ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠪᠠᠶᠢᠭᠤᠯᠤᠭᠳᠠᠭᠰᠠᠨ 60 ᠵᠢᠯ ᠤᠨ ᠤᠢ ᠪᠠᠨ ᠳᠤᠷᠠᠰᠬᠠᠬᠤ ᠶᠡᠭᠡ ᠬᠤᠷᠠᠯ ᠬᠤᠷᠠᠯᠳᠤᠪᠠ  ᠵᠧᠩ ᠬᠤᠩ ᠹᠠᠨ ᠣᠷᠣᠯᠴᠠᠵᠤ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2020/9/28
     9 ᠰᠠᠷ᠎ᠠ ᠶᠢᠨ 26᠎ ᠤ ᠡᠳᠦᠷ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠪᠠᠶᠢᠭᠤᠯᠤᠭᠳᠠᠭᠰᠠᠨ 60 ᠵᠢᠯ ᠤᠨ ᠤᠢ ᠪᠠᠨ ᠳᠤᠷᠠᠰᠬᠠᠬᠤ ᠶᠡᠭᠡ ᠬᠤᠷᠠᠯ ᠬᠥᠬᠡᠬᠤᠲᠠ ᠳᠤ ᠬᠤᠷᠠᠯᠳᠤᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ ᠶᠡᠭᠡ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠢ᠃      ᠵᠧᠩ ᠬᠤᠩ ᠹᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠪᠠᠶᠢᠭᠤᠯᠤᠭᠳᠠᠭᠰᠠᠨ 60 ᠵᠢᠯ ᠤᠨ ᠤᠢ ᠳᠤ ᠬᠠᠯᠠᠭᠤᠨ ᠪᠠᠶᠠᠷ ᠬᠦᠷᠭᠡᠪᠡ᠃ ᠵᠧᠩ ᠬᠤᠩ ᠹᠠᠨ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠨᠢ ᠮᠠᠨ ᠤ ᠤᠯᠤᠰ ᠤᠨ ᠦᠨᠳᠦᠰᠦᠲᠡᠨ ᠤ ᠭᠠᠵᠠᠷ ᠣᠷᠣᠨ ᠤ ᠳᠡᠭᠡᠳᠦ ᠵᠡᠷᠭᠡ ᠶᠢᠨ ᠡᠳ᠋ ᠤᠨ ᠵᠠᠰᠠᠭ ᠠᠵᠤ ᠠᠬᠤᠢ ᠶᠢᠨ ᠰᠤᠷᠭᠠᠨ ᠬᠥᠮᠦᠵᠢᠯ ᠤᠨ ᠡᠬᠦᠰᠬᠡᠨ ᠪᠠᠶᠢᠭᠤᠯᠤᠭᠴᠢ᠂ ᠦᠢᠯᠡᠳᠦᠯᠭᠡᠵᠢᠭᠦᠯᠦᠭᠴᠢ ᠪᠠ ᠬᠠᠶᠢᠨ ᠰᠦᠪᠡᠭᠴᠢᠯᠡᠭᠴᠢ ᠪᠣᠯᠤᠭᠰᠠᠨ ᠤ ᠬᠤᠪᠢ ᠳᠤ᠂ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠤᠯᠤᠰ ᠤᠨ ᠬᠥᠭᠵᠢᠯᠲᠡ ᠳᠠᠪᠰᠢᠯᠲᠠ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠥᠪᠥᠷ ᠮᠣᠩᠭᠤᠯ ᠳᠤ ᠦᠨᠳᠦᠰᠦ ᠬᠠᠳᠬᠤᠵᠤ᠂ ᠳᠤᠮᠳᠠᠳᠤ ᠤᠯᠤᠰ ᠤᠨ ᠡᠬᠡ ᠭᠠᠵᠠᠷ ᠲᠤ ᠦᠨᠳᠦᠰᠦ ᠬᠠᠳᠬᠤᠵᠤ᠂ ᠶᠣᠰᠣ ᠰᠤᠷᠲᠠᠬᠤᠨ ᠢᠶᠠᠷ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠣᠷᠣᠨ ᠤ ᠲᠥᠯᠥᠭᠡ ᠴᠢᠳᠠᠪᠤᠷᠢᠲᠠᠨ ᠬᠥᠮᠦᠵᠢᠭᠦᠯᠬᠦ ᠲᠡᠦᠬᠡᠲᠦ ᠡᠭᠦᠷᠭᠡ ᠶᠢ ᠡᠭᠦᠷᠭᠡᠯᠡᠵᠦ᠂ ︽ᠬᠤᠣᠰ ᠲᠡᠷᠢᠭᠦᠨ ᠵᠡᠷᠬᠡ︾᠎ ᠶᠢᠨ ᠪᠠᠶᠢᠭᠤᠯᠤᠯᠲᠠ ᠪᠠᠷ ᠵᠢᠯᠤᠭᠤᠳᠤᠮᠵᠢ ᠪᠣᠯᠭᠠᠵᠤ᠂ ᠴᠢᠳᠠᠪᠤᠷᠢᠲᠠᠨ ᠬᠥᠮᠦᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠬᠢᠬᠦ᠂ ᠰᠣᠶᠣᠯ ᠤᠨ ᠤᠯᠠᠮᠵᠢᠯᠠᠯ᠂ ᠨᠡᠶᠢᠭᠡᠮ ᠤᠨ ᠦᠢᠯᠡᠴᠢᠯᠡᠭᠡ᠂ ᠣᠯᠠᠨ ᠤᠯᠤᠰ ᠤᠨ ᠰᠣᠯᠢᠯᠴᠠᠭ᠎ᠠ ᠬᠠᠮᠳᠤᠷᠠᠯᠴᠠᠭ᠎ᠠ ᠶᠢᠨ ᠵᠠᠭᠪᠤᠷ ᠪᠣᠯᠤᠨ ᠠᠷᠭ᠎ᠠ ᠵᠠᠮ ᠤᠨ ᠲᠠᠯ᠎ᠠ ᠪᠠᠷ ᠲᠠᠰᠤᠷᠠᠯᠲᠠ ᠤᠢᠭᠡᠢ ᠰᠢᠨ᠎ᠡ ᠶᠢ ᠡᠭᠦᠳᠴᠦ᠂ ᠳᠠᠪᠠᠭᠤᠯᠢᠭ ᠪᠣᠯᠤᠨ ᠣᠨᠴᠠᠯᠢᠭ ᠢᠶᠠᠨ ᠳᠤᠪᠤᠶᠢᠯᠭᠠᠵᠤ᠂ ᠤᠯᠤᠰ ᠤᠨ ᠳᠣᠲᠣᠭᠠᠳᠤ ᠶᠢᠨ ᠲᠡᠷᠢᠭᠦᠨ ᠤ ᠡᠳ᠋ ᠤᠨ ᠵᠠᠰᠠᠭ ᠠᠵᠤ ᠠᠬᠤᠢ ᠶᠢᠨ ᠴᠢᠳᠠᠪᠤᠷᠢᠲᠠᠨ ᠬᠥᠮᠦᠵᠢᠭᠦᠯᠬᠦ ᠰᠠᠭᠤᠷᠢᠨ ᠢ ᠴᠢᠷᠮᠠᠶᠢᠨ ᠪᠠᠶᠢᠭᠤᠯᠬᠤ ᠶᠢ ᠬᠦᠰᠡᠪᠡ᠃      ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ 1960 ᠣᠨ ᠳᠤ ᠪᠠᠶᠢᠭᠤᠯᠤᠭᠳᠠᠪᠠ᠃ 60 ᠵᠢᠯ ᠤᠨ ᠪᠦᠳᠦᠭᠡᠨ ᠪᠠᠶᠢᠭᠤᠯᠤᠯᠲᠠ ᠪᠠ ᠬᠥᠭᠵᠢᠯᠲᠡ ᠪᠠᠷ ᠳᠠᠮᠵᠢᠭᠠᠳ ᠤᠳᠤ ᠨᠢᠭᠡᠨᠲᠡ ᠢᠯᠡ ᠲᠣᠳᠣ ᠭᠠᠵᠠᠷ ᠣᠷᠣᠨ ᠪᠠ ᠦᠨᠳᠦᠰᠦᠲᠡᠨ ᠤ ᠣᠨᠴᠠᠯᠢᠭ ᠪᠦᠬᠦᠢ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠪᠣᠯᠪᠠ᠃ ᠳᠤᠰ ᠰᠤᠷᠭᠠᠭᠤᠯᠢ ᠨᠢ ᠡᠳ᠋ ᠤᠨ ᠵᠠᠰᠠᠭ ᠠᠵᠤ ᠠᠬᠤᠶ ᠶᠢᠨ ᠲᠥᠷᠥᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠬᠥᠮᠦᠵᠢᠭᠦᠯᠬᠦ ᠰᠠᠭᠤᠷᠢᠨ᠂ ᠪᠥᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠮᠣᠩᠭᠤᠯ ᠬᠢᠲᠠᠳ ᠬᠡᠯᠡᠨ ᠳᠤ ᠨᠡᠪᠲᠡᠷᠡᠭᠰᠡᠨ ᠡᠳ᠋ ᠤᠨ ᠵᠠᠰᠠᠭ ᠠᠵᠤ ᠠᠬᠤᠶ ᠶᠢᠨ ᠲᠥᠷᠥᠯ ᠤᠨ ᠲᠤᠰᠬᠠᠶ ᠮᠡᠷᠭᠡᠵᠢᠯ ᠎ ᠤᠨ ᠴᠢᠳᠠᠪᠤᠷᠢᠲᠠᠨ ᠬᠥᠮᠦᠵᠢᠭᠦᠯᠬᠦ ᠰᠠᠭᠤᠷᠢᠨ ᠵᠡᠷᠭᠡ ᠦᠢᠯᠡᠳᠦᠯ ᠢᠶᠠᠨ ᠪᠠᠳᠠᠷᠠᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠬᠥᠮᠦᠵᠢᠭᠦᠯᠬᠦ ᠶᠠᠰᠤ ᠴᠢᠨᠠᠷ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠤᠷᠭᠠᠭᠤᠯᠢ ᠪᠠᠶᠢᠭᠤᠯᠤᠭᠳᠠᠭᠰᠠᠨ 60 ᠵᠢᠯ ᠤᠨ ᠲᠤᠷᠰᠢ ᠡᠯ᠎ᠡ ᠱᠠᠲᠤᠨ ᠤ ᠡᠯ᠎ᠡ ᠲᠥᠷᠥᠯ ᠤᠨ ᠴᠢᠳᠠᠪᠤᠷᠢᠲᠠᠨ ᠢ 15 ᠲᠦᠮᠡ ᠭᠠᠷᠤᠶ ᠬᠥᠮᠦᠵᠢᠭᠦᠯᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号