ᠲᠤᠮᠳᠠᠳᠤ ᠶᠢᠨ ᠦᠨᠳᠤᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠲᠤ ᠴᠣᠭᠴᠠᠯᠠᠨ᠎ᠠ | | | 9 ᠰᠠᠷ᠎ᠠ ᠶᠢᠨ 27 ᠤ ᠡᠳᠦᠷ᠂ ᠦᠪᠡᠷᠳᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠰᠤᠨᠢᠨ | ᠮᠡᠳᠡᠭᠡᠨ ᠤ ᠠᠯᠪᠠᠨ ᠭᠡᠷ ︽ᠲᠤᠮᠳᠠᠳᠤ ᠶᠢᠨ ᠦᠨᠳᠤᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠭᠢᠯᠡᠵᠦ᠂ | ᠵᠢᠱᠢᠶᠡᠴᠢ ᠦᠪᠡᠷᠳᠡᠭᠡᠨ ᠵᠠᠰᠠᠬᠤ ᠤᠷᠤᠨ ᠤ ᠡᠷᠭᠢᠮ ᠲᠡᠭᠡᠳᠤ ᠢᠷᠠᠭᠤ ᠠᠯᠳᠠᠷ ᠢ ᠰᠠᠶᠢᠳᠤᠷ ᠬᠠᠮᠠᠭᠠᠯᠠᠶ᠎ᠠ︾ ᠪᠠᠷ | ᠭᠤᠤᠯ ᠰᠡᠳᠦᠪ ᠪᠤᠯᠭᠠᠨ ᠰᠤᠨᠢᠨ ᠮᠡᠳᠡᠭᠡ ᠨᠡᠶᠢᠳᠡᠯᠡᠭᠦ ᠬᠤᠷᠠᠯ ᠬᠢᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶᠠᠨ ᠤ ᠨᠢᠭᠡᠳᠤᠮᠡᠯ ᠹᠷᠤᠨᠲ ᠤᠨ ᠬᠡᠯᠳᠡᠰ᠂ ᠦᠨᠳᠦᠰᠦᠳᠡᠨ ᠤ ᠬᠡᠷᠡᠭ ᠡᠷᠬᠢᠯᠡᠭᠦ ᠵᠦᠪᠯᠡᠯ᠂ ᠰᠤᠷᠭᠠᠨ | ᠬᠦᠮᠦᠵᠢᠯ ᠤᠨ ᠲᠢᠩᠭᠢᠮ᠂ ᠰᠤᠶᠤᠯ ᠪᠠ ᠵᠢᠭᠤᠯᠴᠢᠯᠠᠯ ᠤᠨ ᠲᠢᠩᠭᠢᠮ ᠤᠨ ᠬᠠᠮᠢᠶ᠎ᠠ ᠪᠦᠭᠦᠢ ᠬᠠᠷᠢᠭᠤᠴᠠᠯᠭᠠᠳᠠᠨ ᠮᠠᠨ ᠤ | ᠤᠷᠤᠨ ᠤ ᠦᠨᠳᠤᠰᠦᠳᠡᠨ ᠤ ᠪᠦᠯᠭᠦᠮᠳᠠᠯ ᠲᠠᠪᠰᠢᠯᠳᠠ ᠶᠢᠨ ᠡᠭᠦᠳᠤᠨ ᠪᠠᠶᠢᠭᠤᠯᠬᠤ ᠠᠵᠢᠯ ᠢ ᠬᠦᠨᠵᠡᠭᠡᠢ ᠦᠷᠨᠢᠭᠦᠯᠵᠦ᠂ | ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠡᠳᠤ ᠴᠤᠭᠴᠠᠯᠠᠵᠤ ᠪᠠᠶᠢᠬᠤ ᠬᠠᠮᠢᠶ᠎ᠠ | ᠪᠦᠭᠦᠢ ᠪᠠᠶᠢᠳᠠᠯ ᠢ ᠲᠠᠨᠢᠯᠴᠠᠭᠤᠯᠪᠠ᠃ | ᠤᠢᠢᠷ᠎ᠠ ᠶᠢᠨ ᠵᠢᠯ ᠠᠴᠠ ᠨᠠᠭᠠᠰᠢ᠂ ᠨᠠᠮ ᠤᠨ ᠲᠦᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠶᠡᠷᠦᠩᠭᠡᠢ ᠱᠦᠵᠢ ᠰᠢ ᠶᠢᠨ ᠫᠢᠡᠭ ᠤᠨ | ᠦᠨᠳᠤᠰᠦᠳᠡᠨ ᠤ ᠠᠵᠢᠯ ᠤᠨ ᠲᠤᠬᠠᠢ ᠴᠢᠬᠤᠯᠠ ᠦᠭᠦᠯᠠᠮᠵᠢ ᠪᠠ ᠦᠪᠤᠷ ᠮᠤᠩᠭᠤᠯ ᠤᠨ ᠠᠵᠢᠯ ᠤᠨ ᠲᠤᠬᠠᠢ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠢᠬᠤᠯᠠ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ | ᠲᠤᠭᠤᠰᠢᠯᠠᠭᠤᠯᠵᠦ᠂ ︽ᠦᠨᠳᠦᠰᠦᠳᠡᠨ ᠤ ᠪᠦᠯᠭᠦᠮᠳᠠᠯ ᠲᠠᠪᠰᠢᠯᠳᠠ ᠶᠢᠨ ᠡᠭᠦᠳᠤᠨ ᠪᠠᠶᠢᠭᠤᠯᠬᠤ ᠠᠵᠢᠯ ᠢ ᠪᠦᠭᠦ | ᠲᠠᠯ᠎ᠠ ᠪᠠᠷ ᠬᠦᠨᠵᠡᠭᠡᠢ ᠤᠳᠠᠭᠠᠨ ᠲᠠᠭᠠᠭᠠᠮᠠᠭᠠᠢ ᠦᠷᠨᠢᠭᠦᠯᠵᠦ᠂ ᠲᠤᠮᠳᠠᠳᠤ ᠶᠢᠨ ᠦᠨᠳᠤᠰᠦᠳᠡᠨ ᠤ ᠬᠠᠮᠳᠤ ᠶᠢᠨ | ᠴᠤᠬᠴᠠ ᠶᠢᠨ ᠤᠬᠠᠮᠰᠠᠷ ᠢ ᠪᠡᠳᠤ ᠴᠤᠭᠴᠠᠯᠠᠬᠤ ᠲᠤᠬᠠᠢ ᠬᠡᠷᠡᠭᠵᠢᠭᠦᠯᠭᠦ ᠰᠠᠨᠠᠯ︾ ᠢ ᠲᠤᠬᠳᠠᠭᠠᠨ ᠨᠡᠶᠢᠳᠡᠯᠡᠵᠦ᠂ | ᠲᠤᠮᠳᠠᠳᠤ ᠶᠢᠨ ᠦᠨᠳᠤᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠡᠳᠤ ᠴᠤᠭᠴᠠᠯᠠᠬᠤ ᠠᠵᠢᠯ ᠢ ᠪᠦᠭᠦ | ᠲᠠᠯ᠎ᠠ ᠪᠠᠷ ᠪᠠᠶᠢᠷᠢᠯᠠᠭᠤᠯᠪᠠ᠃ | ᠦᠪᠡᠷᠳᠡᠭᠡᠨ ᠵᠠᠰᠠᠬᠤ ᠤᠷᠤᠨ ᠨᠠᠮ ᠤᠨ ᠤᠳᠤᠷᠢᠳᠤᠯᠭ᠎ᠠ ᠶᠢ ᠭᠤᠶᠢᠪᠢᠰᠢ ᠦᠭᠡᠢ ᠴᠢᠩᠭᠠᠳᠬᠠᠵᠦ᠂ | ᠲᠤᠮᠳᠠᠳᠤ ᠶᠢᠨ ᠦᠨᠳᠤᠰᠦᠳᠡᠨ ᠤ ᠬᠠᠮᠳᠤ ᠶᠢᠨ ᠴᠤᠬᠴᠠ ᠶᠢᠨ ᠤᠯᠤᠰ ᠲᠦᠷᠦ ᠶᠢᠨ ᠰᠠᠭᠤᠷᠢ ᠶᠢ ᠲᠠᠰᠤᠷᠠᠯᠳᠠ | ᠦᠭᠡᠢ ᠪᠠᠬᠢᠵᠢᠬᠦᠯᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤᠯᠤᠰ ᠲᠦᠷᠦ ᠶᠢᠨ | ᠲᠠᠯ᠎ᠠ ᠠᠴᠠ ᠦᠨᠳᠦᠰᠦᠳᠡᠨ ᠤ ᠬᠠᠷᠢᠴᠠᠭ᠎ᠠ ᠶᠢ ᠡᠵᠡᠮᠰᠢᠵᠦ᠂ ᠦᠨᠳᠦᠰᠦᠳᠡᠨ ᠤ ᠠᠰᠠᠭᠤᠳᠠᠯ ᠳᠤ ᠬᠠᠨᠳᠤᠬᠤ ᠶᠢ | ᠪᠠᠷᠢᠮᠳᠠᠯᠠᠵᠦ᠂ ᠦᠨᠳᠦᠰᠦᠳᠡᠨ ᠤ ᠠᠵᠢᠯ ᠢ ᠡᠳᠤᠷ ᠲᠤᠳᠤᠮ ᠤᠨ ᠴᠢᠬᠤᠯᠠ ᠵᠦᠪᠯᠡᠭᠦ ᠵᠦᠢᠯᠡᠰ ᠲᠡᠭᠡᠨ ᠤᠷᠤᠭᠤᠯᠵᠦ᠂ | ᠨᠠᠮ ᠤᠨ ᠤᠳᠤᠷᠢᠳᠤᠯᠭ᠎ᠠ ᠶᠢ ᠦᠨᠳᠦᠰᠦᠳᠡᠨ ᠤ ᠠᠵᠢᠯ ᠤᠨ ᠪᠦᠭᠦ ᠶᠠᠪᠤᠴᠠ ᠪᠠ ᠡᠯ᠎ᠠ ᠲᠠᠯ᠎ᠠ ᠳᠤ | ᠲᠤᠭᠤᠰᠢᠯᠠᠭᠤᠯᠪᠠ᠃ | ᠦᠨᠳᠦᠰᠦᠳᠡᠨ ᠤ ᠠᠵᠢᠯ ᠢ ᠰᠠᠶᠢᠳᠤᠷ ᠬᠢᠭᠦ ᠳᠤ᠂ ᠦᠨᠳᠦᠰᠦᠳᠡᠨ ᠤ ᠪᠦᠯᠭᠦᠮᠳᠠᠯ ᠲᠠᠪᠰᠢᠯᠳᠠ ᠶᠢᠨ ᠡᠭᠦᠳᠤᠨ | ᠪᠠᠶᠢᠭᠤᠯᠤᠯᠳᠠ ᠪᠤᠯ ᠬᠦᠴᠤᠳᠠᠢ ᠭᠠᠷᠳᠠᠴᠠ ᠪᠤᠯᠤᠨ᠎ᠠ᠃ ᠦᠪᠡᠷᠳᠡᠭᠡᠨ ᠵᠠᠰᠠᠬᠤ ᠤᠷᠤᠨ ᠦᠨᠳᠦᠰᠦᠳᠡᠨ ᠤ | ᠪᠦᠯᠭᠦᠮᠳᠠᠯ ᠲᠠᠪᠰᠢᠯᠳᠠ ᠶᠢᠨ ᠡᠭᠦᠳᠤᠨ ᠪᠠᠶᠢᠭᠤᠯᠬᠤ ᠠᠵᠢᠯ ᠢ ᠶᠡᠭᠡ ᠪᠠᠷ ᠦᠷᠨᠢᠭᠦᠯᠵᠦ᠂ | ᠦᠨᠳᠦᠰᠦᠳᠡᠨ ᠨᠦᠭᠦᠳ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠢ ᠴᠢᠨᠠᠬᠰᠢᠳᠠ ᠠᠬᠢᠭᠤᠯᠪᠠ᠃ ᠲᠤᠮᠳᠠᠳᠤ | ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠠᠯᠪᠠᠨ ᠲᠢᠩᠭᠢᠮ᠂ ᠲᠦᠷᠦ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠭᠢᠮ ᠤᠨ ︽ᠦᠨᠳᠦᠰᠦᠳᠡᠨ ᠤ ᠪᠦᠯᠭᠦᠮᠳᠠᠯ ᠲᠠᠪᠰᠢᠯᠳᠠ ᠶᠢᠨ ᠡᠭᠦᠳᠤᠨ ᠪᠠᠶᠢᠭᠤᠯᠬᠤ ᠠᠵᠢᠯ ᠢ ᠪᠦᠭᠦ | ᠲᠠᠯ᠎ᠠ ᠪᠠᠷ ᠬᠦᠨᠵᠡᠭᠡᠢ ᠤᠳᠠᠭᠠᠨ ᠲᠠᠭᠠᠭᠠᠮᠠᠭᠠᠢ ᠦᠷᠨᠢᠭᠦᠯᠵᠦ ᠲᠤᠮᠳᠠᠳᠤ ᠶᠢᠨ ᠦᠨᠳᠤᠰᠦᠳᠡᠨ ᠤ ᠬᠠᠮᠳᠤ ᠶᠢᠨ | ᠴᠤᠬᠴᠠ ᠶᠢᠨ ᠤᠬᠠᠮᠰᠠᠷ ᠢ ᠪᠠᠳᠤ ᠴᠤᠭᠴᠠᠯᠠᠬᠤ ᠲᠤᠬᠠᠢ ᠰᠠᠨᠠᠯ︾ ᠪᠠ ᠮᠠᠨ ᠤ ᠤᠷᠤᠨ ᠤ ᠬᠡᠷᠡᠭᠵᠢᠭᠦᠯᠭᠦ ᠰᠠᠨᠠᠯ ᠤᠨ | ᠵᠤᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠵᠦ᠂ ᠦᠨᠳᠦᠰᠦᠳᠡᠨ ᠤ ᠪᠦᠯᠭᠦᠮᠳᠠᠯ ᠲᠠᠪᠰᠢᠯᠳᠠ ᠶᠢᠨ ᠬᠦᠮᠦᠵᠢᠯ ᠢ | ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠦᠨᠳᠦᠰᠦᠳᠡᠨ ᠤ ᠪᠦᠯᠭᠦᠮᠳᠠᠯ ᠲᠠᠪᠰᠢᠯᠳᠠ ᠶᠢᠨ ᠡᠭᠦᠳᠤᠨ ᠪᠠᠶᠢᠭᠤᠯᠬᠤ | ᠠᠵᠢᠯᠯᠠᠭ᠎ᠠ ᠶᠢ ᠪᠠᠶᠢᠭᠤᠯᠭ᠎ᠠ ᠳᠤ ᠤᠷᠤᠭᠤᠯᠬᠤ᠂ ᠠᠵᠦ ᠠᠬᠤᠢᠢᠯᠠᠯ ᠳᠤ ᠤᠷᠤᠭᠤᠯᠬᠤ᠂ ᠨᠡᠶᠢᠭᠡᠮ ᠲᠤᠭᠤᠷᠢᠭ ᠲᠤ | ᠤᠷᠤᠭᠤᠯᠬᠤ᠂ ᠰᠢᠶᠠᠩ ᠪᠠᠯᠭᠠᠰᠤᠨ ᠳᠤ ᠤᠷᠤᠭᠤᠯᠬᠤ᠂ ᠴᠡᠷᠢᠭ ᠠᠩᠭᠢ ᠳᠤ ᠤᠷᠤᠭᠤᠯᠬᠤ᠂ ᠱᠠᠰᠢᠨ ᠤ | ᠠᠵᠢᠯᠯᠠᠭ᠎ᠠ ᠶᠢᠨ ᠲᠠᠯᠠᠪᠤᠷ ᠲᠤ ᠤᠷᠤᠭᠤᠯᠬᠤ ᠶᠢ ᠪᠦᠭᠦ ᠲᠠᠯ᠎ᠠ ᠪᠠᠷ ᠦᠷᠨᠢᠭᠦᠯᠪᠠ᠃ ᠬᠢᠨᠭ᠍ᠭᠠᠨ ᠠᠶᠢᠮᠠᠬ᠂ ᠬᠦᠯᠦᠨ | ᠪᠤᠶᠢᠷ ᠬᠤᠳᠠ᠂ ᠤᠷᠳᠤᠰ ᠬᠤᠳᠠ 3 ᠪᠦᠭᠦ ᠤᠯᠤᠰ ᠤᠨ ᠦᠨᠳᠦᠰᠦᠳᠡᠨ ᠤ ᠪᠦᠯᠭᠦᠮᠳᠠᠯ ᠲᠠᠪᠰᠢᠯᠳᠠ ᠶᠢᠨ | ᠵᠢᠱᠢᠶᠡᠴᠢ ᠠᠶᠢᠮᠠᠬ ᠬᠤᠳᠠ ᠪᠠ ᠤᠯᠤᠰ ᠤᠨ ᠲᠡᠰ ᠤᠨ 52᠂ ᠦᠪᠡᠷᠳᠡᠭᠡᠨ ᠵᠠᠰᠠᠬᠤ ᠤᠷᠤᠨ ᠤ ᠲᠡᠰ ᠤᠨ 278 | ᠦᠨᠳᠦᠰᠦᠳᠡᠨ ᠤ ᠪᠦᠯᠭᠦᠮᠳᠠᠯ ᠲᠠᠪᠰᠢᠯᠳᠠ ᠶᠢᠨ ᠵᠢᠱᠢᠶ᠎ᠠ ᠦᠵᠡᠭᠦᠯᠭᠦ ᠲᠤᠭᠤᠷᠢᠭ ᠵᠢᠱᠢᠶ᠎ᠠ ᠦᠵᠡᠭᠦᠯᠭᠦ ᠨᠢᠭᠡᠴᠢ ᠶᠢ | ᠪᠤᠶᠢᠵᠢᠭᠤᠯᠤᠨ ᠴᠤᠬᠴᠠᠯᠠᠵᠦ᠂ ᠦᠨᠳᠦᠰᠦᠳᠡᠨ ᠨᠦᠭᠦᠳ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠳᠤ ᠨᠡᠩ | ᠤᠯᠠᠨ ᠭᠡᠷᠡᠭᠵᠢᠬᠦᠯᠦᠬᠦᠰᠢᠳᠠᠢ ᠮᠦᠷᠳᠡᠭᠡᠨ ᠲᠡᠯᠭᠡᠷᠡᠭᠦᠯᠤᠬᠦᠰᠢᠳᠠᠢ ᠲᠤᠷᠰᠢᠯᠭ᠎ᠠ ᠠᠷᠭ᠎ᠠ ᠬᠢᠳᠠᠯ ᠢ ᠡᠬᠦᠳᠴᠤ | ᠦᠭᠪᠠ᠃ | ᠦᠪᠡᠷᠳᠡᠭᠡᠨ ᠵᠠᠰᠠᠬᠤ ᠤᠷᠤᠨ ᠴᠦᠭᠡᠨ ᠲᠤᠭᠠᠳᠤ ᠦᠨᠳᠦᠰᠦᠳᠡᠨ ᠪᠠ ᠦᠨᠳᠦᠰᠦᠳᠡᠨ ᠲᠦᠪᠯᠡᠷᠡᠨ | ᠰᠠᠭᠤᠷᠢᠰᠢᠬᠰᠠᠨ ᠭᠠᠵᠠᠷ ᠤᠷᠤᠨ ᠤ ᠬᠦᠭᠵᠢᠯᠳᠠ ᠶᠢ ᠲᠦᠷᠭᠡᠳᠭᠡᠵᠦ᠂ ᠲᠤᠮᠳᠠᠳᠤ ᠶᠢᠨ ᠦᠨᠳᠤᠰᠤᠳᠡᠨ ᠤ | ᠬᠠᠮᠳᠤ ᠶᠢᠨ ᠴᠤᠬᠴᠠ ᠶᠢᠨ ᠪᠤᠳᠠᠰ ᠤᠨ ᠰᠠᠭᠤᠷᠢ ᠶᠢ ᠲᠠᠰᠤᠷᠠᠯᠳᠠ ᠦᠭᠡᠢ ᠪᠠᠬᠢᠵᠢᠬᠦᠯᠪᠠ᠃ | ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠠᠶᠠᠯᠠᠬᠦᠯᠬᠦ᠂ ᠤᠳᠤᠭᠢᠴᠢᠯᠠᠬᠰᠠᠨ ᠦᠪᠤᠷ ᠮᠤᠩᠭᠤᠯ ᠢ | ᠲᠦᠷᠭᠡᠳᠭᠡᠨ ᠪᠠᠶᠢᠭᠤᠯᠬᠤ ᠬᠠᠷᠠᠯᠳᠠ ᠡᠭᠦᠷᠭᠡ ᠶᠢᠨ ᠲᠤᠭᠤᠷᠢᠨ ᠳᠤ᠂ ᠦᠪᠡᠷᠳᠡᠭᠡᠨ ᠵᠠᠰᠠᠬᠤ ᠤᠷᠤᠨ ᠴᠦᠭᠡᠨ | ᠲᠤᠭᠠᠳᠤ ᠦᠨᠳᠦᠰᠦᠳᠡᠨ ᠪᠠ ᠴᠦᠭᠡᠨ ᠲᠤᠭᠠᠳᠤ ᠦᠨᠳᠦᠰᠦᠳᠡᠨ ᠲᠦᠪᠯᠡᠷᠡᠨ ᠰᠠᠭᠤᠷᠢᠰᠢᠬᠰᠠᠨ ᠭᠠᠵᠠᠷ ᠤᠷᠤᠨ ᠤ | ᠬᠦᠭᠵᠢᠯᠳᠠ ᠶᠢ ᠬᠦᠴᠤᠯᠠᠨ ᠲᠦᠷᠭᠡᠳᠭᠡᠵᠦ᠂ ᠵᠦᠷᠢᠶᠡᠴᠢᠯᠡᠭᠰᠡᠨ ᠤᠷᠤᠨ ᠪᠦᠰᠡ ᠶᠢᠨ ᠲᠦᠷᠦ ᠶᠢᠨ ᠪᠤᠳᠤᠯᠭ᠎ᠠ ᠶᠢ | ᠲᠡᠭᠦᠯᠳᠡᠷᠵᠢᠭᠦᠯᠵᠦ᠂ ᠬᠢᠯᠢ ᠬᠢᠵᠠᠭᠠᠷ ᠢᠶᠠᠨ ᠮᠠᠨᠳᠤᠭᠤᠯᠵᠦ ᠠᠷᠠᠳ ᠢᠶᠠᠨ ᠪᠠᠶᠠᠵᠢᠭᠤᠯᠬᠤ ᠠᠵᠢᠯᠯᠠᠭ᠎ᠠ ᠶᠢ ᠶᠡᠭᠡ ᠪᠠᠷ | ᠬᠡᠷᠡᠭᠵᠢᠭᠦᠯᠵᠦ᠂ ︽ᠭᠤᠷᠪᠠᠨ ᠬᠦᠮᠦᠨ ᠠᠮᠠ ᠴᠦᠭᠡᠪᠳᠤᠷ︾ ᠦᠨᠳᠦᠰᠦᠳᠡᠨ ᠤ ᠬᠦᠭᠵᠢᠯᠳᠠ ᠶᠢ ᠲᠡᠳᠭᠦᠵᠦ᠂ | ᠦᠨᠳᠦᠰᠦᠳᠡᠨ ᠲᠦᠪᠯᠡᠷᠡᠨ ᠰᠠᠭᠤᠷᠢᠰᠢᠬᠰᠠᠨ ᠭᠠᠵᠠᠷ ᠤᠷᠤᠨ ᠤ ᠰᠠᠭᠤᠷᠢ ᠲᠦᠭᠦᠭᠡᠷᠦᠮᠵᠢ ᠪᠠ ᠦᠨᠳᠤᠰᠦᠨ ᠤᠯᠠᠨ | ᠨᠡᠶᠢᠳᠡ ᠶᠢᠨ ᠦᠢᠯᠡᠴᠢᠯᠡᠭᠡ ᠶᠢᠨ ᠲᠤᠳᠠᠭᠤᠳᠠᠯ ᠢ ᠶᠡᠭᠡ ᠪᠠᠷ ᠨᠦᠭᠦᠪᠦᠷᠢᠯᠡᠪᠡ᠃ ᠤᠳᠤ᠂ ᠪᠦᠭᠦ ᠤᠷᠤᠨ ᠤ 48 | ᠦᠨᠳᠦᠰᠦᠳᠡᠨ ᠲᠦᠪᠯᠡᠷᠡᠨ ᠰᠠᠭᠤᠷᠢᠰᠢᠬᠰᠠᠨ ᠭᠠᠵᠠᠷ ᠤᠷᠤᠨ ᠤ ᠲᠤᠳᠤᠷᠠᠭᠢ 31 ᠶᠠᠳᠠᠭᠤ ᠬᠦᠴᠢᠷᠳᠠᠯᠳᠠᠢ | ᠬᠤᠰᠢᠭᠤ᠂ ᠬᠤᠳᠠ ᠪᠦᠭᠦᠨ ᠢᠶᠠᠷ ᠢᠶᠠᠨ ᠶᠠᠳᠠᠭᠤ ᠠᠴᠠ ᠠᠩᠬᠢᠵᠢᠷᠠᠪᠠ᠃ | ᠬᠦᠭᠵᠢᠯᠳᠠ ᠪᠠᠷ ᠦᠨᠳᠤᠰᠦᠳᠡᠨ ᠤ ᠪᠦᠯᠭᠦᠮᠳᠠᠯ ᠢ ᠠᠬᠢᠭᠤᠯᠪᠠ᠃ ᠦᠪᠡᠷᠳᠡᠭᠡᠨ ᠵᠠᠰᠠᠬᠤ ᠤᠷᠤᠨ ︽ᠴᠦᠭᠡᠨ | ᠲᠤᠭᠠᠳᠤ ᠦᠨᠳᠦᠰᠦᠳᠡᠨ ᠲᠦᠪᠯᠡᠷᠡᠨ ᠰᠠᠭᠤᠷᠢᠰᠢᠬᠰᠠᠨ ᠭᠠᠵᠠᠷ ᠤᠷᠤᠨ ᠤ ᠠᠵᠦ ᠠᠬᠤᠢ ᠨᠡᠶᠢᠭᠡᠮ ᠤᠨ | ᠬᠦᠭᠵᠢᠯᠳᠠ ᠶᠢ ᠠᠬᠢᠭᠤᠯᠬᠤ ᠲᠤᠬᠠᠢ ᠰᠠᠨᠠᠯ︾ ᠢ ᠲᠤᠬᠳᠠᠭᠠᠨ ᠨᠡᠶᠢᠳᠡᠯᠡᠵᠦ᠂ ᠮᠠᠯᠵᠢᠬᠤ ᠬᠤᠰᠢᠭᠤ ᠰᠢᠶᠠᠨ᠂ | ᠬᠢᠯᠢ ᠶᠢᠨ ᠬᠤᠰᠢᠭᠤ ᠬᠤᠳᠠ᠂ ︽ᠭᠤᠷᠪᠠᠨ ᠬᠦᠮᠦᠨ ᠠᠮᠨ ᠴᠦᠭᠡᠪᠳᠤᠷ︾ ᠦᠪᠡᠷᠳᠡᠭᠡᠨ ᠵᠠᠰᠠᠬᠤ ᠬᠤᠰᠢᠭᠤ᠂ | ᠦᠨᠳᠤᠰᠦᠳᠡᠨ ᠤ ᠰᠢᠶᠠᠩ ᠪᠠ ᠴᠦᠭᠡᠨ ᠲᠤᠭᠠᠳᠤ ᠦᠨᠳᠦᠰᠦᠳᠡᠨ ᠤ ᠬᠦᠮᠦᠨ ᠠᠮᠠ ᠬᠠᠷᠢᠴᠠᠩᠭᠤᠢ ᠲᠦᠪᠯᠡᠷᠡᠭᠰᠡᠨ | ᠪᠤᠰᠤᠳ ᠭᠠᠵᠠᠷ ᠤᠷᠤᠨ ᠢ ᠲᠡᠮᠵᠢᠭᠦ ᠪᠠ ᠲᠡᠳᠭᠦᠭᠦ ᠡᠷᠴᠢᠮ ᠢᠶᠠᠨ ᠨᠡᠭ ᠴᠢᠩᠭᠠᠷᠠᠭᠤᠯᠤᠨ᠂ ᠡᠩ ᠤᠨ ᠡᠳ᠋ ᠤᠨ | ᠵᠠᠰᠠᠬ ᠤᠨ ᠰᠢᠯᠵᠢᠬᠦᠯᠦᠨ ᠦᠭᠭᠦ ᠨᠡᠮᠡᠭᠳᠡᠯ ᠤᠨ ᠲᠤᠬᠳᠠᠴᠠ ᠶᠢ ᠲᠡᠭᠦᠯᠳᠡᠷᠵᠢᠭᠦᠯᠵᠦ᠂ ᠴᠦᠭᠡᠨ ᠲᠤᠭᠠᠳᠤ | ᠦᠨᠳᠦᠰᠦᠳᠡᠨ ᠲᠦᠪᠯᠡᠷᠡᠨ ᠰᠠᠭᠤᠷᠢᠰᠢᠬᠰᠠᠨ ᠭᠠᠵᠠᠷ ᠤᠷᠤᠨ ᠤ ᠴᠢᠬᠤᠯᠠ ᠶᠡᠭᠡ ᠠᠷᠠᠳ ᠤᠨ ᠠᠮᠢᠳᠤᠷᠠᠯ ᠤᠨ | ᠢᠨᠵᠧᠨᠧᠷᠢᠩ᠂ ᠴᠢᠬᠤᠯᠠ ᠶᠡᠭᠡ ᠰᠠᠭᠤᠷᠢ ᠲᠦᠭᠦᠭᠡᠷᠦᠮᠵᠢ ᠶᠢᠨ ᠪᠦᠳᠤᠭᠡᠨ ᠪᠠᠶᠢᠭᠤᠯᠤᠯᠳᠠ᠂ ᠴᠢᠬᠤᠯᠠ ᠶᠡᠭᠡ | ᠦᠨᠳᠤᠰᠦᠨ ᠤᠯᠠᠨ ᠨᠡᠶᠢᠳᠡ ᠶᠢᠨ ᠦᠢᠯᠡᠴᠢᠯᠡᠭᠡ ᠶᠢᠨ ᠲᠦᠷᠦᠯ ᠵᠦᠢᠯ᠂ ᠴᠢᠬᠤᠯᠠ ᠶᠡᠭᠡ ᠠᠮᠢ ᠠᠬᠤᠢ ᠶᠢᠨ | ᠬᠠᠮᠠᠭᠠᠯᠠᠯᠳᠠ ᠶᠢᠨ ᠢᠨᠵᠧᠨᠧᠷᠢᠩ ᠤᠨ ᠪᠡᠯᠡ ᠤᠷᠤᠭᠤᠯᠤᠯᠳᠠ ᠶᠢ ᠨᠡᠮᠡᠭᠳᠡᠬᠦᠯᠪᠠ᠃ ᠬᠢᠯᠢ ᠬᠢᠵᠠᠭᠠᠷ ᠢᠶᠠᠨ | ᠮᠠᠨᠳᠤᠭᠤᠯᠵᠦ ᠠᠷᠠᠳ ᠢᠶᠠᠨ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ 1998 ᠤᠨ ᠠᠴᠠ | 2020 ᠤᠨ ᠪᠤᠯᠳᠠᠯ᠎ᠠ᠂ ᠴᠦᠭᠡᠨ ᠲᠤᠭᠠᠳᠤ ᠦᠨᠳᠦᠰᠦᠳᠡᠨ ᠤ ᠬᠦᠭᠵᠢᠯᠳᠠ ᠶᠢᠨ ᠪᠡᠯᠡ ᠮᠦᠡᠭᠭᠦ ᠶᠢ ᠨᠡᠶᠢᠳᠡ 55. | 24 ᠳ᠋ᠦ᠋ᠩᠰᠢᠭᠤᠷ ᠲᠦᠭᠦᠷᠢᠭ ᠲᠤᠬᠢᠷᠠᠭᠤᠯᠵᠦ᠂ ᠴᠦᠭᠡᠨ ᠲᠤᠭᠠᠳᠤ ᠦᠨᠳᠦᠰᠦᠳᠡᠨ ᠪᠠ ᠴᠦᠭᠡᠨ ᠲᠤᠭᠠᠳᠤ | ᠦᠨᠳᠦᠰᠦᠳᠡᠨ ᠤ ᠭᠠᠵᠠᠷ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠳᠠ ᠪᠠ ᠶᠠᠳᠠᠭᠤ ᠠᠴᠠ ᠠᠩᠭᠢᠵᠢᠷᠠᠭᠤᠯᠬᠤ | ᠪᠤᠭᠤᠮᠳᠠ ᠰᠢᠪᠳᠤᠯᠬᠤ ᠠᠬᠢᠴᠠ ᠶᠢ ᠮᠠᠰᠢ ᠶᠡᠭᠡ ᠲᠦᠷᠭᠡᠳᠭᠡᠪᠡ᠃ ᠶᠠᠳᠠᠭᠤ ᠬᠦᠴᠢᠷᠳᠠᠯᠳᠠᠢ ᠬᠦᠮᠦᠨ ᠠᠮᠠ 2013 | ᠤᠨ ᠳᠤ 157 ᠲᠦᠮᠡ ᠪᠠᠶᠢᠬᠰᠠᠨ ᠠᠴᠠ ᠪᠠᠨ 2019 ᠤᠨ ᠪᠤᠯᠳᠠᠯ᠎ᠠ 1.6 ᠲᠦᠮᠠ ᠪᠤᠯᠤᠨ ᠪᠠᠭᠠᠰᠴᠤ᠂ | ᠡᠭᠦᠨ ᠳᠤ᠂ ᠴᠦᠭᠡᠨ ᠲᠤᠭᠠᠳᠤ ᠦᠨᠳᠦᠰᠦᠳᠡᠨ ᠤ ᠶᠠᠳᠠᠭᠤ ᠬᠦᠴᠢᠷᠳᠠᠯᠳᠠᠢ ᠬᠦᠮᠦᠨ ᠠᠮᠠ 86964 ᠬᠦᠮᠦᠨ | ᠪᠠᠶᠢᠬᠰᠠᠨ ᠠᠴᠠ ᠪᠠᠨ 3020 ᠬᠦᠮᠦᠨ ᠪᠤᠯᠵᠦ ᠪᠠᠭᠠᠰᠪᠠ᠃ ᠶᠠᠳᠠᠭᠤᠷᠠᠯ ᠡᠭᠦᠰᠭᠦ ᠨᠤᠷᠮ᠎ᠠ 11.7% ᠠᠴᠠ ᠪᠠᠨ | 0.11% ᠪᠤᠯᠤᠨ ᠪᠠᠭᠤᠷᠠᠵᠦ᠂ ᠪᠤᠢ ᠪᠦᠭᠦᠢ ᠶᠠᠳᠠᠭᠤ ᠬᠦᠴᠢᠷᠳᠠᠯᠳᠠᠢ ᠬᠤᠰᠢᠭᠤ ᠰᠢᠶᠠᠨ᠂ ᠶᠠᠳᠠᠭᠤ ᠬᠦᠴᠢᠷᠳᠠᠯᠳᠠᠢ | ᠭᠠᠴᠠᠭ᠎ᠠ ᠲᠤᠰᠬᠤᠨ ᠪᠦᠭᠦᠨ ᠢᠶᠠᠷ ᠢᠶᠠᠨ ᠶᠠᠳᠠᠭᠤ ᠠᠴᠠ ᠠᠩᠬᠢᠵᠢᠷᠠᠨ᠂ ᠤᠷᠤᠨ ᠪᠦᠰᠡ ᠶᠢᠨ ᠴᠢᠨᠠᠷᠳᠠᠢ ᠪᠦᠭᠦᠯᠢ | ᠴᠤᠬᠴᠠ ᠶᠢᠨ ᠶᠠᠳᠠᠭᠤᠷᠠᠯ ᠰᠢᠢᠳᠪᠤᠷᠢᠯᠡᠭᠳᠡᠵᠦ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠠᠶᠠᠯᠠᠬᠦᠯᠬᠦ | ᠰᠢᠢᠳᠪᠤᠷᠢᠳᠤ ᠢᠯᠠᠯᠳᠠ ᠶᠢ ᠤᠯᠬᠤ ᠳᠤ ᠪᠠᠳᠤ ᠴᠢᠩᠭ᠎ᠠ ᠰᠠᠭᠤᠷᠢ ᠲᠠᠯᠪᠢᠨ ᠦᠭᠴᠤ᠂ ︽ᠵᠢᠱᠢᠶᠡᠴᠢ ᠦᠪᠡᠷᠳᠡᠭᠡᠨ | ᠵᠠᠰᠠᠬᠤ ᠤᠷᠤᠨ︾ ᠤ ᠡᠷᠭᠢᠮ ᠲᠡᠭᠡᠳᠤ ᠢᠷᠠᠭᠤ ᠠᠯᠳᠠᠷ ᠢ ᠬᠠᠮᠠᠭᠠᠯᠠᠪᠠ᠃ | ᠦᠨᠳᠤᠰᠦᠳᠡᠨ ᠨᠦᠭᠦᠳ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠢ ᠠᠬᠢᠭᠤᠯᠵᠦ᠂ ᠲᠤᠮᠳᠠᠳᠤ ᠶᠢᠨ | ᠦᠨᠳᠤᠰᠦᠳᠡᠨ ᠤ ᠬᠠᠮᠳᠤ ᠶᠢᠨ ᠴᠤᠬᠴᠠ ᠶᠢᠨ ᠨᠡᠶᠢᠭᠡᠮ ᠤᠨ ᠰᠠᠭᠤᠷᠢ ᠶᠢ ᠴᠢᠨᠠᠭᠰᠢᠳᠠ ᠪᠠᠬᠢᠵᠢᠬᠦᠯᠪᠠ᠃ | ᠰᠢᠨ᠎ᠠ ᠴᠠᠬ ᠬᠤᠭᠤᠴᠠᠭᠠᠨ ᠤ ᠦᠨᠳᠦᠰᠦᠳᠡᠨ ᠤ ᠬᠦᠮᠦᠠ ᠠᠮᠠ ᠶᠢᠨ ᠶᠡᠭᠡ ᠪᠠᠷ ᠨᠡᠭᠦᠳᠡᠯᠯᠡᠵᠦ᠂ ᠶᠡᠭᠡ ᠪᠠᠷ | ᠠᠭᠤᠰᠤᠯᠴᠠᠨ ᠰᠠᠭᠤᠷᠢᠰᠢᠬᠰᠠᠨ ᠰᠢᠨ᠎ᠠ ᠤᠨᠴᠠᠯᠢᠭ ᠢ ᠵᠦᠪ ᠤᠨᠤᠪᠴᠢᠳᠠᠢ ᠡᠵᠡᠮᠰᠢᠵᠦ᠂ ᠴᠦᠭᠡᠨ ᠲᠤᠭᠠᠳᠤ | ᠦᠨᠳᠦᠰᠦᠳᠡᠨ ᠤ ᠨᠡᠭᠦᠳᠡᠯ ᠬᠦᠮᠦᠨ ᠠᠮᠠ ᠶᠢᠨ ᠦᠢᠯᠡᠴᠢᠯᠡᠭᠡ ᠪᠠ ᠬᠠᠮᠢᠶᠠᠷᠤᠯᠳᠠ ᠶᠢᠨ ᠰᠢᠨ᠎ᠠ ᠵᠠᠬᠪᠤᠷ ᠢ | ᠢᠳᠡᠪᠭᠢᠳᠡᠢ ᠰᠦᠪᠡᠭᠴᠢᠯᠡᠪᠡ᠃ ᠦᠨᠳᠤᠰᠦᠳᠡᠨ ᠨᠦᠭᠦᠳ ᠤᠨ ᠨᠡᠶᠢᠭᠡᠮ ᠤᠨ ᠠᠮᠢᠳᠤᠷᠠᠯ ᠳᠠᠬᠢ ᠬᠠᠷᠢᠯᠴᠠᠭ᠎ᠠ | ᠤᠯᠠᠮ ᠢᠶᠠᠷ ᠨᠢᠬᠳᠠᠷᠠᠵᠦ ᠪᠠᠶᠢᠭ᠎ᠠ ᠤᠳᠤᠬᠠᠨ ᠤ ᠪᠤᠳᠠᠳᠠᠢ ᠪᠠᠶᠢᠳᠠᠯ ᠳᠤ ᠴᠢᠭᠯᠡᠭᠦᠯᠵᠤ᠂ ᠦᠪᠡᠷᠳᠡᠭᠡᠨ ᠵᠠᠰᠠᠬᠤ | ᠤᠷᠤᠨ ᠠᠴᠠ ᠲᠤᠮᠳᠠᠳᠤ ᠶᠢᠨ ᠦᠨᠳᠤᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠡᠳᠤ ᠴᠤᠭᠴᠠᠯᠠᠬᠤ ᠪᠠᠷ | ᠭᠤᠤᠯ ᠰᠢᠵᠢᠮ ᠪᠤᠯᠭᠠᠵᠦ᠂ ᠦᠨᠳᠦᠰᠦᠳᠡᠨ ᠨᠦᠭᠦᠳ ᠬᠠᠮᠳᠤ ᠪᠠᠷ ᠰᠠᠭᠤᠷᠢᠰᠢᠵᠦ᠂ ᠬᠠᠮᠳᠤ ᠪᠠᠷ ᠰᠤᠷᠤᠯᠴᠠᠵᠦ᠂ | ᠬᠠᠮᠳᠤ ᠪᠠᠷ ᠠᠵᠢᠯᠯᠠᠵᠦ᠂ ᠬᠠᠮᠳᠤ ᠪᠠᠷ ᠵᠢᠷᠭᠠᠬᠤ ᠨᠡᠶᠢᠭᠡᠮ ᠤᠨ ᠨᠦᠭᠦᠴᠡᠯ ᠢ ᠢᠳᠡᠪᠭᠢᠳᠠᠢ ᠡᠭᠦᠳᠤᠨ ᠦᠭᠴᠤ᠂ | ᠦᠨᠳᠦᠰᠦᠳᠡᠨ ᠨᠦᠭᠦᠳ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠢ ᠠᠬᠢᠭᠤᠯᠵᠦ᠂ ᠬᠠᠷᠢᠯᠴᠠᠨ ᠰᠢᠭᠢᠳᠭᠡᠭᠦ | ᠬᠡᠯᠪᠡᠷᠢ ᠶᠢᠨ ᠨᠡᠶᠢᠭᠡᠮ ᠤᠨ ᠪᠦᠲᠦᠴᠡ ᠪᠠ ᠨᠡᠶᠢᠭᠡᠮ ᠤᠨ ᠤᠷᠴᠢᠨ ᠲᠤᠭᠤᠷᠢᠨ ᠢ ᠴᠢᠨᠠᠬᠰᠢᠳᠠ ᠪᠠᠳᠤᠵᠢᠭᠤᠯᠪᠠ᠃ | ᠬᠤᠳᠠ ᠳᠤ ᠴᠦᠭᠡᠨ ᠲᠤᠭᠠᠳᠤ ᠦᠨᠳᠦᠰᠦᠳᠡᠨ ᠢ ᠨᠠᠩ ᠰᠠᠶᠢᠳᠤᠷ ᠬᠦᠯᠢᠶᠠᠨ ᠠᠪᠤᠭᠤᠯᠵᠦ᠂ ᠴᠦᠭᠡᠨ | ᠲᠤᠭᠠᠳᠤ ᠦᠨᠳᠦᠰᠦᠳᠡᠨ ᠤ ᠤᠯᠠᠨ ᠲᠦᠮᠡᠨ ᠢ ᠬᠤᠳᠠ ᠳᠤ ᠨᠠᠩ ᠰᠠᠶᠢᠳᠤᠷ ᠠᠭᠤᠰᠤᠯᠴᠠᠭᠤᠯᠪᠠ᠃ ᠦᠪᠡᠷᠳᠡᠭᠡᠨ | ᠵᠠᠰᠠᠬᠤ ᠤᠷᠤᠨ ᠬᠤᠳᠠ ᠶᠢᠨ ᠦᠨᠳᠤᠰᠦᠳᠡᠨ ᠤ ᠠᠵᠢᠯ ᠢ ᠨᠠᠷᠢᠨ ᠨᠢᠮᠪᠠᠢ ᠰᠠᠶᠢᠳᠤᠷ ᠬᠢᠵᠦ᠂ ᠬᠠᠷᠢᠯᠴᠠᠨ | ᠰᠢᠭᠢᠳᠭᠡᠭᠰᠡᠨ ᠬᠡᠯᠪᠡᠷᠢ ᠶᠢᠨ ᠨᠡᠶᠢᠭᠡᠮ ᠤᠨ ᠪᠦᠳᠦᠴᠡ ᠶᠢ ᠪᠦᠷᠢᠯᠳᠦᠭᠦᠯᠭᠦ ᠳᠤ ᠪᠠᠳᠤ ᠴᠢᠩᠭ᠎ᠠ ᠰᠠᠭᠤᠷᠢ ᠶᠢ | ᠴᠤᠬᠴᠠᠯᠠᠪᠠ᠃ 2014 ᠤᠨ ᠳᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ | ︽ᠰᠢᠨ᠎ᠠ ᠪᠠᠶᠢᠳᠠᠯ ᠲᠤᠤᠷᠠᠭᠢ ᠦᠨᠳᠦᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠬᠡᠷᠡᠭᠵᠢᠭᠦᠯᠭᠦ | ᠰᠠᠨᠠᠯ︾ ᠢ ᠨᠡᠶᠢᠳᠡᠯᠡᠵᠦ᠂ ᠬᠤᠳᠠ ᠶᠢᠨ ᠦᠨᠳᠤᠰᠦᠳᠡᠨ ᠤ ᠠᠵᠢᠯ ᠤᠨ ᠲᠦᠷᠢᠮᠵᠢᠯᠳᠠ᠂ ᠵᠢᠷᠤᠮᠵᠢᠯᠳᠠ᠂ | ᠨᠠᠷᠢᠯᠢᠬᠵᠢᠯᠳᠠ ᠶᠢ ᠴᠢᠨᠠᠬᠰᠢᠳᠠ ᠠᠬᠢᠭᠤᠯᠪᠠ᠃ 2012 ᠤᠨ ᠳᠤ᠂ ᠦᠪᠡᠷᠳᠡᠭᠡᠨ ᠵᠠᠰᠠᠬᠤ ᠤᠷᠤᠨ ᠪᠤᠭᠤᠳᠤ | ᠬᠤᠳᠠ ᠶᠢᠨ ᠬᠦᠨᠳᠡᠯᠡᠨ ᠲᠤᠭᠤᠷᠢᠭ᠂ ᠤᠯᠠᠭᠠᠨᠬᠠᠳᠠ ᠬᠤᠳᠠ ᠶᠢᠨ ᠰᠦᠡᠭᠱᠠᠨ ᠲᠤᠭᠤᠷᠢᠭ ᠵᠡᠷᠭᠡ 4 ᠭᠠᠵᠠᠷ | ᠤᠷᠤᠨ ᠳᠤ ᠲᠦᠷᠦᠭᠦᠦ ᠪᠦᠯᠦᠭ ᠴᠦᠭᠡᠨ ᠲᠤᠭᠠᠳᠤ ᠦᠨᠳᠦᠰᠦᠳᠡᠨ ᠤ ᠨᠡᠭᠦᠳᠡᠯ ᠬᠦᠮᠦᠨ ᠠᠮᠠ ᠶᠢᠨ ᠦᠢᠯᠡᠴᠢᠯᠡᠭᠡ | ᠬᠠᠮᠢᠶᠠᠷᠤᠯᠳᠠ ᠶᠢᠨ ᠰᠢᠰᠲ᠋ᠧᠮ ᠤᠨ ᠪᠠᠶᠢᠭᠤᠯᠤᠯᠳᠠ ᠶᠢᠨ ᠲᠤᠷᠰᠢᠯᠳᠡ ᠶᠢᠨ ᠴᠡᠭ ᠤᠨ ᠠᠵᠢᠯ ᠦᠷᠨᠢᠭᠦᠯᠪᠠ᠃ | 2015 ᠤᠨ ᠳᠤ᠂ ᠤᠷᠳᠤᠰ ᠬᠤᠳᠠ ᠶᠢᠨ ᠳ᠋ᠦᠡᠭᠱᠸᠡᠭ ᠲᠤᠭᠤᠷᠢᠭ ᠲᠤ ᠬᠤᠳᠠ ᠶᠢᠨ ᠦᠨᠳᠦᠰᠦᠳᠡᠨ ᠤ ᠠᠵᠢᠯ ᠢ | ᠨᠡᠶᠢᠭᠡᠮ ᠲᠤᠭᠤᠷᠢᠭ ᠲᠤ ᠤᠷᠤᠭᠤᠯᠬᠤ ᠲᠤᠷᠰᠢᠯᠳᠡ ᠶᠢᠨ ᠴᠡᠭ ᠤᠨ ᠠᠵᠢᠯ ᠦᠷᠨᠢᠭᠦᠯᠪᠠ᠃ 2019 ᠤᠨ ᠳᠤ᠂ | ᠬᠦᠬᠡᠬᠤᠳᠠ ᠳᠤ ᠴᠦᠭᠡᠨ ᠲᠤᠭᠠᠳᠤ ᠦᠨᠳᠦᠰᠦᠳᠡᠨ ᠤ ᠨᠡᠭᠦᠳᠡᠯ ᠬᠦᠮᠦᠨ ᠠᠮᠠ ᠶᠢᠨ ᠦᠢᠯᠡᠴᠢᠯᠡᠭᠡ | ᠬᠠᠮᠢᠶᠠᠷᠤᠯᠳᠠ ᠶᠢᠨ ᠲᠤᠷᠰᠢᠯᠳᠡ ᠶᠢᠨ ᠴᠡᠭ ᠤᠨ ᠠᠵᠢᠯ ᠦᠷᠨᠢᠭᠦᠯᠪᠠ᠃ ᠨᠡᠶᠢᠭᠡᠮ ᠲᠤᠭᠤᠷᠢᠭ ᠤᠨ ᠰᠠᠭᠤᠷᠢ ᠶᠢ | ᠪᠠᠳᠤᠳᠬᠠᠬᠤ ᠶᠢ ᠪᠠᠷᠢᠮᠳᠠᠯᠠᠵᠦ᠂ ᠨᠡᠶᠢᠭᠡᠮ ᠲᠤᠭᠤᠷᠢᠭ ᠢ ᠦᠨᠳᠦᠰᠦᠳᠡᠨ ᠨᠦᠭᠦᠳ ᠤᠨ ᠤᠯᠠᠨ ᠲᠦᠮᠡᠨ ᠬᠠᠮᠳᠤ | ᠰᠠᠭᠤᠷᠢᠰᠢᠵᠦ ᠬᠠᠮᠳᠤ ᠰᠤᠷᠤᠯᠴᠠᠵᠤ ᠬᠠᠮᠳᠤ ᠠᠵᠢᠯᠯᠠᠵᠦ ᠬᠠᠮᠳᠤ ᠵᠢᠷᠭᠠᠬᠤ ᠲᠤᠮᠤ ᠬᠡᠷ ᠪᠦᠯᠢ ᠪᠤᠯᠭᠠᠨ ᠴᠤᠭᠴᠠᠯᠠᠵᠦ᠂ | ᠦᠨᠳᠦᠰᠦᠳᠡᠨ ᠨᠦᠭᠦᠳ ᠤᠨ ᠤᠯᠠᠨ ᠲᠦᠮᠡᠨ ᠤ ᠤᠷᠤᠨ ᠵᠡᠢ ᠳᠤ ᠬᠠᠷᠢᠯᠴᠠᠨ ᠰᠢᠭᠢᠳᠭᠡᠭᠦ ᠪᠠᠶᠢᠬᠰᠠᠨ ᠠᠴᠠ | ᠠᠯᠬᠤᠮ ᠠᠯᠬᠤᠮ ᠢᠶᠠᠷ ᠠᠵᠦ ᠠᠬᠤᠢ᠂ ᠰᠤᠶᠤᠯ᠂ ᠨᠡᠶᠢᠭᠡᠮ ᠪᠠ ᠰᠡᠳᠭᠢᠴᠡ ᠳᠤ ᠬᠠᠷᠢᠯᠴᠠᠨ ᠰᠢᠭᠢᠳᠭᠡᠭᠦ | ᠪᠤᠯᠭᠠᠪᠡ᠃ | ᠦᠪᠡᠷᠳᠡᠭᠡᠨ ᠵᠠᠰᠠᠬᠤ ᠤᠷᠤᠨ ᠦᠨᠳᠦᠰᠦᠳᠡᠨ ᠨᠦᠭᠦᠳ ᠤᠨ ᠬᠠᠮᠳᠤ ᠶᠢᠨ ᠤᠶᠤᠨ ᠰᠠᠨᠠᠭᠠᠨ ᠤ ᠭᠡᠷ ᠤᠷᠤᠨ ᠢ | ᠴᠤᠬᠴᠠᠯᠠᠵᠦ᠂ ᠲᠤᠮᠳᠠᠳᠤ ᠶᠢᠨ ᠦᠨᠳᠤᠰᠦᠳᠡᠨ ᠤ ᠬᠠᠮᠳᠤ ᠶᠢᠨ ᠴᠤᠬᠴᠠ ᠶᠢᠨ ᠦᠵᠡᠯ ᠰᠠᠨᠠᠭᠠᠨ ᠤ ᠰᠠᠭᠤᠷᠢ ᠶᠢ | ᠴᠢᠨᠠᠭᠰᠢᠳᠠ ᠪᠠᠬᠢᠵᠢᠬᠦᠯᠪᠠ᠃ | ᠦᠪᠡᠷᠳᠡᠭᠡᠨ ᠵᠠᠰᠠᠬᠤ ᠤᠷᠤᠨ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠶᠢ ᠪᠤᠢ ᠪᠤᠯᠭᠠᠨ | ᠦᠢᠯᠡᠳᠦᠯᠭᠡᠵᠢᠭᠦᠯᠭᠦ ᠶᠢ ᠦᠨᠳᠦᠰᠦᠳᠡᠨ ᠤ ᠪᠦᠯᠭᠦᠮᠳᠠᠯ ᠲᠠᠪᠰᠢᠯᠳᠠ ᠶᠢᠨ ᠬᠦᠮᠦᠵᠢᠯ ᠲᠠᠢ ᠤᠷᠭᠠᠨᠢᠭ ᠢᠶᠠᠷ | ᠤᠶᠠᠯᠳᠤᠭᠤᠯᠵᠦ᠂ ᠬᠢᠴᠢᠶᠠᠯ ᠤᠨ ᠲᠠᠩᠭᠢᠮ ᠤᠨ ᠰᠤᠷᠭᠠᠨ ᠬᠦᠮᠦᠵᠢᠯ᠂ ᠨᠡᠶᠢᠭᠡᠮ ᠤᠨ ᠦᠢᠯᠡᠳᠦᠯᠭᠡ᠂ ᠭᠤᠤᠯ | ᠰᠡᠳᠦᠪᠳᠤ ᠬᠦᠮᠦᠵᠢᠯ ᠤᠨ ᠤᠯᠠᠨ ᠡᠰᠢᠳᠤ ᠨᠢᠭᠡ ᠴᠤᠬᠴᠠᠵᠢᠬᠰᠠᠨ ᠰᠤᠷᠭᠠᠨ ᠬᠦᠮᠦᠵᠢᠯ ᠤᠨ ᠲᠠᠪᠴᠠᠩ ᠢ | ᠪᠠᠶᠢᠭᠤᠯᠪᠠ᠃ ᠵᠦᠷᠢᠶ᠎ᠠ ᠪᠠᠨ ᠬᠦᠨᠳᠤᠳᠭᠡᠵᠦ᠂ ᠤᠯᠠᠨ ᠶᠠᠩᠵᠦ ᠶᠢ ᠪᠠᠭᠳᠠᠭᠠᠵᠦ᠂ ᠨᠢᠭᠡ ᠴᠤᠬᠴᠠᠵᠢᠬᠤ ᠶᠢ | ᠠᠬᠢᠭᠤᠯᠬᠤ ᠶᠢ ᠪᠠᠷᠢᠮᠳᠠᠯᠠᠵᠦ᠂ ᠴᠦᠭᠡᠨ ᠲᠤᠭᠠᠳᠤ ᠦᠨᠳᠦᠰᠦᠳᠡᠨ ᠤ ᠤᠯᠠᠮᠵᠢᠯᠠᠯᠳᠤ ᠰᠤᠶᠤᠯ ᠤᠨ ᠰᠢᠨ᠎ᠠ ᠶᠢ | ᠡᠬᠦᠳᠤᠨ ᠬᠦᠭᠵᠢᠭᠦ ᠶᠢ ᠠᠭᠢᠭᠤᠯᠪᠠ᠃ ᠲᠤᠮᠳᠠᠳᠤ ᠶᠢᠨ ᠰᠤᠶᠤᠯ ᠪᠤᠯ ᠦᠨᠳᠦᠰᠦᠳᠡᠨ ᠨᠦᠭᠦᠳ ᠤᠨ ᠰᠤᠶᠤᠯ ᠤᠨ | ᠪᠦᠷᠢᠯᠳᠤᠯ᠂ ᠴᠦᠭᠡᠨ ᠲᠤᠭᠠᠳᠤ ᠦᠨᠳᠦᠰᠦᠳᠡᠨ ᠤ ᠰᠤᠶᠤᠯ ᠪᠤᠯ ᠲᠤᠮᠳᠠᠳᠤ ᠶᠢᠨ ᠰᠤᠶᠤᠯ ᠤᠨ ᠤᠷᠭᠠᠨᠢᠭ | ᠪᠦᠷᠢᠯᠳᠦᠭᠦᠨ ᠪᠤᠯᠬᠤ ᠶᠢ ᠶᠡᠭᠡ ᠪᠠᠷ ᠤᠬᠠᠭᠤᠯᠵᠦ᠂ ᠦᠨᠳᠦᠰᠦᠳᠡᠨ ᠨᠦᠭᠦᠳ ᠤᠨ ᠤᠯᠠᠨ ᠲᠦᠮᠡᠨ ᠢ ᠬᠦᠳᠤᠯᠤᠨ | ᠵᠢᠯᠤᠭᠤᠳᠴᠤ ᠵᠦᠪ ᠤᠨᠤᠪᠴᠢᠳᠠᠢ ᠤᠯᠤᠰ ᠤᠨ ᠦᠵᠡᠯᠳᠡ᠂ ᠦᠨᠳᠦᠰᠦᠳᠡᠨ ᠤ ᠦᠵᠡᠯᠳᠡ᠂ ᠲᠡᠤᠭᠡ ᠶᠢᠨ | ᠦᠵᠡᠯᠳᠡ᠂ ᠰᠤᠶᠤᠯ ᠤᠨ ᠦᠵᠡᠯᠳᠡ ᠶᠢ ᠪᠤᠢ ᠪᠤᠯᠭᠠᠵᠦ᠂ ᠦᠨᠳᠦᠰᠦᠳᠡᠨ ᠨᠦᠭᠦᠳ ᠠᠮᠢ ᠠᠮᠢᠰᠬᠤᠭ᠎ᠠ ᠪᠠᠨ | ᠨᠢᠭᠡᠳᠭᠡᠵᠦ᠂ ᠬᠤᠪᠢ ᠵᠠᠶᠠᠭ᠎ᠠ ᠪᠠᠨ ᠬᠠᠮᠳᠤᠳᠬᠠᠵᠦ᠂ ᠰᠡᠳᠭᠢᠯ ᠵᠢᠷᠦᠭᠡ ᠪᠠᠨ ᠬᠤᠯᠪᠤᠬᠰᠠᠨ ᠬᠦᠴᠤᠷᠭᠡᠭ ᠶᠡᠭᠡ | ᠤᠶᠤᠨ ᠰᠠᠨᠠᠭᠠᠨ ᠤ ᠬᠤᠯᠪᠤᠭᠠᠰᠦ ᠶᠢ ᠪᠦᠷᠢᠯᠳᠦᠭᠦᠯᠪᠠ᠃ ᠨᠠᠮ ᠤᠨ ᠰᠤᠷᠭᠠᠨ ᠬᠦᠮᠦᠵᠢᠯ ᠤᠨ ᠴᠢᠭᠯᠡᠯᠳᠡ ᠪᠠ | ᠦᠨᠳᠦᠰᠦᠳᠡᠨ ᠤ ᠰᠤᠷᠭᠠᠨ ᠬᠦᠮᠦᠵᠢᠯ ᠤᠨ ᠲᠦᠷᠦ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ | ᠤᠯᠤᠰ ᠤᠨ ᠨᠡᠶᠢᠳᠡᠮ ᠬᠡᠷᠡᠭᠯᠡᠭᠦ ᠦᠭᠡ ᠬᠡᠯᠡ ᠦᠰᠦᠭ ᠪᠢᠴᠢᠭ ᠤᠨ ᠬᠦᠮᠦᠵᠢᠯ ᠢ ᠡᠷᠡᠰ ᠭᠤᠶᠢᠪᠢᠰᠢ ᠦᠭᠡᠢ | ᠠᠬᠢᠭᠤᠯᠵᠤ᠂ ᠴᠦᠭᠡᠨ ᠲᠤᠭᠠᠳᠤ ᠦᠨᠳᠦᠰᠦᠳᠡᠨ ᠤ ᠤᠯᠠᠨ ᠲᠦᠮᠡᠨ ᠤ ᠰᠢᠨᠵᠢᠯᠡᠭᠦ ᠤᠬᠠᠭᠠᠨ ᠰᠤᠶᠤᠯ ᠤᠨ ᠬᠡᠪ | ᠪᠤᠯᠪᠠᠰᠤᠷᠠᠯ ᠢ ᠲᠠᠰᠤᠷᠠᠯᠳᠠ ᠦᠭᠡᠢ ᠲᠡᠭᠡᠭᠰᠢᠯᠡᠭᠦᠯᠵᠦ᠂ ᠲᠡᠳᠡᠨᠡᠷ ᠢ ᠨᠡᠶᠢᠭᠡᠮ ᠳᠤ ᠨᠡᠩ ᠰᠠᠶᠢᠳᠤᠷ | ᠠᠭᠤᠰᠤᠯᠴᠠᠭᠤᠯᠪᠠ᠃ | ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠬᠤᠪᠢ ᠳᠤ᠂ ᠮᠠᠨ ᠤ ᠣᠷᠣᠨ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠢ ᠢᠮᠠᠭᠲᠠ ᠪᠠᠷᠢᠮᠲᠠᠯᠠᠵᠤ᠂ ᠦᠵᠡᠯ ᠰᠠᠨᠠᠭᠠᠨ ᠤ ᠬᠠᠮᠲᠤ ᠶᠢᠨ | ᠲᠠᠨᠢᠯᠲᠠ ᠶᠢ ᠨᠢᠭᠲᠠᠷᠠᠭᠤᠯᠬᠤ ᠪᠠᠷ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠪᠠ᠃ ᠥᠪᠥᠷ ᠮᠣᠩᠭᠤᠯ ᠤᠨ ᠭᠡᠷᠡᠯ | ᠰᠠᠴᠤᠷᠠᠩᠭᠤᠶ ᠲᠡᠤᠬᠡ ᠲᠠᠢ ᠤᠶᠠᠯᠳᠤᠭᠤᠯᠤᠨ᠂ ᠲᠠᠯ᠎ᠠ ᠨᠤᠲᠤᠭ ᠤᠨ ᠬᠥᠪᠡᠭᠦᠳ ᠥᠬᠢᠳ ᠤᠨ ᠰᠡᠳᠬᠢᠯ ᠢᠶᠠᠨ | ᠨᠠᠮ ᠳᠤ ᠪᠠᠨ ᠬᠠᠨᠳᠤᠭᠤᠯᠵᠤ᠂ ᠡᠷᠡᠰ ᠭᠤᠶᠢᠪᠢᠰᠢ ᠦᠭᠡᠶ ᠨᠠᠮ ᠢᠶᠠᠨ ᠳᠠᠭᠠᠬᠤ ᠬᠤᠪᠢᠰᠬᠠᠯᠲᠤ ᠤᠳᠤᠮᠰᠢᠯ ᠢ | ᠵᠠᠯᠭᠠᠮᠵᠢᠯᠠᠵᠤ᠂ ᠬᠠᠮᠤᠭ ᠤᠨ ᠰᠠᠶᠢᠬᠠᠨ ᠨᠤᠲᠤᠭ ᠪᠡᠯᠴᠢᠭᠡᠷ ᠢᠶᠠᠨ ᠰᠠᠨᠰᠠᠷ ᠤᠨ ᠠᠶᠠᠯᠠᠯ ᠳᠤ ᠡᠷᠬᠦᠬᠦ᠂ ᠭᠤᠷᠪᠠᠨ | ᠮᠢᠩᠭᠠᠨ ᠥᠨᠥᠴᠢᠨ ᠬᠡᠤᠬᠡᠳ ᠢ ᠠᠰᠠᠷᠠᠨ ᠬᠦᠮᠦᠵᠢᠬᠦᠯᠬᠦ ᠵᠡᠷᠭᠡ ᠦᠨᠳᠦᠰᠦᠲᠡᠨ ᠤ ᠪᠦᠯᠬᠦᠮᠳᠡᠯ ᠤᠨ ᠡᠬᠢ ᠪᠠᠶᠠᠯᠢᠭ ᠢ | ᠠᠭᠤᠳᠠᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠪᠥᠷ ᠮᠣᠩᠭᠤᠯ ᠤᠨ ᠦᠯᠢᠭᠡᠷ ᠢ ᠰᠠᠶᠢᠲᠤᠷ ᠶᠠᠷᠢᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠢ ᠦᠷᠨᠢᠬᠦᠯᠪᠡ᠃ | ᠮᠠᠨ ᠤ ᠤᠷᠤᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠬᠡᠦᠬᠡᠳ ᠪᠠᠭᠠᠴᠤᠳ ᠠᠴᠠ ᠡᠬᠢᠯᠡᠨ | ᠠᠳᠬᠤᠵᠤ᠂ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠡᠯ᠎ᠡ ᠱᠠᠲᠤᠨ ᠤ ᠡᠯ᠎ᠡ ᠲᠦᠷᠦᠯ ᠤᠨ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠳᠤᠮᠳᠠᠳᠤ ᠪᠠᠨ | ᠬᠠᠶᠢᠷᠠᠯᠠᠬᠤ ᠶᠢ ᠬᠡᠤᠬᠡᠳ ᠨᠢᠭᠡᠪᠦᠷᠢ ᠶᠢᠨ ᠰᠡᠳᠬᠢᠯ ᠤᠨ ᠭᠦᠨ ᠳᠤ ᠬᠠᠳᠠᠩᠰᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠢᠴᠢᠶᠡᠯ ᠤᠨ ᠲᠠᠩᠬᠢᠮ ᠳᠤ ᠤᠷᠤᠭᠤᠯᠵᠤ᠂ | ᠬᠡᠤᠬᠡᠳ ᠤᠨ ᠲᠠᠷᠢᠬᠢ ᠲᠤᠯᠤᠭᠠᠢ ᠳᠤ ᠤᠷᠤᠭᠤᠯᠪᠠ᠃ | ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠶᠡᠷᠦᠩᠬᠡᠶ ᠱᠦᠵᠢ ᠰᠢ ᠶᠢᠨ ᠫᠢᠩ ᠤᠨ | ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠣᠨᠣᠯ ᠤᠨ ᠬᠢᠴᠢᠶᠡᠯ ᠤᠨ ᠪᠠᠭᠰᠢ ᠨᠠᠷ ᠤᠨ ᠶᠠᠷᠢᠯᠴᠠᠬᠤ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠶᠡᠭᠡ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ | ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ | ᠪᠣᠳᠣᠯᠭ᠎ᠠ᠂ ᠦᠨᠳᠦᠰᠦᠲᠡᠨ ᠤ ᠮᠡᠳᠡᠯᠭᠡ ᠶᠢ ᠵᠢᠭᠠᠬᠤ ᠮᠠᠲ᠋ᠧᠷᠢᠶᠠᠯ ᠳᠤ ᠣᠷᠣᠭᠤᠯᠬᠤ᠂ ᠬᠢᠴᠢᠶᠡᠯ ᠤᠨ ᠲᠠᠩᠬᠢᠮ ᠳᠤ | ᠣᠷᠣᠭᠤᠯᠬᠤ᠂ ᠲᠠᠷᠢᠬᠢ ᠲᠣᠯᠣᠭᠠᠶ ᠳᠤ ᠣᠷᠣᠭᠤᠯᠬᠤ ᠶᠢ ᠭᠦᠨᠵᠡᠭᠡᠶ ᠠᠬᠢᠭᠤᠯᠪᠠ᠃ ᠡᠯ᠎ᠡ ᠱᠠᠲᠤᠨ ᠤ ᠡᠯ᠎ᠡ | ᠲᠥᠷᠥᠯ ᠤᠨ ᠰᠤᠷᠭᠠᠭᠤᠯᠢ ᠨᠤᠭᠤᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠦᠵᠢᠯ ᠤᠨ | ᠬᠢᠴᠢᠶᠡᠯ ᠢ ᠨᠡᠶᠢᠳᠡᠮ ᠨᠡᠭᠡᠭᠡᠵᠦ᠂ ᠨᠡᠯᠢᠶᠡᠳ ᠪᠦᠷᠢᠨ ᠲᠡᠭᠦᠯᠳᠡᠷ ᠬᠢᠴᠢᠶᠡᠯ ᠤᠨ ᠰᠢᠰᠲ᠋ᠧᠮ ᠢ ᠪᠦᠷᠢᠯᠳᠦᠭᠦᠯᠵᠦ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠦᠵᠢᠯ ᠢ ᠪᠠᠶᠢᠩᠭᠤᠵᠢᠭᠤᠯᠬᠤ᠂ ᠪᠦᠬᠦᠨ ᠢ | ᠪᠦᠷᠬᠦᠬᠦᠯᠬᠦ ᠶᠢ ᠪᠡᠶᠡᠯᠡᠭᠦᠯᠪᠡ᠃ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠵᠣᠷᠢᠭ ᠰᠠᠨᠠᠭ᠎ᠠ ᠪᠣᠯᠤᠨ ᠴᠠᠭ ᠦᠶ᠎ᠡ ᠶᠢᠨ ᠵᠣᠷᠢᠭ ᠰᠠᠨᠠᠭ᠎ᠠ ᠶᠢ | ᠶᠡᠭᠡ ᠪᠠᠷ ᠪᠠᠳᠠᠷᠠᠭᠤᠯᠵᠤ᠂ ᠦᠨᠳᠦᠰᠦᠲᠡᠨ ᠤ ᠰᠣᠶᠣᠯ ᠤᠨ ᠬᠥᠮᠦᠨ ᠢ ᠬᠥᠮᠦᠵᠢᠭᠦᠯᠬᠦ ᠡᠯᠧᠮᠧᠨ᠋ᠲ ᠢ ᠭᠦᠨᠵᠡᠭᠡᠶ | ᠠᠭᠤᠳᠠᠯᠵᠤ᠂ ᠡᠯ᠎ᠡ ᠦᠨᠳᠦᠰᠦᠲᠡᠨ ᠤ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ︽ᠭᠤᠷᠪᠠᠨ ᠰᠠᠯᠵᠤ | ᠪᠤᠯᠤᠰᠢ ᠦᠬᠡᠢ︾ ︽ᠲᠠᠪᠤᠨ ᠬᠠᠮᠳᠤ ᠶᠢᠨ ᠲᠡᠨᠢᠯᠳᠠ︾ ᠶᠢᠨ ᠦᠵᠡᠯ ᠰᠠᠨᠠᠭ᠎ᠠ ᠶᠢ ᠪᠠᠲᠤ ᠱᠤᠭᠤᠵᠡᠢ᠃ | ᠪᠦᠭᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠪᠠᠰᠠ ᠰᠤᠷᠭᠠᠭᠤᠯᠢ ᠶᠢᠨ ᠬᠦᠷᠢᠶᠡᠨ ᠤ ᠰᠦᠯᠵᠢᠶ᠎ᠡ᠂ | ᠪᠢᠴᠢᠯ ᠪᠦᠷᠭᠡ᠂ ᠵᠢᠷᠬᠢᠶ᠎ᠠ ᠵᠡᠷᠭᠡ ᠰᠤᠷᠭᠠᠭᠤᠯᠢ ᠶᠢᠨ ᠲᠤᠳᠤᠨᠠᠬᠢ ᠵᠠᠭᠤᠴᠢᠯᠠᠭᠤᠷ ᠢ ᠭᠦᠢᠴᠡᠳ ᠠᠰᠢᠭᠯᠠᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠹᠢᠯᠢᠮ᠂ ᠪᠢᠴᠢᠯ ᠸᠢᠳᠢᠣ᠋᠂ ᠪᠢᠴᠢᠯ ᠺᠢᠨᠣ᠋ | ᠵᠡᠷᠭᠡ ᠶᠢ ᠦᠢᠯᠡᠳᠬᠦ ᠶᠢ ᠵᠣᠷᠢᠭᠵᠢᠭᠤᠯᠤᠨ ᠳᠠᠮᠵᠢᠵᠤ᠂ ᠳᠤᠮᠳᠠᠳᠤ ᠶᠢᠨ ᠦᠨᠳᠦᠰᠦᠳᠡᠨ ᠤ ᠰᠢᠯᠢᠳᠡᠭ ᠰᠣᠶᠣᠯ ᠤᠨ | ᠤᠶᠤᠨ ᠰᠠᠨᠠᠭᠠᠨ ᠤ ᠪᠦᠳᠦᠭᠡᠭᠳᠡᠭᠦᠨ᠂ ᠦᠨᠳᠦᠰᠦᠲᠡᠨ ᠤ ᠤᠨᠤᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ | ᠤᠯᠠᠮᠵᠢᠯᠠᠨ ᠳᠡᠯᠭᠡᠷᠡᠭᠦᠯᠬᠦ ᠶᠢ ᠥᠷᠭᠡᠳᠬᠡᠵᠦ᠂ ᠢᠨᠲ᠋ᠧᠷ ᠰᠦᠯᠵᠢᠶ᠎ᠡ ᠶᠢ ᠦᠨᠳᠦᠰᠦᠲᠡᠨ ᠨᠦᠭᠦᠳ ᠤᠨ ᠰᠣᠶᠣᠯ ᠤᠨ | ᠰᠣᠯᠢᠯᠴᠠᠭ᠎ᠠ ᠬᠢᠵᠦ ᠬᠠᠷᠢᠯᠴᠠᠨ ᠲᠤᠯᠢᠳᠠᠬᠤ ᠶᠢ ᠠᠬᠢᠭᠤᠯᠬᠤ᠂ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ | ᠪᠠᠶᠢᠭᠤᠯᠬᠤ ᠴᠢᠬᠤᠯᠠ ᠠᠴᠢᠶᠠᠯᠠᠪᠤᠷᠢ ᠪᠤᠯᠭᠠᠪᠠ᠃ | ᠦᠪᠡᠷᠳᠡᠭᠡᠨ ᠵᠠᠰᠠᠬᠤ ᠣᠷᠣᠨ ᠤᠷᠤᠨ ᠨᠤᠳᠤᠭ ᠤᠨ ᠰᠣᠶᠣᠯ ᠤᠨ ᠪᠠᠶᠢᠭᠤᠯᠤᠯᠲᠠ ᠶᠢᠨ ᠪᠣᠳᠠᠲᠤ ᠪᠠᠶᠢᠳᠠᠯ ᠳᠤ | ᠰᠠᠭᠤᠷᠢᠯᠠᠵᠤ᠂ ᠡᠯ᠎ᠡ ᠦᠨᠳᠦᠰᠦᠲᠡᠨ ᠤ ᠰᠣᠶᠣᠯ ᠢ ᠤᠯᠠᠮᠵᠢᠯᠠᠨ ᠬᠠᠮᠠᠭᠠᠯᠠᠬᠤ ᠪᠠ ᠰᠢᠨ᠎ᠡ ᠶᠢ ᠡᠬᠦᠳᠴᠤ ᠬᠠᠷᠢᠯᠴᠡᠨ | ᠠᠭᠤᠰᠤᠯᠴᠠᠬᠤ ᠶᠢ ᠠᠬᠢᠭᠤᠯᠵᠤ᠂ ᠡᠯ᠎ᠡ ᠦᠨᠳᠦᠰᠦᠲᠡᠨ ᠤ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ | ᠲᠡᠮᠳᠡᠭ ᠢ ᠪᠤᠢ ᠪᠤᠯᠭᠠᠬᠤ ᠪᠣᠯᠤᠨ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠲᠤᠪᠤᠶᠢᠯᠭᠠᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠳᠤᠮᠳᠠᠳᠤ ᠶᠢᠨ ᠰᠣᠶᠣᠯ ᠤᠨ ᠲᠤᠬᠠᠢ ᠬᠠᠮᠳᠤ ᠶᠢᠨ ᠲᠠᠨᠢᠯᠳᠠ ᠶᠢ | ᠴᠢᠩᠭᠠᠤᠨᠬᠠᠵᠤ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠲᠡ ᠪᠠᠷ ᠬᠠᠮᠲᠤ ᠶᠢᠨ ᠲᠠᠨᠢᠯᠲᠠ ᠶᠢ | ᠨᠢᠭᠲᠠᠷᠠᠭᠤᠯᠵᠤ᠂ ᠬᠦᠴᠦᠨ ᠴᠢᠳᠠᠯ ᠢ ᠬᠤᠷᠠᠮᠳᠤᠭᠤᠯᠤᠨ᠂ ᠰᠢᠯᠢᠳᠡᠭ ᠰᠣᠶᠣᠯ ᠤᠨ ᠪᠦᠳᠦᠭᠡᠭᠳᠡᠭᠦᠨ ᠢᠶᠠᠷ | ᠬᠥᠮᠦᠰ ᠤᠨ ᠰᠡᠳᠬᠢᠯ ᠢ ᠬᠥᠭᠵᠢᠭᠡᠵᠦ᠂ ᠡᠷᠴᠢ ᠵᠣᠷᠢᠭ ᠢ ᠬᠦᠪᠴᠢᠯᠡᠵᠡᠢ᠃ | ᠦᠢᠷ᠎ᠡ ᠶᠢᠨ ᠵᠢᠯ ᠤᠨ ᠲᠤᠷᠰᠢ᠂ ᠦᠪᠡᠷᠳᠡᠭᠡᠨ ᠵᠠᠰᠠᠬᠤ ᠣᠷᠣᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠵᠤ᠂ ᠢᠯᠠᠩᠭᠤᠶ᠎ᠠ ᠰᠣᠶᠣᠯ ᠤᠨ ᠬᠠᠮᠳᠤ ᠶᠢᠨ ᠲᠠᠨᠢᠯᠳᠠ ᠶᠢ | ᠴᠢᠩᠭᠠᠤᠨᠬᠠᠵᠤ᠂ ᠴᠢᠨᠠᠷ ᠰᠠᠶᠢᠲᠠᠶ ᠰᠣᠶᠣᠯ ᠤᠨ ᠪᠦᠳᠦᠭᠡᠭᠳᠡᠭᠦᠨ ᠢ ᠢᠳᠡᠪᠬᠢᠳᠡᠢ ᠪᠠᠷ ᠬᠠᠩᠭᠠᠵᠤ᠂ ᠦᠨᠳᠦᠰᠦᠲᠡᠨ ᠤ | ᠪᠦᠯᠬᠦᠮᠳᠡᠯ ᠢ ᠬᠠᠮᠠᠭᠠᠯᠠᠬᠤ ᠰᠠᠶᠢᠨ ᠰᠠᠶᠢᠬᠠᠨ ᠰᠣᠶᠣᠯ ᠤᠨ ᠣᠷᠴᠢᠨ ᠲᠤᠭᠤᠷᠢᠨ ᠢ ᠪᠤᠢ ᠪᠤᠯᠭᠠᠪᠠ᠃ ᠵᠢᠯ ᠪᠦᠷᠢ | ᠡᠯ᠎ᠡ ᠤᠷᠠᠯᠢᠭ ᠤᠨ ᠪᠦᠯᠬᠦᠮ ᠤᠨ ︽ᠵᠠᠭᠤᠨ ᠪᠦᠯᠬᠦᠮ ᠮᠢᠩᠭᠠᠨ ᠲᠠᠯᠠᠪᠤᠷ ᠲᠤᠭᠯᠠᠯᠳᠡ ᠦᠨᠳᠦᠰᠦᠨ ᠱᠠᠳᠤᠨ ᠳᠤ | ᠪᠠᠭᠤᠬᠤ︾ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠶᠢ 1500 ᠭᠠᠷᠤᠶ ᠤᠳᠠᠭ᠎ᠠ ᠵᠣᠬᠢᠶᠠᠨ | ᠪᠠᠶᠢᠭᠤᠯᠪᠠ᠃ ᠣᠶᠢᠷ᠎ᠠ ᠶᠢᠨ ᠭᠤᠷᠪᠠᠨ ᠵᠢᠯ ᠳᠤ᠂ ︽ᠰᠢ ᠲᠠᠭᠤᠷᠢᠯᠢᠬ ᠢ ᠬᠥᠳᠡᠭᠡ ᠲᠣᠰᠬᠤᠨ ᠳᠤ ᠣᠷᠣᠭᠤᠯᠬᠤ︾ | ᠲᠣᠭᠯᠠᠯᠲᠠ ᠶᠢ 4000 ᠭᠠᠷᠤᠶ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠦᠵᠡᠭᠴᠢᠳ 50 ᠭᠠᠷᠤᠶ | ᠲᠦᠮᠡᠨ ᠬᠥᠮᠦᠨ ᠤᠳᠠᠭ᠎ᠠ ᠳᠤ ᠬᠦᠷᠴᠡᠶ᠃ | ᠦᠪᠡᠷᠳᠡᠭᠡᠨ ᠵᠠᠰᠠᠬᠤ ᠤᠷᠤᠨ ᠦᠨᠳᠦᠰᠦᠲᠡᠨ ᠤ ᠬᠡᠷᠡᠭ ᠡᠷᠬᠢᠯᠡᠬᠦ ᠶᠢ ᠬᠠᠤᠯᠢ ᠪᠠᠷ ᠵᠠᠰᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠬᠠᠤᠯᠢ ᠪᠠᠷ ᠵᠠᠰᠠᠬᠤ ᠰᠠᠭᠤᠷᠢ ᠶᠢ ᠤᠯᠠᠮ ᠨᠢᠭᠡ ᠠᠯᠬᠤᠮ | ᠪᠠᠬᠢᠵᠢᠬᠦᠯᠪᠠ᠃ | ᠦᠪᠡᠷᠳᠡᠭᠡᠨ ᠵᠠᠰᠠᠬᠤ ᠣᠷᠣᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠶᠢ ᠪᠦᠬᠦ | ᠲᠠᠯ᠎ᠠ ᠪᠠᠷ ᠲᠤᠭᠤᠰᠢᠯᠠᠭᠤᠯᠤᠨ᠂ ᠦᠨᠳᠦᠰᠦᠲᠡᠨ ᠤ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ | ᠲᠡᠭᠦᠯᠳᠡᠷᠵᠢᠭᠦᠯᠵᠦ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ | ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ | ᠬᠢᠲᠠᠳ ᠤᠨ ᠳᠡᠭᠡᠷᠡᠩᠭᠦᠶ ᠦᠵᠡᠯ ᠪᠣᠯᠤᠨ ᠣᠷᠣᠨ ᠨᠤᠲᠤᠭ ᠤᠨ ᠦᠨᠳᠦᠰᠦᠲᠡᠨ ᠤ ᠦᠵᠡᠯ ᠢ ᠡᠷᠡᠰ ᠡᠰᠡᠷᠬᠦᠴᠡᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ | ᠪᠠᠲᠤᠯᠠᠪᠠ᠃ | ᠦᠪᠡᠷᠳᠡᠭᠡᠨ ᠵᠠᠰᠠᠬᠤ ᠤᠷᠤᠨ ᠦᠨᠳᠦᠰᠦᠲᠡᠨ ᠤ ᠬᠡᠷᠡᠭ ᠡᠷᠬᠢᠯᠡᠬᠦ ᠶᠢ ᠬᠠᠤᠯᠢ ᠪᠠᠷ ᠵᠠᠰᠠᠬᠤ ᠶᠢ ᠪᠠᠷᠢᠮᠲᠠᠯᠠᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠠᠶᠢᠨ ᠰᠠᠶᠢᠬᠠᠨ ᠭᠡᠷ ᠣᠷᠣᠨ ᠢ ᠬᠠᠮᠲᠤ ᠪᠠᠷ ᠪᠠᠶᠢᠭᠤᠯᠬᠤ᠂ | ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠬᠤ ᠳᠤ ᠬᠦᠴᠦᠲᠡᠢ ᠬᠠᠤᠯᠢᠵᠢᠯ ᠤᠨ ᠪᠠᠲᠤᠯᠠᠭ᠎ᠠ ᠬᠠᠩᠭᠠᠪᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠪᠠᠷ ᠭᠤᠣᠯ | ᠰᠢᠵᠢᠮ ᠪᠣᠯᠭᠠᠵᠤ᠂ ᠦᠨᠳᠦᠰᠦᠲᠡᠨ ᠤ ᠬᠡᠷᠡᠭ ᠡᠷᠬᠢᠯᠡᠬᠦ ᠶᠢ ᠵᠠᠰᠠᠬᠤ ᠰᠢᠰᠲ᠋ᠧᠮ ᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠵᠠᠰᠠᠯᠳᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠵᠠᠮ ᠳᠡᠭᠡᠷ᠎ᠡ | ᠦᠨᠳᠦᠰᠦᠲᠡᠨ ᠤ ᠬᠡᠷᠡᠭ ᠡᠷᠬᠢᠯᠡᠬᠦ ᠶᠢ ᠵᠠᠰᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠢ ᠬᠠᠤᠯᠢ | ᠶᠣᠰᠣᠭᠠᠷ ᠬᠠᠮᠠᠭᠠᠯᠠᠪᠠ᠃ |