᠡᠭᠡᠯᠲᠡ ᠬᠢᠬᠦ ᠠᠴᠢᠶᠠᠯᠠᠪᠤᠷᠢ ᠶᠢ ᠪᠠᠶᠠᠯᠢᠭᠵᠢᠭᠤᠯᠤᠨ᠂ ᠭᠠᠳᠠᠭᠰᠢ ᠨᠡᠭᠡᠭᠡᠯᠲᠡ ᠬᠢᠬᠦ | ᠳᠡᠰ ᠳᠠᠪᠬᠤᠷᠭ᠎ᠠ ᠶᠢ ᠳᠡᠭᠡᠭᠰᠢᠯᠡᠭᠦᠯᠵᠤ᠂ ᠨᠡᠭᠡᠭᠡᠯᠲᠡᠲᠦ ᠮᠠᠶ᠋ᠢᠭ ᠤᠨ ᠠᠵᠤ ᠠᠬᠤᠢ ᠶᠢᠨ ᠪᠠᠶᠢᠭᠤᠯᠤᠯ ᠢ ᠰᠢᠨᠡᠴᠢᠯᠡᠵᠦ᠂ | ᠳᠣᠲᠣᠭᠠᠳᠤ ᠬᠠᠭᠤᠷᠠᠶ ᠶᠢᠨ ᠨᠡᠭᠡᠭᠡᠯᠲᠡ ᠪᠠ ᠬᠢᠯᠢ ᠳᠠᠭᠠᠤ ᠶᠢᠨ ᠨᠡᠭᠡᠭᠡᠯᠲᠡ ᠶᠢᠨ ᠥᠨᠳᠦᠷᠯᠢᠭ ᠭᠠᠵᠠᠷ ᠢ ᠪᠠᠶᠢᠭᠤᠯᠬᠤ | ᠬᠡᠷᠡᠭᠳᠠᠢ᠃ ᠠᠵᠤ ᠦᠢᠯᠡᠳᠪᠦᠷᠢ ᠶᠢᠨ ᠰᠠᠭᠤᠷᠢ ᠶᠢ ᠬᠦᠴᠦᠷᠬᠡᠭᠵᠢᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠ | ᠬᠡᠯᠪᠡᠷᠢ ᠶᠢ ᠨᠢ ᠬᠤᠪᠢᠷᠠᠭᠤᠯᠤᠨ ᠳᠡᠰ ᠳᠡᠪᠰᠢᠬᠦᠯᠬᠦ ᠶᠢ ᠠᠬᠢᠭᠤᠯᠵᠤ᠂ ᠰᠢᠨᠵᠢᠶᠠᠩ ᠤᠨ ᠦᠪᠡᠷᠮᠢᠴᠡ ᠤᠨᠴᠠᠯᠢᠡᠡᠳᠦ | ᠳᠠᠪᠠᠭᠤᠯᠢᠭ ᠠᠵᠤ ᠦᠢᠯᠡᠰ ᠢ ᠪᠤᠢ ᠪᠤᠯᠭᠠᠨ ᠪᠤᠵᠠᠭᠠᠶᠢᠷᠠᠭᠤᠯᠵᠤ᠂ ᠲᠤᠬᠠᠶ ᠶᠢᠨ ᠭᠠᠵᠠᠷ ᠤᠨ ᠣᠯᠠᠨ ᠲᠦᠮᠡᠨ ᠢ | ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠳᠠᠢ᠃ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠬᠤᠲᠠ ᠪᠠᠯᠭᠠᠰᠤᠵᠢᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠶ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠥᠨ | ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ | ᠰᠠᠬᠢᠵᠤ᠂ ᠡᠯᠡᠰᠦ ᠶᠢ ᠵᠠᠰᠠᠵᠤ ᠤᠰᠤ ᠶᠢ ᠵᠠᠰᠠᠬᠤ ᠪᠠ ᠣᠢ ᠰᠢᠭᠤᠶ ᠨᠤᠲᠤᠭ ᠪᠡᠯᠴᠢᠭᠡᠷ ᠢ ᠬᠠᠮᠠᠭᠠᠯᠠᠬᠤ ᠠᠵᠢᠯ ᠢ | ᠨᠢᠭᠡᠳᠦᠯᠲᠡᠶ ᠲᠦᠯᠦᠪᠵᠢᠭᠦᠯᠦᠨ ᠥᠷᠨᠢᠭᠦᠯᠵᠦ᠂ ᠦᠵᠡᠰᠬᠦᠯᠡᠩᠲᠦ ᠰᠠᠶᠢᠬᠠᠨ ᠰᠢᠨᠵᠢᠶᠠᠩ ᠤᠨ ᠲᠩᠷᠢ ᠶᠢ ᠨᠠᠩ ᠴᠡᠯᠮᠡᠭ᠂ | ᠠᠭᠤᠯᠠ ᠶᠢ ᠨᠠᠩ ᠨᠣᠭᠤᠭᠠᠨ᠂ ᠤᠰᠤ ᠶᠢ ᠨᠠᠩ ᠲᠤᠩᠭᠠᠯᠠᠭ ᠪᠣᠯᠭᠠᠬᠤ ᠬᠡᠷᠡᠭᠳᠠᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠰᠠᠶᠢᠲᠤᠷ ᠬᠢᠵᠦ᠂ | ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠳᠤᠯᠬᠤ ᠪᠠ ᠠᠵᠢᠯ ᠣᠯᠭᠤᠯᠲᠠ ᠶᠢ ᠠᠬᠢᠭᠤᠯᠬᠤ ᠬᠤᠶᠠᠷ ᠶᠡᠭᠡ ᠶᠠᠪᠤᠳᠠᠯ ᠢ ᠴᠥᠬᠦᠷᠡᠰᠢ ᠥᠬᠡᠶ ᠰᠠᠶᠢᠲᠤᠷ | ᠠᠳᠬᠤᠬᠤ ᠬᠡᠷᠡᠭᠳᠠᠢ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠡᠵᠡᠮᠳᠡᠬᠦ ᠪᠠ ᠬᠠᠪᠰᠤᠷᠤᠨ ᠲᠡᠳᠬᠦᠬᠦ ᠳᠦᠷᠢᠮ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠦᠬᠦ ᠲᠠᠯ᠎ᠠ ᠪᠠᠷ ᠶᠠᠳᠠᠭᠤ ᠠᠴᠠ ᠡᠩᠭᠢᠵᠢᠷᠠᠭᠤᠯᠬᠤ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠵᠣᠯᠭᠠᠭᠤᠯᠬᠤ ᠶᠢ ᠦᠷᠭᠦᠯᠵᠢᠯᠡᠨ | ᠠᠬᠢᠭᠤᠯᠵᠤ᠂ ᠳᠣᠲᠣᠭᠠᠳᠤ ᠬᠥᠭᠵᠢᠯᠲᠡ ᠶᠢᠨ ᠬᠥᠳᠡᠯᠭᠡᠬᠦ ᠬᠦᠴᠦᠨ ᠪᠠ ᠬᠥᠭᠵᠢᠯᠲᠡ ᠶᠢᠨ ᠠᠮᠢᠵᠢᠷᠠᠯ ᠤᠨ | ᠬᠦᠴᠦᠨ ᠢ ᠬᠦᠴᠦᠯᠡᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠰᠠᠨ ᠤ ᠳᠠᠷᠠᠭ᠎ᠠ ᠬᠥᠭᠵᠢᠵᠦ ᠳᠡᠶᠢᠯᠬᠦ᠂ | ᠦᠷᠭᠦᠯᠵᠢᠯᠡᠵᠤ ᠳᠡᠶᠢᠯᠬᠦ ᠶᠢ ᠪᠠᠲᠤᠯᠠᠬᠤ ᠬᠡᠷᠡᠭᠲᠡᠶ᠃ ᠲᠥᠷᠥ ᠶᠢᠨ ᠪᠣᠳᠣᠯᠭ᠎ᠠ ᠪᠠᠷ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠴᠦ᠂ ᠣᠶᠢᠷ᠎ᠠ ᠬᠠᠪᠢ ᠳᠠᠭᠠᠨ ᠲᠤᠬᠠᠶ ᠶᠢᠨ | ᠭᠠᠵᠠᠷ ᠲᠤᠨᠢ ᠠᠵᠢᠯ ᠣᠯᠭᠤᠬᠤ ᠪᠠ ᠡᠮᠬᠢ ᠵᠢᠷᠤᠮ ᠲᠠᠢ ᠪᠠᠷ ᠰᠢᠯᠵᠢᠭᠦᠯᠦᠨ ᠭᠠᠳᠠᠭᠰᠢ ᠭᠠᠷᠭᠠᠵᠤ ᠠᠵᠢᠯ | ᠣᠯᠭᠤᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠲᠡᠶ᠃ ᠡᠮᠦᠨᠡᠳᠦ ᠰᠢᠨᠵᠢᠶᠠᠩ ᠤᠨ ᠠᠵᠤ | ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠶᠡᠭᠡ ᠪᠠᠷ ᠠᠬᠢᠭᠤᠯᠬᠤ | ᠬᠡᠷᠡᠭᠲᠡᠶ᠃ ᠤᠯᠠᠨ ᠲᠡᠰ ᠳᠠᠪᠬᠤᠷᠭ᠎ᠠ᠂ ᠪᠦᠬᠦ ᠲᠠᠯ᠎ᠠ ᠪᠠᠷ᠂ ᠪᠣᠰᠤᠭ᠎ᠠ ᠴᠣᠭᠴᠠ ᠪᠠᠷ ᠰᠢᠨᠵᠢᠶᠠᠩ ᠤᠨ ᠦᠯᠢᠬᠡᠷ ᠢ | ᠰᠠᠶᠢᠲᠤᠷ ᠶᠠᠷᠢᠵᠤ᠂ ᠣᠮᠤᠭ ᠲᠡᠭᠦᠯᠳᠡᠷ ᠢᠶᠠᠷ ᠰᠢᠨᠵᠢᠶᠠᠩ ᠤᠨ ᠨᠡᠶᠢᠭᠡᠮ ᠤᠨ ᠠᠮᠦᠷ ᠲᠣᠭᠲᠠᠭᠤᠨ ᠪᠠᠶᠢᠬᠤ ᠶᠡᠭᠡ | ᠰᠠᠶᠢᠨ ᠪᠠᠶᠢᠳᠠᠯ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠵᠤ ᠪᠠᠶᠢᠬᠤ ᠵᠣᠯ ᠵᠢᠷᠭᠠᠯᠲᠤ ᠠᠮᠢᠳᠤᠷᠠᠯ ᠢ | ᠤᠬᠠᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃ | ᠰᠢ ᠶᠢᠨ ᠫᠢᠩ᠂ ᠮᠠᠨ ᠤ ᠨᠠᠮ ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠣᠯ ᠳᠠᠷᠤᠶ ᠰᠢᠨᠵᠢᠶᠠᠩ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠠᠭᠲᠠᠭᠠᠭᠰᠠᠨ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ | ᠵᠢᠷᠭᠠᠯ ᠣᠯᠭᠤᠵᠤ᠂ ᠰᠢᠨᠵᠢᠶᠠᠩ ᠤᠨ ᠦᠨᠳᠦᠰᠦᠲᠡᠨ ᠨᠦᠭᠦᠳ ᠢ ᠪᠠᠭᠲᠠᠭᠠᠭᠰᠠᠨ ᠳᠤᠮᠳᠠᠳᠤ ᠶᠢᠨ ᠦᠨᠳᠦᠰᠦᠲᠡᠨ ᠤ | ᠰᠡᠷᠭᠦᠨ ᠮᠠᠨᠳᠤᠯᠳᠠ ᠶᠢ ᠪᠡᠶᠡᠯᠡᠭᠦᠯᠬᠦ ᠶᠠᠪᠤᠳᠠᠯ ᠪᠣᠯᠤᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠰᠢᠨ᠎ᠡ ᠴᠠᠭ | ᠦᠶ᠎ᠡ ᠶᠢᠨ ᠨᠠᠮ ᠤᠨ ᠰᠢᠨᠵᠢᠶᠠᠩ ᠢ ᠵᠠᠰᠠᠬᠤ ᠠᠷᠭ᠎ᠠ ᠪᠤᠳᠤᠯᠭ᠎ᠠ ᠪᠠᠷ ᠪᠠᠷᠢᠮᠵᠢᠶᠠᠯᠠᠵᠤ᠂ ᠤᠬᠠᠮᠰᠠᠷ ᠠᠴᠠ ᠪᠠᠨ ᠦᠵᠡᠯ | ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠠ ᠪᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ | ᠨᠢᠭᠡᠳᠦᠯᠲᠡᠶ ᠪᠠᠶᠢᠬᠤ ᠶᠢ ᠪᠠᠳᠤᠯᠠᠬᠤ ᠬᠡᠷᠡᠭᠲᠡᠶ᠃ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠴᠥᠬᠦᠷᠡᠰᠢ ᠦᠭᠡᠢ | ᠴᠢᠩᠭᠠᠳᠬᠠᠵᠤ᠂ ᠤᠯᠤᠰ ᠲᠥᠷᠥ ᠶᠢᠨ ᠪᠣᠯᠪᠠᠰᠤᠷᠠᠯ ᠢ ᠳᠣᠪᠤᠶᠢᠯᠭᠠᠵᠤ᠂ ᠺᠠᠳ᠋ᠷ ᠤᠨ ᠤᠯᠤᠰ ᠲᠦᠷᠦ ᠶᠢᠨ ᠬᠡᠪ | ᠪᠤᠯᠪᠠᠰᠤᠷᠠᠯ ᠢ ᠪᠠᠶᠢᠩᠭᠤ ᠶᠢᠨ ᠴᠢᠨᠠᠷᠳᠠᠢ ᠢᠯᠭᠠᠨ ᠲᠠᠨᠢᠵᠤ᠂ ᠡᠯ᠎ᠡ ᠱᠠᠲᠤᠨ ᠤ ᠤᠳᠤᠷᠢᠳᠬᠤ ᠡᠷᠬᠡ ᠢᠮᠠᠭᠲᠠ | ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠺᠠᠳ᠋ᠷ ᠤᠨ ᠭᠠᠷ ᠲᠤ ᠪᠠᠶᠢᠬᠤ ᠶᠢ ᠪᠠᠳᠤᠯᠠᠬᠤ | ᠬᠡᠷᠡᠭᠳᠠᠢ᠃ ᠬᠥᠮᠦᠵᠢᠭᠦᠯᠦᠨ ᠪᠣᠯᠪᠠᠰᠤᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠰᠢᠨᠵᠢᠶᠠᠩ ᠤᠨ ᠺᠠᠳ᠋ᠷ ᠤᠨ | ᠡᠩᠨᠡᠭᠡ ᠶᠢ ᠬᠥᠮᠦᠵᠢᠭᠦᠯᠦᠨ ᠪᠣᠯᠪᠠᠰᠤᠷᠠᠭᠤᠯᠬᠤ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ᠤᠨᠤᠯ ᠤᠨ | ᠦᠨᠳᠦᠰᠦᠨ ᠪᠣᠯᠪᠠᠰᠤᠷᠠᠯ ᠪᠠᠳᠤ ᠴᠢᠩᠭ᠎ᠠ᠂ ᠲᠦᠷᠦ ᠶᠢᠨ ᠪᠤᠳᠤᠯᠭ᠎ᠠ ᠶᠢ ᠭᠦᠢᠴᠡᠳ ᠡᠵᠡᠮᠳᠡᠭᠰᠡᠨ᠂ | ᠦᠢᠯᠡᠳᠦᠯᠭᠡ ᠶᠢᠨ ᠴᠢᠳᠠᠪᠤᠷᠢ ᠴᠢᠩᠭ᠎ᠠ ᠺᠠᠳ᠋ᠷ ᠤᠨ ᠡᠩᠨᠡᠭᠡ ᠶᠢ ᠬᠦᠴᠦᠯᠡᠨ ᠬᠥᠮᠦᠵᠢᠭᠦᠯᠬᠦ ᠬᠡᠷᠡᠭᠲᠡᠢ᠃ ᠨᠠᠮ ᠳᠤ | ᠦᠨᠡᠨᠴᠢ ᠰᠢᠳᠤᠷᠭᠤ᠂ ᠮᠣᠷᠠᠯ ᠴᠢᠳᠠᠪᠤᠷᠢ ᠬᠤᠣᠰᠯᠠᠭᠰᠠᠨ ᠥᠨᠳᠥᠷ ᠬᠡᠪ ᠪᠤᠯᠪᠠᠰᠤᠷᠠᠯ ᠲᠠᠢ ᠴᠥᠭᠡᠨ ᠲᠣᠭᠠᠲᠤ | ᠦᠨᠳᠦᠰᠦᠲᠡᠨ ᠤ ᠺᠠᠳ᠋ᠷ ᠤᠨ ᠡᠩᠨᠡᠭᠡ ᠶᠢ ᠪᠠᠶᠢᠭᠤᠯᠬᠤ ᠶᠠᠪᠤᠳᠠᠯ ᠢ ᠴᠢᠬᠤᠯᠠ ᠡᠭᠦᠷᠭᠡ ᠪᠣᠯᠭᠠᠨ ᠰᠤᠯᠠᠷᠠᠭᠤᠯᠤᠯ ᠦᠭᠡᠢ | ᠪᠠᠶᠢᠩᠭᠤ ᠠᠳᠬᠤᠬᠤ ᠬᠡᠷᠡᠭᠲᠡᠢ᠃ ᠬᠥᠮᠦᠨ ᠬᠡᠷᠡᠭᠯᠡᠬᠦ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ᠂ ᠤᠯᠤᠰ | ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠳᠡᠭ ᠴᠥᠭᠡᠨ ᠲᠣᠭᠠᠲᠤ | ᠦᠨᠳᠦᠰᠦᠲᠡᠨ ᠤ ᠰᠢᠯᠢᠳᠡᠭ ᠺᠠᠳ᠋ᠷ ᠢ ᠭᠦᠢᠴᠡᠳ ᠢᠲᠡᠭᠡᠵᠦ᠂ ᠡᠷᠡᠰ ᠪᠦᠯᠬᠦᠮᠳᠡᠨ᠂ ᠵᠣᠷᠢᠭᠲᠠᠶ ᠪᠠᠷ ᠰᠢᠯᠢᠨ | ᠳᠡᠪᠰᠢᠭᠦᠯᠵᠦ᠂ ᠵᠣᠷᠢᠭᠲᠠᠶ ᠬᠡᠷᠡᠭᠯᠡᠵᠤ᠂ ᠢᠯᠡᠷᠡᠯ ᠲᠤᠪᠤᠶᠢᠮ᠎ᠠ ᠰᠠᠶᠢᠨ ᠪᠤᠯ ᠰᠢᠭᠤᠳ ᠱᠠᠳᠤ ᠠᠯᠭᠠᠰᠠᠨ | ᠳᠡᠪᠰᠢᠭᠦᠯᠦᠨ ᠬᠡᠷᠡᠭᠯᠡᠵᠦ ᠪᠣᠯᠤᠨ᠎ᠠ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠰᠢᠨᠵᠢᠶᠠᠩ ᠤᠨ ᠦᠨᠳᠦᠰᠦᠲᠡᠨ ᠨᠦᠭᠦᠳ ᠤᠨ ᠺᠠᠳ᠋ᠷ ᠪᠣᠯ ᠢᠲᠡᠭᠡᠭᠦᠰᠢᠲᠡᠢ᠂ ᠲᠠᠶᠢᠴᠢᠨ | ᠬᠦᠴᠦᠨ ᠲᠠᠢ ᠶᠤᠮ᠃ ᠲᠡᠳᠡᠨ ᠢ ᠤᠯᠤᠰ ᠲᠥᠷᠥ ᠶᠢᠨ ᠲᠠᠯ᠎ᠠ ᠪᠠᠷ ᠤᠷᠮᠠᠰᠢᠭᠤᠯᠤᠨ ᠵᠣᠷᠢᠭᠵᠢᠭᠤᠯᠵᠤ᠂ ᠠᠵᠢᠯ ᠢ ᠨᠢ | ᠳᠡᠮᠵᠢᠵᠦ᠂ ᠬᠦᠷᠲᠡᠭᠡᠮᠵᠢ ᠤᠯᠭᠤᠮᠵᠢ ᠶᠢ ᠨᠢ ᠪᠠᠲᠤᠯᠠᠵᠤ᠂ ᠠᠮᠢᠳᠤᠷᠠᠯ ᠢ ᠨᠢ ᠬᠠᠷᠠᠭᠠᠯᠵᠠᠵᠤ᠂ ᠰᠡᠳᠬᠢᠴᠠ ᠶᠢ ᠨᠢ | ᠬᠠᠯᠠᠮᠵᠢᠯᠠᠵᠦ᠂ ᠪᠦᠲᠦᠮᠵᠢᠲᠡᠶ ᠠᠷᠭ᠎ᠠ ᠬᠡᠮᠵᠢᠶ᠎ᠡ ᠶᠢ ᠰᠤᠳᠤᠯᠤᠨ ᠬᠡᠷᠡᠭᠯᠡᠵᠦ᠂ ᠰᠢᠨᠵᠢᠶᠠᠩ ᠤᠨ ᠺᠠᠳ᠋ᠷ | ᠴᠢᠳᠠᠪᠤᠷᠢᠲᠠᠨ ᠤ ᠡᠩᠨᠡᠭᠡ ᠶᠢ ᠲᠣᠭᠲᠠᠪᠤᠷᠢᠵᠢᠭᠤᠯᠬᠤ ᠬᠡᠷᠡᠭᠲᠡᠢ᠃ ᠦᠨᠳᠦᠰᠦᠲᠡᠨ ᠤ ᠵᠣᠷᠢᠭ ᠰᠠᠨᠠᠭ᠎ᠠ ᠪᠠ ᠴᠠᠭ | ᠦᠶ᠎ᠡ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠤᠤᠷᠠᠢ ᠶᠢᠨ ᠵᠣᠷᠢᠭ ᠰᠠᠨᠠᠭ᠎ᠠ ᠪᠠ ᠪᠢᠩᠲ᠋ᠤᠸᠠᠨ ᠤ ᠵᠣᠷᠢᠭ | ᠰᠠᠨᠠᠭ᠎ᠠ ᠶᠢ ᠦᠢᠯᠡᠳᠦᠯᠭᠡᠵᠢᠭᠦᠯᠦᠨ᠂ ᠡᠯ᠎ᠡ ᠱᠠᠲᠤᠨ ᠤ ᠺᠠᠳ᠋ᠷᠴᠤᠳ ᠤᠨ ᠰᠢᠨ᠎ᠡ ᠴᠠᠭ ᠦᠶ᠎ᠡ ᠳᠤ ᠬᠢᠯᠢ ᠬᠢᠵᠠᠭᠠᠷ ᠲᠤ | ᠦᠨᠳᠦᠰᠦ ᠬᠠᠳᠬᠤᠵᠤ᠂ ᠬᠢᠯᠢ ᠬᠢᠵᠠᠭᠠᠷ ᠲᠤ ᠬᠤᠪᠢ ᠨᠡᠮᠡᠷᠢ ᠦᠵᠡᠭᠦᠯᠬᠦ ᠶᠢ ᠵᠣᠷᠢᠭᠵᠢᠭᠤᠯᠬᠤ ᠭᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠰᠢᠨᠵᠢᠶᠠᠩ ᠤᠨ ᠠᠵᠢᠯ ᠢ ᠰᠠᠶᠢᠲᠤᠷ ᠬᠢᠬᠦ ᠪᠣᠯ ᠪᠦᠬᠦ ᠨᠠᠮ ᠪᠦᠬᠦ ᠤᠯᠤᠰ ᠤᠨ ᠶᠡᠭᠡ | ᠶᠠᠪᠤᠳᠠᠯ ᠮᠥᠨ᠂ ᠡᠷᠬᠡᠪᠰᠢ ᠪᠦᠬᠦ ᠤᠯᠤᠰ ᠢᠶᠠᠷ ᠢᠶᠠᠨ ᠨᠢᠭᠡ ᠬᠥᠯᠭᠡ ᠰᠢᠳᠠᠷ᠎ᠠ ᠪᠠᠶᠢᠬᠤ ᠦᠵᠡᠯ ᠰᠠᠨᠠᠭ᠎ᠠ ᠶᠢ ᠪᠠᠲᠤ | ᠪᠤᠢ ᠪᠣᠯᠭᠠᠵᠤ᠂ ᠨᠠᠮ ᠤᠨ ᠲᠥᠪ ᠬᠤᠷᠢᠶ᠎ᠠ ᠨᠢᠭᠡᠳᠦᠯᠲᠡᠶ ᠤᠳᠤᠷᠢᠳᠬᠤ᠂ ᠲᠥᠪ ᠤᠨ ᠰᠠᠯᠠᠭ᠎ᠠ ᠮᠥᠴᠢᠷ ᠳᠠᠮᠵᠢᠨ | ᠵᠢᠯᠣᠭᠤᠳᠬᠤ᠂ ᠡᠯ᠎ᠡ ᠮᠤᠵᠢ ᠬᠤᠲᠠ ᠲᠤᠰᠠᠯᠠᠨ ᠬᠠᠮᠵᠢᠯᠴᠠᠬᠤ᠂ ᠰᠢᠨᠵᠢᠶᠠᠩ ᠭᠤᠤᠯ ᠴᠣᠭᠴᠠ ᠶᠢᠨ | ᠦᠢᠯᠡᠳᠦᠯ ᠢᠶᠠᠨ ᠪᠠᠳᠠᠷᠠᠭᠤᠯᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ ᠲᠥᠪ ᠤᠨ | ᠰᠢᠨᠵᠢᠶᠠᠩ ᠤᠨ ᠠᠵᠢᠯ ᠢ ᠵᠣᠬᠢᠴᠠᠭᠤᠯᠬᠤ ᠳᠤᠭᠤᠶᠢᠯᠠᠩ ᠨᠠᠮ ᠤᠨ ᠲᠥᠪ ᠬᠤᠷᠢᠶᠠᠨ ᠤ ᠤᠳᠤᠷᠢᠳᠤᠯᠭ᠎ᠠ ᠳᠣᠣᠷ᠎ᠠ᠂ | ᠰᠢᠨᠵᠢᠶᠠᠩ ᠤᠨ ᠠᠵᠢᠯ ᠤᠨ ᠪᠠᠶᠢᠳᠠᠯ ᠢ ᠰᠤᠳᠤᠯᠤᠨ ᠮᠠᠭᠠᠳᠯᠠᠬᠤ᠂ ᠲᠦᠷᠦ ᠶᠢᠨ ᠪᠤᠳᠤᠯᠭ᠎ᠠ ᠶᠢ ᠰᠤᠳᠤᠯᠬᠤ᠂ | ᠵᠣᠬᠢᠴᠠᠭᠤᠯᠤᠨ ᠵᠢᠯᠣᠭᠤᠳᠬᠤ᠂ ᠱᠠᠯᠠᠪᠲᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠴᠢᠬᠤᠯᠠ ᠶᠡᠭᠡ | ᠠᠰᠠᠭᠤᠳᠠᠯ ᠳᠤ ᠴᠠᠭ ᠲᠤᠬᠠᠶ ᠳᠤᠨᠢ ᠠᠵᠢᠯ ᠤᠨ ᠰᠠᠨᠠᠯ ᠢᠶᠠᠨ ᠳᠤᠷᠠᠳᠬᠤ ᠬᠡᠷᠡᠭᠲᠡᠢ᠃ ᠲᠥᠪ ᠤᠨ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠂ ᠨᠢᠭᠲᠠ ᠬᠠᠮᠵᠢᠯᠴᠠᠵᠤ᠂ | ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ ᠱᠠᠯᠠᠪᠳᠠᠭᠤᠯᠤᠨ ᠵᠢᠯᠣᠭᠤᠳᠴᠤ᠂ ᠠᠰᠠᠭᠤᠳᠠᠯ ᠢ ᠴᠠᠭ ᠲᠤᠬᠠᠶ ᠳᠤᠨᠢ | ᠢᠯᠡᠷᠡᠭᠦᠯᠵᠦ᠂ ᠬᠦᠴᠢᠷᠳᠡᠯ ᠢ ᠨᠢ ᠬᠠᠪᠰᠤᠷᠴᠤ ᠰᠢᠢᠳᠪᠦᠷᠢᠯᠡᠵᠦ ᠥᠭᠬᠦ ᠬᠡᠷᠡᠭᠲᠡᠶ᠃ ᠰᠢᠨᠵᠢᠶᠠᠩ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠨᠢᠭᠡᠳᠦᠭᠡᠷ ᠹᠷᠣᠨᠲ ᠲᠤ ᠵᠣᠭᠰᠣᠵᠤ᠂ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠠᠵᠢᠯ ᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ | ᠲᠤᠳᠤᠷ᠎ᠠ ᠭᠠᠵᠠᠷ ᠤᠨ ᠡᠯ᠎ᠡ ᠮᠤᠵᠢ ᠣᠷᠣᠨ ᠬᠤᠲᠠ ᠰᠢᠨᠵᠢᠶᠠᠩ ᠲᠠᠢ ᠬᠤᠯᠪᠣᠭᠳᠠᠭᠰᠠᠨ ᠠᠵᠢᠯ ᠢ ᠦᠨᠡᠨ ᠬᠦ | ᠰᠠᠶᠢᠲᠤᠷ ᠬᠢᠵᠦ᠂ ᠰᠢᠨᠵᠢᠶᠠᠩ ᠤᠨ ᠲᠣᠭᠲᠠᠭᠤᠨ ᠪᠠ ᠬᠥᠭᠵᠢᠯᠲᠡ ᠶᠢ ᠳᠡᠮᠵᠢᠬᠦ ᠬᠡᠷᠡᠭᠲᠡᠶ᠃ ᠰᠢᠨᠵᠢᠶᠠᠩ ᠢ | ᠲᠤᠰᠠᠯᠠᠵᠦ ᠪᠠᠶᠢᠭ᠎ᠠ ᠡᠯ᠎ᠡ ᠮᠣᠵᠢ ᠬᠤᠲᠠ ᠰᠢᠨᠵᠢᠶᠠᠩ ᠯᠤᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠪᠠᠨ | ᠴᠢᠩᠭᠠᠳᠬᠠᠵᠤ᠂ ᠠᠵᠢᠯ ᠲᠦᠷᠦᠯ ᠢᠶᠠᠷ ᠢᠶᠠᠨ ᠰᠢᠨᠵᠢᠶᠠᠩ ᠢ ᠲᠤᠰᠠᠯᠠᠬᠤ ᠶᠢ ᠤᠷᠳᠤ ᠬᠤᠭᠤᠴᠠᠭ᠎ᠠ ᠪᠠᠷ ᠪᠠᠷᠢᠮᠲᠠᠯᠠᠨ᠂ | ᠠᠵᠢᠯ ᠲᠦᠷᠦᠯ ᠢᠶᠠᠷ ᠢᠶᠠᠨ ᠰᠢᠨᠵᠢᠶᠠᠩ ᠢ ᠲᠤᠰᠠᠯᠠᠬᠤ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠣᠭᠲᠠᠭᠤᠨ ᠪᠠᠶᠢᠳᠠᠯ ᠢ ᠬᠠᠮᠠᠭᠠᠯᠠᠬᠤ ᠴᠢᠳᠠᠪᠤᠷᠢ ᠶᠢᠨ | ᠪᠠᠶᠢᠭᠤᠯᠤᠯᠲᠠ ᠪᠠᠨ ᠴᠢᠩᠭᠠᠳᠬᠠᠵᠤ᠂ ᠪᠢᠩᠲ᠋ᠤᠸᠠᠨ ᠤ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠠ ᠳᠠᠶᠢᠴᠢᠯᠠᠬᠤ | ᠴᠢᠳᠠᠪᠤᠷᠢ ᠶᠢ ᠲᠠᠰᠤᠷᠠᠯᠳᠠ ᠦᠭᠡᠢ ᠴᠢᠩᠭᠠᠳᠬᠠᠵᠤ᠂ ᠣᠨᠴᠠᠭᠠᠶ ᠦᠢᠯᠡᠳᠦᠯ ᠢ ᠨᠢ ᠨᠡᠩ ᠰᠠᠶᠢᠳᠦᠷ ᠪᠠᠳᠠᠷᠠᠭᠤᠯᠬᠤ | ᠭᠡᠵᠦ ᠵᠢᠭᠠᠵᠦ ᠭᠠᠷᠭᠠᠪᠠ᠃ | | | | ᠯᠢ ᠺᠧ ᠴᠢᠶᠠᠩ ᠬᠤᠷᠠᠯ ᠢ ᠡᠷᠬᠢᠯᠡᠬᠦ ᠳᠡᠭᠡᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ | ᠬᠤᠶᠠᠳᠤᠭᠠᠷ ᠤᠳᠠᠭᠠᠨ ᠤ ᠲᠥᠪ ᠤᠨ ᠰᠢᠨᠵᠢᠶᠠᠩ ᠤᠨ ᠠᠵᠢᠯ ᠤᠨ ᠲᠤᠬᠠᠢ ᠶᠠᠷᠢᠯᠴᠠᠬᠤ ᠬᠤᠷᠠᠯ ᠠᠴᠠ ᠨᠠᠭᠠᠰᠢᠬᠢ | ᠰᠢᠨᠵᠢᠶᠠᠩ ᠤᠨ ᠠᠵᠢᠯ ᠤᠨ ᠣᠯᠤᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠶᠢ ᠪᠦᠬᠦ ᠲᠠᠯ᠎ᠠ ᠪᠠᠷ ᠳ᠋ᠦᠩᠨᠡᠵᠦ᠂ | ᠣᠳᠣᠬᠠᠨ ᠤ ᠰᠢᠨᠵᠢᠶᠠᠩ ᠤᠨ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠢ ᠭᠦᠨᠵᠡᠭᠡᠶ ᠵᠠᠳᠠᠯᠵᠦ᠂ ᠰᠢᠨ᠎ᠡ ᠴᠠᠭ | ᠦᠶ᠎ᠡ ᠶᠢᠨ ᠨᠠᠮ ᠤᠨ ᠰᠢᠨᠵᠢᠶᠠᠩ ᠢ ᠵᠠᠰᠠᠬᠤ ᠠᠷᠭ᠎ᠠ ᠪᠣᠳᠣᠯᠭ᠎ᠠ ᠶᠢ ᠲᠣᠳᠣᠷᠬᠠᠶᠢᠯᠠᠨ ᠥᠭᠦᠯᠡᠵᠦ᠂ ᠣᠳᠣᠬᠠᠨ ᠪᠠ | ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠤ ᠰᠢᠨᠵᠢᠶᠠᠩ ᠤᠨ ᠠᠵᠢᠯ ᠤᠨ ᠵᠢᠯᠣᠭᠤᠳᠬᠤ ᠦᠵᠡᠯ ᠰᠠᠨᠠᠭ᠎ᠠ᠂ | ᠬᠠᠷᠠᠯᠲᠠ ᠡᠭᠦᠷᠭᠡ᠂ ᠴᠢᠭᠯᠡᠯᠲᠡ ᠲᠥᠷᠥ ᠶᠢᠨ ᠪᠣᠳᠣᠯᠭ᠎ᠠ᠂ ᠪᠠᠶᠢᠯᠳᠤᠬᠤ ᠪᠣᠳᠣᠯᠭ᠎ᠠ ᠶᠢᠨ ᠠᠷᠭ᠎ᠠ ᠭᠡᠮᠵᠢᠶ᠎ᠠ ᠶᠢ | ᠲᠣᠳᠣᠷᠬᠠᠶᠢᠯᠠᠵᠤ᠂ ᠰᠢᠨᠵᠢᠶᠠᠩ ᠤᠨ ᠨᠡᠶᠢᠭᠡᠮ ᠤᠨ ᠠᠮᠦᠷ ᠲᠣᠭᠲᠠᠭᠤᠨ ᠪᠣᠯᠤᠨ ᠥᠨᠢ ᠤᠳᠠᠭᠠᠨ ᠤ ᠠᠮᠤᠷ | ᠳᠤᠭᠳᠠᠭᠤᠨ ᠢ ᠠᠬᠢᠭᠤᠯᠬᠤ ᠭᠤᠤᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠵᠦ᠂ ᠮᠠᠰᠢ ᠴᠢᠩᠭ᠎ᠠ | ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠤᠨᠤᠯᠴᠢ ᠴᠢᠨᠠᠷ ᠲᠠᠢ ᠪᠠᠶᠢᠵᠤ᠂ ᠰᠢᠨ᠎ᠡ ᠴᠠᠭ ᠦᠶ᠎ᠡ ᠶᠢᠨ | ᠰᠢᠨᠵᠢᠶᠠᠩ ᠤᠨ ᠠᠵᠢᠯ ᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠮᠥᠨ᠃ ᠨᠠᠷᠢᠨ ᠬᠢᠨᠠᠮᠠᠭᠠᠶ | ᠰᠤᠷᠤᠯᠴᠠᠨ ᠣᠶᠢᠯᠠᠭᠠᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠦᠨᠵᠡᠭᠡᠶ ᠪᠣᠳᠣᠯᠬᠢᠯᠠᠵᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠤᠯᠬᠤ ᠬᠡᠷᠡᠭᠲᠡᠶ᠃ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠰᠢᠨᠵᠢᠶᠠᠩ ᠤᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠬᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ︽ᠳᠥᠷᠪᠡᠨ | ᠤᠬᠠᠮᠰᠠᠷ︾ ᠢᠶᠠᠨ ᠴᠢᠩᠭᠡᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ | ᠶᠢ ᠪᠡᠶᠡᠯᠡᠭᠦᠯᠵᠦ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠭᠤᠶᠢᠪᠢᠰᠢ ᠦᠭᠡᠶ ᠰᠠᠶᠢᠲᠤᠷ | ᠠᠳᠬᠤᠵᠦ᠂ ᠰᠢᠨᠵᠢᠶᠠᠩ ᠤᠨ ᠨᠡᠶᠢᠭᠡᠮ ᠤᠨ ᠠᠮᠦᠷ ᠲᠣᠭᠲᠠᠭᠤᠨ ᠪᠠ ᠥᠨᠢ ᠤᠳᠠᠭᠠᠨ ᠤ ᠠᠮᠤᠷ ᠳᠤᠭᠳᠠᠭᠤᠨ ᠢ | ᠠᠬᠢᠭᠤᠯᠬᠤ ᠬᠡᠷᠡᠭᠲᠡᠢ ᠭᠡᠵᠦ ᠵᠢᠭᠠᠵᠥ ᠭᠠᠷᠭᠠᠪᠠ᠃ | ᠸᠠᠩ ᠶᠠᠩ ᠳ᠋ᠦᠩᠨᠡᠯᠲᠡ ᠶᠢᠨ ᠶᠠᠷᠢᠶᠠᠨ ᠳᠠᠭᠠᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ | ᠠᠯᠤᠰ ᠬᠡᠲᠦ ᠶᠢᠨ ᠰᠠᠨᠠᠭ᠎ᠠ ᠪᠤᠳᠤᠯᠭ᠎ᠠ ᠲᠠᠢ᠂ ᠦᠵᠡᠯ ᠰᠠᠨᠠᠭ᠎ᠠ ᠭᠦᠨ ᠭᠦᠨᠵᠡᠭᠡᠶ᠂ ᠠᠭᠤᠯᠤᠭᠳᠠᠬᠤᠨ ᠡᠯᠪᠡᠭ | ᠪᠠᠶᠠᠯᠢᠭ ᠪᠠᠶᠢᠵᠤ᠂ ᠰᠢᠨ᠎ᠡ ᠴᠠᠭ ᠦᠶ᠎ᠡ ᠶᠢᠨ ᠰᠢᠨᠵᠢᠶᠠᠩ ᠤᠨ ᠠᠵᠢᠯ ᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠶ | ᠲᠤᠯᠭᠤᠷ ᠪᠢᠴᠢᠭ ᠪᠣᠯᠤᠨ᠎ᠠ᠂ ᠰᠢᠨᠵᠢᠶᠠᠩ ᠤᠨ ᠠᠵᠢᠯ ᠤᠨ ᠲᠥᠪ ᠶᠤᠰᠤ ᠶᠢ ᠪᠠᠷᠢᠮᠲᠠᠯᠠᠨ ᠰᠢᠨ᠎ᠡ ᠶᠢ ᠡᠭᠦᠳᠴᠤ᠂ | ᠢᠯᠠᠯᠲᠠ ᠲᠠᠢ ᠪᠠᠷ ᠤᠷᠤᠭᠰᠢᠯᠠᠬᠤ ᠶᠢ ᠬᠦᠳᠦᠯᠦᠨ ᠳᠠᠭᠠᠭᠤᠯᠬᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ | ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠭᠤᠣᠯ ᠠᠭᠤᠯᠭ᠎ᠠ | ᠪᠠ ᠵᠣᠷᠢᠭ ᠰᠠᠨᠠᠭᠠᠨ ᠤ ᠮᠥᠨ ᠴᠢᠨᠠᠷ ᠢ ᠦᠨᠡᠨ ᠬᠦ ᠡᠵᠡᠮᠰᠢᠵᠦ᠂ ᠰᠤᠷᠤᠯᠴᠠᠬᠤ ᠶᠠᠪᠤᠴᠠ ᠶᠢ ᠲᠠᠨᠢᠯᠲᠠ ᠪᠠᠨ | ᠳᠡᠭᠡᠭᠰᠢᠯᠡᠭᠦᠯᠬᠦ᠂ ᠠᠵᠢᠯ ᠢᠶᠠᠨ ᠰᠠᠶᠢᠵᠢᠷᠠᠭᠤᠯᠬᠤ ᠶᠠᠪᠤᠴᠠ ᠪᠣᠯᠭᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ | ᠰᠢᠨᠵᠢᠶᠠᠩ ᠢ ᠵᠠᠰᠠᠬᠤ ᠠᠷᠭ᠎ᠠ ᠪᠣᠳᠣᠯᠭ᠎ᠠ ᠶᠢ ᠪᠦᠷᠢᠨ ᠪᠦᠲᠦᠨ ᠣᠨᠣᠪᠴᠢᠲᠠᠶ ᠣᠶᠢᠯᠠᠭᠠᠨ ᠤᠷᠲᠤ ᠬᠤᠭᠤᠴᠠᠭ᠎ᠠ ᠪᠠᠷ | ᠪᠠᠷᠢᠮᠲᠠᠯᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠰᠠᠶᠢᠲᠤᠷ ᠠᠳᠬᠤᠵᠤ᠂ ᠰᠢᠨᠵᠢᠶᠠᠩ ᠤᠨ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ | ᠪᠠᠲᠤᠯᠠᠬᠤ ᠬᠡᠷᠡᠭᠲᠡᠶ᠃ ᠰᠢᠨᠵᠢᠶᠠᠩ ᠤᠨ ᠠᠵᠢᠯ ᠤᠨ ᠶᠡᠷᠦᠩᠬᠡᠶ ᠬᠠᠷᠠᠯᠲᠠ ᠶᠢ ᠪᠠᠲᠤ ᠡᠵᠡᠮᠰᠢᠵᠦ᠂ ᠤᠷᠲᠤ | ᠬᠤᠭᠤᠴᠠᠭᠠᠨ ᠤ ᠠᠷᠭ᠎ᠠ ᠪᠣᠳᠣᠯᠭ᠎ᠠ ᠶᠢ ᠰᠦᠪᠡᠭᠴᠢᠯᠡᠵᠦ᠂ ᠦᠨᠳᠦᠰᠦ ᠶᠢ ᠪᠠᠬᠢᠵᠢᠭᠦᠯᠬᠦ ᠠᠷᠭ᠎ᠠ ᠬᠡᠮᠵᠢᠶ᠎ᠡ ᠶᠢ | ᠬᠡᠷᠡᠭᠵᠢᠭᠦᠯᠦᠨ᠂ ᠥᠨᠢ ᠤᠳᠠᠭᠠᠨ ᠤ ᠠᠮᠤᠷ ᠳᠤᠭᠳᠠᠭᠤᠨ ᠲᠠᠢ ᠬᠤᠯᠪᠣᠭᠳᠠᠬᠤ ᠭᠦᠨ ᠳᠠᠪᠬᠤᠷᠭ᠎ᠠ ᠶᠢᠨ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠬᠦ ᠬᠡᠷᠡᠭᠲᠡᠢ᠃ ᠰᠢᠨᠵᠢᠶᠠᠩ ᠪᠣᠯᠤᠨ ᠲᠥᠪ ᠤᠨ ᠡᠯ᠎ᠡ | ᠰᠠᠯᠠᠭ᠎ᠠ ᠮᠥᠴᠢᠷ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠰᠠᠨᠠᠯ | ᠳᠤᠭᠳᠠᠭᠠᠵᠤ᠂ ᠭᠤᠣᠯᠳᠠᠯᠭ᠎ᠠ ᠲᠠᠢ ᠡᠭᠦᠷᠭᠡ ᠶᠢ ᠵᠤᠷᠪᠤᠰ ᠳᠠᠷᠠᠭᠠᠯᠠᠨ ᠨᠠᠷᠢᠯᠢᠬᠵᠢᠭᠤᠯᠵᠤ᠂ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠳᠤ ᠠᠵᠢᠯ ᠤᠨ ᠦᠷ᠎ᠡ ᠪᠦᠲᠦᠮᠵᠢ ᠪᠣᠯᠭᠠᠨ | ᠬᠤᠪᠢᠷᠠᠭᠤᠯᠬᠤ ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠ ᠵᠣᠬᠢᠴᠠᠭᠤᠯᠤᠨ ᠬᠠᠮᠵᠢᠯᠴᠠᠬᠤ ᠪᠠᠨ | ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠱᠠᠯᠠᠪᠲᠠᠭᠤᠯᠤᠨ ᠪᠠᠶᠢᠴᠠᠭᠠᠬᠤ ᠶᠢ | ᠴᠢᠩᠭᠠᠷᠠᠭᠤᠯᠬᠤ ᠬᠡᠷᠡᠭᠲᠡᠶ᠃ ᠪᠠᠶᠠᠯᠢᠭ ᠰᠠᠶᠢᠬᠠᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ᠂ | ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ | ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ | ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ | ᠪᠠᠶᠢᠴᠠᠭᠠᠬᠤ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ | ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃ | ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠬᠠᠷᠢᠭᠤᠴᠠᠯᠭᠠᠲᠠᠨ | ᠨᠥᠬᠦᠳ ᠪᠣᠯᠤᠨ ᠡᠯ᠎ᠡ ᠲᠤᠰᠬᠠᠢ ᠤᠷᠤᠨ ᠵᠧᠤ ᠬᠤᠲᠠ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ᠂ | ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠮ ᠵᠠᠰᠠᠭ ᠤᠨ | ᠬᠠᠷᠢᠭᠤᠴᠠᠯᠭᠠᠲᠠᠨ ᠨᠥᠬᠦᠳ ᠪᠣᠯᠤᠨ ᠡᠯ᠎ᠡ ᠳ᠋ᠢᠸᠢᠽᠢ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ᠂ | ᠪᠤᠰᠤᠳ ᠡᠯ᠎ᠡ ᠮᠣᠵᠢ ᠣᠷᠣᠨ ᠬᠤᠲᠠ ᠶᠢᠨ ᠬᠠᠷᠢᠭᠤᠴᠠᠯᠭᠠᠲᠠᠨ ᠨᠥᠬᠦᠳ᠂ ᠲᠥᠪ ᠤᠨ ᠪᠠ ᠲᠥᠷᠥ ᠶᠢᠨ | ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠦᠬᠦᠳ᠂ ᠬᠤᠯᠪᠣᠭᠳᠠᠯ ᠪᠦᠬᠦᠢ | ᠠᠷᠠᠳ ᠤᠨ ᠪᠦᠯᠬᠦᠮ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠲᠥᠪ ᠤᠨ ᠠᠵᠤ ᠠᠬᠤᠶᠢᠯᠠᠯ ᠤᠨ | ᠬᠠᠷᠢᠭᠤᠴᠠᠯᠭᠠᠲᠠᠨ ᠨᠥᠬᠦᠳ᠂ ᠴᠡᠷᠢᠭ ᠠᠩᠬᠢ ᠶᠢᠨ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ | ᠨᠥᠬᠦᠳ ᠬᠤᠷᠠᠯ ᠳᠤ ᠣᠷᠣᠯᠴᠠᠵᠠᠢ᠃ |